ᠬᠥᠬᠡᠬᠣᠲᠠ᠎ᠶᠢᠨ ᠣᠯᠠᠨ ᠪᠠᠢᠭᠤᠯᠭ᠎ᠠ ᠵᠢᠨ ᠲᠡᠷᠭᠡᠨ ᠵᠣᠭᠰᠣᠭᠠᠯ᠎ᠳᠤ ᠲᠡᠷᠭᠡ ᠪᠡᠨ ᠵᠣᠭᠰᠣᠭᠠᠵᠤ ᠪᠤᠯᠤᠨ᠎ᠠ
2026-03-23 16:47:10
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠯᠠᠨ ᠲᠦᠮᠡᠨ᠎ᠦ ᠠᠩᠬᠠᠷᠴᠤ ᠪᠠᠢᠭ᠎ᠠ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭᠴᠦ᠂ ᠬᠦᠬᠡᠬᠤᠲᠠ ᠵᠢᠨ ᠬᠣᠲᠠ᠎ᠶᠢᠨ ᠲᠣᠭᠣᠷᠢᠭ᠋᠎ᠤᠨ ᠲᠡᠷᠭᠡ ᠵᠣᠭᠰᠣᠭᠠᠬᠤ᠎ᠬᠠᠩᠭᠠᠯᠭ᠎ᠠ ᠬᠡᠷᠡᠭᠴᠡᠭᠡ᠎ᠶᠢᠨ ᠵᠥᠷᠢᠴᠡᠯ ᠎ᠢ ᠪᠦᠲᠦᠮᠵᠢᠲᠡᠶ ᠨᠠᠮᠳᠠᠭᠤᠯᠵᠤ᠂ ᠬᠣᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠶᠢᠨ ᠲᠥᠯᠥᠭᠡ᠂ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠨᠠᠮ ᠵᠠᠰᠠᠭ᠎ᠤᠨ ᠪᠠᠢᠭᠤᠯᠭ᠎ᠠ᠎ᠶᠢᠨ ᠠᠯᠪᠠᠯᠠᠬᠤ ᠲᠣᠭᠣᠷᠢᠭ᠋᠂ ᠰᠠᠢᠬᠠᠨ ᠲᠣᠮᠣ᠌ ᠠᠰᠠᠷ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠵᠢᠴᠢ ᠬᠡᠰᠡᠭ ᠵᠡᠭᠡᠯᠢ ᠭᠤᠳᠤᠮᠵᠢ᠂ ᠰᠢᠶᠠᠩ ᠪᠠᠯᠭᠠᠰᠤ ᠵᠡᠷᠭᠡ ᠨᠡᠶ᠋ᠢᠲᠡ 13 ᠲᠡᠷᠭᠡᠨ ᠵᠤᠬᠰᠤᠭᠠᠯ ᠳ᠋ᠤ ᠨᠡᠢᠭᠡᠮ ᠨᠡᠶ᠋ᠢᠲᠡ᠎ᠳᠦ ᠬᠠᠨᠳᠤᠭᠤᠯᠤᠨ ᠬᠠᠮᠲᠤ ᠪᠡᠷ ᠡᠳ᠋ᠯᠡᠬᠦ ᠦᠢᠯᠡᠴᠢᠯᠡᠭᠡ᠎ᠬᠠᠩᠭᠠᠬᠤ ᠵᠢ 22᠎ᠤᠨ  ᠡᠳᠦᠷ᠎ᠡᠴᠡ ᠵᠢᠩᠬᠢᠨᠢ᠎ᠪᠡᠷ ᠡᠬᠢᠯᠡᠭᠦᠯᠪᠡ᠃  

ᠠᠵᠢᠯᠯᠠᠬᠤ ᠡᠳᠦᠷ᠎ᠦᠨ ᠰᠥᠨᠢ᠎ᠶᠢᠨ 19᠄ 00 ᠴᠠᠭ᠎ᠡᠴᠠ ᠳᠠᠷᠠᠭ᠎ᠠ ᠡᠳᠦᠷ᠎ᠦᠨ ᠥᠷᠯᠥᠭᠡ᠎ᠶᠢᠨ 7᠄ 00 ᠴᠠᠭ ᠬᠦᠷᠲᠡᠯ᠎ᠡ᠂ ᠤᠯᠤᠰ᠎ᠤᠨ ᠬᠠᠤᠯᠢ᠎ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ᠎ᠶᠢᠨ ᠡᠳᠦᠷ (ᠲᠣᠬᠢᠷᠠᠭᠤᠯᠤᠨ ᠠᠮᠠᠷᠠᠬᠰᠠᠨ ᠠᠮᠠᠷᠠᠯᠲᠠ᠎ᠶᠢᠨ ᠡᠳᠦᠷ᠎ᠢ ᠪᠠᠭᠲᠠᠭᠠᠨ᠎ᠠ)᠎ᠤᠨ ᠪᠥᠬᠥ ᠡᠳᠦᠷ᠎ᠲᠦ᠂ ᠬᠣᠲᠠ᠎ᠶᠢᠨ ᠠᠷᠠᠳ ᠴᠥᠮ ᠲᠡᠷᠭᠡ᠎ᠪᠡᠨ ᠵᠢᠭᠠᠨ ᠲᠣᠭᠲᠠᠭᠠᠭᠰᠠᠨ ᠭᠠᠵᠠᠷ᠎ᠲᠤ ᠵᠣᠭᠰᠣᠭᠠᠵᠤ ᠪᠤᠯᠤᠨ᠎ᠠ᠃ ᠲᠦᠷᠦᠭᠦᠦ ᠪᠦᠯᠦᠭ᠎ᠲᠦ 1800 ᠭᠠᠷᠤᠢ ᠲᠡᠷᠭᠡ ᠵᠣᠭᠰᠣᠭᠠᠬᠤ ᠣᠷᠣ᠌᠎ᠶᠢ ᠰᠤᠯᠠᠯᠠᠵᠤ᠂ ᠡᠨᠡ ᠨᠢ ᠬᠠᠳᠠᠭᠠᠯᠠᠯᠲᠠ ᠵᠢᠨ ᠡᠬᠢ ᠪᠠᠶᠠᠯᠢᠭ᠋᠎ᠢ ᠠᠮᠢᠳᠤᠯᠢᠭ᠋ ᠪᠣᠯᠭᠠᠵᠤ᠂ ᠠᠵᠢᠯᠯᠠᠬᠤ ᠦᠭᠡᠢ ᠴᠠᠭ᠎ᠤᠨ ᠰᠤᠯᠠ ᠲᠡᠷᠭᠡᠨ ᠣᠷᠣ᠌᠎ᠶᠢ ᠬᠣᠲᠠ᠎ᠶᠢᠨ ᠠᠷᠠᠳ᠎ᠲᠤ ᠠᠰᠢᠭ᠋ ᠬᠦᠷᠲᠡᠭᠡᠬᠦ ᠣᠯᠠᠨ ᠨᠡᠶ᠋ᠢᠲᠡ ᠎ᠶᠢᠨ ᠦᠢᠯᠡᠴᠢᠯᠡᠭᠡᠨ᠎ᠦ ᠦᠢᠯᠡᠳᠬᠦᠨ ᠪᠣᠯᠭᠠᠨ ᠬᠤᠪᠢᠷᠠᠭᠤᠯᠵᠤ᠂ ᠰᠠᠭᠤᠭᠠᠯᠢ ᠠᠷᠠᠳ᠎ᠤᠨ ᠰᠥᠨᠢ ᠵᠢᠴᠢ ᠪᠠᠶᠠᠷ ᠳᠤᠷᠠᠰᠬᠠᠯ ᠠᠮᠠᠷᠠᠯᠲᠠ᠎ᠶᠢᠨ ᠡᠳᠦᠷ ᠲᠤ᠌ 《ᠲᠡᠷᠭᠡ ᠵᠣᠭᠰᠣᠭᠠᠬᠤ᠎ᠳᠤ ᠬᠦᠴᠢᠷᠲᠡᠢ᠂ ᠲᠡᠷᠭᠡ ᠵᠣᠭᠰᠣᠭᠠᠬᠤ᠎ᠳᠤ ᠬᠣᠯᠠ》 ᠪᠣᠳᠠᠲᠤ ᠬᠦᠴᠢᠷᠳᠡᠯ᠎ᠢ ᠦᠨᠡᠨ ᠬᠦ᠌ ᠰᠢᠢᠳᠪᠦᠷᠢᠯᠡᠬᠦ᠎ᠶᠢᠨ ᠲᠥᠯᠥᠭᠡ ᠶᠤᠮ᠃

ᠪᠤᠲᠠᠲᠠᠢ ᠭᠠᠵᠠᠷ᠎ᠤᠨ ᠬᠠᠶᠢᠭ᠋


ᠢᠷᠡᠯᠲᠡ᠄ ᠰᠢᠨ᠎ᠡ ᠰᠠᠢᠬᠠᠨ V ᠵᠢᠷᠬᠢᠶ᠎ᠡ ᠵᠢᠨ ᠲᠠᠪᠴᠠᠩ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号