ᠮᠡᠷᠭᠡᠵᠢᠯ᠎ᠦᠨ ᠴᠣᠯᠠ᠎ᠶᠢᠨ ᠬᠢᠨᠠᠨ ᠲᠤᠬᠲᠠᠭᠠᠯᠲᠠ᠎ᠳᠤ ᠬᠣᠯᠪᠣᠭᠳᠠᠬᠤ ᠣᠯᠠᠨ ᠲᠣᠭᠲᠠᠭᠠᠯ᠎ᠳᠤ ᠵᠠᠰᠠᠪᠤᠷᠢ ᠣᠷᠣᠭᠤᠯᠤᠨ᠎ᠠ
2026-03-23 17:08:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 20᠎ᠤ ᠡᠳᠦᠷ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠡᠴᠡ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ 《〈ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ〉 ᠳ᠋ᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ (ᠰᠠᠨᠠᠯ ᠬᠤᠷᠢᠶᠠᠬᠤ ᠨᠣᠣᠷᠠᠭ)》 ᠳ᠋ᠤ ᠢᠯᠡ᠎ᠪᠡᠷ ᠰᠠᠨᠠᠯ ᠬᠤᠷᠢᠶᠠᠬᠤ ᠮᠡᠳᠡᠭᠳᠡᠯ᠎ᠢ ᠨᠡᠢᠲᠡᠯᠡᠪᠡ᠃

ᠪᠦᠬᠦ ᠠᠭᠤᠯᠭ᠎ᠠ ᠨᠢ ᠳᠣᠣᠷᠠᠬᠢ ᠮᠡᠲᠦ᠄


《ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ 〈ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ〉᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ (ᠰᠠᠨᠠᠯ ᠬᠤᠷᠢᠶᠠᠬᠤ ᠨᠣᠣᠷᠠᠭ)》 ᠳ᠋ᠤ ᠢᠯᠡ᠎ᠪᠡᠷ ᠰᠠᠨᠠᠯ ᠬᠤᠷᠢᠶᠠᠬᠤ ᠮᠡᠳᠡᠭᠳᠡᠯ


ᠴᠢᠳᠠᠪᠤᠷᠢᠲᠠᠨ᠎ᠤ ᠬᠥᠭᠵᠢᠯᠲᠡ᠎ᠶᠢᠨ ᠪᠠᠢᠭᠤᠯᠤᠮᠵᠢ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠲᠤᠬᠠᠢ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠎ᠶᠢᠨ ᠲᠤᠰᠠᠳᠠ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠡᠴᠡ 《ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ 〈ᠮᠡᠷᠭᠡᠵᠢᠯ᠎ᠦᠨ ᠴᠣᠯᠠ᠎ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ〉 ᠳ᠋ᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ( ᠰᠠᠨᠠᠯ ᠬᠤᠷᠢᠶᠠᠬᠤ ᠨᠣᠣᠷᠠᠭ )》᠎ᠢ ᠰᠤᠳᠤᠯᠤᠨ ᠲᠤᠭᠤᠷᠪᠢᠵᠤ᠂ ᠡᠳᠦᠭᠡ ᠨᠡᠢᠭᠡᠮ ᠨᠡᠶ᠋ᠢᠲᠡ᠎ᠡᠴᠡ ᠢᠯᠡ᠎ᠪᠡᠷ ᠰᠠᠨᠠᠯ ᠬᠤᠷᠢᠶᠠᠵᠤ ᠪᠠᠢᠨ᠎ᠠ᠃ ᠨᠡᠢᠭᠡᠮ ᠨᠡᠶ᠋ᠢᠲᠡ ᠵᠢᠨ ᠬᠢᠨ 2026 ᠣᠨ᠎ᠤ 4 ᠰᠠᠷ᠎ᠠ᠎ᠶᠢᠨ 20᠎ᠤ ᠡᠳᠦᠷ᠎ᠡᠴᠡ ᠡᠮᠦᠨ᠎ᠡ ᠳᠣᠣᠷᠠᠬᠢ ᠠᠷᠭ᠎ᠠ ᠵᠠᠮ ᠪᠠ ᠠᠷᠭ᠎ᠠ ᠬᠡᠯᠪᠡᠷᠢ᠎ᠪᠡᠷ ᠰᠠᠨᠠᠯ ᠳᠤᠷᠠᠳᠴᠤ ᠪᠣᠯᠣᠨ᠎ᠠ᠄

1. ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠰᠦᠯᠵᠢᠶ᠎ᠠ᠎ᠳᠦ ᠭᠠᠷᠴᠤ᠂ ᠲᠦᠷᠦᠭᠦᠦ ᠨᠢᠭᠤᠷ᠎ᠤᠨ ᠵᠡᠭᠦᠨ ᠲᠠᠯ᠎ᠠ᠎ᠶᠢᠨ 《ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ》 ᠎ᠳᠤ ᠣᠷᠣᠵᠤ᠂ 《ᠰᠠᠨᠠᠯ ᠬᠤᠷᠢᠶᠠᠬᠤ》 ᠪᠤᠯᠤᠩ᠎ᠳᠤ ᠰᠠᠨᠠᠯ ᠳᠤᠷᠠᠳᠤᠨ᠎ᠠ᠃

2. ᠴᠢᠮᠡᠭᠡ ᠬᠣᠯᠪᠣᠭ᠎ᠠ ᠠᠪᠬᠤ ᠬᠠᠶᠢᠭ᠋᠄ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠬᠠᠤᠯᠢ ᠲᠣᠭᠲᠠᠭᠠᠯ᠎ᠤᠨ ᠵᠤᠷᠭᠠᠨ (ᠬᠠᠶᠢᠭ᠋᠄ ᠪᠡᠭᠡᠵᠢᠩ ᠬᠣᠲᠠ᠎ᠶᠢᠨ ᠳ᠋ᠦᠩ ᠴᠧᠩ ᠲᠣᠭᠣᠷᠢᠭ᠋᠎ᠤᠨ ᠾᠧ ᠫᠢᠩ ᠯᠢ ᠵᠡᠭᠦᠨ ᠵᠡᠭᠡᠯᠢ᠎ᠶᠢᠨ 3 ᠳ᠋ᠤᠭᠠᠷ ᠨᠣᠮᠧᠷᠲᠤ᠂ ᠰᠢᠤᠳᠠᠨ ᠨᠤᠮᠸᠷ᠄ 100013 )᠂ ᠵᠠᠬᠢᠳᠠᠯ᠎ᠤᠨ ᠳᠤᠭᠲᠤᠢ ᠳᠡᠭᠡᠷ᠎ᠡ 《ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ 〈ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ〉 ᠳ᠋ᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ( ᠰᠠᠨᠠᠯ ᠬᠤᠷᠢᠶᠠᠬᠤ ᠨᠣᠣᠷᠠᠭ )᠎ᠤᠨ ᠰᠠᠨᠠᠯ ᠬᠤᠷᠢᠶᠠᠬᠤ》 ᠭᠡᠵᠦ ᠲᠣᠳᠣᠷᠬᠠᠢᠯᠠᠬᠤ ᠪᠣᠯᠪᠠᠤ᠃

3. ᠢᠮᠸᠯ᠄ renshelifa@mohrss.gov.cn  

2026 ᠣᠨ᠎ᠤ 4 ᠰᠠᠷ᠎ᠠ᠎ᠶᠢᠨ 20᠎ᠤ ᠡᠳᠦᠷ ᠰᠠᠨᠠᠯ᠎ᠳᠤ ᠬᠠᠷᠢᠭᠤ ᠲᠤᠰᠬᠠᠬᠤ ᠠᠵᠢᠯ᠎ᠢ ᠳᠠᠭᠤᠰᠬᠠᠨ᠎ᠠ᠃


ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ

        2026 ᠣᠨ᠎ᠤ 3 ᠰᠠᠷ᠎ᠠ᠎ᠶᠢᠨ 20᠎ᠤ ᠡᠳᠦᠷ

 

ᠢᠷᠡᠯᠲᠡ᠄  ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号