— ᠦᠪᠤᠷ ᠮᠤᠩᠭᠤᠯ ᠤ᠋ᠨ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠤ᠋ᠨ ᠪᠦᠳᠦᠬᠡᠨ ᠪᠠᠢᠭᠤᠯᠤᠯᠳᠠ ᠵᠢᠨ ᠲᠤᠬᠠᠢ ᠪᠠᠷᠠᠯᠠᠯ ⑤
ᠦᠪᠦᠷ ᠮᠤᠡᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠠᠬᠡᠬᠡᠪᠤᠷᠢ ᠵᠢᠨ ᠲᠢᠩᠬᠢᠮ᠂ ᠡᠳ᠋ ᠤ᠋ᠨ ᠵᠠᠰᠠᠭ ᠤ᠋ᠨ ᠲᠢᠩᠬᠢᠮ ᠪᠤᠯᠤᠨ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠨ᠎ᠡ ᠨᠢᠭᠡ ᠡᠭᠡᠯᠵᠢ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠲᠡᠰ ᠲᠡᠪᠰᠢᠬᠦᠯᠬᠦ ᠠᠵᠢᠯᠯᠠᠭᠠᠨ ᠤ᠋ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠡᠨᠡ ᠵᠢᠯ ᠡᠴᠡ ᠡᠬᠢᠯᠡᠨ ᠪᠦᠬᠦ ᠤᠷᠤᠨ ᠳ᠋ᠤ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠢ᠋ ᠳᠡᠰ ᠳᠡᠪᠰᠢᠭᠦᠯᠬᠦ ᠨᠢ᠋ᠮᠠᠨ ᠶᠡᠬᠡ ᠠᠵᠢᠯᠯᠠᠭ᠎ᠠ ᠢ᠋ᠢ ᠬᠡᠷᠡᠭᠵᠢᠬᠦᠯᠵᠤ᠂ 2035 ᠤᠨ ᠪᠤᠯᠬᠤ ᠳ᠋ᠤ 《ᠳᠥᠷᠪᠡᠨ ᠰᠠᠢᠨ ᠬᠥᠳᠡᠭᠡ ᠲᠣᠰᠭᠣᠨ ᠤ᠋ ᠵᠠᠰᠠᠮᠠᠯ ᠵᠠᠮ 》 ᠤ᠋ᠨ ᠴᠢᠨᠠᠷ ᠰᠠᠢᠲᠠᠶ ᠬᠥᠭ᠌ᠵᠢᠯᠲᠡ ᠢ᠋ᠢᠨ ᠪᠠᠢᠷᠢᠱᠢᠯ ᠢ᠋ ᠦᠨᠳᠦᠰᠦᠨ ᠳ᠋ᠡᠭᠡᠨ ᠪᠦᠷᠢᠯᠳᠦᠭᠦᠯᠵᠦ᠍ ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ᠋ ᠣᠳᠣᠬᠢᠴᠢᠯᠠᠯᠳᠠ ᠵᠢᠨ ᠬᠡᠷᠡᠭ᠌ᠴᠡᠭᠡ ᠢ᠋ᠢ ᠦᠨᠳᠦᠰᠦᠨ ᠳ᠋ᠡᠭᠡᠨ ᠬᠠᠩᠭᠠᠬᠤ ᠪᠡᠷ ᠪᠤᠢ᠃
ᠠᠶᠠᠨ ᠵᠠᠮ ᠤ᠋ᠨ ᠦᠶ᠋ᠯᠡᠴᠢᠯᠡᠭᠡ ᠢ᠋ᠢ ᠳᠡᠰ ᠳᠡᠪᠰᠢᠭᠦᠯᠬᠦ ᠠᠵᠢᠯᠯᠠᠭ᠎ᠠ ᠪᠤᠯ ᠮᠠᠨ ᠤ᠋ ᠤᠷᠤᠨ ᠤ᠋ ᠱᠢᠨ᠎ᠡ ᠨᠢᠭᠡ ᠡᠭᠡᠯᠵᠢ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠳᠡᠰ ᠳᠡᠪᠰᠢᠭᠦᠯᠬᠦ ᠨᠢ᠋ᠮᠠᠨ ᠶᠡᠬᠡ ᠠᠵᠢᠯᠯᠠᠭ᠎ᠠ ᠵᠢᠨ ᠨᠢᠬᠡ ᠪᠠᠢᠵᠤ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠠᠷᠠᠴᠢᠯᠠᠨ ᠬᠠᠮᠠᠭᠠᠯᠠᠬᠤ ᠲᠦᠪᠱᠢᠨ᠂ ᠠᠷᠠᠴᠢᠯᠠᠨ ᠬᠠᠮᠠᠭᠠᠯᠠᠬᠤ ᠵᠠᠭ᠍ᠪᠤᠷ᠂ ᠦᠶ᠋ᠯᠡᠴᠢᠯᠡᠭᠡᠨ ᠤ᠋ ᠴᠢᠳᠠᠮᠵᠢ᠂ ᠠᠮᠤᠷ ᠲᠦᠪᠱᠢᠨ ᠤ᠋ ᠪᠠᠲᠤᠯᠠᠭ᠎ᠠ ᠪᠤᠯᠤᠨ ᠲᠡᠭᠡᠭᠡᠪᠦᠷᠢ ᠢ᠋ᠢᠨ ᠦᠶ᠋ᠯᠡᠴᠢᠯᠡᠭᠡ ᠵᠡᠷᠭᠡ ᠢ᠋ᠢ ᠱᠢᠰᠲ᠋ᠧᠮᠲᠡᠶ ᠳᠡᠰ ᠳᠡᠪᠰᠢᠭᠦᠯᠬᠦ ᠪᠡᠷ ᠳᠡᠮᠵᠢᠨ ᠮᠠᠯᠴᠢᠨ ᠲᠠᠷᠢᠶᠠᠴᠢᠨ ᠤ᠋ ᠶᠠᠪᠤᠵᠤ ᠰᠠᠭᠤᠬᠤ ᠨᠥᠬᠥᠴᠡᠯ ᠢ᠋ ᠪᠥᠬᠥ᠌ ᠲᠠᠯ᠎ᠠ ᠪᠠᠷ ᠰᠠᠢᠵᠢᠷᠠᠭᠤᠯᠬᠤ ᠪᠣᠯᠤᠨ᠎ᠠ᠃
3 ᠰᠠᠷ᠎ᠠ ᠢ᠋ᠢᠨ 2 ᠤ᠋ᠨ ᠡᠳᠦᠷ᠂ ᠤᠷᠳᠤᠰ ᠬᠤᠲᠠ ᠢ᠋ᠢᠨ ᠣᠲᠣᠭ ᠤ᠋ᠨ ᠡᠮᠦᠨᠡᠲᠦ ᠬᠣᠱᠢᠭᠤᠨ ᠤ᠋ ᠬᠥᠳᠡᠭᠡ ᠲᠣᠰᠭᠣᠨ ᠤ᠋ ᠵᠠᠰᠠᠮᠠᠯ ᠵᠠᠮ ᠢ᠋ ᠠᠷᠠᠴᠢᠯᠠᠨ ᠬᠠᠮᠠᠭᠠᠯᠠᠬᠤ ᠲᠥᠷᠥᠯ ᠵᠦᠶ᠋ᠯ ᠪᠥᠬᠥ᠌ ᠲᠠᠯ᠎ᠠ ᠪᠠᠷ ᠠᠵᠢᠯ ᠢ᠋ᠢᠡᠨ ᠡᠬᠢᠯᠡᠭᠦᠯᠵᠤ᠂ ᠴᠥᠮᠥᠷᠡᠭᠰᠡᠨ ᠪᠠ ᠳᠤᠷᠤᠬᠰᠢ ᠰᠠᠭᠤᠬᠰᠠᠨ ᠵᠠᠮ ᠤ᠋ᠨ ᠬᠡᠰᠡᠭ ᠵᠡᠷᠭᠡ ᠵᠢ ᠵᠠᠰᠠᠬᠤ ᠢ᠋ᠢᠨ ᠬᠠᠮᠲᠤ ᠠᠮᠤᠷ ᠲᠦᠪᠱᠢᠨ ᠤ᠋ ᠰᠡᠷᠭᠡᠢᠯᠡᠯᠲᠡ ᠢ᠋ᠢᠨ ᠲᠥᠬᠥᠭᠡᠷᠦᠮᠵᠢ ᠶ᠋ᠢ ᠲᠡᠭᠦᠯᠳᠡᠷᠵᠢᠭᠦᠯᠵᠤ ᠪᠤᠢ; 3 ᠰᠠᠷ᠎ᠠ ᠢ᠋ᠢᠨ 8 ᠤ᠋ ᠡᠳᠦᠷ ᠂ ᠪᠤᠭᠤᠲᠤ ᠬᠤᠲᠠ ᠢ᠋ᠢᠨ ᠲᠦᠮᠡᠳ ᠪᠠᠷᠠᠭᠤᠨ ᠬᠣᠱᠢᠭᠤ ᠰᠠᠭᠠᠯᠢᠴᠢᠨ — ᠲᠤᠭᠲᠠᠬᠤ ᠬᠦᠷᠬᠦ ᠵᠠᠰᠠᠮᠠᠯ ᠵᠠᠮ ᠤ᠋ᠨ ᠪᠠᠭ᠎ᠠ ᠨᠠᠭᠤᠷᠲᠤ ᠡᠴᠡ ᠵᠠᠩᠵᠤᠨ ᠵᠤᠤ ᠬᠦᠷᠬᠦ᠌ ᠬᠡᠰᠡᠭ ᠢ᠋ ᠲᠡᠭᠰᠢᠯᠡᠨ ᠵᠠᠰᠠᠬᠤ ᠠᠵᠢᠯ ᠢ᠋ ᠡᠬᠢᠯᠡᠭᠦᠯᠵᠤ᠂ 5 ᠰᠠᠷ᠎ᠠ ᠢ᠋ᠢᠨ 2 ᠤ᠋ᠨ ᠡᠳᠦᠷ ᠪᠦᠬᠦ ᠠᠵᠢᠯ ᠵᠢᠡᠨ ᠳᠠᠭᠤᠰᠬᠠᠬᠤ ᠪᠡᠷ ᠲᠦᠯᠦᠪᠯᠡᠵᠤ ᠪᠤᠢ; ᠤᠯᠠᠭᠠᠨᠬᠠᠳᠠ ᠬᠤᠲᠠ ᠢ᠋ᠢᠨ ᠣᠩᠨᠢᠭᠤᠳ ᠬᠣᠱᠢᠭᠤ X216 ᠣᠳᠠᠨ ᠲᠣᠬᠣᠢ — ᠱᠢᠩ ᠯᠦᠩ ᠸᠠ ᠬᠦᠷᠬᠦ 28.67 ᠺᠢᠯᠣᠮᠧᠲᠷ ᠵᠠᠰᠠᠮᠠᠯ ᠵᠠᠮ ᠤ᠋ᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ᠋ 4 ᠰᠠᠷ᠎ᠠ ᠳ᠋ᠤ ᠡᠬᠢᠯᠡᠭᠦᠯᠬᠦ᠌ ᠪᠡᠷ ᠲᠥᠯᠥᠪᠯᠡᠵᠦ᠍᠂ ᠬᠥᠭᠡᠰᠦᠷᠬᠡᠭ ᠪᠠᠷᠤᠭᠰᠢᠨ ᠤ᠋ ᠪᠣᠬᠢᠷᠲᠤᠯ ᠦᠭᠡᠢ ᠮᠡᠷᠭᠡᠵᠢᠯ ᠢ᠋ ᠬᠡᠷᠡᠭ᠌ᠯᠡᠬᠦ ᠪᠡᠷ ᠪᠠᠢᠨ᠎ᠠ ᠁
ᠮᠠᠨ ᠤ᠋ ᠤᠷᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠦᠪᠰᠢᠨ ᠢ᠋ ᠳᠡᠭᠡᠭ᠌ᠰᠢᠯᠡᠭᠦᠯᠵᠤ᠂ ᠡᠳᠦᠷ ᠲᠤᠲᠤᠮ ᠤ᠋ᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠢ᠋ᠢ ᠴᠢᠩᠭᠠᠳᠭᠠᠨ᠂ ᠠᠷᠠᠴᠢᠯᠠᠨ ᠬᠠᠮᠠᠭᠠᠯᠠᠬᠤ ᠢᠨᠵᠧᠨᠧᠷᠢᠩ ᠤ᠋ᠨ ᠬᠡᠷᠡᠭ᠌ᠵᠢᠭᠦᠯᠦᠯᠲᠡ ᠢ᠋ᠢ ᠴᠢᠩᠭᠠᠷᠠᠭᠤᠯᠵᠤ᠂ ᠨᠡᠯᠢᠶᠡᠳ ᠡᠷᠲᠡ ᠲᠡᠪᠢᠰᠦᠭᠰᠡᠨ ᠵᠠᠮ᠂ ᠬᠡᠳᠤ ᠤᠷᠳᠤ ᠬᠤᠭᠤᠴᠠᠭ᠎ᠠ ᠬᠡᠷᠡᠭᠯᠡᠭᠰᠡᠨ ᠵᠠᠮ᠂ ᠪᠠᠷᠤᠭᠲᠠᠢ ᠵᠠᠮ ᠤ᠋ᠨ ᠬᠡᠰᠡᠭ ᠵᠢᠴᠢ ᠱᠢᠨᠡᠳᠭᠡᠨ ᠵᠠᠰᠠᠵᠤ ᠲᠡᠭ᠌ᠰᠢᠯᠡᠬᠦ᠌ ᠴᠢᠬᠤᠯᠠᠲᠠᠶ ᠵᠠᠮ ᠤ᠋ᠨ ᠬᠡᠰᠡᠭ ᠲᠦ᠍ 1 ᠲᠦᠮᠡᠨ ᠺᠢᠯᠣᠮᠧᠲᠷ ᠤ᠋ᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ᠋ ᠬᠡᠷᠡᠭ᠌ᠵᠢᠭᠦᠯᠵᠤ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠱᠢᠯᠢᠳᠡᠭ ᠪᠠ ᠳᠤᠮᠳᠠ ᠵᠡᠷᠭᠡ ᠢ᠋ᠢᠨ ᠨᠣᠷᠮ᠎ᠠ ᠢ᠋ᠢ 85% ᠡᠴᠡ ᠳᠡᠭᠡᠭ᠌ᠰᠢ ᠪᠠᠢᠯᠭᠠᠬᠤ ᠢ᠋ᠢ ᠪᠠᠲᠤᠯᠠᠨ᠎ᠠ᠃ ᠪᠣᠬᠢᠷᠲᠤᠯ ᠥᠬᠡᠶ ᠡᠨᠧᠷᠭᠢ ᠠᠷᠪᠢᠯᠠᠬᠤ᠂ ᠬᠢᠮᠳᠠ ᠪᠥᠭᠡᠳ ᠳᠣᠭᠢᠷᠠᠮᠵᠢᠲᠠᠢ ᠱᠢᠨ᠎ᠡ ᠮᠡᠷᠭᠡᠵᠢᠯ᠂ ᠱᠢᠨ᠎ᠡ ᠤᠷᠠᠯᠠᠯ᠂ ᠱᠢᠨ᠎ᠡ ᠮᠠᠲ᠋ᠧᠷᠢᠶᠠᠯ᠂ ᠱᠢᠨ᠎ᠡ ᠲᠥᠬᠥᠭᠡᠷᠦᠮᠵᠢ ᠬᠡᠷᠡᠭ᠌ᠯᠡᠬᠦ᠌ ᠢ᠋ᠢ ᠵᠣᠷᠢᠭ᠍ᠵᠢᠭᠤᠯᠵᠤ᠂ ᠠᠷᠠᠴᠢᠯᠠᠨ ᠬᠠᠮᠠᠭᠠᠯᠠᠯᠲᠠ ᠢ᠋ᠢᠨ ᠲᠤᠰᠭᠠᠢᠵᠢᠭ᠍ᠰᠠᠨ᠂ ᠮᠠᠰᠢᠨᠴᠢᠯᠠᠭᠰᠠᠨ᠂ ᠬᠡᠪᠴᠢᠶᠡᠵᠢᠭ᠌ᠰᠡᠨ ᠲᠦᠪᠰᠢᠨ ᠢ᠋ ᠳᠡᠭᠡᠭ᠌ᠰᠢᠯᠡᠭᠦᠯᠬᠦ ᠪᠡᠷ ᠪᠤᠢ᠃
3 ᠰᠠᠷᠠᠳᠤ ᠮᠠᠨ ᠤ᠋ ᠤᠷᠤᠨ ᠤ᠋ ᠮᠠᠰᠢ ᠤᠯᠠᠨ ᠵᠠᠰᠠᠮᠠᠯ ᠵᠠᠮ ᠢ᠋ ᠠᠷᠠᠴᠢᠯᠠᠨ ᠬᠠᠮᠠᠭᠠᠯᠠᠬᠤ ᠲᠥᠷᠥᠯ ᠵᠦᠶ᠋ᠯ ᠠᠵᠢᠯ ᠢ᠋ᠢᠡᠨ ᠡᠬᠢᠯᠡᠭᠦᠯᠪᠡ᠃ ᠪᠤᠭᠤᠲᠤ ᠬᠤᠲᠠ ᠢ᠋ᠢᠨ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤ X089᠂ Y007 ᠵᠡᠷᠭᠡ 48.275 ᠺᠢᠯᠣᠮᠧᠲ᠋ᠷ ᠬᠥᠳᠡᠭᠡ ᠲᠣᠰᠭᠣᠨ ᠤ᠋ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ᠋ ᠡᠬᠢᠯᠡᠭᠦᠯᠵᠦ᠍᠂ ᠭᠤᠤᠯ ᠱᠤᠭᠤᠮ + ᠬᠥᠳᠡᠭᠡ ᠲᠣᠰᠭᠣᠨ ᠤ᠋ ᠵᠠᠰᠠᠮᠠᠯ ᠵᠠᠮ ᠢ᠋ ᠨᠡᠢᠯᠡᠭᠦᠯᠦᠨ ᠳᠠᠭᠠᠭᠠᠴᠢᠯᠠᠯᠲᠠ ᠵᠠᠷᠯᠠᠬᠤ + ᠬᠡᠰᠡᠭ᠌ ᠪᠦᠯᠦᠭ ᠢ᠋ᠢᠡᠷ ᠶᠡᠷᠦᠩᠬᠡᠢᠯᠡᠨ ᠳᠠᠭᠠᠭᠠᠴᠢᠯᠠᠭᠤᠯᠬᠤ ᠵᠠᠭᠪᠤᠷ ᠢ᠋ ᠬᠡᠷᠡᠭᠵᠢᠭᠦᠯᠵᠤ᠂ ᠡᠬᠢ ᠪᠠᠶᠠᠯᠢᠭ ᠢ᠋ ᠨᠡᠢᠳᠬᠡᠵᠦ ᠨᠢᠭᠡᠳᠦᠯᠲᠡᠶ ᠬᠠᠮᠢᠶᠠᠷᠴᠤ ᠪᠤᠢ; ᠪᠠᠶᠠᠨᠨᠠᠭᠤᠷ ᠬᠤᠲᠠ ᠢ᠋ᠢᠨ ᠳ᠋ᠸᠩᠺᠸᠤ ᠱᠢᠶᠠᠨ ᠤ᠋ ᠹᠦ᠋ ᠱᠢᠩ ᠠᠷᠠᠴᠢᠯᠠᠨ ᠬᠠᠮᠠᠭᠠᠯᠠᠬᠤ ᠺᠣᠮᠫᠠᠨᠢ 2026 ᠣᠨ ᠤ᠋ ᠪᠦᠬᠦ᠌ ᠱᠢᠶᠠᠨ ᠤ᠋ ᠠᠷᠠᠴᠢᠯᠠᠨ ᠬᠠᠮᠠᠭᠠᠯᠠᠬᠤ ᠳᠠᠭᠠᠭᠠᠴᠢᠯᠠᠯᠲᠠ ᠢ᠋ᠢ ᠣᠯᠵᠤ᠂ ᠱᠢᠶᠠᠨ ᠱᠢᠶᠠᠩ ᠤ᠋ᠨ ᠵᠠᠰᠠᠮᠠᠯ ᠵᠠᠮ ᠳ᠋ᠤ ᠵᠠᠬ᠎ᠠ ᠳᠡᠯᠭᠡᠭᠦᠷᠴᠢᠯᠡᠭ᠌ᠰᠡᠨ ᠲᠤᠰᠭᠠᠢᠵᠢᠭ᠍ᠰᠠᠨ ᠠᠷᠠᠴᠢᠯᠠᠨ ᠬᠠᠮᠠᠭᠠᠯᠠᠬᠤ ᠵᠠᠭᠪᠤᠷ ᠢ᠋ ᠬᠡᠷᠡᠭ᠌ᠵᠢᠭᠦᠯᠵᠦ᠍ ᠡᠬᠢᠯᠠᠪᠠ᠃
ᠮᠠᠨ ᠤ᠋ ᠤᠷᠤᠨ ᠵᠠᠰᠠᠮᠠᠯ ᠵᠠᠮ ᠢ᠋ ᠠᠷᠠᠴᠢᠯᠠᠨ ᠬᠠᠮᠠᠭᠠᠯᠠᠬᠤ ᠣᠯᠠᠨ ᠵᠦᠶ᠋ᠯ ᠤ᠋ᠨ ᠵᠠᠭ᠍ᠪᠤᠷ ᠢ᠋ ᠬᠠᠢᠨ ᠰᠦᠪᠡᠭ᠌ᠴᠢᠯᠡᠵᠤ᠂ ᠭᠤᠤᠯ ᠱᠤᠭᠤᠮ ᠤ᠋ᠨ ᠵᠠᠰᠠᠮᠠᠯ ᠵᠠᠮ ᠬᠢᠭᠡᠳ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠪᠥᠲᠥᠭᠡᠨ ᠪᠠᠢᠭᠤᠯᠤᠯᠲᠠ ᠪᠠ ᠠᠷᠠᠴᠢᠯᠠᠨ ᠬᠠᠮᠠᠭᠠᠯᠠᠯᠲᠠ ᠢ᠋ᠢ ᠨᠡᠢᠯᠡᠭᠦᠯᠦᠨ ᠳᠠᠭᠠᠭᠠᠴᠢᠯᠠᠯᠲᠠ ᠵᠠᠷᠯᠠᠬᠤ᠂ ᠪᠠᠢᠭᠤᠯᠵᠤ ᠠᠷᠠᠴᠢᠯᠠᠬᠤ ᠢ᠋ᠢ ᠨᠢᠭᠡ ᠴᠣᠠᠠᠴᠠᠵᠢᠭᠤᠯᠬᠤ᠂ ᠠᠷᠠᠴᠢᠯᠠᠨ ᠬᠠᠮᠠᠭᠠᠯᠠᠬᠤ ᠢ᠋ᠢ ᠬᠡᠰᠡᠭ ᠪᠦᠯᠦᠭ᠌ ᠵᠢᠡᠷ ᠶᠡᠷᠦᠩᠬᠡᠢᠯᠡᠨ ᠳᠠᠭᠠᠭᠠᠴᠢᠯᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠠᠷᠠᠴᠢᠯᠠᠨ ᠬᠠᠮᠠᠭᠠᠯᠠᠬᠤ ᠬᠢᠭᠡᠳ ᠠᠶᠠᠨᠴᠢᠳ ᠤ᠋ᠨ ᠵᠦᠭᠡᠭᠡᠪᠦᠷᠢ ᠢ᠋ᠢᠨ ᠲᠡᠷᠭᠡ ᠬᠦᠯᠢᠶᠡᠬᠦ᠌ ᠲᠢᠩᠰᠡ ᠢ᠋ᠢᠨ ᠲᠦᠬᠦᠭᠡᠷᠦᠮᠵᠢ ᠢ᠋ᠢ ᠠᠷᠠᠴᠢᠯᠠᠵᠤ ᠬᠠᠮᠠᠭᠠᠯᠠᠬᠤ ᠢ᠋ᠢ ᠨᠡᠢᠯᠡᠭᠦᠯᠦᠨ ᠳᠠᠭᠠᠭᠠᠴᠢᠯᠠᠯᠲᠠ ᠵᠠᠷᠯᠠᠬᠤ ᠵᠡᠷᠭᠡ ᠵᠠᠭ᠍ᠪᠤᠷ ᠢ᠋ ᠬᠡᠷᠡᠭ᠌ᠵᠢᠭᠦᠯᠬᠦ᠌ ᠢ᠋ᠢ ᠵᠣᠷᠢᠭ᠍ᠵᠢᠭᠤᠯᠵᠤ ᠪᠠᠢᠨ᠎ᠠ᠃ ᠲᠤᠰᠭᠠᠶ ᠠᠵᠢᠯᠴᠢᠨ ᠪᠠ ᠣᠯᠠᠨ ᠲᠦᠮᠡᠨ ᠢ᠋ ᠤᠶᠠᠯᠳᠤᠭᠤᠯᠤᠭᠰᠠᠨ ᠠᠷᠠᠴᠢᠯᠠᠨ ᠬᠠᠮᠠᠭᠠᠯᠠᠬᠤ ᠠᠵᠢᠯᠯᠠᠭᠠᠨ ᠤ᠋ ᠲᠣᠭ᠍ᠲᠠᠴᠠ ᠢ᠋ᠢ ᠲᠡᠭᠦᠯᠳᠡᠷᠵᠢᠭᠦᠯᠵᠦ᠍᠂ ᠲᠤᠰᠭᠠᠶ ᠪᠠᠢᠭᠤᠯᠤᠮᠵᠢ ᠡᠴᠡ ᠠᠷᠠᠴᠢᠯᠠᠨ ᠬᠠᠮᠠᠭᠠᠯᠠᠬᠤ᠂ ᠵᠠᠬ᠎ᠠ ᠳᠡᠯᠭᠡᠭᠦᠷᠴᠢᠯᠡᠨ ᠠᠷᠠᠴᠢᠯᠠᠨ ᠬᠠᠮᠠᠭᠠᠯᠠᠬᠤ᠂ ᠨᠡᠢᠲᠡ ᠢ᠋ᠢᠨ ᠠᠰᠠᠷᠠᠮᠵᠢ ᠢ᠋ᠢᠨ ᠴᠢᠨᠠᠷᠲᠠᠶ ᠠᠵᠢᠯ ᠤ᠋ᠨ ᠪᠠᠢᠷᠢ ᠢ᠋ᠢᠨ ᠠᠷᠠᠴᠢᠯᠠᠨ ᠬᠠᠮᠠᠭᠠᠯᠠᠬᠤ᠂ ᠠᠵᠢᠯ ᠤᠯᠭᠤᠬᠤ ᠪᠡᠷ ᠲᠡᠳᠬᠦᠮᠵᠢ ᠢ᠋ᠢ ᠣᠷᠣᠯᠠᠭᠤᠯᠬᠤ ᠠᠷᠠᠴᠢᠯᠠᠨ ᠬᠠᠮᠠᠭᠠᠯᠠᠬᠤ ᠵᠡᠷᠭᠡ ᠣᠯᠠᠨ ᠡᠱᠢᠵᠢᠭ᠌ᠰᠡᠨ ᠠᠷᠠᠴᠢᠯᠠᠨ ᠬᠠᠮᠠᠭᠠᠯᠠᠬᠤ ᠵᠠᠭ᠍ᠪᠤᠷ ᠢ᠋ ᠳᠡᠯᠭᠡᠷᠡᠭᠦᠯᠬᠦ᠌ ᠢ᠋ᠢ ᠵᠣᠷᠢᠭ᠍ᠵᠢᠭᠤᠯᠵᠤ᠂ ᠠᠮᠵᠢᠯᠲᠠ ᠲᠠᠢ ᠲᠤᠷᠱᠢᠯᠭ᠎ᠠ ᠢ᠋ᠢ ᠳ᠋ᠦᠩᠨᠡᠨ᠂ ᠵᠢᠱ᠌ᠢᠶ᠎ᠡ ᠦᠵᠡᠭᠦᠯᠵᠤ ᠬᠥᠲᠥᠯᠥᠨ ᠵᠢᠯᠣᠭᠣᠳᠭᠤ ᠢ᠋ᠢ ᠴᠢᠩᠭᠠᠳᠭᠠᠵᠤ᠂ ᠴᠠᠭ ᠲᠤᠬᠠᠢ ᠳ᠋ᠤᠨᠢ ᠳᠡᠯᠭᠡᠷᠡᠭᠦᠯᠬᠦ ᠪᠡᠷ ᠪᠤᠢ᠃
ᠤᠢᠷ᠎ᠠ ᠳ᠋ᠤ ᠰᠢᠯᠢ ᠢ᠋ᠢᠨ ᠭᠤᠤᠯ ᠠᠢᠮᠠᠭ ᠤ᠋ᠨ ᠤᠯᠠᠭᠠᠶ ᠬᠠᠮᠢᠶᠠᠷᠤᠯᠲᠠ ᠢ᠋ᠢᠨ ᠣᠷᠣᠨ ᠪᠦᠯᠢᠶᠠᠨ ᠪᠤᠯᠠᠭ ᠦᠵᠡᠮᠵᠢ ᠢ᠋ᠢᠨ ᠣᠷᠣᠨ — ᠪᠠᠶᠠᠨᠬᠤᠱᠢᠭᠤ ᠪᠠᠯᠭᠠᠰᠤ ᠬᠥᠷᠬᠥ᠌ ᠵᠠᠰᠠᠮᠠᠯ ᠵᠠᠮ ᠤ᠋ᠨ ᠦᠢᠯᠡᠴᠢᠯᠡᠭᠡᠨ ᠤ᠋ ᠥᠷᠲᠡᠭᠡ ᠢ᠋ᠢᠨ ᠪᠥᠲᠥᠭᠡᠨ ᠪᠠᠢᠭᠤᠯᠤᠯᠲᠠ ᠶ᠋ᠢ ᠡᠬᠢᠯᠡᠭᠦᠯᠵᠦ᠍᠂ ᠵᠠᠰᠠᠮᠠᠯ ᠵᠠᠮ ᠢ᠋ ᠠᠷᠠᠴᠢᠯᠠᠬᠤ ᠲᠠᠰᠤᠭ ᠢ᠋ ᠥᠭᠡᠷᠡᠴᠢᠯᠡᠨ ᠵᠠᠮ ᠬᠠᠷᠢᠯᠴᠠᠭᠠᠨ ᠤ᠋ ᠦᠶ᠋ᠯᠡᠴᠢᠯᠡᠭᠡᠨ ᠤ᠋ ᠥᠷᠲᠡᠭᠡ ᠪᠣᠯᠭᠠᠵᠤ᠂ ᠦᠵᠡᠮᠵᠢ ᠰᠤᠨᠢᠷᠬᠠᠬᠤ ᠥᠷᠲᠡᠭᠡ ᠪᠤᠯᠤᠨ ᠵᠢᠭᠤᠯᠴᠢᠯᠠᠯ ᠤ᠋ᠨ ᠯᠠᠪᠯᠠᠭ᠎ᠠ ᠦᠭᠬᠦ ᠭᠠᠵᠠᠷ ᠢ᠋ ᠨᠡᠮᠡᠵᠦ᠍ ᠪᠠᠢᠭᠤᠯᠤᠨ᠂ ᠮᠠᠰᠢᠨ ᠪᠠᠷᠢᠵᠤ ᠵᠢᠭᠤᠯᠴᠢᠯᠠᠬᠤ ᠬᠦᠮᠦᠰ ᠲᠦ᠍ ᠲᠤᠬᠢᠳᠠᠢ ᠦᠢᠯᠡᠴᠢᠯᠡᠭᠡ ᠬᠠᠡᠭᠭᠠᠬᠤ ᠪᠡᠷ ᠪᠤᠢ; ᠪᠤᠭᠤᠲᠤ ᠬᠤᠲᠠ ᠢ᠋ᠢᠨ ᠲᠦᠮᠡᠳ ᠪᠠᠷᠠᠭᠤᠨ ᠬᠣᠱᠢᠭᠤ ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ ᠴᠠᠬᠢᠯᠭᠠᠨ ᠴᠡᠨᠡᠭ᠌ᠯᠡᠬᠦ᠌ ᠲᠠᠯᠠᠪᠤᠷ᠂ 80 ᠴᠠᠬᠢᠯᠭᠠᠨ ᠴᠡᠨᠡᠭ᠌ᠯᠡᠬᠦ᠌ ᠱᠣᠩ ᠢ᠋ ᠠᠵᠢᠯ ᠡᠬᠢᠯᠡᠭᠦᠯᠦᠨ ᠪᠥᠲᠥᠭᠡᠨ ᠪᠠᠢᠭᠤᠯᠵᠤ᠂ ᠲᠡᠷᠭᠡ ᠵᠣᠭ᠍ᠰᠣᠭᠠᠬᠤ ᠲᠣᠭᠣᠷᠢᠭ᠂ ᠠᠮᠠᠷᠠᠬᠤ ᠲᠣᠭᠣᠷᠢᠭ ᠢ᠋ ᠢᠵᠢ ᠪᠦᠷᠢᠳᠦᠬᠦᠯᠬᠦ ᠢ᠋ᠢᠨ ᠬᠠᠮᠲᠤ ᠵᠠᠮ ᠬᠠᠷᠢᠯᠴᠠᠭᠠᠨ ᠤ᠋ ᠬᠥᠲᠥᠯᠤᠮᠵᠢ ᠵᠢᠨ ᠲᠡᠮᠳᠡᠭ ᠢ᠋ ᠲᠡᠭᠦᠯᠳᠡᠷᠵᠢᠭᠦᠯᠵᠤ ᠪᠠᠢᠨ᠎ᠠ; ᠬᠢᠡᠭᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ G302 ᠵᠠᠮ ᠳᠠᠭᠠᠤ ᠢ᠋ᠢᠨ ᠠᠶᠠᠨᠴᠢᠳ ᠪᠠ ᠪᠠᠷᠠᠭᠠᠨ ᠤ᠋ ᠲᠠᠯᠠᠪᠤᠷ ᠥᠷᠲᠡᠭᠡ ᠢ᠋ᠢ ᠲᠠᠰ ᠳᠡᠪᠱᠢᠭᠦᠯᠬᠦ᠌ᠶ᠋ᠢ ᠠᠬᠢᠭᠤᠯᠵᠤ᠂ ᠱᠢᠤᠳᠠᠨ ᠤ᠋ ᠲᠦᠷᠭᠡᠨ ᠬᠦᠷᠭᠡᠯᠲᠡ ᠢ᠋ᠢᠨ ᠲᠤᠤᠷ ᠴᠡᠭ᠂ ᠪᠠᠷᠠᠭᠠᠨ ᠤ᠋ ᠭᠦᠶ᠋ᠯᠭᠡᠭᠡ ᠢ᠋ᠢᠨ ᠬᠦᠢᠰᠤ ᠬᠢᠭᠡᠳ ᠴᠠᠬᠢᠯᠭᠠᠨ ᠴᠡᠨᠡᠭ᠌ᠯᠡᠬᠦ᠌ ᠰᠠᠭᠤᠷᠢ ᠲᠦᠬᠦᠭᠡᠷᠦᠮᠵᠢ ᠶ᠋ᠢ ᠱᠢᠨ᠎ᠡ ᠪᠡᠷ ᠨᠡᠮᠡᠭ᠌ᠳᠡᠭᠦᠯᠦᠨ᠂ 《ᠠᠶᠠᠨᠴᠢᠳ ᠤ᠋ᠨ ᠵᠦᠭᠡᠭᠡᠪᠦᠷᠢ ᠪᠠ ᠪᠠᠷᠠᠭᠠᠨ ᠤ᠋ ᠱᠢᠤᠳᠠᠨ + ᠴᠠᠬᠢᠯᠭᠠᠨ ᠴᠡᠨᠡᠭ᠌ᠯᠡᠬᠦ᠌ ᠲᠦᠬᠦᠭᠡᠷᠦᠮᠵᠢ + ᠵᠢᠭᠤᠯᠴᠢᠯᠠᠯ》 ᠤ᠋ᠨ ᠨᠢᠭᠡ ᠴᠣᠭ᠍ᠴᠠᠵᠢᠭ᠍ᠰᠠᠨ ᠦᠶ᠋ᠯᠡᠴᠢᠯᠡᠭᠡ ᠶ᠋ᠢ ᠪᠦᠷᠢᠯᠳᠦᠭᠦᠯᠵᠤ ᠪᠠᠢᠨ᠎ᠠ ᠁
ᠤᠢᠯᠠᠭᠠᠭᠰᠠᠨ ᠢ᠋ᠢᠡᠷ᠂ ᠮᠠᠨ ᠤ᠋ ᠤᠷᠤᠨ ᠲᠦᠬᠦᠭᠡᠷᠦᠮᠵᠢ ᠢ᠋ᠢᠨ ᠦᠶ᠋ᠯᠡᠴᠢᠯᠡᠭᠡᠨ ᠤ᠋ ᠴᠢᠳᠠᠮᠵᠢ ᠢ᠋ᠢ ᠥᠷᠭᠡᠳᠭᠡᠵᠤ᠂ ᠮᠠᠯᠵᠢᠬᠤ ᠲᠠᠷᠢᠶᠠᠯᠠᠬᠤ ᠣᠷᠣᠨ ᠤ᠋ ᠠᠶᠠᠨᠴᠢᠳ ᠪᠠ ᠪᠠᠷᠠᠭ᠎ᠠ ᠢ᠋ᠢᠨ ᠥᠷᠲᠡᠭᠡ ᠲᠠᠯᠠᠪᠤᠷ᠂ ᠵᠠᠰᠠᠮᠠᠯ ᠵᠠᠮ ᠢ᠋ ᠠᠷᠠᠴᠢᠯᠠᠬᠤ ᠲᠠᠰᠤᠭ᠂ ᠨᠡᠢᠲᠡ ᠢ᠋ᠢᠨ ᠵᠠᠮ ᠬᠠᠷᠢᠯᠴᠠᠭᠠᠨ ᠤ᠋ ᠲᠠᠯᠠᠪᠤᠷ ᠥᠷᠲᠡᠭᠡ ᠵᠡᠷᠭᠡ ᠰᠤᠯᠠ ᠲᠠᠯᠪᠢᠬᠳᠠᠵᠤ ᠪᠠᠢᠭ᠎ᠠ ᠲᠠᠯᠠᠪᠤᠷ ᠭᠠᠵᠠᠷ ᠵᠢᠴᠢ ᠵᠠᠰᠠᠮᠠᠯ ᠵᠠᠮ ᠳᠠᠭᠠᠤ ᠢ᠋ᠢᠨ ᠰᠤᠯᠠ ᠲᠠᠯᠪᠢᠬᠳᠠᠵᠤ ᠪᠠᠢᠭ᠎ᠠ ᠭᠠᠵᠠᠷ ᠱᠢᠷᠣᠶ ᠢ᠋ᠢᠨ ᠡᠬᠢ ᠪᠠᠶᠠᠯᠢᠭ ᠢ᠋ ᠲᠣᠭ᠍ᠲᠠᠭᠠᠯ ᠳ᠋ᠤ ᠨᠡᠢᠴᠡᠭᠦᠯᠦᠨ ᠠᠱᠢᠭ᠍ᠯᠠᠬᠤ ᠢ᠋ᠢ ᠳᠡᠮᠵᠢᠵᠦ᠍᠂ ᠵᠠᠮ ᠬᠠᠷᠢᠯᠴᠠᠭᠠᠨ ᠤ᠋ ᠦᠶ᠋ᠯᠡᠴᠢᠯᠡᠭᠡᠨ ᠤ᠋ ᠥᠷᠲᠡᠭᠡ᠂ ᠠᠶᠠᠨᠴᠢᠳ ᠤ᠋ᠨ ᠵᠦᠭᠡᠭᠡᠪᠦᠷᠢ ᠢ᠋ᠢᠨ ᠵᠤᠭᠰᠤᠭᠠᠯ᠂ ᠲᠡᠷᠭᠡ ᠵᠣᠭ᠍ᠰᠣᠭᠠᠬᠤ ᠲᠣᠭᠣᠷᠢᠭ᠂ ᠠᠮᠠᠷᠠᠬᠤ ᠲᠣᠭᠣᠷᠢᠭ᠂ ᠦᠵᠡᠮᠵᠢ ᠰᠣᠨᠢᠷᠬᠠᠬᠤ ᠥᠷᠲᠡᠭᠡ᠂ ᠵᠠᠮ ᠬᠠᠷᠢᠯᠴᠠᠭᠠᠨ ᠤ᠋ ᠵᠣᠷᠯᠣᠩ ᠵᠡᠷᠭᠡ ᠢᠵᠢ ᠪᠦᠷᠢᠨ ᠦᠶ᠋ᠯᠡᠴᠢᠯᠡᠭᠡᠨ ᠤ᠋ ᠲᠦᠬᠦᠭᠡᠷᠦᠮᠵᠢ ᠢ᠋ᠢ ᠲᠡᠭᠦᠯᠳᠡᠷᠵᠢᠭᠦᠯᠵᠤ᠂ ᠲᠡᠷᠭᠡ ᠵᠣᠭ᠍ᠰᠣᠭᠠᠬᠤ᠂ ᠪᠠᠷᠠᠭ᠎ᠠ ᠬᠤᠳᠠᠯᠳᠤᠨ ᠠᠪᠬᠤ᠂ ᠰᠡᠯᠡᠭᠦᠴᠡᠬᠦ᠌᠂ ᠲᠣᠭᠣᠷᠢᠨ ᠦᠵᠡᠬᠦ᠌᠂ ᠵᠢᠭᠤᠯᠴᠢᠯᠠᠯ ᠤ᠋ᠨ ᠯᠠᠪᠯᠠᠭ᠎ᠠ ᠦᠭᠬᠦ ᠵᠡᠷᠭᠡ ᠦᠶ᠋ᠯᠡᠴᠢᠯᠡᠭᠡᠨ ᠤ᠋ ᠴᠢᠳᠠᠮᠵᠢ ᠢ᠋ᠢ ᠥᠷᠭᠡᠳᠭᠡᠨ᠎ᠡ᠃ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠵᠠᠮ ᠬᠠᠷᠢᠯᠴᠠᠭᠠᠨ ᠤ᠋ ᠬᠥᠲᠥᠯᠥᠮᠵᠢ ᠵᠢᠨ ᠲᠡᠮᠳᠡᠭ ᠱᠤᠭᠤᠮ ᠢ᠋ ᠲᠡᠭᠦᠯᠳᠡᠷᠵᠢᠭᠦᠯᠵᠦ᠍᠂ ᠶᠠᠪᠤᠵᠤ ᠰᠠᠭᠤᠬᠤ ᠢ᠋ᠢ ᠬᠥᠲᠥᠯᠥᠨ ᠵᠢᠯᠣᠭᠣᠳᠭᠤ ᠦᠶ᠋ᠯᠡᠴᠢᠯᠡᠭᠡ ᠵᠢ ᠰᠠᠢᠲᠤᠷ ᠬᠢᠨ᠎ᠠ᠃ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠳᠠᠭᠠᠤ ᠢ᠋ᠢᠨ ᠱᠢᠶᠠᠩ ᠪᠠᠯᠭᠠᠰᠤ ᠢ᠋ᠢ ᠢᠳᠡᠪᠬᠢᠲᠡᠶ ᠪᠡᠷ ᠬᠥᠲᠥᠯᠥᠨ ᠵᠢᠯᠣᠭᠣᠳᠴᠤ᠌ ᠪᠠᠢᠭᠠᠳ ᠵᠢᠭᠤᠯᠴᠢᠯᠠᠯ ᠤ᠋ᠨ ᠦᠵᠡᠮᠵᠢ ᠢ᠋ᠢᠨ ᠣᠷᠣᠨ᠂ ᠣᠯᠠᠨ ᠨᠡᠢᠲᠡ ᠢ᠋ᠢᠨ ᠲᠡᠷᠭᠡᠨ ᠵᠣᠭ᠍ᠰᠣᠭᠠᠯ᠂ ᠱᠢᠤᠳᠠᠨ ᠤ᠋ ᠲᠦᠷᠭᠡᠨ ᠬᠦᠷᠭᠡᠯᠲᠡ ᠢ᠋ᠢᠨ ᠲᠤᠤᠷ ᠴᠡᠭ᠂ ᠪᠠᠷᠠᠭᠠᠨ ᠤ᠋ ᠭᠦᠶ᠋ᠯᠭᠡᠭᠡ ᠢ᠋ᠢᠨ ᠬᠦᠢᠰᠤ᠂ ᠠᠶᠠᠨᠴᠢᠳ ᠤ᠋ᠨ ᠵᠦᠭᠡᠭᠡᠪᠦᠷᠢ ᠪᠠ ᠪᠠᠷᠠᠭᠠᠨ ᠤ᠋ ᠲᠡᠭᠡᠭᠡᠪᠦᠷᠢ ᠢ᠋ᠢᠨ ᠲᠠᠯᠠᠪᠠᠶ ᠥᠷᠲᠡᠭᠡ ᠵᠡᠷᠭᠡ ᠲᠠᠯᠠᠪᠤᠷ ᠭᠠᠵᠠᠷ ᠲᠦ᠍ ᠣᠯᠠᠨ ᠨᠡᠢᠲᠡ ᠢ᠋ᠢᠨ ᠴᠠᠬᠢᠯᠭᠠᠨ ᠴᠡᠨᠡᠭ᠌ᠯᠡᠬᠦ᠌ ᠰᠠᠭᠤᠷᠢ ᠲᠦᠬᠦᠭᠡᠷᠦᠮᠵᠢ ᠢ᠋ᠢ ᠱᠢᠨᠵᠢᠯᠡᠬᠦ᠌ ᠤᠬᠠᠭᠠᠨᠴᠢ ᠪᠠᠷ ᠳᠣᠭᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠴᠠᠬᠢᠯᠭᠠᠨ ᠴᠡᠨᠡᠭ᠌ᠯᠡᠬᠦ᠌ ᠦᠶ᠋ᠯᠡᠴᠢᠯᠡᠭᠡᠨ ᠤ᠋ ᠳᠤᠲᠠᠭᠤᠳᠠᠯ ᠢ᠋ ᠬᠦᠴᠦᠯᠡᠨ ᠨᠥᠬᠥᠪᠥᠷᠢᠯᠡᠬᠦ ᠪᠤᠯᠤᠨ᠎ᠠ᠃
《ᠠᠶᠠᠨ ᠵᠠᠮ ᠤ᠋ᠨ ᠦᠶ᠋ᠯᠡᠴᠢᠯᠡᠭᠡ ᠶ᠋ᠢ ᠳᠡᠰ ᠳᠡᠪᠰᠢᠭᠦᠯᠬᠦ ᠠᠵᠢᠯᠯᠠᠭ᠎ᠠ ᠪᠣᠯ ᠮᠠᠯᠵᠢᠬᠤ ᠲᠠᠷᠢᠶᠠᠯᠠᠬᠤ ᠣᠷᠣᠨ ᠤ᠋ ᠵᠠᠮ ᠬᠠᠷᠢᠯᠴᠠᠭᠠᠨ ᠤ᠋ ᠦᠶ᠋ᠯᠡᠴᠢᠯᠡᠭᠡᠨ ᠤ᠋ ᠳᠤᠲᠠᠭᠤᠳᠠᠯ ᠢ᠋ ᠨᠥᠬᠥᠪᠥᠷᠢᠯᠡᠵᠦ᠍᠂ ᠣᠯᠠᠨ ᠲᠦᠮᠡᠨ ᠤ᠋ ᠶᠠᠪᠤᠵᠤ ᠰᠠᠭᠤᠬᠤ ᠴᠢᠨᠠᠷ ᠴᠢᠨᠰᠠᠭᠠᠶ᠋ᠢ ᠳᠡᠭᠡᠭ᠌ᠰᠢᠯᠡᠭᠦᠯᠬᠦ᠌ ᠵᠠᠩᠭᠢᠯᠠᠭ᠎ᠠ ᠢ᠋ᠢᠨ ᠠᠷᠭ᠎ᠠ ᠬᠢᠳᠠᠯ ᠪᠣᠯᠤᠨ᠎ᠠ᠃ ᠪᠢᠳᠡ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠶᠡᠷᠦᠩᠬᠡᠢᠯᠡᠭ᠌ᠰᠡᠨ ᠦᠶ᠋ᠯᠡᠴᠢᠯᠡᠭᠡᠨ ᠤ᠋ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠪᠡᠷ ᠭᠤᠤᠯ ᠪᠣᠯᠭᠠᠨ ᠠᠷᠠᠴᠢᠯᠠᠨ ᠬᠠᠮᠠᠭᠠᠯᠠᠯᠲᠠ ᠶ᠋ᠢ ᠴᠢᠩᠭᠠᠷᠠᠭᠤᠯᠬᠤ᠂ ᠠᠷᠠᠴᠢᠯᠠᠨ ᠬᠠᠮᠠᠭᠠᠯᠠᠬᠤ ᠵᠠᠭ᠍ᠪᠤᠷ ᠤ᠋ᠨ ᠱᠢᠨ᠎ᠡ ᠶ᠋ᠢ ᠡᠭᠦᠳᠬᠦ᠂ ᠦᠶ᠋ᠯᠡᠴᠢᠯᠡᠭᠡᠨ ᠤ᠋ ᠴᠢᠳᠠᠮᠵᠢ ᠶ᠋ᠢ ᠥᠷᠭᠡᠳᠭᠡᠬᠦ᠂ ᠲᠦᠬᠦᠭᠡᠷᠦᠮᠵᠢ ᠶ᠋ᠢ ᠲᠡᠭᠦᠯᠳᠡᠷᠵᠢᠭᠦᠯᠬᠦ ᠵᠡᠷᠭᠡ ᠶᠡᠷᠦᠩᠬᠡᠢᠯᠡᠭ᠌ᠰᠡᠨ ᠠᠷᠭ᠎ᠠ ᠬᠡᠮᠵᠢᠶ᠎ᠡ ᠶ᠋ᠢ ᠱᠢᠯᠢᠳᠡᠭ᠌ᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠬᠡᠯᠪᠡᠷᠢ ᠪᠡᠨ ᠬᠤᠪᠢᠷᠠᠭᠤᠯᠤᠨ ᠳᠡᠰ ᠳᠡᠪᠰᠢᠬᠦ ᠶ᠋ᠢ ᠠᠬᠢᠭᠤᠯᠵᠤ᠂ ᠠᠮᠤᠷ ᠲᠦᠪᠱᠢᠨ᠂ ᠳᠥᠭᠥᠮ ᠳᠥᠲᠡ᠂ ᠪᠣᠬᠢᠷᠲᠤᠯ ᠥᠬᠡᠶ᠂ ᠥᠨᠳᠥᠷ ᠪᠦᠲᠦᠮᠵᠢᠲᠡᠶ ᠮᠠᠯᠵᠢᠬᠤ ᠲᠠᠷᠢᠶᠠᠯᠠᠬᠤ ᠣᠷᠣᠨ ᠤ᠋ ᠵᠠᠮ ᠬᠠᠷᠢᠯᠴᠠᠭᠠᠨ ᠤ᠋ ᠦᠶ᠋ᠯᠡᠴᠢᠯᠡᠭᠡᠨ ᠤ᠋ ᠱᠢᠰᠲ᠋ᠧᠮ ᠢ᠋ ᠪᠥᠬᠥ᠌ ᠬᠦᠴᠦᠨ ᠢ᠋ᠢᠡᠷ ᠢ᠋ᠢᠡᠨ ᠪᠠᠢᠭᠤᠯᠤᠨ᠎ᠠ》 ᠭᠡᠵᠤ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠤ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠵᠤ ᠪᠠᠢᠯ᠎ᠠ᠃