ᠪᠥᠬᠥ᠌ ᠲᠠᠯ᠎ᠠ ᠪᠡᠷ ᠪᠠᠢᠷᠢᠯᠠᠭᠤᠯᠵᠦ᠍ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠢᠴᠢᠯᠠᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠡᠷᠬᠢᠮᠯᠡᠨ᠎ᠡ
2026-03-24 09:47:44
ᠵᠣᠬᠢᠶᠠᠭ᠍ᠴᠢ᠄
ᠱᠢᠨᠬᠤᠸᠠ ᠬᠤᠷᠢᠶ᠎ᠠ᠎ᠶᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

— ᠡᠯ᠎ᠡ ᠭᠠᠵᠠᠷ ᠤᠷᠤᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠦᠮᠦᠵᠢᠯ᠎ᠢ ᠯᠠᠪᠳᠠᠭᠤᠨ ᠪᠠᠳᠤᠳᠠᠢ ᠦᠷᠨᠢᠬᠦᠯᠵᠦ ᠪᠤᠢ


ᠤᠷᠢᠬᠠᠨ ᠬᠠᠪᠤᠷ ᠰᠠᠭᠠᠲᠠᠵᠤ᠂ ᠡᠪᠡᠰᠦ ᠮᠣᠳᠣ ᠬᠥᠬᠡᠷᠡᠨ ᠨᠣᠭᠣᠭᠠᠷᠠᠨ᠎ᠠ᠃ ᠤᠢ᠍ᠢᠷ᠎ᠠ᠎ᠶ᠋ᠢᠨ ᠡᠳᠦᠷ᠎ᠦᠳ᠎ᠲᠦ᠂ ᠪᠡᠭᠡᠵᠢᠩ᠂ ᠲᠢᠶᠠᠨᠵᠢᠨ᠂ ᠾᠸᠪᠸᠢ᠂ ᠥᠪᠥᠷ ᠮᠣᠩᠭᠣᠯ ᠵᠡᠷᠭᠡ ᠭᠠᠵᠠᠷ᠎ᠤᠨ ᠬᠢᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠦᠮᠦᠵᠢᠯ᠎ᠢ ᠭᠦᠨᠵᠡᠭᠡᠢ ᠥᠷᠨᠢᠭᠦᠯᠵᠦ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢᠯᠠᠭᠠᠬᠤ᠂ ᠯᠠᠪᠳᠠᠭᠤᠨ ᠪᠠᠲᠤᠲᠠᠢ ᠠᠵᠢᠯᠯᠠᠬᠤ ᠵᠢ ᠢᠳᠡᠪᠬᠢᠲᠡᠢ ᠬᠦᠳᠦᠯᠦᠨ ᠵᠢᠯᠣᠭᠣᠳᠴᠤ᠌᠂ ᠺᠠᠳ᠋ᠷ᠎ᠤᠨ ᠠᠵᠢᠯ᠎ᠤᠨ ᠰᠤᠷᠲᠠᠯ᠎ᠢᠶᠠᠨ ᠬᠤᠪᠢᠷᠠᠭᠤᠯᠬᠤ᠂ ᠤᠯᠠᠨ ᠲᠦᠮᠡᠨ᠎ᠳᠦ ᠪᠣᠳᠠᠲᠤ ᠠᠱᠢᠭ ᠬᠦᠷᠲᠡᠭᠡᠬᠦ᠌᠂ ᠬᠥᠭ᠌ᠵᠢᠯᠲᠡ᠎ᠳᠦ ᠬᠥᠳᠡᠯᠭᠡᠬᠦ᠌ ᠡᠨᠧᠷᠭᠢ ᠨᠡᠮᠡᠷᠢᠯᠡᠬᠦ᠌᠎ᠶ᠋ᠢ ᠠᠬᠢᠭᠤᠯᠪᠠ᠃

ᠬᠦᠨᠵᠡᠭᠡᠢ ᠰᠤᠷᠤᠯᠴᠠᠨ ᠨᠠᠷᠢᠯᠢᠭ ᠤᠢᠯᠠᠭᠠᠵᠤ ᠦᠵᠡᠯ ᠰᠠᠨᠠᠭᠠᠨ᠎ᠤ ᠰᠠᠭᠤᠷᠢ᠎ᠶ᠋ᠢ ᠪᠠᠳᠤᠳᠬᠠᠪᠠ

ᠤᠨᠤᠯ᠎ᠢᠶᠠᠷ ᠵᠡᠪᠰᠡᠭ᠌ᠯᠡᠬᠦ᠌᠎ᠶ᠋ᠢ ᠭᠦᠨᠵᠡᠭᠡᠢᠷᠡᠭᠦᠯᠵᠦ᠍᠂ ᠰᠤᠷᠤᠯᠴᠠᠬᠤ ᠰᠡᠳᠭᠢᠬᠦ᠌ ᠦᠢᠯᠡᠳᠦᠯᠭᠡᠵᠢᠭᠦᠯᠬᠦ᠌ ᠤᠬᠠᠪᠤᠷᠢᠯᠠᠬᠤ ᠳᠤᠮᠳᠠ ᠦᠵᠡᠯ ᠰᠠᠨᠠᠭᠠᠨ᠎ᠤ ᠠᠶᠠᠯᠠᠯ᠎ᠤᠨ ᠴᠢᠭ᠌ᠯᠡᠯ᠎ᠢ ᠡᠵᠡᠮᠳᠡᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠤᠨᠤᠯ᠎ᠤᠨ ᠰᠤᠷᠤᠯᠴᠠᠯᠭ᠎ᠠ᠎ᠶ᠋ᠢ ᠲᠡᠷᠢᠭᠦᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠳᠤ ᠪᠠᠲᠤ ᠪᠡᠬᠢ ᠦᠵᠡᠯ ᠰᠠᠨᠠᠭᠠᠨ᠎ᠤ ᠰᠠᠭᠤᠷᠢ᠎ᠶ᠋ᠢ ᠲᠠᠯᠪᠢᠪᠠ᠃

ᠪᠡᠭᠡᠵᠢᠩ ᠬᠣᠲᠠ ᠪᠥᠬᠥ᠌ ᠬᠣᠲᠠ᠎ᠳᠦ ᠰᠤᠷᠤᠯᠴᠠᠯᠭ᠎ᠠ ᠬᠥᠮᠦᠵᠢᠯ ᠥᠷᠨᠢᠭᠦᠯᠬᠦ᠌ ᠬᠡᠷᠡᠭ᠌ᠵᠢᠭᠦᠯᠬᠦ᠌ ᠲᠥᠰᠦᠯ᠎ᠢ ᠳᠠᠷᠤᠮᠠᠯᠯᠠᠨ ᠲᠠᠷᠬᠠᠭᠠᠵᠤ᠂ ᠪᠥᠬᠥ᠌ ᠬᠣᠲᠠ᠎ᠶ᠋ᠢᠨ 320 ᠲᠣᠪᠴᠢᠶ᠎ᠠ᠎ᠶ᠋ᠢᠨ ᠱᠠᠲᠤᠨ᠎ᠤ ᠨᠢᠭᠡᠴᠢ᠂ 3924 ᠭᠠᠵᠠᠷ᠎ᠤᠨ ᠱᠠᠲᠤᠨ᠎ᠤ ᠨᠢᠭᠡᠴᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ ᠪᠤᠶᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ)᠎ᠶ᠋ᠢᠨ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ ᠪᠠᠢᠷᠢᠯᠠᠭᠤᠯᠤᠨ ᠨᠠᠢᠳᠠᠪᠤᠷᠢᠵᠢᠭᠤᠯᠵᠤ᠂ ᠡᠯ᠎ᠡ ᠨᠠᠮ᠎ᠤᠨ ᠡᠭᠦᠷ ᠨᠠᠮ᠎ᠤᠨ ᠭᠡᠱᠢᠭᠦᠳ᠎ᠦᠨ ᠶᠡᠬᠡ ᠬᠤᠷᠠᠯ ᠬᠤᠷᠠᠯᠳᠤᠭᠤᠯᠤᠨ ᠤᠯᠠᠮᠵᠢᠯᠠᠨ ᠰᠤᠷᠤᠯᠴᠠᠵᠤ᠂ ᠡᠨᠡ ᠵᠢᠯ᠎ᠦᠨ 3 ᠰᠠᠷ᠎ᠠ᠎ᠶ᠋ᠢᠨ 15᠎ᠤ᠋ ᠡᠳᠦᠷ᠎ᠡᠴᠡ ᠡᠮᠦᠨ᠎ᠡ ᠪᠦᠬᠦᠨ᠎ᠢᠶᠡᠷ᠎ᠢᠶᠡᠨ ᠰᠤᠷᠤᠯᠴᠠᠯᠭ᠎ᠠ᠎ᠵᠢ ᠡᠬᠢᠯᠡᠭᠦᠯᠵᠡᠶ᠃

ᠾᠧᠪᠧᠶ ᠮᠤᠵᠢ᠎ᠶ᠋ᠢᠨ᠎ᠬᠢᠨ ᠰᠤᠷᠤᠯᠴᠠᠯᠭ᠎ᠠ ᠬᠥᠮᠦᠵᠢᠯ᠎ᠢ ᠴᠢᠬᠤᠯᠠ ᠤᠯᠤᠰ ᠲᠥᠷᠥ᠎ᠶ᠋ᠢᠨ ᠡᠭᠦᠷᠭᠡ᠎ᠪᠡᠨ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠰᠤᠳᠤᠯᠤᠨ ᠲᠥᠯᠥᠪᠵᠢᠭᠦᠯᠬᠦ᠌ ᠪᠠ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠶ᠋ᠢ ᠴᠢᠩᠭᠠᠳᠭᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ ᠦᠨᠡᠨ᠎ᠡᠴᠡ ᠵᠥᠪ᠎ᠢ ᠡᠷᠢᠬᠦ᠌᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠦᠨ ᠴᠢᠭ᠌ᠯᠡᠭᠦᠯᠦᠯᠲᠦ ᠴᠢᠨᠠᠷ᠂ ᠪᠣᠳᠠᠲᠤ ᠦᠷ᠎ᠡ ᠪᠦᠳᠦᠮᠵᠢᠳᠦ ᠴᠢᠨᠠᠷ᠎ᠢ ᠳᠡᠭᠡᠭ᠌ᠰᠢᠯᠡᠭᠦᠯᠵᠦ᠍᠂ ᠠᠵᠢᠯ᠎ᠤᠨ ᠠᠮᠵᠢᠯᠲᠠ᠎ᠪᠠᠷ᠎ᠢᠶᠠᠨ ᠦᠭᠡ ᠬᠡᠯᠡᠵᠦ᠍᠂ ᠠᠷᠠᠳ ᠲᠦᠮᠡᠨ᠎ᠢᠶᠡᠷ ᠦᠨᠡᠯᠡᠭᠦᠯᠪᠡ᠃

ᠲᠢᠶᠠᠨᠵᠢᠨ ᠬᠤᠳᠠ ᠪᠦᠬᠦ᠌ ᠬᠤᠳᠠ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠷᠢᠯᠠᠭᠤᠯᠤᠨ ᠡᠬᠢᠯᠡᠭᠦᠯᠵᠦ᠍᠂ ᠨᠡᠭᠡᠭᠡᠯᠳᠡ ᠲᠠᠢ ᠪᠡᠷ ᠰᠤᠷᠭᠠᠨ ᠬᠥᠮᠦᠵᠢᠯ᠎ᠢ ᠠᠳᠭᠤᠬᠤ᠎ᠶ᠋ᠢ ᠪᠠᠷᠢᠮᠲᠠᠯᠠᠵᠤ᠂ ᠬᠤᠳᠠ᠎ᠶ᠋ᠢᠨ ᠱᠠᠲᠤᠨ᠎ᠤ ᠤᠳᠤᠷᠢᠳᠭᠤ ᠪᠠᠭ᠎ᠤᠨ ᠪᠦᠷᠢᠯᠳᠦᠬᠦᠨ ᠰᠤᠷᠤᠯᠴᠠᠯᠭ᠎ᠠ ᠬᠥᠮᠦᠵᠢᠯ᠎ᠦᠨ ᠲᠣᠭᠣᠷᠢᠨ᠎ᠳᠤ 37 ᠵᠦᠢᠯ᠎ᠦᠨ ᠰᠡᠳᠦᠪ ᠰᠣᠩᠭᠣᠵᠤ᠂ ᠲᠦᠷᠦᠭᠦᠯᠡᠨ ᠪᠠᠢᠴᠠᠭᠠᠨ ᠰᠤᠳᠤᠯᠤᠯᠲᠠ ᠥᠷᠨᠢᠭᠦᠯᠪᠡ᠃ ᠲᠢᠶᠠᠨᠵᠢᠨ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠦᠮᠦᠵᠢᠯ᠎ᠦᠨ ᠠᠵᠢᠯ᠎ᠤᠨ ᠲᠤᠰᠭᠠᠶ ᠠᠩᠭᠢ ᠤᠷᠢᠳ ᠬᠣᠵᠢᠳ ᠪᠥᠬᠥ᠌ ᠬᠣᠲᠠ᠎ᠶ᠋ᠢᠨ ᠪᠣᠯᠪᠠᠰᠤᠷᠠᠯ᠎ᠤᠨ ᠬᠤᠷᠠᠯ᠂ ᠲᠤᠰᠭᠠᠶ ᠠᠩᠭᠢ᠎ᠶ᠋ᠢᠨ ᠠᠩᠬᠠᠳᠤᠭᠠᠷ ᠤᠳᠠᠭ᠎ᠠ᠎ᠶ᠋ᠢᠨ ᠪᠥᠬᠥᠳᠡ ᠬᠤᠷᠠᠯ ᠬᠤᠷᠠᠯᠳᠤᠭᠤᠯᠵᠤ᠂ ᠡᠯ᠎ᠡ ᠵᠦᠶ᠋ᠯ᠎ᠦᠨ ᠡᠭᠦᠷᠭᠡ᠎ᠶ᠋ᠢ ᠬᠦᠴᠦᠲᠡᠶ ᠪᠥᠭᠡᠳ ᠡᠮᠬᠢ ᠵᠢᠷᠤᠮ᠎ᠲᠠᠶ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤᠨᠤᠯ᠎ᠤᠨ ᠰᠤᠷᠤᠯᠴᠠᠯᠭ᠎ᠠ᠎ᠪᠠᠨ ᠴᠢᠩᠭᠠᠳᠭᠠᠬᠤ᠎ᠶ᠋ᠢ ᠪᠠᠷᠢᠮᠲᠠᠯᠠᠵᠤ᠂ ᠭᠦᠨᠵᠡᠭᠡᠢ ᠰᠤᠷᠤᠯᠴᠠᠨ ᠨᠠᠷᠢᠯᠢᠭ ᠰᠤᠳᠤᠯᠬᠤ ᠳᠤᠮᠳᠠ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠴᠢᠩᠭᠠᠳᠭᠠᠵᠤ᠂ ᠦᠵᠡᠯ ᠰᠠᠨᠠᠭᠠᠨ᠎ᠤ ᠰᠠᠭᠤᠷᠢ᠎ᠪᠠᠨ ᠪᠡᠬᠢᠵᠢᠭᠦᠯᠪᠡ᠃ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠺᠠᠳ᠋ᠷ᠎ᠤᠨ ᠳᠡᠭᠡᠳᠦ ᠰᠤᠷᠭᠠᠭᠤᠯᠢ ᠰᠤᠷᠤᠯᠴᠠᠯᠭ᠎ᠠ ᠬᠥᠮᠦᠵᠢᠯ᠎ᠦᠨ ᠬᠠᠮᠢᠶ᠎ᠠ ᠪᠥᠬᠥᠶ ᠠᠭᠤᠯᠭ᠎ᠠ᠎ᠶ᠋ᠢ ᠭᠤᠤᠯ ᠴᠣᠭ᠍ᠴᠠ᠎ᠶ᠋ᠢᠨ ᠠᠩᠭᠢ ᠪᠠ ᠦᠨᠳᠦᠰᠦᠨ ᠪᠣᠯᠪᠠᠰᠤᠷᠠᠯ᠎ᠤᠨ ᠬᠢᠴᠢᠶᠡᠯ᠎ᠳᠦ ᠣᠷᠣᠭᠤᠯᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠣᠮ ᠤᠩᠱᠢᠬᠤ ᠠᠩᠬᠢ᠂ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ ᠵᠡᠷᠭᠡ ᠪᠡᠷ ᠳᠠᠮᠵᠢᠨ ᠪᠦᠬᠦ᠌ ᠲᠠᠯ᠎ᠠ᠎ᠪᠠᠷ ᠱᠢᠰᠲ᠋ᠧᠮ᠎ᠲᠡᠶ ᠰᠤᠷᠤᠯᠴᠠᠵᠤ᠂ ᠴᠠᠭ ᠲᠤᠬᠠᠢ᠎ᠳᠤᠨᠢ ᠳᠠᠭᠠᠨ ᠰᠤᠷᠤᠯᠴᠠᠵᠤ᠂ ᠭᠦᠨᠵᠡᠭᠡᠢ ᠰᠡᠳᠭᠢᠨ ᠰᠤᠷᠤᠯᠴᠠᠵᠤ᠂ ᠪᠣᠳᠠᠲᠠᠢ᠎ᠲᠠᠶ ᠤᠶᠠᠯᠳᠤᠭᠤᠯᠤᠨ ᠰᠤᠷᠤᠯᠴᠠᠪᠠ᠃

ᠦᠨᠡᠨ ᠬᠦ᠌ ᠪᠠᠢᠴᠠᠭᠠᠨ ᠪᠤᠳᠠᠳᠠᠢ ᠰᠠᠢᠵᠢᠷᠠᠭᠤᠯᠵᠤ ᠲᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠪᠡ

ᠭᠦᠨᠵᠡᠭᠡᠢ ᠰᠤᠷᠤᠯᠴᠠᠬᠤ᠂ ᠦᠨᠡᠨ ᠬᠦ᠌ ᠪᠠᠢᠴᠠᠭᠠᠬᠤ᠂ ᠪᠣᠳᠠᠲᠠᠢ ᠰᠠᠢᠵᠢᠷᠠᠭᠤᠯᠬᠤ ᠳᠡᠭᠡᠷ᠎ᠡ ᠬᠦᠴᠦ᠍ ᠲᠠᠯᠪᠢᠵᠤ᠂ ᠦᠷ᠎ᠡ ᠪᠦᠲᠦᠮᠵᠢ ᠭᠠᠷᠭᠠᠪᠠ᠃ ᠪᠡᠭᠡᠵᠢᠩ ᠬᠤᠳᠠ ᠨᠢ ᠨᠡᠢᠰᠯᠡᠯ ᠬᠤᠳᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌᠎ᠳᠦ ᠰᠠᠭᠤᠷᠢᠯᠠᠵᠤ᠂ 《ᠳᠡᠭᠡᠳᠦ ᠳᠡᠰ᠎ᠤᠨ ᠨᠠᠷᠢᠯᠢᠭᠵᠢᠬᠰᠠᠨ ᠣᠷᠣᠢᠯᠠᠭ᠍ᠰᠠᠨ》 ᠠᠵᠤ ᠠᠬᠤᠢ᠎ᠶ᠋ᠢᠨ ᠪᠦᠲᠦᠴᠡ ᠪᠣᠯᠤᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠬᠦᠴᠦᠯᠡᠨ ᠪᠠᠢᠭᠤᠯᠪᠠ᠃ ᠠᠰᠠᠭᠤᠳᠠᠯ᠎ᠢ ᠪᠠᠢᠴᠠᠭᠠᠨ ᠳᠡᠯᠭᠡᠬᠦ᠌᠎ᠳᠡᠭᠡᠨ ᠲᠥᠪ᠎ᠦᠨ ᠲᠣᠭᠣᠷᠢᠨ ᠪᠠᠢᠴᠠᠭᠠᠬᠤ᠎ᠲᠤᠮᠳᠠ ᠳᠤᠷᠠᠳᠤᠭᠰᠠᠨ ᠬᠦᠷᠢᠶ᠎ᠡ ᠴᠠᠷᠠᠭ᠎ᠠ᠎ᠶ᠋ᠢ ᠭᠣᠣᠯᠳᠠᠯᠭ᠎ᠠ᠎ᠲᠠᠶ ᠠᠩᠬᠠᠷᠴᠤ᠌᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠦᠵᠡᠯᠲᠡ ᠬᠡᠯᠪᠡᠢᠭᠦᠦ ᠪᠠᠢᠬᠤ ᠠᠰᠠᠭᠤᠳᠠᠯ᠎ᠢ ᠭᠦᠨᠵᠡᠭᠡᠢ ᠪᠠᠢᠴᠠᠭᠠᠨ ᠡᠷᠢᠵᠦ᠍᠂ ᠪᠠᠢᠴᠠᠭᠠᠬᠤ᠎ᠶ᠋ᠢᠨ ᠳᠠᠭᠠᠤ ᠰᠠᠢᠵᠢᠷᠠᠭᠤᠯᠵᠤ᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠪᠠ᠃ ᠵᠠᠷᠭᠤ᠎ᠶ᠋ᠢ ᠬᠦᠯᠢᠶᠡᠨ ᠠᠪᠴᠤ᠌ ᠳᠠᠷᠤᠢᠬᠠᠨ ᠱᠢᠢᠳᠪᠦᠷᠢᠯᠡᠬᠦ᠌ 《ᠰᠠᠷ᠎ᠠ ᠪᠦᠷᠢ ᠨᠢᠭᠡ ᠰᠡᠳᠦᠪ》 ᠤ᠋ᠨ ᠲᠤᠰᠭᠠᠢ ᠵᠠᠰᠠᠯᠲᠠ᠂ ᠣᠨ᠎ᠤ ᠴᠢᠬᠤᠯᠠ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠦᠷᠦᠯ ᠵᠦᠢᠯ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠱᠢᠢᠳᠪᠦᠷᠢᠯᠡᠬᠦ᠌ ᠵᠡᠷᠭᠡ ᠠᠷᠭ᠎ᠠ ᠬᠡᠯᠪᠡᠷᠢ᠎ᠪᠡᠷ ᠤᠯᠠᠨ ᠲᠦᠮᠡᠨ᠎ᠳᠦ ᠢᠯᠡᠭᠦᠬᠡᠨ ᠪᠣᠳᠠᠲᠤ ᠶᠠᠪᠤᠳᠠᠯ ᠬᠢᠵᠦ᠍ ᠥᠭ᠌ᠪᠡ᠃ 《ᠱᠢᠨ᠎ᠡ ᠨᠣᠶᠠᠨ ᠬᠠᠭᠤᠴᠢᠨ ᠲᠠᠩᠰᠠ᠎ᠶ᠋ᠢ ᠬᠠᠮᠢᠶᠠᠷᠬᠤ》 ᠶ᠋ᠢ ᠪᠠᠷᠢᠮᠲᠠᠯᠠᠵᠤ᠂ ᠲᠡᠦᠬᠡ᠎ᠡᠴᠡ ᠪᠦᠷᠢᠯᠳᠦᠭ᠌ᠰᠡᠨ  ᠳᠦᠷᠢᠮ ᠲᠤᠬᠳᠠᠭᠠᠯ ᠡᠴᠡ ᠵᠦᠷᠢᠴᠡᠨ ᠪᠠᠷᠢᠭᠰᠠᠨ ᠪᠠᠷᠢᠯᠭ᠎ᠠ ᠵᠢ ᠨᠤᠷᠠᠭᠠᠬᠤ᠎ᠳᠤ ᠬᠦᠴᠢᠷᠲᠡᠶ ᠪᠠᠢᠬᠤ ᠠᠰᠠᠭᠤᠳᠠᠯ ᠵᠢᠴᠢ ᠰᠠᠭᠤᠭᠠᠯᠢ ᠠᠷᠠᠳ᠎ᠤᠨ ᠬᠠᠭᠤᠴᠢᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠵᠡᠷᠭᠡ ᠳᠤᠲᠠᠭᠤᠳᠠᠯ ᠪᠠ ᠪᠠᠭᠤᠷᠠᠶ ᠲᠠᠯ᠎ᠠ᠎ᠳᠤ ᠶᠡᠷᠦᠩᠬᠡᠢᠯᠡᠭ᠌ᠰᠡᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠲᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠪᠡ᠃

ᠲᠢᠶᠠᠨᠵᠢᠨ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠠᠰᠠᠭᠤᠳᠠᠯ᠎ᠢ ᠭᠦᠨᠵᠡᠭᠡᠢ ᠪᠠᠢᠴᠠᠭᠠᠨ ᠳᠡᠯᠭᠡᠵᠦ᠂ ᠭᠠᠵᠠᠷ᠎ᠤᠨ ᠲᠡᠰ᠎ᠡᠴᠡ ᠳᠡᠭᠡᠭᠰᠢᠬᠢ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠷᠢᠶ᠎ᠡ᠎ᠶᠢᠨ ᠭᠣᠣᠯ ᠠᠰᠠᠭᠤᠳᠠᠯ᠎ᠤᠨ ᠨᠠᠷᠢᠨ ᠲᠠᠩᠰᠠ ᠪᠡᠷ ᠪᠠᠷᠢᠮᠵᠢᠶ᠎ᠡ ᠪᠤᠯᠭᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠲᠣᠭᠣᠷᠢᠨ ᠦᠵᠡᠬᠦ ᠲᠤᠭᠤᠷᠢᠨ ᠪᠠᠢᠴᠠᠭᠠᠬᠤ᠂ ᠬᠢᠨᠠᠨ ᠪᠤᠳᠤᠯᠳᠠ ᠵᠢᠨ ᠬᠢᠨᠠᠯᠲᠠ ᠲᠠᠯᠪᠢᠬᠤ ᠵᠡᠷᠭᠡ ᠡᠴᠡ ᠬᠠᠷᠢᠭᠤ ᠲᠤᠰᠬᠠᠭᠰᠠᠨ ᠠᠰᠠᠭᠤᠳᠠᠯ ᠵᠢᠡᠷ ᠪᠠᠷᠢᠮᠵᠢᠶ᠎ᠡ ᠪᠤᠯᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠲᠠᠯ᠎ᠠ᠎ᠪᠠᠷ ᠣᠷᠣᠰᠢᠵᠤ ᠪᠠᠢᠭ᠎ᠠ ᠠᠰᠠᠭᠤᠳᠠᠯ᠎ᠢ ᠭᠦᠨᠵᠡᠭᠡᠢ ᠡᠷᠢᠵᠦ᠂ ᠨᠠᠮᠴᠢ ᠴᠢᠨᠠᠷ᠎ᠤᠨ ᠲᠠᠯ᠎ᠠ᠎ᠪᠠᠷ ᠵᠥᠷᠢᠶ᠎ᠡ᠎ᠪᠡᠨ ᠡᠷᠢᠵᠦ᠂ ᠦᠨᠳᠦᠰᠦ ᠰᠤᠷᠪᠤᠯᠵᠢ᠎ᠶᠢ ᠨᠢ ᠪᠠᠢᠴᠠᠭᠠᠵᠤ᠂ ᠪᠣᠯᠪᠠᠰᠤᠷᠠᠯ᠎ᠢᠶᠠᠨ ᠴᠢᠩᠭᠠᠳᠬᠠᠪᠠ᠃ ᠲᠢᠶᠠᠨᠵᠢᠨ ᠬᠤᠳᠠ᠎ᠶᠢᠨ ᠡᡁᠸ ᠳ᠋ᠦᠩ ᠲᠣᠭᠣᠷᠢᠭ᠋ ᠴᠢᠨᠠᠷ ᠰᠠᠢᠲᠠᠢ ᠬᠥᠭᠵᠢᠯᠲᠡ᠎ᠶᠢᠨ ᠰᠠᠭᠠᠳ ᠲᠦᠭᠵᠢᠷᠡᠯ᠂ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠴᠢᠩᠭ᠎ᠠ ᠠᠩᠬᠠᠷᠴᠤ᠂ ᠰᠤᠷᠲᠠᠯ᠎ᠤᠨ ᠪᠠᠢᠭᠤᠯᠤᠯᠲᠠ᠎ᠶᠢ ᠭᠦᠨᠵᠡᠭᠡᠢᠷᠡᠭᠦᠯᠬᠦ ᠣᠨ᠎ᠤ ᠲᠤᠰᠬᠠᠢ ᠠᠵᠢᠯᠯᠠᠭ᠎ᠠ᠎ᠶᠢ ᠪᠠᠢᠷᠢᠯᠠᠭᠤᠯᠤᠨ ᠠᠬᠢᠭᠤᠯᠵᠤ᠂ ᠦᠵᠡᠯ ᠰᠠᠨᠠᠭᠠᠨ᠎ᠤ ᠪᠠᠢᠳᠠᠯ᠎ᠢ ᠲᠠᠬᠢᠨ ᠳᠡᠭᠡᠭᠰᠢᠯᠡᠭᠦᠯᠬᠦ᠂ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠠᠬᠢᠨ ᠲᠦᠷᠭᠡᠳᠬᠡᠬᠦ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠤᠨ᠎ᠶᠠᠰᠤ ᠴᠢᠨᠠᠷ᠎ᠢ ᠲᠠᠬᠢᠨ ᠳᠡᠭᠡᠭᠰᠢᠯᠡᠭᠦᠯᠬᠦ᠂ ᠪᠤᠢᠳᠠ ᠪᠦᠭᠯᠡᠬᠦᠦ ᠵᠡᠭᠡᠯᠢ ᠭᠤᠳᠤᠮᠵᠢ ᠵᠢᠨ ᠨᠦᠬᠦᠴᠡᠯ᠎ᠢ ᠲᠠᠬᠢᠨ ᠰᠢᠯᠢᠳᠡᠭᠵᠢᠭᠦᠯᠬᠦ ᠵᠡᠷᠭᠡ ᠲᠤᠯᠤᠭᠠᠨ ᠵᠦᠢᠯ᠎ᠦᠨ ᠪᠣᠭᠣᠮᠲᠠ ᠰᠢᠪᠲᠤᠯᠬᠤ ᠠᠵᠢᠯᠯᠠᠭ᠎ᠠ᠎ᠶᠢ ᠬᠡᠷᠡᠭᠵᠢᠭᠦᠯᠪᠡ᠃

ᠡᡁᠸᠪᠸᠢ ᠮᠤᠵᠢ ᠭᠣᠣᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠬᠦ᠎ᠶᠢ ᠪᠠᠷᠢᠮᠲᠠᠯᠠᠵᠤ᠂ ᠪᠠᠷᠢᠮᠵᠢᠶ᠎ᠠ᠎ᠶᠢ ᠴᠢᠩᠭ᠎ᠠ ᠠᠳᠬᠤᠬᠤ ᠵᠢ ᠳᠤᠪᠤᠢᠯᠭᠠᠪᠠ᠃ ᠾᠧᠪᠧᠢ ᠮᠤᠵᠢ᠎ᠶᠢᠨ ᠾᠧᠩ ᠱᠦᠢ ᠬᠣᠲᠠ᠎ᠶᠢᠨ ᠠᠮᠢ ᠠᠬᠤᠢ ᠣᠷᠴᠢᠨ ᠲᠤᠭᠤᠷᠢᠨ᠎ᠤ ᠲᠣᠪᠴᠢᠶ᠎ᠠ ᠤᠤᠯ ᠵᠣᠬᠢᠶᠠᠯ᠎ᠢ ᠲᠡᠷᠡ ᠬᠡᠪ᠎ᠢᠶᠡᠷ ᠨᠢ ᠰᠤᠳᠤᠯᠤᠨ ᠤᠩᠰᠢᠬᠤ᠂ ᠲᠥᠪᠯᠡᠷᠡᠭᠦᠯᠦᠨ ᠰᠣᠯᠢᠯᠴᠠᠵᠤ ᠰᠤᠳᠤᠯᠤᠨ ᠶᠠᠷᠢᠯᠴᠠᠬᠤ᠂ ᠲᠤᠰᠬᠠᠢ ᠰᠡᠳᠦᠪᠲᠦ ᠬᠥᠮᠦᠵᠢᠯ ᠪᠣᠯᠪᠠᠰᠤᠷᠠᠯ ᠬᠢᠬᠦ ᠵᠡᠷᠭᠡ ᠬᠡᠯᠪᠡᠷᠢ᠎ᠪᠡᠷ ᠳᠠᠮᠵᠢᠨ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠣᠬᠢᠷᠲᠤᠯ᠎ᠢ ᠰᠡᠷᠭᠡᠢᠯᠡᠨ ᠵᠠᠰᠠᠬᠤ ᠪᠤᠭᠤᠮᠳᠠ ᠰᠢᠪᠲᠤᠯᠬᠤ᠂ ᠠᠮᠢ ᠠᠬᠤᠢ ᠣᠷᠴᠢᠨ ᠲᠤᠭᠤᠷᠢᠨ᠎ᠢ ᠵᠠᠰᠠᠬᠤ ᠳᠤᠮᠳᠠ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ᠎ᠶᠢ ᠴᠢᠩᠭᠠᠳᠬᠠᠵᠤ᠂ ᠣᠯᠠᠨ ᠲᠦᠮᠡᠨ᠎ᠦ ᠠᠩᠬᠠᠷᠴᠤ ᠪᠠᠢᠭ᠎ᠠ ᠠᠭᠠᠷ ᠮᠠᠨᠳᠠᠯ᠂ ᠤᠰᠤ᠂ ᠬᠥᠷᠥᠰᠥ ᠰᠢᠷᠣᠢ᠎ᠶᠢᠨ ᠪᠣᠬᠢᠷᠲᠤᠯ᠎ᠢ ᠵᠠᠰᠠᠬᠤ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠠᠮᠢ ᠠᠬᠤᠢ᠎ᠪᠠᠷ ᠠᠷᠠᠳ᠎ᠲᠤ ᠠᠰᠢᠭ᠋ ᠬᠦᠷᠲᠡᠭᠡᠬᠦ ᠪᠣᠳᠠᠲᠤ ᠶᠠᠪᠤᠳᠠᠯ᠎ᠢ ᠰᠠᠢᠲᠤᠷ ᠬᠢᠪᠡ᠃

ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ᠎ᠪᠠᠷ ᠭᠠᠷᠳᠡᠴᠡ ᠪᠣᠯᠭᠠᠵᠦ᠂ ᠡᠪᠡᠳᠴᠢᠨ᠎ᠦ ᠦᠨᠳᠦᠰᠦ᠎ᠶᠢ ᠭᠦᠨ ᠮᠠᠯᠲᠠᠬᠤ ᠳᠤᠮᠳᠠ ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ᠎ᠶᠢᠨ ᠵᠥᠷᠢᠶ᠎ᠡ᠎ᠶᠢ ᠬᠠᠷᠭᠤᠭᠤᠯᠵᠤ᠂ ᠴᠡᠭᠴᠡᠯᠡᠨ ᠰᠠᠢᠵᠢᠷᠠᠭᠤᠯᠬᠤ ᠪᠣᠳᠠᠲᠤ ᠦᠷ᠎ᠡ ᠪᠦᠲᠦᠮᠵᠢ᠎ᠶᠢ ᠡᠷᠬᠢᠮᠯᠡᠬᠦ ᠬᠡᠷᠡᠭᠲᠡᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ  ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠬᠠᠢ ᠠᠩᠭᠢ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠷᠢᠶ᠎ᠡ᠎ᠶᠢᠨ ᠭᠣᠣᠯ ᠠᠰᠠᠭᠤᠳᠠᠯ᠎ᠤᠨ ᠨᠠᠷᠢᠨ ᠲᠠᠩᠰᠠ ᠪᠡᠷ ᠪᠠᠷᠢᠮᠵᠢᠶ᠎ᠡ ᠪᠤᠯᠭᠠᠵᠤ᠂ ᠪᠣᠳᠠᠲᠠᠢ᠎ᠲᠠᠢ᠎ᠪᠠᠨ ᠤᠶᠠᠯᠳᠤᠭᠤᠯᠤᠨ ᠪᠣᠳᠠᠲᠦ ᠪᠠᠢᠳᠠᠯ᠎ᠢ ᠨᠠᠷᠢᠯᠢᠭ᠍ᠵᠢᠭᠤᠯᠵᠤ᠂ ᠪᠥᠬᠥ ᠣᠷᠣᠨ᠎ᠢ ᠵᠢᠯᠣᠭᠣᠳᠤᠨ ᠠᠰᠠᠭᠤᠳᠠᠯ᠎ᠢ ᠪᠠᠢᠴᠠᠭᠠᠨ ᠳᠡᠯᠭᠡᠬᠦ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠪᠡ᠃

ᠯᠠᠪᠳᠠᠭᠤᠨ ᠪᠠᠲᠤᠲᠠᠢ ᠠᠵᠢᠯᠯᠠᠵᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠪᠠ

ᠣᠳᠣᠬᠠᠨ᠎ᠳᠤ᠂ ᠶᠠᠭ ᠰᠠᠶᠢᠬᠠᠨ ᠬᠠᠪᠤᠷ᠎ᠤᠨ ᠤᠯᠠᠷᠢᠯ᠎ᠤᠨ ᠲᠦᠢᠮᠡᠷ᠎ᠢ ᠰᠡᠷᠭᠡᠢᠯᠡᠬᠦ ᠵᠠᠩᠭᠢᠯᠠᠭ᠎ᠠ᠎ᠶᠢᠨ ᠬᠤᠭᠤᠴᠠᠭ᠎ᠠ ᠪᠠᠢᠵᠤ᠂ ᠰᠠᠢ᠍ᠢᠬᠠᠨᠳᠠᠪᠠᠭ᠎ᠠ ᠮᠧᠬᠠᠨᠢᠭᠵᠢᠯᠲᠠ᠎ᠵᠢᠨ ᠤᠢ ᠰᠢᠭᠤᠢ᠎ᠶᠢᠨ ᠲᠠᠯᠠᠪᠠᠢ ᠬᠠᠪᠤᠷ᠎ᠤᠨ ᠤᠯᠠᠷᠢᠯ᠎ᠳᠦ ᠤᠢ ᠰᠢᠭᠤᠢ᠎ᠶᠢ ᠬᠠᠮᠠᠭᠠᠯᠠᠵᠤ ᠲᠦᠢᠮᠡᠷ᠎ᠢ ᠰᠡᠷᠭᠡᠢᠯᠡᠬᠦ ᠪᠠ ᠠᠶᠤᠯᠭᠦᠢ ᠦᠢᠯᠡᠳᠪᠦᠷᠢᠯᠡᠯ᠎ᠦᠨ ᠲᠣᠭᠣᠷᠢᠨ᠎ᠳᠤ᠂ ᠭᠠᠯ᠎ᠤᠨ ᠡᠬᠢ᠎ᠶᠢ ᠬᠠᠮᠢᠶᠠᠷᠤᠨ ᠡᠵᠡᠮᠳᠡᠬᠦ᠂ ᠭᠡᠮ ᠰᠣᠭᠣᠭ᠎ᠢ ᠪᠠᠢᠴᠠᠭᠠᠬᠤ᠂ ᠪᠠᠴᠢᠮ ᠪᠠᠢᠳᠠᠯ᠎ᠢ ᠠᠷᠭᠠᠴᠠᠭᠠᠬᠤ ᠵᠢᠵᠢᠭᠦᠷᠯᠡᠨ ᠰᠠᠬᠢᠬᠤ ᠵᠡᠷᠭᠡ ᠭᠣᠣᠯᠳᠠᠯᠭ᠎ᠠ᠎ᠲᠠᠢ ᠠᠵᠢᠯ᠎ᠢ ᠪᠦᠬᠦ ᠲᠠᠯ᠎ᠠ᠎ᠪᠠᠷ ᠲᠣᠬᠢᠷᠠᠭᠤᠯᠪᠠ᠃ ᠾᠸᠪᠸᠢ ᠮᠤᠵᠢ᠎ᠶᠢᠨ ᠴᠧᠩᠳ᠋ᠸ ᠬᠤᠳᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠡ ᠵᠢᠨ ᠳᠡᠳ᠋ ᠡᠷᠬᠢᠯᠡᠭᠴᠢ᠂ ᠰᠠᠢ᠍ᠢᠬᠠᠨᠳᠠᠪᠠᠭ᠎ᠠ ᠮᠧᠬᠠᠨᠢᠭᠵᠢᠯᠲᠠ᠎ᠵᠢᠨ ᠤᠢ ᠰᠢᠭᠤᠢ᠎ᠶᠢᠨ ᠲᠠᠯᠠᠪᠠᠢ᠎ᠶᠢᠨ ᠨᠠᠮ᠎ᠤᠨ ᠬᠣᠷᠢᠶ᠎ᠡ ᠵᠢᠨ ᠱᠦᠵᠢ ᠠᠨ ᠴᠠᠩ ᠮᠢᠩ᠂ ᠨᠢᠳᠦᠨ ᠡᠮᠦᠨᠡᠬᠢ ᠬᠣᠭᠣᠰᠤᠨ ᠨᠡᠷ᠎ᠡ᠎ᠶᠢᠨ ᠲᠥᠯᠥᠭᠡ ᠪᠢᠰᠢ᠂ ᠣᠬᠣᠷ ᠬᠤᠭᠤᠴᠠᠭᠠᠨ᠎ᠤ ᠠᠮᠵᠢᠯᠲᠠ ᠪᠦᠲᠦᠮᠵᠢ᠎ᠶᠢ ᠬᠥᠭᠡᠭᠡᠴᠡᠯᠳᠦᠬᠦ ᠦᠭᠡᠢ᠎ᠪᠡᠷ ᠡᠨᠡ ᠬᠦ᠌ ᠨᠤᠮᠢᠨ ᠤᠰᠤ ᠬᠥᠬᠡᠮᠳᠦᠭ ᠠᠭᠤᠯᠠ᠎ᠪᠠᠨ ᠰᠠᠢᠲᠤᠷ ᠰᠠᠬᠢᠵᠤ᠂ ᠡᠬᠡ ᠤᠯᠤᠰ᠎ᠤᠨ᠎ᠢᠶᠠᠨ ᠨᠣᠭᠣᠭᠠᠷᠠᠭᠤᠯᠤᠯᠲᠠ᠎ᠶᠢ ᠨᠡᠮᠡᠭᠳᠡᠭᠦᠯᠵᠦ᠂ ᠠᠮᠢ ᠠᠬᠤᠢ ᠵᠢ ᠬᠠᠮᠠᠭᠠᠯᠠᠨ᠎ᠠ ᠬᠡᠪᠡ᠃

ᠪᠡᠭᠡᠵᠢᠩ ᠬᠤᠳᠠ᠎ᠶᠢᠨ ᠰᠢ ᠴᠸᠩ ᠲᠣᠭᠣᠷᠢᠭ᠋᠎ᠤᠨ ᠪᠠᠢ ᡁᠢ ᠹᠠᠩ ᠵᠡᠭᠡᠯᠢ ᠭᠤᠳᠤᠮᠵᠢ᠎ᠶᠢᠨ ᠨᠠᠮ᠎ᠤᠨ ᠠᠵᠢᠯ᠎ᠤᠨ ᠬᠣᠷᠢᠶ᠎ᠠ ᠨᠢ ᠰᠤᠷᠤᠯᠴᠠᠯᠭ᠎ᠠ ᠬᠥᠮᠦᠵᠢᠯ᠎ᠢ ᠣᠨ᠎ᠤ ᠭᠣᠣᠯᠳᠠᠯᠭ᠎ᠠ᠎ᠲᠠᠢ ᠡᠭᠦᠷᠭᠡ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠯᠤᠭ᠎ᠠ ᠭᠦᠨᠵᠡᠭᠡᠢ ᠠᠭᠤᠰᠤᠯᠴᠠᠭᠤᠯᠵᠤ᠂ 120 ᠵᠦᠢᠯ᠎ᠦᠨ ᠭᠣᠣᠯᠳᠠᠯᠭ᠎ᠠ᠎ᠲᠠᠢ ᠠᠵᠢᠯ᠎ᠤᠨ ᠡᠭᠦᠷᠭᠡ᠎ᠶᠢᠨ ᠲᠥᠯᠥᠪᠯᠡᠭᠡ᠎ᠶᠢᠨ ᠨᠠᠷᠢᠨ ᠲᠠᠩᠰᠠ᠂ 60 ᠵᠦᠢᠯ᠎ᠦᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢᠨ ᠲᠦᠷᠦᠯ ᠵᠦᠢᠯ᠎ᠦᠨ ᠨᠠᠷᠢᠨ ᠲᠠᠩᠰᠠ᠂ 19 ᠵᠦᠢᠯ᠎ᠦᠨ 《ᠴᠡᠭᠴᠡᠯᠡᠨ ᠰᠠᠢᠵᠢᠷᠠᠭᠤᠯᠬᠤ᠎ᠶᠢ ᠠᠬᠢᠭᠤᠯᠬᠤ᠂ ᠵᠠᠰᠠᠯᠲᠠ᠎ᠶᠢ ᠠᠬᠢᠭᠤᠯᠬᠤ᠂ ᠬᠥᠭᠵᠢᠯᠲᠡ᠎ᠶᠢ ᠠᠬᠢᠭᠤᠯᠬᠤ》 ᠲᠤᠰᠬᠠᠢ ᠨᠠᠷᠢᠨ ᠲᠠᠩᠰᠠ᠎ᠶᠢ ᠰᠢᠰᠲ᠋ᠸᠮ ᠲᠠᠢ ᠲᠣᠭᠲᠠᠭᠠᠪᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠤᠷᠤᠯᠴᠠᠯᠭ᠎ᠠ ᠬᠥᠮᠦᠵᠢᠯ ᠥᠷᠨᠢᠭᠦᠯᠬᠦ᠎ᠶᠢ ᠭᠣᠣᠯ ᠡᠭᠦᠷᠭᠡ᠎ᠲᠠᠢ ᠤᠶᠠᠯᠳᠤᠭᠤᠯᠵᠤ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠬᠥᠳᠡᠯᠭᠡᠬᠦ ᠬᠦᠴᠦᠨ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶᠢ ᠠᠬᠢᠭᠤᠯᠪᠠ᠃ ᠡᠭᠦᠨ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠬᠠᠳᠠ ᠬᠣᠲᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠵᠢᠡᠷ ᠬᠥᠲᠥᠯᠥᠮᠵᠢ ᠪᠣᠯᠭᠠᠵᠤ᠂ ᠬᠡᠦᠬᠡᠳ ᠰᠠᠭᠠᠲᠠᠭᠤᠯᠬᠤ᠂ ᠰᠤᠷᠭᠠᠨ ᠬᠥᠮᠦᠵᠢᠯ᠂ ᠨᠠᠰᠤᠵᠢᠯ᠎ᠤᠨ ᠠᠰᠠᠷᠠᠮᠵᠢ᠂ ᠡᠮᠴᠢᠯᠡᠭᠡ ᠵᠡᠷᠭᠡ ᠦᠢᠯᠡᠴᠢᠯᠡᠭᠡᠨ᠎ᠦ ᠬᠠᠩᠭᠠᠯᠭ᠎ᠠ᠎ᠶᠢ ᠲᠠᠰᠤᠷᠠᠯᠲᠠ ᠦᠭᠡᠢ ᠴᠢᠩᠭᠠᠷᠠᠭᠤᠯᠪᠠ; ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠣᠲᠠ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ ᠬᠠᠷᠠᠯᠲᠠ ᠵᠢ ᠪᠠᠲᠦ ᠡᠵᠡᠮᠳᠡᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠪᠡᠷ ᠣᠲᠣ᠌ ᠦᠶ᠎ᠡ᠎ᠶᠢᠨ ᠥᠨᠳᠥᠷ ᠪᠦᠲᠦᠮᠵᠢᠲᠡᠶ ᠲᠠᠷᠢᠶᠠᠯᠠᠩ᠎ᠢ ᠬᠥᠭᠵᠢᠭᠦᠯᠬᠦ᠎ᠶᠢ ᠬᠥᠲᠥᠯᠥᠨ ᠳᠠᠭᠠᠭᠤᠯᠵᠤ᠂ ᠠᠮᠤ ᠪᠤᠳᠠᠭᠠᠨ᠎ᠤ ᠠᠮᠤᠷ ᠲᠦᠪᠰᠢᠨ᠎ᠢ ᠨᠠᠩ ᠰᠠᠢᠲᠤᠷ ᠪᠠᠲᠤᠯᠠᠵᠤ ᠪᠤᠢ᠃

《ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ᠎ᠶᠢ ᠠᠵᠢᠯ᠎ᠢᠶᠡᠨ ᠲᠥᠯᠥᠪᠵᠢᠭᠦᠯᠬᠦ᠂ ᠨᠠᠢᠳᠠᠪᠤᠷᠢᠵᠢᠭᠤᠯᠤᠯᠲᠠ᠎ᠶᠢ ᠠᠬᠢᠭᠤᠯᠬᠤ᠂ ᠦᠷ᠎ᠡ ᠪᠦᠲᠦᠮᠵᠢ᠎ᠶᠢ ᠬᠢᠨᠠᠨ ᠰᠢᠯᠭᠠᠬᠤ ᠪᠦᠬᠦ ᠶᠠᠪᠤᠴᠠ᠎ᠳᠤ ᠠᠭᠤᠰᠬᠠᠨ ᠣᠷᠣᠭᠤᠯᠤᠨ᠎ᠠ》᠃ ᠲᠢᠶᠠᠨᠵᠢᠨ ᠬᠤᠳᠠ᠎ᠶᠢᠨ ᠡᡁᠸ ᠳ᠋ᠦᠩ ᠲᠣᠭᠣᠷᠢᠭ᠋᠎ᠤᠨ ᠪᠡᠯᠡ ᠣᠷᠣᠭᠤᠯᠤᠯᠲᠠ᠎ᠶᠢ ᠠᠬᠢᠭᠤᠯᠬᠤ ᠲᠣᠪᠴᠢᠶ᠎ᠠ᠎ᠶᠢᠨ ᠳᠡᠳ᠋ ᠳᠠᠷᠤᠭ᠎ᠠ ᠱᠢ ᠽᠸᠩ᠄《ᠪᠤᠳᠤᠯ ᠰᠡᠳᠬᠢᠯ ᠵᠢᠡᠨ ᠬᠥᠭᠵᠢᠯᠲᠡ᠎ᠶᠢ ᠡᠷᠢᠯᠬᠢᠯᠡᠬᠦ ᠳᠡᠭᠡᠷ᠎ᠡ ᠲᠠᠯᠪᠢᠵᠤ᠂ ᠤᠶᠤᠨ ᠴᠢᠳᠠᠯ᠎ᠢᠶᠠᠨ ᠨᠠᠢᠳᠠᠪᠤᠷᠢᠵᠢᠭᠤᠯᠤᠯᠲᠠ᠎ᠶᠢ ᠠᠳᠬᠤᠬᠤ ᠳᠡᠭᠡᠷ᠎ᠡ ᠬᠡᠷᠡᠭᠯᠡᠵᠤ᠂ ᠦᠨᠡᠨ ᠪᠣᠳᠠᠲᠠᠢ ᠬᠥᠭᠵᠢᠯᠲᠡ᠎ᠶᠢᠨ ᠦᠷ᠎ᠡ ᠪᠦᠲᠦᠮᠵᠢ᠎ᠪᠡᠷ ᠵᠠᠰᠠᠭ᠎ᠤᠨ ᠠᠵᠢᠯ᠎ᠤᠨ ᠪᠦᠲᠦᠮᠵᠢ᠎ᠶᠢ ᠬᠢᠨᠠᠨ ᠰᠢᠯᠭᠠᠨ᠎ᠠ》 ᠭᠡᠪᠡ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 20 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号