ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠪᠦᠬᠦ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠬᠠᠷᠢᠭᠤᠴᠠᠯᠭ᠎ᠠ᠎ᠪᠠᠨ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠤᠳᠤᠯ᠎ᠢᠶᠠᠷ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠬᠤᠷᠠᠯ ᠬᠤᠷᠠᠯᠳᠤᠭᠤᠯᠵᠤ᠂ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠰᠤᠷᠤᠯᠴᠠᠯᠭ᠎ᠠ ᠬᠥᠮᠦᠵᠢᠯ ᠥᠷᠨᠢᠭᠦᠯᠬᠦ᠌ ᠭᠤᠤᠯᠳᠠᠯᠭ᠎ᠠ ᠪᠠ ᠬᠦᠴᠦᠯᠡᠬᠦ᠌ ᠴᠡᠭ᠎ᠢ ᠣᠨᠣᠪᠴᠢᠲᠠᠶ ᠡᠷᠢᠵᠦ᠍᠂ ᠦᠨᠡᠨ ᠬᠦ᠌ ᠰᠤᠷᠤᠯᠴᠠᠨ ᠨᠠᠷᠢᠨ ᠣᠢᠯᠠᠭᠠᠵᠤ᠂ ᠦᠨᠡᠨ ᠬᠦ᠌ ᠪᠠᠢᠴᠠᠭᠠᠨ ᠨᠠᠷᠢᠨ ᠬᠠᠷᠭᠤᠭᠤᠯᠵᠤ᠂ ᠦᠨᠡᠨ ᠬᠦ᠌ ᠰᠠᠢᠵᠢᠷᠠᠭᠤᠯᠤᠨ ᠪᠣᠳᠠᠲᠠᠶ ᠰᠠᠢᠵᠢᠷᠠᠭᠤᠯᠵᠤ᠂ ᠦᠨᠡᠨ ᠬᠦ᠌ ᠪᠠᠢᠭᠤᠯᠤᠨ ᠦᠨᠡᠨ ᠬᠦ᠌ ᠬᠡᠷᠡᠭ᠌ᠯᠡᠬᠦ᠌ ᠬᠡᠷᠡᠭ᠌ᠲᠡᠶ᠃ ᠰᠤᠷᠤᠯᠴᠠᠬᠤ ᠲᠥᠯᠥᠪᠯᠡᠭᠡ᠎ᠶ᠋ᠢ ᠱᠠᠲᠤ ᠲᠥᠷᠥᠯ ᠬᠤᠪᠢᠶᠠᠨ ᠲᠣᠭ᠍ᠲᠠᠭᠠᠵᠤ᠂ ᠰᠤᠷᠤᠯᠴᠠᠯᠭ᠎ᠠ ᠵᠢ ᠶᠡᠬᠡ ᠪᠡᠷ ᠡᠷᠬᠢᠮᠯᠡᠬᠦ ᠠᠭᠤᠷ ᠠᠮᠢᠰᠭᠤᠯ᠎ᠢ ᠪᠣᠶ ᠪᠣᠯᠭᠠᠬᠤ ᠬᠡᠷᠡᠭ᠌ᠲᠡᠶ᠃ ᠬᠠᠷᠭᠤᠭᠤᠯᠬᠤ ᠠᠭᠤᠯᠭ᠎ᠠ᠎ᠶ᠋ᠢ ᠲᠣᠳᠣᠷᠬᠠᠢ ᠪᠣᠯᠭᠠᠵᠤ᠂ ᠨᠠᠮ᠎ᠤᠨ ᠭᠡᠱᠢᠭᠦᠨ ᠺᠠᠳ᠋ᠷ ᠴᠢᠳᠠᠪᠤᠷᠢᠲᠠᠨ ᠤᠯᠠᠨ ᠲᠦᠮᠡᠨ᠎ᠦ ᠰᠠᠨᠠᠯ᠎ᠢ ᠰᠣᠨᠣᠰᠭᠤ᠂ ᠪᠠᠢᠴᠠᠭᠠᠨ ᠰᠤᠳᠤᠯᠤᠯᠲᠠ᠎ᠶ᠋ᠢ ᠭᠦᠨᠵᠡᠭᠡᠢ ᠥᠷᠨᠢᠭᠦᠯᠬᠦ᠌᠂ ᠬᠡᠷᠡᠭ᠎ᠢᠶᠡᠷ ᠲᠤᠯᠢᠯᠠᠯ ᠪᠣᠯᠭᠠᠵᠤ ᠦᠨᠳᠦᠰᠦ ᠰᠤᠷᠪᠤᠯᠵᠢ ᠵᠢ ᠤᠬᠤᠴᠢᠯᠠᠬᠤ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠵᠥᠷᠢᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠰᠠᠭᠤᠳᠠᠯ ᠡᠷᠢᠬᠦ᠌᠂ ᠨᠠᠮᠴᠢ ᠴᠢᠨᠠᠷ᠎ᠤᠨ ᠲᠠᠯ᠎ᠠ᠎ᠡᠴᠡ ᠦᠨᠳᠦᠰᠦ ᠰᠤᠷᠪᠤᠯᠵᠢ᠎ᠶ᠋ᠢ ᠪᠠᠢᠴᠠᠭᠠᠬᠤ᠎ᠶ᠋ᠢ ᠠᠬᠢᠭᠤᠯᠬᠤ ᠭᠡᠷᠡᠭᠲᠡᠢ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ ᠪᠠ ᠵᠣᠬᠢᠶᠠᠨ ᠪᠠᠢᠭᠤᠯᠬᠤ ᠠᠵᠢᠯ᠎ᠤᠨ ᠡᠭᠦᠷᠭᠡ ᠬᠠᠷᠢᠭᠤᠴᠠᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢᠨ ᠭᠠᠷᠳᠠᠴᠠ ᠵᠢ ᠣᠨᠣᠪᠴᠢᠲᠠᠶ ᠣᠯᠵᠤ᠂ ᠪᠣᠳᠠᠲᠠᠶ ᠠᠷᠭ᠎ᠠ ᠬᠡᠮᠵᠢᠶ᠎ᠡ ᠠᠪᠴᠤ᠌᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠪᠠ ᠪᠡᠶᠡᠯᠡᠭᠦᠯᠬᠦ᠌ ᠴᠠᠭ᠎ᠤᠨ ᠬᠢᠵᠠᠭᠠᠷ᠎ᠢ ᠲᠣᠳᠣᠷᠬᠠᠢᠯᠠᠨ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠮᠥᠷᠳᠡᠨ ᠦᠷ᠎ᠡ ᠪᠦᠲᠦᠮᠵᠢ᠎ᠶ᠋ᠢ ᠠᠰᠠᠭᠤᠵᠤ᠂ ᠬᠠᠲᠠᠭᠤ᠎ᠲᠠᠶ᠎ᠨᠢ ᠬᠠᠯᠳᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠢᠯᠡᠷᠡᠭᠦᠯᠦᠭ᠌ᠰᠡᠨ ᠲᠦᠷᠢᠮ ᠲᠣᠭ᠍ᠲᠠᠭᠠᠯ ᠰᠠᠬᠢᠯᠭ᠎ᠠ ᠪᠠᠲᠤ᠎ᠡᠴᠡ ᠵᠥᠷᠢᠴᠡᠭ᠌ᠰᠡᠨ᠂ ᠬᠠᠷᠢᠭᠤᠴᠠᠯᠭ᠎ᠠ ᠡᠭᠦᠷᠭᠡᠯᠡᠬᠦ᠌ ᠥᠬᠡᠶ ᠠᠵᠢᠯ ᠬᠢᠬᠦ᠌ ᠥᠬᠡᠶ᠂ ᠬᠠᠰᠢ ᠶᠠᠰᠢ᠎ᠪᠠᠷ ᠴᠡᠭ᠌ᠴᠡᠯᠡᠨ ᠰᠠᠢᠵᠢᠷᠠᠭᠤᠯᠬᠤ᠂ ᠬᠤᠳᠠᠯ ᠬᠠᠭᠤᠷᠮᠠᠭ᠎ᠢᠶᠠᠷ ᠴᠡᠭ᠌ᠴᠡᠯᠡᠨ ᠰᠠᠢᠵᠢᠷᠠᠭᠤᠯᠬᠤ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ ᠱᠢᠶ᠋ᠳᠪᠦᠷᠢᠯᠡᠬᠦ ᠭᠡᠷᠡᠭᠲᠡᠢ᠃ ᠳᠦᠷᠢᠮ᠎ᠢ ᠬᠦᠴᠦᠨ ᠦᠭᠡᠶ ᠪᠣᠯᠭᠠᠬᠤ᠂ ᠵᠠᠰᠠᠪᠤᠷᠢ ᠣᠷᠣᠭᠤᠯᠬᠤ᠂ ᠲᠠᠢᠯᠪᠤᠷᠢᠯᠠᠬᠤ ᠠᠵᠢᠯ᠎ᠢ ᠨᠢᠭᠡᠳᠦᠯᠲᠡᠶ ᠲᠥᠯᠥᠪᠯᠡᠨ ᠰᠠᠢᠲᠤᠷ ᠬᠢᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢ ᠬᠢᠨᠠᠨ ᠱᠢᠯᠭᠠᠵᠤ ᠦᠨᠡᠯᠡᠬᠦ᠌ ᠱᠢᠰᠲ᠋ᠧᠮ ᠢ᠋ ᠲᠦᠷᠭᠡᠳᠭᠡᠨ ᠲᠡᠭᠦᠯᠳᠡᠷᠵᠢᠭᠦᠯᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠪᠡᠷ ᠪᠦᠬᠦ᠌ ᠣᠷᠣᠨ᠎ᠤ ᠵᠣᠬᠢᠶᠠᠨ ᠪᠠᠢᠭᠤᠯᠬᠤ ᠠᠵᠢᠯ᠎ᠤᠨ ᠱᠢᠨ᠎ᠡ ᠪᠠᠢᠳᠠᠯ᠎ᠢ ᠨᠡᠭᠡᠭᠡᠵᠦ᠍᠂ ᠱᠢᠨ᠎ᠡ ᠳᠡᠭ᠌ᠲᠡᠷ᠎ᠲᠦ ᠭᠠᠷᠬᠤ᠎ᠶ᠋ᠢ ᠬᠥᠲᠥᠯᠥᠨ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ ᠪᠥᠬᠥ᠌ ᠲᠢᠩᠬᠢᠮ᠎ᠦᠨ ᠨᠠᠮ᠎ᠤᠨ ᠭᠡᠱᠢᠭᠦᠨ ᠺᠠᠳ᠋ᠷ᠎ᠤᠨ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠶ᠋ᠢ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠲᠣᠬᠢᠷᠠᠭᠤᠯᠤᠯᠲᠠ᠎ᠲᠠᠶ ᠦᠨᠡᠨ ᠬᠦ᠌ ᠨᠢᠭᠡᠳᠭᠡᠵᠦ᠍᠂ ᠰᠤᠷᠤᠯᠴᠠᠯᠭ᠎ᠠ ᠬᠥᠮᠦᠵᠢᠯ᠎ᠦᠨ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ᠃ ᠭᠦᠨᠵᠡᠭᠡᠢ ᠰᠤᠷᠤᠯᠴᠠᠨ ᠨᠠᠷᠢᠯᠢᠭ ᠣᠢᠯᠠᠭᠠᠵᠤ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠵᠦ᠍᠂ ᠰᠤᠷᠤᠯᠴᠠᠯᠭ᠎ᠠ᠎ᠶ᠋ᠢᠨ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠨᠤᠯ᠎ᠤᠨ ᠰᠠᠭᠤᠷᠢ᠎ᠶ᠋ᠢ ᠪᠡᠬᠢᠵᠢᠭᠦᠯᠪᠡ; ᠠᠰᠠᠭᠤᠳᠠᠯ ᠳᠤᠲᠠᠭᠤᠳᠠᠯ᠎ᠢ ᠦᠨᠡᠨ ᠬᠦ᠌ ᠪᠠᠢᠴᠠᠭᠠᠨ ᠪᠤᠳᠠᠳᠠᠢ ᠵᠠᠯᠠᠷᠠᠭᠤᠯᠵᠤ ᠣᠨᠣᠪᠴᠢᠲᠠᠶ ᠡᠷᠢᠵᠦ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠬᠦᠷᠢᠶᠡᠨ᠎ᠳᠡᠬᠢ ᠠᠵᠢᠯ ᠣᠯᠭᠣᠯᠲᠠ᠂ ᠨᠡᠢᠭᠡᠮ᠎ᠦᠨ ᠪᠠᠲᠤᠯᠠᠭ᠎ᠠ᠂ ᠴᠢᠳᠠᠪᠤᠷᠢᠲᠠᠨ ᠠᠵᠢᠯᠲᠠᠨ᠎ᠤ ᠶᠠᠪᠤᠳᠠᠯ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠲᠣᠭᠣᠷᠢᠨ᠎ᠳᠤ᠂ ᠲᠣᠪᠣᠢᠮ᠎ᠠ ᠠᠰᠠᠭᠤᠳᠠᠯ᠎ᠢ ᠭᠦᠨᠵᠡᠭᠡᠶ ᠠᠭᠤᠳᠠᠯᠵᠤ᠂ ᠠᠰᠠᠭᠤᠳᠠᠯ᠎ᠢ ᠪᠠᠢᠴᠠᠭᠠᠨ ᠢᠯᠡᠷᠡᠭᠦᠯᠬᠦ᠌᠎ᠳᠦ ᠦᠨᠡᠨ ᠪᠤᠳᠠᠳᠠᠢ ᠶᠠᠷᠢᠵᠦ᠍ ᠦᠵᠡᠯ ᠰᠠᠨᠠᠭ᠎ᠠ ᠪᠠᠨ ᠲᠡᠯᠭᠡᠪᠡ; ᠦᠨᠡᠨ ᠬᠦ᠌ ᠬᠠᠲᠠᠭᠤ᠎ᠲᠠᠶ᠎ᠨᠢ ᠬᠠᠯᠳᠠᠵᠤ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠰᠠᠢᠲᠤᠷ ᠠᠳᠭᠤᠵᠤ᠂ ᠲᠣᠭᠣᠷᠢᠨ ᠪᠠᠢᠴᠠᠭᠠᠵᠤ ᠬᠠᠷᠢᠭᠤ ᠲᠤᠰᠭᠠᠬᠤ᠂ ᠲᠤᠰᠭᠠᠶ ᠱᠠᠯᠠᠪᠳᠠᠭᠤᠯᠤᠨ ᠪᠠᠢᠴᠠᠭᠠᠬᠤ᠂ ᠲᠤᠰᠭᠠᠶ ᠴᠡᠭ᠌ᠴᠡᠯᠡᠨ ᠵᠠᠰᠠᠬᠤ ᠵᠢᠴᠢ ᠳᠣᠲᠣᠭᠠᠳᠤ᠎ᠶ᠋ᠢᠨ ᠬᠢᠨᠠᠨ ᠪᠤᠳᠤᠯᠲᠠ ᠵᠡᠷᠭᠡ᠎ᠪᠡᠷ ᠳᠠᠮᠵᠢᠭᠤᠯᠤᠨ ᠠᠰᠠᠭᠤᠳᠠᠯ᠎ᠢ ᠢᠯᠡᠷᠡᠭᠦᠯᠵᠦ᠍᠂ ᠨᠢᠭᠡ ᠴᠣᠭ᠍ᠴᠠᠵᠢᠭᠤᠯᠤᠨ ᠴᠡᠭ᠌ᠴᠡᠯᠡᠨ ᠰᠠᠢᠵᠢᠷᠠᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤᠳ᠋ᠤ ᠦᠨᠳᠦᠰᠦ᠎ᠡᠴᠡ᠎ᠨᠢ ᠴᠡᠭ᠌ᠴᠡᠯᠡᠨ ᠰᠠᠢᠵᠢᠷᠠᠭᠤᠯᠬᠤ᠎ᠶ᠋ᠢ ᠦᠨᠡᠨ ᠬᠦ᠌ ᠪᠠᠲᠤᠯᠠᠪᠠ; ᠲᠦᠷᠢᠮ ᠲᠣᠭ᠍ᠲᠠᠭᠠᠯ ᠲᠣᠭ᠍ᠲᠠᠭᠠᠵᠤ ᠬᠠᠲᠠᠭᠤ ᠬᠢᠵᠠᠭᠠᠷᠯᠠᠯ᠎ᠢ ᠴᠢᠩᠭᠠᠳᠭᠠᠨ᠂ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠲᠦᠷᠢᠮ᠎ᠢ ᠪᠥᠬᠥ᠌ ᠲᠠᠯ᠎ᠠ᠎ᠪᠠᠷ ᠡᠮᠬᠢᠯᠡᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢ ᠬᠢᠨᠠᠨ ᠱᠢᠯᠭᠠᠵᠤ ᠦᠨᠡᠯᠡᠬᠦ᠌ ᠱᠢᠰᠲ᠋ᠧᠮ᠎ᠢ ᠲᠡᠭᠦᠯᠳᠡᠷᠵᠢᠭᠦᠯᠦᠨ᠂ ᠲᠦᠷᠢᠮ᠎ᠦᠨ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠬᠠᠲᠠᠭᠤ ᠬᠢᠵᠠᠭᠠᠷᠯᠠᠯ᠎ᠢᠶᠠᠷ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠪᠠ; ᠤᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠳᠤ ᠴᠠᠭ ᠲᠤᠬᠠᠢ ᠳ᠋ᠤᠨᠢ ᠬᠠᠷᠢᠭᠤᠯᠲᠠ ᠥᠭ᠌ᠴᠦ᠂ 《12333》 ᠬᠠᠯᠠᠮᠱᠢᠯ ᠤᠲᠠᠰᠤ᠂ ᠵᠠᠬᠢᠳᠠᠯ ᠰᠤᠷᠪᠤᠯᠵᠢᠯᠠᠯ ᠵᠡᠷᠭᠡ ᠠᠷᠭ᠎ᠠ ᠵᠠᠮ᠎ᠢᠶᠠᠷ ᠤᠯᠠᠨ ᠲᠦᠮᠡᠨ᠎ᠦ ᠬᠢᠨᠠᠯᠲᠠ᠎ᠶ᠋ᠢ ᠬᠦᠯᠢᠶᠡᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠵᠠᠬᠢᠳᠠᠯ ᠰᠤᠷᠪᠤᠯᠵᠢᠯᠠᠯ ᠤ᠋ᠨ ᠲᠤᠪᠤᠢ᠌ᠮ᠎ᠠ ᠠᠰᠠᠭᠤᠳᠠᠯ᠎ᠢ ᠲᠥᠪᠯᠡᠷᠡᠭᠦᠯᠦᠨ ᠱᠢᠢᠳᠪᠦᠷᠢᠯᠡᠵᠦ᠍᠂ ᠪᠣᠳᠠᠲᠤ ᠦᠷ᠎ᠡ ᠪᠦᠲᠦᠮᠵᠢ᠎ᠪᠡᠷ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠎ᠢ ᠨᠡᠮᠡᠭ᠌ᠳᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠠᠷᠯᠢᠭ᠎ᠢ ᠰᠣᠨᠣᠰᠤᠮᠠᠭ᠍ᠴᠠ ᠬᠥᠳᠡᠯᠦᠯᠴᠡᠵᠦ᠍᠂ ᠪᠣᠳᠠᠲᠠᠶ᠎ᠶ᠋ᠢ ᠡᠷᠬᠢᠮᠯᠡᠨ ᠠᠵᠢᠯᠯᠠᠵᠤ᠂ ᠲᠢᠩᠬᠢᠮ᠎ᠤᠨ ᠨᠠᠮ᠎ᠤᠨ ᠤᠳᠤᠷᠢᠳᠤᠬᠤ ᠲᠤᠭᠤᠢᠯᠠᠩ(ᠦᠷᠭᠡᠳᠭᠡᠭᠰᠡᠨ) ᠤ᠋ᠨ ᠬᠤᠷᠠᠯ ᠬᠤᠷᠠᠯᠳᠤᠭᠤᠯᠤᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠪᠠᠢᠷᠢᠯᠠᠭᠤᠯᠤᠨ ᠦᠷᠨᠢᠬᠦᠯᠵᠦ᠂ ᠲᠢᠩᠬᠢᠮ᠎ᠦᠨ ᠬᠠᠷᠢᠶ᠎ᠠ ᠡᠯ᠎ᠡ ᠨᠢᠭᠡᠴᠢ᠎ᠶ᠋ᠢᠨ᠎ᠬᠢᠨ ᠱᠠᠭᠠᠷᠳᠠᠯᠭ᠎ᠠ᠎ᠶ᠋ᠢ ᠴᠢᠩᠭ᠎ᠠ ᠳᠠᠭᠠᠵᠤ᠂ ᠰᠤᠷᠤᠯᠴᠠᠬᠤ᠂ ᠪᠠᠢᠴᠠᠭᠠᠬᠤ᠂ ᠰᠠᠢᠵᠢᠷᠠᠭᠤᠯᠬᠤ ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠬᠡᠷᠡᠭ᠌ᠵᠢᠭᠦᠯᠬᠦ᠌ ᠲᠥᠰᠦᠯ ᠳᠠᠷᠤᠮᠠᠯᠯᠠᠨ ᠲᠠᠷᠬᠠᠭᠠᠵᠤ᠂ ᠡᠭᠦᠷᠭᠡ᠎ᠶ᠋ᠢ ᠨᠠᠷᠢᠯᠢᠬ᠍ᠵᠢᠭᠤᠯᠤᠨ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠪᠠ᠃ ᠪᠥᠬᠥ᠌ ᠱᠢᠰᠲ᠋ᠧᠮ᠎ᠦᠨ ᠨᠠᠮ᠎ᠤᠨ ᠭᠡᠱᠢᠭᠦᠨ ᠺᠠᠳ᠋ᠷ ᠨᠡᠢᠳᠡ 726 ᠬᠥᠮᠦᠨ᠎ᠢ ᠵᠣᠬᠢᠶᠠᠨ ᠪᠠᠢᠭᠤᠯᠵᠤ ᠪᠠᠢᠭᠠᠳ ᠲᠤᠰᠭᠠᠶ ᠰᠡᠳᠦᠪᠲᠦ ᠲᠠᠢᠯᠤᠮᠵᠢ᠎ᠶ᠋ᠢ ᠭᠥᠯᠢᠶᠡᠨ ᠠᠪᠴᠤ᠌ ᠦᠵᠡᠵᠦ᠍᠂ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠰᠤᠷᠤᠯᠴᠠᠯᠭ᠎ᠠ ᠬᠥᠮᠦᠵᠢᠯ᠎ᠦᠨ ᠴᠢᠭ᠌ᠯᠡᠯ᠎ᠢᠶᠡᠨ ᠬᠡᠯᠪᠡᠢᠬᠦ᠌ ᠥᠬᠡᠶ᠂ ᠶᠣᠰᠣᠨ ᠲᠡᠳᠦᠶ ᠦᠷᠨᠢᠭᠦᠯᠬᠦ ᠥᠬᠡᠶ ᠪᠠᠢᠬᠤ᠎ᠶ᠋ᠢ ᠦᠨᠡᠨ ᠬᠦ᠌ ᠪᠠᠲᠤᠯᠠᠵᠤ᠂ ᠶᠠᠷᠢᠯᠴᠠᠵᠤ ᠰᠣᠯᠢᠯᠴᠠᠬᠤ᠎ᠪᠠᠷ ᠳᠠᠮᠵᠢᠭᠤᠯᠤᠨ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠦᠵᠡᠯ ᠰᠠᠨᠠᠭᠠᠨ᠎ᠤ ᠮᠥᠷᠭᠥᠯᠳᠦᠭᠡᠨ᠎ᠦ ᠳᠤᠮᠳᠠ ᠪᠣᠳᠠᠲᠠᠶ ᠠᠵᠢᠯᠯᠠᠬᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ᠃ ᠡᠬᠦᠳᠡ ᠪᠡᠨ ᠨᠡᠭᠡᠭᠡᠵᠤ ᠰᠤᠷᠤᠯᠴᠠᠯᠭ᠎ᠠ ᠬᠦᠮᠦᠵᠢᠯ ᠦᠷᠨᠢᠬᠦᠯᠬᠦ ᠶ᠋ᠢ ᠪᠠᠷᠢᠮᠲᠠᠯᠠᠵᠤ᠂ ᠥᠷᠭᠡᠨ᠎ᠢᠶᠡᠷ ᠰᠠᠨᠠᠯ ᠬᠤᠷᠢᠶᠠᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠲᠠᠯ᠎ᠠ᠎ᠪᠠᠷ᠎ᠬᠢ ᠭᠤᠤᠯ ᠠᠰᠠᠭᠤᠳᠠᠯ᠎ᠤᠨ ᠨᠠᠷᠢᠨ ᠲᠠᠩᠰᠠ ᠵᠢᠨ 4 ᠲᠠᠯ᠎ᠠ᠎ᠶ᠋ᠢᠨ 16 ᠵᠤᠷᠪᠤᠰ ᠪᠣᠳᠠᠲᠠᠶ ᠠᠭᠤᠯᠭ᠎ᠠ᠎ᠲᠠᠶ ᠬᠠᠷᠭᠤᠭᠤᠯᠵᠤ᠂ ᠰᠠᠬᠢᠯᠭ᠎ᠠ ᠪᠠᠲᠤ ᠪᠠᠢᠴᠠᠭᠠᠬᠤ᠂ ᠲᠣᠭᠣᠷᠢᠨ ᠪᠠᠢᠴᠠᠭᠠᠬᠤ᠂ ᠬᠢᠨᠠᠨ ᠪᠤᠳᠤᠬᠤ ᠵᠡᠷᠭᠡ ᠬᠠᠷᠢᠭᠤ ᠲᠤᠰᠭᠠᠭ᠍ᠰᠠᠨ ᠠᠰᠠᠭᠤᠳᠠᠯ᠎ᠲᠠᠶ ᠬᠠᠷᠭᠤᠭᠤᠯᠵᠤ᠂ ᠥᠪᠡᠷ᠎ᠢ᠎ᠪᠡᠨ ᠪᠠᠢᠴᠠᠭᠠᠵᠤ ᠥᠪᠡᠷ᠎ᠢᠶᠡᠨ ᠵᠠᠯᠠᠷᠠᠭᠤᠯᠬᠤ᠎ᠶ᠋ᠢ ᠵᠡᠷᠭᠡ᠎ᠪᠡᠷ ᠭᠦᠨᠵᠡᠭᠡᠶ ᠥᠷᠨᠢᠭᠦᠯᠵᠦ᠍᠂ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠵᠢᠴᠢ ᠳᠡᠳ᠋ ᠭᠠᠵᠠᠷ᠎ᠤᠨ ᠲᠠᠰ᠎ᠡᠴᠡ ᠳᠡᠭᠡᠭ᠌ᠰᠢᠬᠢ ᠤᠳᠤᠷᠢᠳᠭᠤ ᠺᠠᠳ᠋ᠷ᠎ᠤᠨ ᠠᠰᠠᠭᠤᠳᠠᠯ᠎ᠤᠨ ᠨᠠᠷᠢᠨ ᠲᠠᠩᠰᠠ ᠪᠣᠯᠤᠨ ᠲᠥᠪᠯᠡᠷᠡᠭᠦᠯᠦᠨ ᠴᠡᠭ᠌ᠴᠡᠯᠡᠨ ᠵᠠᠰᠠᠬᠤ ᠡᠬᠡ ᠲᠠᠩᠰᠠ᠎ᠶ᠋ᠢ ᠲᠠᠭ᠍ᠯᠠᠨ ᠮᠡᠳᠡᠭᠦᠯᠵᠦ᠍᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠨᠠᠢᠳᠠᠪᠦᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠪᠠ᠃
ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠬᠢ ᠡᠷᠬᠢᠯᠡᠪᠡ᠃ ᠨᠣᠮ ᠤᠩᠱᠢᠬᠤ ᠠᠩᠭᠢ᠎ᠵᠢᠨ ᠰᠤᠷᠤᠯᠴᠠᠯᠭ᠎ᠠ ᠳᠡᠭᠡᠷ᠎ᠡ᠂ ᠠᠢᠮᠠᠭ᠎ᠤᠨ ᠳᠥᠷᠪᠡᠨ ᠶᠡᠬᠡ ᠤᠳᠤᠷᠢᠳᠭᠤ ᠪᠠᠭ ᠪᠣᠯᠤᠨ ᠠᠢᠮᠠᠭ᠎ᠤᠨ ᠱᠠᠲᠤᠨ᠎ᠤ ᠤᠳᠤᠷᠢᠳᠭᠤ ᠺᠠᠳ᠋ᠷ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠂ ᠲᠦᠷᠢᠮ ᠲᠣᠭ᠍ᠲᠠᠭᠠᠯ ᠲᠣᠭ᠍ᠲᠠᠭᠠᠬᠤ᠂ ᠡᠬᠦᠳᠡ ᠪᠡᠨ ᠨᠡᠭᠡᠭᠡᠵᠦ ᠰᠤᠷᠤᠯᠴᠠᠯᠭ᠎ᠠ ᠬᠦᠮᠦᠵᠢᠯ ᠦᠷᠨᠢᠬᠦᠯᠬᠦ ᠵᠡᠷᠭᠡ ᠭᠤᠤᠯᠳᠠᠯᠭ᠎ᠠ᠎ᠲᠠᠶ ᠡᠭᠦᠷᠭᠡ᠎ᠶ᠋ᠢ ᠲᠦᠷᠦᠭᠦᠯᠡᠨ ᠪᠣᠳᠠᠲᠠᠶ ᠠᠳᠭᠤᠵᠤ ᠪᠣᠳᠠᠲᠠᠶ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠶ᠃ ᠠᠷᠠᠳ ᠲᠦᠮᠡᠨ᠎ᠤ᠋ ᠲᠦᠯᠦᠭᠡ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠶ ᠠᠵᠢᠯᠯᠠᠬᠤ᠎ᠪᠠᠷ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠠᠢᠮᠠᠭ᠎ᠤᠨ ᠨᠠᠮ᠎ᠤᠨ ᠬᠤᠷᠢᠶ᠎ᠠ ᠵᠢᠨ ᠵᠠᠬᠢᠷᠭ᠎ᠠ᠎ᠶ᠋ᠢᠨ ᠠᠵᠢᠯ᠎ᠤᠨ ᠲᠣᠬᠢᠷᠠᠭᠤᠯᠤᠯᠲᠠ ᠶᠣᠰᠣᠭᠠᠷ᠂ ᠠᠵᠤ ᠠᠬᠤᠢᠯᠠᠯ᠎ᠤᠨ ᠠᠵᠢᠯᠯᠠᠭᠠᠨ᠂ ᠭᠦᠶ᠋ᠴᠡᠳᠭᠡᠯ ᠲᠣᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ᠂ ᠲᠥᠷᠥᠯ ᠵᠦᠶ᠋ᠯ᠎ᠦᠨ ᠪᠠᠯᠠ ᠣᠷᠣᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠬᠡᠷᠡᠭ᠌ᠯᠡᠭᠡ᠎ᠶ᠋ᠢ ᠠᠬᠢᠭᠤᠯᠬᠤ ᠵᠢᠴᠢ ᠵᠠᠬᠢᠳᠠᠯ ᠰᠤᠷᠪᠤᠯᠵᠢᠯᠠᠯ ᠲᠣᠭ᠍ᠲᠠᠭᠤᠨ᠎ᠢ ᠬᠠᠮᠠᠭᠠᠯᠠᠬᠤ᠂ ᠠᠶᠤᠯᠭᠦᠶ ᠦᠶ᠋ᠯᠡᠳᠪᠦᠷᠢᠯᠡᠯ᠂ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ ᠵᠡᠷᠭᠡ ᠭᠤᠤᠯᠳᠠᠯᠭ᠎ᠠ᠎ᠲᠠᠶ ᠠᠵᠢᠯ᠎ᠢ ᠪᠣᠳᠠᠲᠠᠶ ᠠᠳᠭᠤᠵᠤ᠂ ᠨᠢᠭᠡᠳᠦᠭᠡᠷ ᠤᠯᠠᠷᠢᠯ᠎ᠤᠨ 《ᠰᠠᠢᠨ ᠡᠬᠢᠯᠡᠯᠲᠡ》 ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠌᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ ᠠᠵᠢᠯ᠎ᠤᠨ ᠰᠤᠷᠲᠠᠯ᠎ᠢ ᠶᠡᠬᠡᠪᠡᠷ ᠪᠠᠳᠠᠷᠠᠭᠤᠯᠵᠤ᠂ ᠨᠠᠢᠳᠠᠪᠤᠷᠢᠵᠢᠭᠤᠯᠤᠯᠲᠠ᠎ᠶ᠋ᠢ ᠠᠳᠭᠤᠬᠤ᠂ ᠬᠥᠭ᠌ᠵᠢᠯᠲᠡ᠎ᠶ᠋ᠢ ᠠᠬᠢᠭᠤᠯᠬᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠂ ᠲᠣᠭ᠍ᠲᠠᠭᠤᠨ᠎ᠢ ᠪᠠᠲᠤᠯᠠᠬᠤ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠪᠥᠬᠥ᠌ ᠠᠢᠮᠠᠭ᠎ᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠳᠠᠭᠠᠭᠤᠯᠵᠤ ᠪᠠᠢᠭᠠᠳ ᠵᠣᠷᠢᠭ᠍ᠲᠠᠶ᠎ᠪᠠᠷ ᠤᠷᠤᠭ᠍ᠰᠢᠯᠠᠨ ᠳᠡᠪᠱᠢᠵᠦ᠍᠂ ᠱᠢᠷᠭᠠᠭᠤ ᠠᠵᠢᠯᠯᠠᠨ ᠪᠣᠳᠠᠲᠠᠶ ᠠᠵᠢᠯᠯᠠᠵᠤ᠂ ᠦᠶ᠋ᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠳᠠᠲᠤ ᠠᠮᠵᠢᠯᠲᠠ᠎ᠶ᠋ᠢ ᠴᠢᠷᠮᠠᠢᠨ ᠡᠭᠦᠳᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃