3 ᠰᠠᠷ᠎ᠠ᠎ᠶ᠋ᠢᠨ 19 ᠤ᠋ ᠡᠳᠦᠷ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠤᠭᠰᠠᠭᠠᠳᠠᠨ ᠵᠦᠢ ᠬᠥᠮᠦᠨ ᠵᠦᠢ ᠵᠢᠨ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ ᠨᠠᠷᠠᠨᠪᠢᠯᠢᠭ᠌ ᠲᠣᠰ ᠰᠤᠷᠭᠠᠭᠤᠯᠢ᠎ᠶ᠋ᠢᠨ ᠬᠢᠴᠢᠶᠡᠯ᠎ᠦᠨ ᠲᠠᠩᠬᠢᠮ᠎ᠳᠤ ᠬᠦᠷᠴᠦ᠍᠂ 《〈ᠬᠣᠶᠠᠷ ᠬᠤᠷᠠᠯ〉 ᠤ᠋ᠨ ᠵᠣᠷᠢᠭ ᠰᠠᠨᠠᠭ᠎ᠠ᠎ᠶ᠋ᠢ ᠰᠤᠷᠤᠯᠴᠠᠵᠤ ᠬᠦᠴᠦᠷᠬᠡᠭ ᠤᠯᠤᠰ ᠤ᠋ᠨ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠦᠨ ᠲᠥᠯᠥᠭᠡ ᠪᠦᠯᠬᠦᠮᠳᠡᠨ ᠲᠡᠮᠡᠴᠡᠵᠡᠬᠡᠶ᠎ᠡ》ᠭᠡᠬᠦ᠌ ᠰᠡᠳᠦᠪ᠎ᠢᠶᠡᠷ ᠵᠠᠯᠠᠭᠤ ᠰᠤᠷᠤᠭ᠍ᠴᠢᠳ᠎ᠲᠤ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠤᠬᠠᠭᠤᠯᠤᠨ ᠲᠠᠢᠯᠪᠤᠷᠢᠯᠠᠪᠠ᠃
ᠨᠠᠷᠠᠨᠪᠢᠯᠢᠭ᠌ ᠭᠡᠰᠢᠭᠦᠨ ᠪᠥᠬᠥ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠭ᠍ᠰᠠᠨ ᠥᠩᠭᠡᠷᠡᠯᠲᠡ ᠪᠠ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠲᠥᠷᠥᠭ᠌ᠳᠡᠯ᠎ᠲᠡᠶ᠎ᠪᠡᠨ ᠤᠶᠠᠯᠳᠤᠭᠤᠯᠤᠨ᠂ ᠵᠠᠯᠠᠭᠤ ᠰᠤᠷᠤᠭ᠍ᠴᠢᠳ᠎ᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠬᠣᠯᠪᠣᠭ᠍ᠳᠠᠯ ᠪᠥᠬᠥᠶ ᠠᠭᠤᠯᠭ᠎ᠠ᠎ᠶ᠋ᠢ ᠨᠠᠷᠢᠨ ᠲᠠᠢᠯᠪᠤᠷᠢᠯᠠᠬᠤ᠎ᠶ᠋ᠢᠨ ᠬᠠᠮᠲᠤ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ》 ᠳ᠋ᠤ ᠭᠤᠤᠯᠳᠠᠯᠭ᠎ᠠ᠎ᠲᠠᠶ ᠭᠦᠨᠵᠡᠭᠡᠶ ᠲᠠᠢᠯᠤᠮᠵᠢ ᠬᠢᠪᠠ᠃ ᠲᠡᠷᠡ᠂ ᠲᠤᠰ ᠬᠠᠤᠯᠢ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠬᠠᠤᠯᠢᠵᠢᠭᠤᠯᠬᠤ ᠴᠢᠬᠤᠯᠠ ᠦᠷ᠎ᠡ ᠪᠦᠲᠦᠭᠡᠯ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠦᠷᠢᠮ᠎ᠦᠨ ᠪᠠᠲᠤᠯᠠᠭ᠎ᠠ ᠮᠥᠨ᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠳᠠᠬᠢ 《ᠬᠦᠴᠦᠷᠬᠡᠭ ᠤᠯᠤᠰ ᠤ᠋ᠨ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠦᠨ ᠲᠥᠯᠥᠭᠡ ᠪᠦᠯᠬᠦᠮᠳᠡᠨ ᠲᠡᠮᠡᠴᠡᠬᠦ᠌ 》 ᠲᠤᠬᠠᠢ ᠪᠠᠢᠷᠢᠯᠠᠭᠤᠯᠤᠯᠲᠠ᠎ᠲᠠᠶ ᠤᠳᠤᠮ ᠤᠯᠠᠮᠵᠢᠯᠠᠯ ᠨᠢᠭᠡᠲᠡᠢ ᠶᠤᠮ ᠭᠡᠵᠤ ᠵᠢᠭᠠᠵᠤ ᠭᠠᠷᠭᠠᠵᠠᠢ᠃ ᠲᠡᠷᠡ᠂ ᠬᠦᠴᠦᠷᠬᠡᠭ ᠤᠯᠤᠰ ᠤ᠋ᠨ ᠰᠡᠷᠭᠦᠨ ᠮᠠᠨᠳᠤᠯᠲᠠ ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠬᠦ᠌᠎ᠡᠴᠡ ᠰᠠᠯᠵᠤ ᠴᠢᠳᠠᠬᠤ ᠦᠭᠡᠢ ᠶᠤᠮ᠂ 《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ》 ᠪᠣᠯ ᠬᠠᠤᠯᠢ ᠪᠡᠷ ᠵᠠᠰᠠᠬᠤ ᠬᠦᠴᠦᠨ᠎ᠢᠶᠡᠷ ᠪᠦᠯᠬᠦᠮᠳᠡᠨ ᠲᠡᠮᠡᠴᠡᠬᠦ᠌ ᠲᠦᠷᠢᠮ᠎ᠦᠨ ᠰᠠᠭᠤᠷᠢ᠎ᠶ᠋ᠢ ᠪᠡᠬᠢᠵᠢᠭᠦᠯᠵᠦ᠍᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠣᠳᠣᠬᠢᠴᠢᠯᠠᠯᠲᠠ ᠲᠡᠢᠰᠢ ᠤᠷᠤᠭ᠍ᠰᠢᠯᠠᠬᠤ᠎ᠶ᠋ᠢ ᠠᠬᠢᠭᠤᠯᠬᠤ ᠴᠢᠬᠤᠯᠠ ᠬᠠᠤᠯᠢ ᠴᠠᠭᠠᠵᠠ᠎ᠶ᠋ᠢᠨ ᠪᠠᠲᠤᠯᠠᠭ᠎ᠠ ᠪᠣᠯᠤᠨ᠎ᠠ ᠭᠡᠪᠡ᠃ ᠲᠡᠷᠡ ᠢᠳᠡᠯᠢᠭ ᠦᠭᠡ᠂ ᠠᠮᠢᠳᠤᠯᠢᠭ ᠵᠢᠱ᠌ᠢᠢ᠎ᠡ᠎ᠪᠡᠷ ᠤᠯᠤᠰ᠎ᠤᠨ ᠦᠨᠳᠦᠰᠦᠨ ᠪᠤᠳᠤᠯᠭ᠎ᠠ ᠴᠢᠭ᠌ᠯᠡᠯᠲᠡ ᠪᠣᠯᠤᠨ ᠵᠠᠯᠠᠭᠤᠴᠤᠳ᠎ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠶ᠋ᠢ ᠨᠢᠭ᠍ᠲᠠ ᠤᠶᠠᠯᠳᠤᠭᠤᠯᠵᠤ᠂ ᠥᠷᠭᠡᠨ ᠤᠯᠠᠨ ᠰᠤᠷᠤᠭ᠍ᠴᠢᠳ᠎ᠢ ᠬᠦᠳᠦᠯᠥᠨ ᠳᠠᠭᠠᠭᠤᠯᠵᠤ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭᠠᠨ᠎ᠤ ᠭᠣᠣᠯ ᠠᠭᠤᠯᠭ᠎ᠠ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠤᠢ᠍ᠢᠯᠠᠭᠠᠭᠤᠯᠪᠠ᠃
ᠰᠤᠷᠤᠭᠴᠢᠳ᠂ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠩ ᠭᠦᠨᠵᠡᠭᠡᠶ ᠣᠢᠯᠠᠭᠠᠵᠤ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ》᠎ᠶ᠋ᠢᠨ ᠴᠢᠬᠤᠯᠠ ᠠᠴᠢ ᠬᠣᠯᠪᠣᠭ᠍ᠳᠠᠯ᠎ᠤᠨ ᠲᠤᠬᠠᠶ ᠨᠠᠩ ᠲᠣᠳᠣᠷᠬᠠᠶ ᠲᠠᠨᠢᠯᠲᠠ᠎ᠲᠠᠶ ᠪᠣᠯᠪᠠ ᠭᠡᠵᠤ ᠢᠯᠡᠳᠭᠡᠵᠡᠭᠡᠵᠠᠢ᠃
《ᠵᠣᠯ᠎ᠢᠶᠠᠷ ᠨᠠᠷᠠᠨᠪᠢᠯᠢᠭ᠌ ᠫᠷᠤᠹᠸᠰᠰᠤᠷ᠎ᠦᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠳᠠᠭᠠᠨ ᠮᠠᠰᠢ ᠰᠡᠳᠭᠢᠯ ᠬᠥᠳᠡᠯᠵᠦ᠍᠂ ᠲᠤᠩ ᠤᠯᠤᠯᠲᠠ ᠲᠠᠢ᠃ ᠪᠠᠭ᠍ᠰᠢ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ᠂ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠤᠬᠠᠭᠤᠯᠤᠨ ᠲᠠᠢᠯᠪᠤᠷᠢᠯᠠᠵᠤ᠂〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ〉᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠣᠳᠣᠷᠬᠠᠢᠯᠠᠨ ᠲᠠᠢᠯᠪᠤᠷᠢᠯᠠᠵᠤ᠂ ᠡᠨᠡ ᠬᠦ᠌ ᠬᠠᠤᠯᠢ ᠴᠠᠭᠠᠵᠠ ᠪᠣᠯ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠬᠠᠤᠯᠢ᠎ᠪᠠᠷ ᠵᠠᠰᠠᠭ᠍ᠰᠠᠨ ᠴᠢᠬᠤᠯᠠ ᠦᠷ᠎ᠡ ᠪᠦᠲᠦᠭᠡᠯ ᠮᠥᠨ᠂ ᠨᠠᠩ ᠴᠤ᠌ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠲᠤ ᠪᠠᠬᠢ ᠲᠦᠷᠢᠮ᠎ᠦᠨ ᠪᠠᠲᠤᠯᠠᠭ᠎ᠠ ᠮᠥᠨ᠂ ᠡᠨᠡ ᠨᠢ ᠪᠥᠬᠥ᠌ ᠤᠯᠤᠰ᠎ᠤᠨ ᠬᠣᠶᠠᠷ ᠬᠤᠷᠠᠯ᠎ᠤᠨ ᠬᠦᠴᠦᠷᠬᠡᠭ ᠤᠯᠤᠰ᠎ᠤᠨ ᠰᠡᠷᠭᠦᠨ ᠮᠠᠨᠳᠤᠯᠲᠠ᠂ ᠪᠦᠯᠬᠦᠮᠳᠡᠨ ᠲᠡᠮᠡᠴᠡᠬᠦ᠌ ᠲᠤᠬᠠᠶ ᠪᠠᠢᠷᠢᠯᠠᠭᠤᠯᠤᠯᠲᠠ᠎ᠲᠠᠶ ᠳᠡᠭᠡᠳᠦ ᠬᠡᠮᠵᠢᠶ᠎ᠡ᠎ᠪᠡᠷ ᠨᠡᠢᠴᠡᠵᠦ᠍ ᠪᠠᠢᠬᠤ᠎ᠶ᠋ᠢ ᠲᠣᠳᠣᠷᠬᠠᠶ ᠲᠠᠨᠢᠪᠠ》᠃ ᠲᠣᠰ ᠰᠤᠷᠭᠠᠭᠤᠯᠢ᠎ᠶ᠋ᠢᠨ 2025 ᠣᠨ᠎ᠤ ᠳᠤᠮᠳᠠᠳᠤ᠎ᠶ᠋ᠢᠨ ᠤᠭᠰᠠᠭᠠᠲᠠᠨ ᠵᠦᠢ᠎ᠶᠢᠨ ᠠᠰᠫᠢᠷᠠᠨᠲ ᠶᠠᠩ ᠱᠢᠨ ᠢᠦᠶ ᠤᠬᠠᠭᠤᠯᠤᠨ ᠲᠠᠢᠯᠪᠤᠷᠢᠯᠠᠬᠤ ᠬᠤᠷᠠᠯ᠎ᠤᠨ ᠳᠠᠷᠠᠭ᠎ᠠ᠄《ᠳᠤᠮᠳᠠᠳᠤ᠎ᠶ᠋ᠢᠨ ᠤᠭᠰᠠᠭᠠᠲᠠᠨ ᠵᠦᠢ᠎ᠶᠢᠨ ᠲᠤᠰᠭᠠᠶ ᠮᠡᠷᠭᠡᠵᠢᠯ᠎ᠦᠨ ᠰᠣᠷᠣᠭ᠍ᠴᠢ ᠪᠣᠯᠤᠭ᠍ᠰᠠᠨ᠎ᠤ ᠬᠤᠪᠢ᠎ᠳᠤ᠂ ᠪᠢ ᠬᠠᠷᠢᠭᠤᠴᠠᠯᠭ᠎ᠠ ᠬᠦᠨᠳᠦ ᠭᠡᠳᠡᠭ᠎ᠢ ᠮᠡᠳᠡᠵᠦ᠍ ᠪᠤᠢ᠃ ᠬᠣᠢᠱᠢᠳᠠ ᠪᠢ ᠫᠷᠤᠹᠸᠰᠰᠤᠷ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠲᠤᠰᠭᠠᠢ ᠮᠡᠷᠭᠡᠵᠢᠯ᠎ᠤᠨ ᠰᠤᠷᠤᠭᠰᠠᠨ ᠮᠡᠳᠡᠯᠭᠡᠪᠡᠷᠢᠶᠡᠨᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠬᠦᠴᠦᠷᠬᠡᠭ ᠤᠯᠤᠰ᠎ᠤᠨ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠲᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠰᠡᠳᠭᠢᠯᠭᠡ ᠬᠦᠨ ᠶᠠᠷᠢᠵᠤ ᠪᠠᠢᠯ᠎ᠠ᠃
ᠠᠰᠠᠭᠤᠯᠳᠠ ᠬᠠᠷᠢᠭᠤᠯᠳᠠ ᠵᠢᠨ ᠭᠣᠭ᠍ᠴᠣᠭᠠᠨᠳᠤ᠂ ᠰᠤᠷᠤᠭ᠍ᠴᠢᠳ ᠢᠳᠡᠪᠬᠢᠲᠡᠶ ᠠᠰᠠᠭᠤᠯᠲᠠ ᠳᠤᠷᠠᠳᠴᠤ᠌᠂ ᠬᠡᠷᠬᠢᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ》 ᠲᠠᠢ ᠤᠶᠠᠯᠳᠤᠭᠤᠯᠵᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠂ ᠡᠨᠡ ᠵᠢᠯ᠎ᠦᠨ ᠬᠣᠶᠠᠷ ᠬᠤᠷᠠᠯ᠎ᠤᠨ ᠱᠢᠨ᠎ᠡ᠎ᠶ᠋ᠢ ᠡᠭᠦᠳᠦᠭᠰᠡᠨ ᠭᠢᠯᠠᠰ ᠴᠡᠭ᠂ AI ᠮᠡᠷᠭᠡᠵᠢᠯ ᠵᠢᠡᠷ ᠭᠦᠴᠦᠨ ᠣᠯᠭᠣᠬᠤ ᠬᠥᠮᠦᠵᠢᠯ ᠵᠡᠷᠭᠡ ᠬᠠᠯᠠᠮᠱᠢᠯ ᠠᠰᠠᠭᠤᠳᠠᠯ᠎ᠤᠨ ᠲᠣᠭᠣᠷᠢᠨ᠎ᠳᠤ ᠨᠠᠷᠠᠨᠪᠢᠯᠢᠭ᠌ ᠫᠷᠤᠹᠧᠰᠰᠤᠷ᠎ᠲᠠᠢ ᠰᠠᠨᠠᠯ᠎ᠢᠶᠠᠨ ᠭᠦᠨᠵᠡᠭᠡᠶ ᠰᠣᠯᠢᠯᠴᠠᠪᠠ᠃ ᠨᠠᠷᠠᠨᠪᠢᠯᠢᠭ᠌ ᠫᠷᠤᠹᠸᠰᠰᠤᠷ᠂ ᠬᠤᠪᠢ ᠬᠥᠮᠦᠨ᠎ᠦ ᠬᠦᠰᠡᠯᠡᠩ᠎ᠢᠶᠡᠨ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠭᠤᠰᠤᠯᠴᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠥᠪᠡᠷ᠎ᠦᠨ ᠡᠭᠦᠷᠭᠡ᠎ᠪᠡᠨ ᠪᠣᠯᠭᠠᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠌ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠵᠣᠷᠢᠭ᠍ᠵᠢᠭᠤᠯᠪᠠ᠃