— ᠶᠡᠷᠦᠩᠬᠡᠢ ᠱᠦᠵᠢ᠎ᠰᠢ᠎ᠶᠢᠨ ᠫᠢᠩ᠎ᠤᠨ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠪᠦᠬᠦ ᠠᠷᠠᠳ ᠲᠦᠮᠡᠨ᠎ᠦ ᠬᠠᠮᠲᠤ ᠪᠠᠷ ᠪᠠᠶᠠᠵᠢᠬᠤ᠎ᠶᠢ ᠠᠬᠢᠭᠤᠯᠬᠤ ᠲᠤᠬᠠᠢ ᠴᠢᠬᠤᠯᠠ ᠶᠠᠷᠢᠶ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠬᠣᠶᠠᠷ)
ᠤᠯᠤᠰ ᠪᠠᠶᠠᠨ ᠬᠡᠮᠡᠭᠳᠡᠬᠦ ᠢᠨᠤ ᠠᠷᠠᠳ᠎ᠤᠨ ᠠᠮᠢᠳᠤᠷᠠᠯ ᠡᠯᠪᠡᠭ ᠲᠦᠷ ᠠᠮᠤᠢ᠃
ᠡᠨᠡ ᠵᠢᠯ᠎ᠦᠨ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ᠎ᠶᠢᠨ ᠫᠢᠩ ᠵᠢᠶᠠᠩᠰᠤ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ᠎ᠳᠠᠭᠠᠨ᠂ 《ᠪᠦᠬᠦ ᠠᠷᠠᠳ ᠲᠦᠮᠡᠨ᠎ᠦ ᠬᠠᠮᠲᠤ ᠪᠠᠷ ᠪᠠᠶᠠᠵᠢᠬᠤ᠎ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ᠎ᠢ ᠰᠦᠪᠡᠭᠴᠢᠯᠡᠬᠦ》 ᠶ᠋ᠢ ᠴᠢᠬᠤᠯᠠᠴᠢᠯᠠᠵᠤ᠂ 《ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ》 ᠵᠡᠷᠭᠡ ᠠᠷᠠᠳ᠎ᠤᠨ ᠠᠮᠢᠳᠤᠷᠠᠯ᠎ᠤᠨ ᠲᠤᠬᠠᠢ ᠠᠩᠬᠠᠷᠤᠯ ᠠᠰᠠᠭᠤᠳᠠᠯ᠎ᠢ ᠲᠣᠪᠣᠢᠮ᠎ᠠ ᠪᠠᠢᠷᠢᠨ᠎ᠳᠤ ᠲᠠᠯᠪᠢᠵᠤ᠂ ᠣᠳᠣᠬᠢ ᠱᠠᠲᠤᠨ᠎ᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠶᠠᠪᠤᠴᠠ᠎ᠳᠡᠬᠢ ᠢᠳᠡᠪᠬᠢᠲᠡᠢ ᠰᠠᠨᠠᠭᠠᠴᠢᠯᠠᠭ᠎ᠠ᠎ᠲᠠᠢ᠎ᠪᠠᠷ ᠬᠠᠷᠢᠭᠤᠯᠬᠤ ᠰᠡᠳᠦᠪ ᠪᠣᠯᠭᠠᠪᠠ᠃
ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠪᠡᠶᠡᠯᠡᠭᠦᠯᠬᠦ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠪᠢᠷᠠᠰᠢ ᠦᠭᠡᠢ ᠦᠷᠳᠡᠭ᠎ᠦᠨ ᠬᠥᠭᠡᠭᠡᠴᠡᠯᠳᠦᠯ ᠮᠥᠨ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ᠂ ᠪᠠᠰᠠ ᠴᠤ᠌ 14 ᠳ᠋ᠦᠩᠰᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠦ ᠣᠳᠣᠬᠢᠴᠢᠯᠠᠯᠲᠠ ᠲᠡᠢᠰᠢ ᠤᠷᠤᠭᠰᠢᠯᠠᠬᠤ᠎ᠶᠢᠨ ᠵᠠᠢᠯᠠᠰᠢ ᠦᠭᠡᠢ ᠰᠣᠩᠭᠣᠯᠲᠠ ᠮᠥᠨ᠃
ᠶᠡᠷᠦᠩᠬᠡᠢ ᠱᠦᠵᠢ ᠰᠢ᠎ᠶᠢᠨ ᠫᠢᠩ ᠦᠨᠭᠭᠡᠷᠡᠭᠰᠡᠨ᠎ᠳᠦ ᠬᠠᠮᠲᠤ᠎ᠪᠠᠷ ᠪᠠᠶᠠᠵᠢᠬᠤ ᠵᠢᠨ ᠲᠤᠬᠠᠢ ᠭᠦᠨᠵᠡᠭᠡᠢ ᠲᠠᠢᠯᠪᠤᠷᠢᠯᠠᠯᠲᠠ ᠬᠢᠵᠦ ᠥᠩᠭᠡᠷᠡᠭᠰᠡᠨ ᠶᠤᠮ᠄ 《ᠬᠠᠮᠲᠤ᠎ᠪᠠᠷ ᠪᠠᠶᠠᠵᠢᠬᠤ ᠪᠣᠯ ᠪᠦᠬᠦ ᠠᠷᠠᠳ ᠲᠦᠮᠡᠨ ᠬᠠᠮᠲᠤ᠎ᠪᠠᠷ ᠪᠠᠶᠠᠵᠢᠬᠤ ᠶᠠᠪᠤᠳᠠᠯ ᠪᠠᠢᠵᠤ᠂ ᠠᠷᠠᠳ ᠲᠦᠮᠡᠨ᠎ᠤ ᠪᠣᠳᠠᠰ᠎ᠤᠨ ᠠᠮᠢᠳᠤᠷᠠᠯ ᠪᠠ ᠤᠶᠤᠨ᠎ᠤ ᠠᠮᠢᠳᠤᠷᠠᠯ᠎ᠢ ᠴᠥᠮ ᠪᠠᠶᠠᠯᠢᠭᠵᠢᠭᠤᠯᠬᠤ ᠵᠢ ᠵᠢᠭᠠᠵᠤ ᠪᠤᠢ》᠂ 《ᠬᠠᠮᠲᠤ ᠪᠠᠷ ᠪᠠᠶᠠᠵᠢᠬᠤ ᠬᠠᠷᠠᠯᠲᠠ᠎ᠶᠢ ᠪᠡᠶᠡᠯᠡᠭᠦᠯᠬᠦ᠎ᠳᠦ᠂ ᠡᠩ ᠲᠡᠷᠢᠭᠦᠨ᠎ᠳᠦ ᠪᠦᠬᠦ ᠤᠯᠤᠰ᠎ᠤᠨ ᠠᠷᠠᠳ ᠲᠦᠮᠡᠨ᠎ᠦ ᠬᠠᠮᠲᠤ᠎ᠶᠢᠨ ᠲᠡᠮᠡᠴᠡᠯ᠎ᠢᠶᠡᠷ 〈ᠪᠣᠭᠣᠷᠰᠣᠭ〉 ᠢ᠋ ᠲᠤᠮᠤ ᠪᠦᠭᠡᠳ ᠰᠠᠢᠲᠤᠷ ᠬᠢᠵᠦ᠂ ᠳᠠᠷᠠᠭ᠎ᠠ ᠳ᠋ᠤᠨᠢ ᠵᠣᠬᠢᠰᠲᠠᠢ ᠳᠦᠷᠢᠮ᠎ᠦᠨ ᠲᠣᠬᠢᠷᠠᠭᠤᠯᠤᠯᠲᠠ᠎ᠪᠠᠷ 〈ᠪᠣᠭᠣᠷᠰᠣᠭ〉 ᠢ᠋ ᠰᠠᠢᠲᠤᠷ ᠬᠡᠰᠡᠭᠯᠡᠨ ᠬᠤᠪᠢᠶᠠᠬᠤ ᠬᠡᠷᠡᠭᠲᠡᠢ》᠂ 《ᠬᠤᠳᠠ ᠬᠥᠳᠡᠭᠡ᠎ᠶᠢᠨ ᠵᠥᠷᠢᠶ᠎ᠡ᠂ ᠭᠠᠵᠠᠷ ᠣᠷᠣᠨ᠎ᠤ ᠵᠥᠷᠢᠶ᠎ᠡ᠂ ᠣᠷᠣᠯᠭ᠎ᠠ᠎ᠶᠢᠨ ᠵᠥᠷᠢᠶ᠎ᠡ᠎ᠶᠢ ᠪᠠᠭᠠᠰᠬᠠᠬᠤ᠎ᠪᠠᠷ ᠭᠣᠣᠯ ᠰᠢᠪᠲᠤᠯᠤᠯᠲᠠ ᠵᠢᠨ ᠴᠢᠭᠯᠡᠯ ᠪᠣᠯᠭᠠᠬᠤ ᠬᠡᠷᠡᠭᠲᠡᠢ》 ᠁
ᠠᠯᠢ ᠣᠯᠠᠨ ᠨᠠᠷᠢᠨ ᠲᠣᠳᠣᠷᠬᠠᠢ ᠥᠭᠦᠯᠡᠯᠲᠡ ᠨᠢ᠄ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ ᠨᠢ ᠲᠦᠭ ᠲᠦᠮᠡᠨ ᠠᠢᠯ ᠡᠷᠦᠬᠡ᠎ᠶᠢᠨ 《ᠵᠣᠭᠣᠰ᠎ᠤᠨ ᠴᠦᠨᠭᠬᠦ》 ᠲᠡᠢ ᠬᠣᠯᠪᠣᠭᠳᠠᠬᠤ᠎ᠪᠠᠷ ᠪᠠᠷᠠᠬᠤ ᠦᠭᠡᠢ ᠪᠠᠰᠠ ᠴᠤ᠌ ᠬᠠᠮᠲᠤ᠎ᠪᠠᠷ ᠪᠠᠶᠠᠵᠢᠬᠤ᠎ᠶᠢ ᠠᠬᠢᠭᠤᠯᠬᠤ᠎ᠳᠤ ᠳᠤᠲᠠᠭᠳᠠᠵᠤ ᠪᠣᠯᠣᠰᠢ ᠦᠭᠡᠢ ᠪᠣᠳᠠᠰ᠎ᠤᠨ ᠰᠠᠭᠤᠷᠢ ᠮᠥᠨ᠃ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠳᠦᠷᠢᠮ᠎ᠢ ᠲᠡᠭᠦᠯᠳᠡᠷᠵᠢᠭᠦᠯᠪᠡᠯ ᠰᠠᠶᠢ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠦᠨᠡᠨ ᠬᠦ᠌ ᠨᠡᠩ ᠢᠯᠡᠭᠦᠦ ᠨᠡᠩ ᠲᠦᠪ ᠭᠣᠣᠯᠴᠢ᠎ᠪᠠᠷ ᠬᠦᠷᠲᠡᠭᠡᠵᠦ ᠴᠢᠳᠠᠨ᠎ᠠ ᠭᠡᠰᠡᠨ ᠢᠯᠡ ᠲᠤᠳᠤ ᠳᠣᠬᠢᠶ᠎ᠠ᠎ᠶᠢ ᠳᠠᠮᠵᠢᠭᠤᠯᠵᠠᠢ᠃
ᠲᠣᠭ᠎ᠠ ᠪᠠᠷᠢᠮᠲᠠ ᠪᠣᠯ ᠬᠠᠮᠤᠭ᠎ᠤᠨ ᠬᠦᠴᠦᠲᠡᠢ ᠭᠡᠷᠡᠴᠢᠯᠡᠯ ᠮᠦᠨ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠡᠷᠭᠢᠨ ᠬᠠᠷᠠᠬᠤᠶ᠎ᠠ᠂ ᠮᠠᠨ᠎ᠤ ᠤᠯᠤᠰ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠂ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ᠂ ᠶᠠᠳᠠᠭᠤ ᠪᠠᠶᠠᠨ᠎ᠤ ᠵᠥᠷᠢᠶ᠎ᠡ᠎ᠶᠢ ᠪᠠᠭᠠᠰᠬᠠᠬᠤ ᠵᠡᠷᠭᠡ ᠲᠠᠯ᠎ᠠ᠎ᠪᠠᠷ ᠬᠠᠯᠠᠭᠤᠨ ᠳᠤᠯᠠᠭᠠᠨ ᠪᠥᠭᠡᠳ ᠦᠨᠡᠨ ᠪᠤᠲᠠᠲᠤ ᠬᠢᠷᠢ ᠪᠦᠲᠦᠮᠵᠢ᠎ᠶᠢᠨ ᠬᠠᠭᠤᠳᠠᠰᠤ ᠵᠢ ᠲᠤᠰᠢᠶᠠᠵᠠᠢ ︱
ᠰᠠᠭᠤᠭᠠᠯᠢ ᠠᠷᠠᠳ᠎ᠤᠨ ᠣᠷᠣᠯᠭ᠎ᠠ ᠲᠣᠭᠲᠠᠭᠤᠨ᠎ᠢᠶᠠᠷ ᠨᠡᠮᠡᠭᠳᠡᠪᠡ᠃ ᠪᠦᠬᠦ ᠤᠯᠤᠰ᠎ᠤᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 2020 ᠣᠨ᠎ᠳᠤ 32189 ᠲᠥᠭᠥᠷᠢᠭ ᠪᠠᠢᠭᠰᠠᠨ᠎ᠡᠴᠡ᠎ᠪᠠᠨ ᠲᠣᠭᠲᠠᠭᠤᠨ᠎ᠢᠶᠠᠷ ᠳᠡᠭᠡᠭᠰᠢᠯᠡᠭᠡᠳ 2025 ᠣᠨ᠎ᠳᠤ 43377 ᠲᠥᠭᠥᠷᠢᠭ᠎ᠲᠦ ᠬᠦᠷᠴᠦ᠂ ᠦᠨ᠎ᠡ ᠬᠠᠩᠰᠢ᠎ᠶᠢᠨ ᠡᠯᠧᠮᠧᠨ᠋ᠲ᠎ᠦᠨ ᠨᠥᠯᠥᠭᠡ᠎ᠶᠢ ᠭᠠᠷᠭᠠᠪᠠᠯ᠂ 2021 ᠣᠨ᠎ᠡᠴᠡ 2024 ᠣᠨ ᠪᠣᠯᠲᠠᠯ᠎ᠠ ᠵᠢᠯ ᠳᠤᠮᠳᠠᠴᠢ᠎ᠪᠠᠷ 5.5% ᠪᠡᠷ ᠪᠣᠳᠠᠲᠠᠢ ᠨᠡᠮᠡᠭᠳᠡᠵᠦ᠂ ᠠᠳᠠᠯᠢ ᠬᠤᠭᠤᠴᠠᠭᠠᠨ᠎ᠤ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ᠎ᠦᠨ ᠨᠡᠮᠡᠭᠳᠡᠯ᠎ᠦᠨ ᠬᠤᠷᠳᠤᠴᠠ᠎ᠲᠠᠢ ᠠᠳᠠᠯᠢ ᠠᠯᠬᠤᠮ᠎ᠲᠠᠢ ᠪᠠᠢᠬᠤ᠎ᠶᠢ ᠪᠠᠲᠤᠯᠠᠪᠠ᠃
ᠨᠠᠩ ᠪᠠᠶᠠᠷᠯᠠᠭᠤᠰᠢᠲᠠᠢ ᠶᠠᠪᠤᠳᠠᠯ ᠭᠡᠪᠡᠯ᠂ ᠬᠣᠲᠠ ᠬᠥᠳᠡᠭᠡ᠎ᠶᠢᠨ ᠣᠷᠣᠯᠭ᠎ᠠ᠎ᠶᠢᠨ ᠵᠥᠷᠢᠶ᠎ᠡ ᠭᠡᠬᠦ ᠡᠨᠡ ᠬᠦ᠌ 《ᠬᠠᠭᠤᠴᠢᠨ ᠲᠤᠮᠤ ᠪᠡᠷᠬᠡ》 ᠠᠰᠠᠭᠤᠳᠠᠯ᠎ᠢ ᠡᠳᠦᠢ ᠲᠡᠳᠦᠢ ᠰᠢᠢᠳᠪᠦᠷᠢᠯᠡᠪᠡ᠄ 2025 ᠣᠨ᠎ᠳᠤ᠂ ᠬᠥᠳᠡᠭᠡ ᠲᠣᠰᠬᠣᠨ᠎ᠤ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ᠎ᠶᠢᠨ ᠪᠣᠳᠠᠲᠠᠢ ᠨᠡᠮᠡᠭᠳᠡᠯ᠎ᠦᠨ ᠬᠤᠷᠳᠤᠴᠠ ᠨᠢ ᠬᠣᠲᠠ ᠪᠠᠯᠭᠠᠰᠤᠨ᠎ᠤ ᠰᠠᠭᠤᠭᠠᠯᠢ ᠠᠷᠠᠳ᠎ᠤᠨ ᠬᠢ᠎ᠡᠴᠡ ᠵᠠᠭᠤᠨ᠎ᠤ ᠬᠠᠷᠢᠴᠠᠯ ᠵᠢᠡᠷ 1.8 ᠬᠤᠪᠢ ᠲᠦᠷᠭᠡᠨ ᠪᠣᠯᠪᠡ᠃ 2024 ᠣᠨ᠎ᠳᠤ᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ᠎ᠶᠢᠨ ᠬᠠᠷᠢᠴᠠᠯ 2.34 ᠪᠣᠯᠵᠤ᠂ 2020 ᠣᠨ᠎ᠤ ᠬᠢ᠎ᠡᠴᠡ 0.22 ᠵᠢᠡᠷ ᠪᠠᠭᠤᠷᠠᠪᠠ᠃
ᠡᠲᠡᠭᠡᠷ ᠦᠰᠦᠷᠦᠯᠲᠡ᠎ᠶᠢᠨ ᠲᠣᠭ᠎ᠠ ᠪᠠᠷᠢᠮᠲᠠ᠎ᠶᠢᠨ ᠠᠷᠤ᠎ᠳᠤ ᠲᠦᠭ ᠲᠦᠮᠡᠨ ᠠᠢᠯ ᠡᠷᠦᠬᠡ᠎ᠶᠢᠨ ᠠᠮᠢᠳᠤᠷᠠᠯ᠎ᠤᠨ ᠬᠤᠪᠢᠷᠠᠯᠲᠠ ᠪᠠᠢᠵᠤ᠂ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ᠂ ᠬᠣᠲᠠ ᠬᠥᠳᠡᠭᠡ᠎ᠶᠢ ᠵᠣᠬᠢᠴᠠᠩᠭᠤᠢ᠎ᠪᠠᠷ ᠬᠥᠭᠵᠢᠭᠦᠯᠬᠦ᠎ᠶᠢᠨ ᠠᠮᠢᠳᠤᠯᠢᠭ᠋ ᠲᠠᠢᠯᠪᠤᠷᠢ ᠪᠣᠯᠤᠭᠰᠠᠨ ᠪᠠᠢᠨ᠎ᠠ᠃
ᠠᠮᠵᠢᠯᠲᠠ ᠪᠦᠲᠦᠮᠵᠢ᠎ᠶᠢ ᠦᠵᠡᠬᠦ᠎ᠳᠦ ᠨᠡᠩ ᠢᠯᠡᠭᠦᠦ ᠶᠠᠰᠤ ᠴᠢᠨᠠᠷ᠎ᠢ ᠦᠵᠡᠵᠦ᠂ ᠵᠥᠷᠢᠶ᠎ᠡ᠎ᠪᠡᠨ ᠡᠷᠢᠵᠦ᠂ ᠳᠤᠲᠠᠭᠳᠠᠯ᠎ᠢᠶᠠᠨ ᠨᠥᠬᠥᠪᠦᠷᠢᠯᠡᠬᠦ ᠬᠡᠷᠡᠭᠲᠡᠢ᠃ ᠶᠡᠷᠦᠩᠬᠡᠢ ᠱᠦᠵᠢ ᠰᠢ᠎ᠶᠢᠨ ᠫᠢᠩ ᠵᠢᠶᠠᠩᠰᠤ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ᠎ᠳᠠᠭᠠᠨ ᠬᠡᠯᠡᠭᠰᠡᠨᠴᠢᠯᠡᠨ᠂ 《ᠰᠢᠨ᠎ᠡ ᠪᠠᠢᠳᠠᠯ ᠳᠣᠣᠷᠠᠬᠢ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠰᠢᠨ᠎ᠡ ᠬᠦᠰᠡᠯ ᠡᠷᠡᠮᠡᠯᠵᠡᠯ ᠪᠣᠯᠣᠨ ᠠᠷᠠᠳ᠎ᠤᠨ ᠠᠮᠢᠳᠤᠷᠠᠯ᠎ᠤᠨ ᠠᠵᠢᠯ᠎ᠤᠨ ᠰᠢᠨ᠎ᠡ ᠣᠨᠴᠠᠯᠢᠭ᠋᠎ᠢ ᠣᠨᠣᠪᠴᠢᠲᠠᠢ ᠡᠵᠡᠮᠳᠡᠬᠦ ᠬᠡᠷᠡᠭᠲᠡᠢ》᠃
ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ᠎ᠶᠢ ᠴᠢᠬᠤᠯᠠᠴᠢᠯᠠᠵᠤ ᠪᠠᠢᠭ᠎ᠠ ᠨᠢ ᠣᠳᠣᠬᠠᠨ᠎ᠤ 《ᠠᠷᠠᠳ᠎ᠤᠨ ᠠᠮᠢᠳᠤᠷᠠᠯ᠎ᠤᠨ ᠳᠠᠩᠰᠠ》 ᠶ᠋ᠢ ᠪᠤᠳᠤᠵᠤ ᠪᠠᠢᠭ᠎ᠠ ᠪᠡᠷ ᠪᠠᠷᠠᠬᠤ ᠦᠭᠡᠢ᠂ ᠨᠡᠩ ᠴᠤ᠌ ᠠᠯᠤᠰ ᠬᠡᠳᠦ᠎ᠶᠢᠨ 《ᠬᠥᠭᠵᠢᠯᠲᠡ᠎ᠶᠢᠨ ᠳᠠᠩᠰᠠ》 ᠶ᠋ᠢ ᠪᠤᠳᠤᠵᠤ ᠪᠠᠢᠭ᠎ᠠ ᠶᠤᠮ᠃
ᠬᠥᠭᠵᠢᠯᠲᠡ᠎ᠶᠢᠨ ᠵᠢᠮ᠎ᠡ ᠶᠣᠰᠣ᠌᠎ᠡᠴᠡ ᠦᠵᠡᠪᠡᠯ᠂ ᠰᠠᠭᠤᠭᠠᠯᠢ ᠠᠷᠠᠳ᠎ᠤᠨ ᠣᠷᠣᠯᠭ᠎ᠠ᠎ᠶᠢ ᠳᠡᠭᠡᠭᠰᠢᠯᠡᠭᠦᠯᠬᠦ ᠪᠣᠯ 《ᠳᠤᠮᠳᠠ ᠵᠡᠷᠭᠡ᠎ᠶᠢᠨ ᠣᠷᠣᠯᠭ᠎ᠠ᠎ᠶᠢᠨ ᠤᠨᠠᠭᠤᠯᠢ》 ᠡᠴᠡ ᠦᠰᠦᠷᠦᠨ ᠭᠠᠷᠴᠤ᠂ ᠥᠨᠳᠥᠷ ᠣᠷᠣᠯᠭ᠎ᠠ᠎ᠲᠠᠢ ᠤᠯᠤᠰ ᠲᠡᠢᠰᠢ ᠤᠷᠤᠭᠰᠢᠯᠠᠬᠤ ᠵᠢᠨ ᠵᠠᠪᠠᠯ ᠶᠠᠪᠤᠬᠤ ᠵᠠᠮ ᠮᠥᠨ᠃ ᠵᠦᠢ ᠵᠣᠬᠢᠰᠲᠠᠢ ᠳᠤᠮᠳᠠ ᠵᠡᠷᠭᠡ᠎ᠶᠢᠨ ᠣᠷᠣᠯᠭ᠎ᠠ᠎ᠲᠠᠢ ᠬᠦᠮᠦᠰ᠎ᠤᠨ ᠬᠡᠪᠴᠢᠶ᠎ᠡ᠎ᠶᠢ ᠪᠦᠷᠢᠯᠳᠦᠭᠦᠯᠵᠦ᠂ ᠰᠠᠭᠤᠭᠠᠯᠢ ᠠᠷᠠᠳ᠎ᠤᠨ ᠣᠷᠣᠯᠭ᠎ᠠ᠎ᠶᠢᠨ ᠲᠦᠪᠰᠢᠨ ᠪᠣᠯᠣᠨ ᠠᠵᠤ ᠠᠬᠤᠢ᠎ᠶᠢᠨ ᠬᠥᠭᠵᠢᠯᠲᠡ᠎ᠶᠢᠨ ᠲᠦᠪᠰᠢᠨ᠎ᠢ ᠵᠡᠷᠭᠡ᠎ᠪᠡᠷ ᠳᠡᠭᠡᠭᠰᠢᠯᠡᠭᠦᠯᠵᠦ ᠴᠢᠳᠠᠬᠤ ᠡᠰᠡᠬᠦ ᠨᠢ ᠨᠡᠢᠭᠡᠮ᠎ᠦᠨ ᠪᠦᠲᠦᠴᠡ᠎ᠶᠢᠨ ᠲᠣᠭᠲᠠᠪᠤᠷᠢᠲᠤ ᠴᠢᠨᠠᠷ ᠪᠣᠯᠣᠨ ᠠᠯᠤᠰ ᠭᠡᠳᠤ᠎ᠶᠢᠨ ᠬᠥᠭᠵᠢᠯᠲᠡ᠎ᠶᠢᠨ ᠰᠡᠯᠭᠦᠬᠦ ᠬᠦᠴᠦᠨ᠎ᠲᠠᠢ ᠬᠣᠯᠪᠣᠭᠳᠠᠵᠤ ᠪᠠᠢᠳᠠᠭ᠎ᠢ ᠤᠯᠠᠨ ᠤᠯᠤᠰ᠎ᠤᠨ ᠲᠤᠷᠰᠢᠯᠭ᠎ᠠ ᠭᠡᠷᠡᠴᠢᠯᠡᠭᠰᠡᠨ ᠪᠠᠢᠨ᠎ᠠ᠃
ᠬᠥᠭ᠌ᠵᠢᠯᠲᠡ᠎ᠶ᠋ᠢᠨ ᠬᠡᠷᠡᠭ᠌ᠴᠡᠭᠡ᠎ᠡᠴᠡ ᠦᠵᠡᠪᠡᠯ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ ᠪᠠᠢᠭ᠎ᠠ ᠠᠬᠤᠶ ᠪᠠᠢᠳᠠᠯ ᠳᠤᠤᠷ᠎ᠠ᠂ ᠠᠵᠤ ᠠᠬᠤᠶ᠎ᠶ᠋ᠢᠨ ᠨᠡᠮᠡᠭ᠌ᠳᠡᠯ᠎ᠳᠦ ᠦᠵᠡᠭᠦᠯᠬᠦ᠌ ᠬᠡᠷᠡᠭ᠌ᠯᠡᠭᠡ᠎ᠶ᠋ᠢᠨ ᠳᠠᠢᠴᠢᠯᠠᠬᠤ ᠦᠢᠯᠡᠳᠦᠯ ᠡᠳᠦᠷ ᠢᠷᠡᠬᠦᠶ᠎ᠡ ᠲᠣᠪᠣᠢᠮ᠎ᠠ ᠪᠣᠯᠵᠣ ᠪᠠᠢᠨ᠎ᠠ᠃ ᠭᠠᠭ᠍ᠴᠠ ᠬᠦ᠌ ᠠᠷᠠᠳ ᠣᠯᠠᠨ᠎ᠤ ᠤᠷᠤᠯᠭ᠎ᠠ ᠶ᠋ᠢ ᠨᠡᠮᠡᠭ᠌ᠳᠡᠭᠦᠯᠪᠡᠯ ᠰᠠᠶᠢ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢ ᠦᠨᠡᠨ ᠬᠦ᠌ 《ᠠᠮᠢᠳᠤᠯᠢᠭᠵᠢᠭᠤᠯᠵᠤ》᠂ ᠬᠡᠷᠡᠭ᠌ᠴᠡᠭᠡ᠎ᠪᠡᠷ ᠬᠠᠩᠭᠠᠯᠭ᠎ᠠ᠎ᠶ᠋ᠢ ᠬᠥᠲᠥᠯᠥᠨ ᠳᠠᠭᠠᠭᠤᠯᠬᠤ᠂ ᠬᠠᠩᠭᠠᠯᠭ᠎ᠠ᠎ᠪᠠᠷ ᠬᠡᠷᠡᠭ᠌ᠴᠡᠭᠡ᠎ᠶ᠋ᠢ ᠡᠭᠦᠳᠬᠦ᠌ ᠰᠠᠢᠨ ᠡᠷᠬᠢᠯᠳᠡ᠎ᠵᠢ ᠪᠣᠶ ᠪᠣᠯᠭᠠᠵᠤ᠂ ᠡᠭᠦᠨ᠎ᠦ ᠤᠯᠠᠮ ᠡᠴᠡ ᠨᠠᠷᠢᠨ ᠪᠤᠳᠤᠯᠢᠶᠠᠨᠲᠠᠶ ᠣᠯᠠᠨ ᠤᠯᠤᠰ᠎ᠤᠨ ᠣᠷᠴᠢᠨ ᠲᠤᠭᠤᠷᠢᠨ᠎ᠳᠦ ᠮᠠᠨ᠎ᠤ ᠤᠯᠤᠰ᠎ᠤᠨ ᠠᠵᠤ ᠠᠬᠤᠶ᠎ᠶ᠋ᠢᠨ ᠠᠶᠤᠯ ᠲᠦᠭ᠌ᠰᠢᠭᠦᠷᠢ᠎ᠶ᠋ᠢ ᠨᠠᠩ ᠰᠠᠢᠲᠤᠷ ᠡᠰᠡᠷᠭᠦᠴᠡᠨ ᠬᠣᠷᠢᠭ᠍ᠯᠠᠵᠤ᠂ ᠲᠣᠭ᠍ᠲᠠᠭᠤᠨ᠎ᠢᠶᠠᠷ ᠠᠯᠤᠰ᠎ᠢ ᠵᠣᠷᠢᠨ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠵᠤ ᠴᠢᠳᠠᠨ᠎ᠠ᠃
《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭ᠎ᠠ ᠪᠣᠯ ᠰᠠᠭᠤᠷᠢ᠎ᠶ᠋ᠢ ᠪᠡᠬᠢᠵᠢᠭᠦᠯᠵᠦ᠍᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠂ ᠪᠠᠰᠠ ᠴᠤ᠌ ᠪᠦᠬᠦ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠯᠠᠪᠳᠠᠭᠤᠨ ᠪᠠᠲᠤᠲᠠᠢ ᠠᠯᠬᠤᠮ᠎ᠢ ᠠᠯᠬᠤᠬᠤ ᠴᠢᠬᠤᠯᠠ ᠬᠤᠭᠤᠴᠠᠭ᠎ᠠ ᠮᠥᠨ᠃ ᠱᠢᠨ᠎ᠡ ᠪᠠᠢᠳᠠᠯ᠂ ᠱᠢᠨ᠎ᠡ ᠡᠭᠦᠷᠭᠡ᠎ᠶ᠋ᠢᠨ ᠡᠮᠦᠨ᠎ᠡ᠂ ᠨᠡᠩ ᠴᠤ᠌ ᠤᠨᠢᠨ ᠳᠡᠭᠡᠷ᠎ᠡ ᠨᠢ ᠬᠦᠴᠦᠯᠡᠵᠦ᠍᠂ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭ᠌ᠲᠡᠢ᠃
ᠢᠷᠡᠭᠡᠳᠦᠢ᠎ᠶ᠋ᠢ ᠪᠠᠷᠠᠯᠠᠬᠤᠶ᠎ᠠ᠂ ᠴᠢᠨᠠᠷ ᠰᠠᠢᠲᠠᠢ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠪᠠᠲᠤ ᠡᠵᠡᠮᠳᠡᠵᠦ᠍᠂ 《ᠪᠣᠭᠣᠷᠰᠣᠭ》 ᠢ᠋ ᠪᠤᠵᠠᠭᠠᠢᠷᠠᠭᠤᠯᠤᠨ ᠰᠠᠢᠲᠤᠷ ᠬᠢᠬᠦ᠌ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ ᠬᠡᠷᠡᠭ᠌ᠲᠡᠢ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠎ᠳᠠᠬᠢ 《ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠪᠣᠯᠤᠨ ᠠᠵᠤ ᠠᠬᠤᠶ᠎ᠶ᠋ᠢᠨ ᠨᠡᠮᠡᠭ᠌ᠳᠡᠯ᠎ᠢ ᠵᠡᠷᠭᠡ᠎ᠳᠦᠨᠢ ᠪᠠᠢᠯᠭᠠᠵᠤ᠂ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠎ᠶ᠋ᠢᠨ ᠳᠡᠭᠡᠭ᠌ᠰᠢᠯᠡᠯᠲᠡ ᠪᠣᠯᠤᠨ ᠬᠥᠳᠡᠯᠮᠦᠷᠢ ᠦᠢᠯᠡᠳᠪᠦᠷᠢᠯᠡᠯ᠎ᠦᠨ ᠨᠣᠷᠮ᠎ᠠ᠎ᠶ᠋ᠢᠨ ᠳᠡᠭᠡᠭ᠌ᠰᠢᠯᠡᠯᠲᠡ᠎ᠶ᠋ᠢ ᠵᠡᠷᠭᠡ᠎ᠳᠦᠨᠢ ᠪᠠᠢᠯᠭᠠᠬᠤ》 ᠭᠡᠰᠡᠨ ᠥᠭᠦᠯᠡᠯᠲᠡ ᠪᠣᠯ ᠤᠯᠤᠰ ᠡᠴᠡ ᠲᠦᠭ ᠲᠦᠮᠡᠨ ᠠᠷᠠᠳ ᠲᠦᠮᠡᠨ᠎ᠳᠦ ᠠᠮᠠᠯᠳᠠᠭ᠍ᠰᠠᠨ ᠲᠥᠪ ᠴᠢᠩᠭ᠎ᠠ ᠠᠮᠠᠯᠠᠯᠲᠠ ᠪᠣᠯᠬᠤ ᠪᠥᠭᠡᠳ ᠮᠥᠨ ᠴᠦ᠍ ᠬᠥᠭ᠌ᠵᠢᠯᠲᠡ᠎ᠶ᠋ᠢᠨ ᠶᠠᠰᠤ ᠴᠢᠨᠠᠷ᠎ᠢ ᠱᠢᠯᠭᠠᠬᠤ ᠵᠠᠩᠭᠢᠯᠠᠭ᠎ᠠ᠎ᠶ᠋ᠢᠨ ᠬᠡᠮᠵᠢᠭᠦᠷ ᠪᠣᠯᠤᠨ᠎ᠠ᠃
ᠡᠭᠦᠨ᠎ᠦ ᠬᠠᠮᠲᠤ᠂ 《ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌》 ᠶ᠋ᠢ ᠠᠩᠬ᠎ᠠ ᠤᠳᠠᠭ᠎ᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠪᠢᠴᠢᠵᠦ᠍ ᠣᠷᠣᠭᠤᠯᠤᠭ᠍ᠰᠠᠨ ᠨᠢ ᠪᠠᠰᠠ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠵᠢ ᠠᠬᠢᠭᠤᠯᠬᠤ᠎ᠳᠦ ᠨᠠᠩ ᠣᠷᠳᠣ ᠬᠤᠭᠤᠴᠠᠭᠠᠨ᠎ᠤ ᠪᠦᠬᠡᠳ ᠱᠢᠰᠲ᠋ᠧᠮ᠎ᠲᠡᠶ ᠲᠦᠷᠢᠮ᠎ᠦᠨ ᠴᠢᠨᠠᠷᠲᠠᠶ ᠲᠣᠬᠢᠷᠠᠭᠤᠯᠤᠯᠲᠠ ᠲᠠᠢ ᠪᠤᠯᠤᠬᠰᠠᠨ᠎ᠢ ᠬᠠᠷᠠᠭᠤᠯᠵᠤ ᠪᠠᠢᠨ᠎ᠠ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ 《ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠬᠡᠪᠴᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠬᠦ᠌》᠂ 《ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠂ ᠢᠷᠡᠭᠡᠳᠦᠶ᠎ᠶ᠋ᠢᠨ ᠠᠵᠤ ᠦᠶ᠋ᠯᠡᠰ᠎ᠢ ᠬᠦᠭᠵᠢᠬᠦᠯᠬᠦ ᠲᠣᠭᠣᠷᠢᠨ᠎ᠳᠤ ᠱᠢᠨ᠎ᠡ ᠠᠵᠢᠯ ᠮᠡᠷᠭᠡᠵᠢᠯ ᠱᠢᠨ᠎ᠡ ᠠᠵᠢᠯ᠎ᠤᠨ ᠪᠠᠢᠷᠢ᠎ᠶ᠋ᠢ ᠪᠣᠢᠵᠢᠭᠤᠯᠬᠤ》 ᠡᠴᠡ ᠠᠪᠤᠭᠠᠳ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ 《ᠭᠤᠤᠯᠳᠠᠯᠭ᠎ᠠ᠎ᠲᠠᠶ ᠬᠥᠮᠦᠰ᠎ᠲᠦ ᠠᠩᠬᠠᠷᠤᠯ᠎ᠢᠶᠠᠨ ᠲᠥᠪᠯᠡᠷᠡᠭᠦᠯᠦᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠣᠨᠣᠴᠠᠳᠠᠢ ᠬᠡᠷᠡᠭ᠌ᠵᠢᠭᠦᠯᠬᠦ᠌》᠂ 《ᠮᠡᠷᠭᠡᠵᠢᠯ᠎ᠦᠨ ᠠᠵᠢᠯᠲᠠᠨ᠎ᠤ ᠴᠠᠯᠢᠩ ᠬᠥᠯᠥᠰᠥ᠍ ᠪᠠ ᠤᠷ᠎ᠠ ᠴᠢᠳᠠᠪᠤᠷᠢ᠎ᠶ᠋ᠢᠨ 〈ᠬᠤᠤᠰ ᠳᠡᠭᠡᠭ᠌ᠰᠢᠯᠡᠯᠲᠡ〉᠎ᠶ᠋ᠢ ᠠᠬᠢᠭᠤᠯᠬᠤ》 ᠬᠦᠷᠳᠡᠯ᠎ᠡ ᠁ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠨᠢ ᠠᠷᠠᠳ ᠣᠯᠠᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌ ᠵᠠᠮ᠎ᠢ ᠤᠯᠠᠮ ᠨᠢᠭᠡ ᠠᠯᠬᠤᠮ ᠥᠷᠭᠡᠳᠭᠡᠬᠦ᠌ ᠪᠣᠯᠤᠨ᠎ᠠ᠃
ᠢᠷᠡᠭᠡᠳᠦᠢ᠎ᠶ᠋ᠢ ᠪᠠᠷᠠᠯᠠᠬᠤᠶ᠎ᠠ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 《ᠪᠣᠭᠣᠷᠰᠣᠭ》 ᠢ᠋ ᠰᠠᠢᠲᠤᠷ ᠬᠤᠪᠢᠶᠠᠬᠤ ᠲᠠᠯ᠎ᠠ᠎ᠪᠠᠷ ᠱᠢᠨ᠎ᠡ ᠦᠷ᠎ᠡ ᠪᠦᠲᠦᠮᠵᠢ ᠤᠯᠬᠤ ᠬᠡᠷᠡᠭ᠌ᠲᠡᠢ᠃
ᠵᠧᠵᠢᠶᠠᠩ ᠶᠠᠭ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠬᠠᠮᠲᠤ᠎ᠪᠠᠷ ᠪᠠᠶᠠᠵᠢᠬᠤ ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠵᠤ ᠪᠠᠢᠨ᠎ᠠ᠃ ᠵᠧᠵᠢᠶᠠᠩ ᠮᠤᠵᠢ᠎ᠶ᠋ᠢᠨ ᠵᠢᠶᠠᠱᠢᠩ ᠬᠣᠲᠠ᠎ᠶ᠋ᠢᠨ 2025 ᠣᠨ᠎ᠤ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠬᠠᠷᠢᠴᠠᠯ᠎ᠨᠢ 1.48 ᠪᠠᠢᠵᠤ᠂ ᠪᠥᠬᠥ᠌ ᠤᠯᠤᠰ᠎ᠤᠨ ᠲᠦᠪᠱᠢᠨ᠎ᠡᠴᠡ ᠬᠣᠯᠠ ᠳᠤᠤᠷ᠎ᠠ ᠪᠠᠢᠨ᠎ᠠ᠃ ᠡᠨᠡ ᠵᠢᠯ᠎ᠦᠨ ᠱᠢᠨ᠎ᠡ ᠵᠢᠯ᠎ᠦᠨ ᠱᠢᠨ᠎ᠡ᠎ᠶ᠋ᠢᠨ ᠨᠢᠭᠡᠨ᠎ᠳᠦ᠂ ᠵᠢᠶᠠᠱᠢᠩ᠎ᠤᠨ ᠵᠢᠶᠠ ᠱᠠᠨ ᠱᠢᠶᠠᠨ᠎ᠤ ᠶᠢᠤ ᠵᠢᠶᠠ ᠲᠣᠰᠭᠣᠨ᠎ᠤ ᠬᠤᠪᠢ ᠣᠷᠣᠭᠤᠯᠤᠭ᠍ᠴᠢ ᠮᠥᠷᠯᠡᠨ ᠬᠦᠯᠢᠶᠡᠵᠤ 《ᠵᠢᠯ᠎ᠦᠨ ᠡᠬᠢᠨ᠎ᠤ ᠤᠯᠠᠭᠠᠨ ᠪᠠᠭᠯᠠᠭ᠎ᠠ》 ᠪᠠᠨ ᠠᠪᠴᠤ᠌ ᠪᠠᠢᠭᠰᠠᠨ ᠦᠵᠡᠭᠳᠡᠯ ᠨᠢ ᠬᠥᠮᠦᠰ᠎ᠲᠦ ᠭᠦᠨ ᠰᠠᠭᠤᠭ᠍ᠳᠠᠯ ᠦᠯᠡᠳᠡᠭᠡᠵᠡᠶ᠃ ᠡᠲᠡᠭᠡᠷ ᠵᠢᠯ᠎ᠦᠳ᠎ᠲᠦ᠂ ᠲᠣᠰᠭᠣᠨ᠎ᠨᠢ ᠳᠦᠷᠦᠯ ᠲᠡᠮᠳᠡᠭ᠌ᠲᠦ ᠬᠤᠳᠠᠯᠳᠤᠭᠠᠨ᠎ᠤ ᠳᠡᠯᠭᠡᠭᠦᠷ᠎ᠢ ᠣᠷᠣᠭᠤᠯᠤᠨ ᠠᠪᠴᠢᠷᠠᠬᠤ᠂ ᠬᠤᠳᠠᠯᠳᠤᠭᠠᠨ᠎ᠳᠦ ᠬᠡᠷᠡᠭ᠌ᠯᠡᠬᠦ᠌ ᠭᠠᠵᠠᠷ ᠰᠢᠷᠦᠢ᠎ᠵᠢ ᠨᠡᠭᠡᠭᠡᠨ ᠠᠱᠢᠭ᠍ᠯᠠᠬᠤ᠎ᠪᠠᠷ ᠳᠠᠮᠵᠢᠨ ᠠᠰᠢᠭ ᠤᠷᠤᠯᠭ᠎ᠠ ᠬᠤᠪᠢᠶᠠᠬᠰᠠᠨ᠎ᠢᠶᠡᠷ ᠪᠠᠷᠠᠬᠤ ᠥᠬᠡᠶ ᠪᠠᠰᠠ ᠬᠠᠭᠠᠰ ᠣᠷᠣᠯᠭ᠎ᠠ᠎ᠶ᠋ᠢ ᠴᠡᠴᠡᠷᠯᠢᠭ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ ᠵᠡᠷᠭᠡ ᠠᠷᠠᠳ᠎ᠤᠨ ᠠᠮᠢᠳᠤᠷᠠᠯ᠎ᠤᠨ ᠲᠦᠷᠦᠯ ᠵᠦᠢᠯ᠎ᠳᠦ ᠬᠡᠷᠡᠭ᠌ᠯᠡᠵᠦ᠍᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢ ᠱᠢᠯᠢᠳᠡᠭ᠌ᠵᠢᠭᠦᠯᠬᠦ᠌ ᠠᠮᠢᠳᠤᠯᠢᠭ ᠦᠶ᠋ᠯᠡᠳᠦᠯᠭᠡ ᠪᠣᠯᠭᠠᠭ᠍ᠰᠠᠨ ᠪᠠᠢᠨ᠎ᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠎ᠳᠤ ᠠᠯᠢ ᠤᠯᠠᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠪᠠ᠄ ᠠᠩᠬᠠᠨ᠎ᠤ ᠬᠤᠪᠢᠶᠠᠷᠢᠯᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠲᠦᠷᠦᠯ᠎ᠦᠨ ᠡᠯᠧᠮᠧᠨ᠋ᠲ᠎ᠤᠨ ᠬᠤᠪᠢ ᠨᠡᠮᠡᠷᠢ ᠵᠢ ᠵᠠᠬ᠎ᠠ ᠳᠡᠯᠭᠡᠭᠦᠷ ᠡᠴᠡ ᠦᠨᠡᠯᠡᠬᠦ᠌᠂ ᠬᠤᠪᠢ ᠨᠡᠮᠡᠷᠢ᠎ᠪᠡᠷ ᠨᠢ ᠬᠥᠯᠥᠰᠥ᠍ ᠣᠯᠭᠣᠮᠵᠢ᠎ᠶ᠋ᠢ ᠲᠣᠭ᠍ᠲᠠᠭᠠᠬᠤ ᠠᠩᠬᠠᠨ᠎ᠤ ᠬᠤᠪᠢᠶᠠᠷᠢᠯᠠᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠬᠦᠯᠵᠤ᠂ ᠢᠯᠡᠭᠦᠦ ᠬᠥᠳᠡᠯᠮᠦᠷᠢᠯᠡᠭ᠌ᠰᠡᠳᠲᠦ ᠢᠯᠡᠭᠦᠦ ᠣᠯᠭᠣᠬᠤ᠂ ᠮᠡᠷᠭᠡᠵᠢᠯ ᠥᠨᠳᠥᠷ ᠬᠥᠮᠦᠰ᠎ᠲᠦ ᠢᠯᠡᠭᠦᠦ ᠣᠯᠭᠣᠬᠤ᠂ ᠱᠢᠨ᠎ᠡ᠎ᠶ᠋ᠢ ᠡᠭᠦᠳᠦᠭ᠌ᠴᠢ᠎ᠳᠦ ᠢᠯᠡᠭᠦᠦ ᠣᠯᠭᠣᠬᠤ᠎ᠶ᠋ᠢ ᠠᠬᠢᠭᠤᠯᠤᠨ᠎ᠠ; ᠲᠠᠬᠢᠨ ᠬᠤᠪᠢᠶᠠᠷᠢᠯᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠠᠢᠯᠢ᠂ ᠨᠡᠢᠭᠡᠮ᠎ᠦᠨ ᠪᠠᠲᠤᠯᠠᠭ᠎ᠠ᠂ ᠡᠳ᠋᠎ᠤᠨ ᠵᠠᠰᠠᠭ ᠡᠴᠡ ᠱᠢᠯᠵᠢᠭᠦᠯᠦᠨ ᠥᠭ᠌ᠬᠦ ᠵᠡᠷᠭᠡ ᠲᠠᠬᠢᠨ ᠬᠤᠪᠢᠶᠠᠷᠢᠯᠠᠯᠲᠠ᠎ᠶ᠋ᠢᠨ ᠲᠤᠬᠢᠷᠠᠭᠤᠯᠤᠯᠳᠠ᠎ᠶ᠋ᠢ ᠴᠢᠩᠭᠠᠳᠭᠠᠵᠤ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠦᠨ᠎ᠡ; ᠭᠤᠷᠪᠠᠳᠤᠭᠠᠷ ᠤᠳᠠᠭᠠᠨ᠎ᠤ ᠬᠤᠪᠢᠶᠠᠷᠢᠯᠠᠯᠲᠠ᠎ᠶ᠋ᠢᠨ ᠦᠶ᠋ᠯᠡᠳᠦᠯ᠎ᠢ ᠨᠠᠩ ᠰᠠᠢᠳᠤᠷ ᠪᠠᠳᠠᠷᠠᠭᠤᠯᠵᠤ᠂ ᠨᠡᠢᠲᠡ᠎ᠶ᠋ᠢᠨ ᠠᠰᠠᠷᠠᠮᠵᠢ᠎ᠶ᠋ᠢᠨ ᠨᠢᠭᠦᠯᠡᠰᠦᠩᠭᠦᠶ᠎ᠶ᠋ᠢᠨ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠤᠨ ᠵᠢᠷᠤᠮᠵᠢᠭᠤᠯᠵᠤ᠂ ᠨᠢᠭᠦᠯᠡᠰᠦᠩᠭᠦᠶ᠎ᠶ᠋ᠢᠨ ᠦᠶ᠋ᠯᠡᠰ᠎ᠦᠨ ᠪᠦᠲᠦᠮᠵᠢᠲᠡᠶ ᠪᠡᠶᠡᠯᠡᠭ᠌ᠳᠡᠬᠦ᠌ ᠬᠡᠯᠪᠡᠷᠢ᠎ᠶ᠋ᠢ ᠰᠦᠪᠡᠭ᠌ᠴᠢᠯᠡᠨ᠎ᠡ ᠁
ᠢᠷᠡᠭᠡᠳᠦᠢ᠎ᠶ᠋ᠢ ᠪᠠᠷᠠᠯᠠᠬᠤᠶ᠎ᠠ᠂ 《ᠳᠤᠮᠳᠠ ᠵᠡᠷᠭᠡ᠎ᠶᠢᠨ ᠤᠷᠤᠯᠭ᠎ᠠ ᠲᠠᠢ ᠬᠦᠮᠦᠰ᠎ᠢ ᠤᠯᠠᠰᠢᠷᠠᠭᠤᠯᠵᠤ ᠤᠷᠤᠯᠭ᠎ᠠ ᠪᠠᠭᠠᠲᠠᠢ ᠬᠦᠮᠦᠰ᠎ᠤᠨ ᠤᠷᠤᠯᠭ᠎ᠠ ᠵᠢ ᠨᠡᠮᠡᠭᠳᠡᠬᠦᠯᠬᠦ》 ᠶ᠋ᠢᠨ ᠬᠠᠮᠲᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠣᠣᠷ᠎ᠢ ᠪᠠᠲᠤ ᠰᠦᠯᠵᠢᠵᠦ᠍᠂ ᠨᠡᠩ ᠤᠯᠠᠨ ᠰᠠᠭᠤᠭᠠᠯᠢ ᠠᠷᠠᠳ᠎ᠢ ᠵᠣᠷᠢᠭ᠍ᠲᠠᠢ᠎ᠪᠠᠷ ᠬᠡᠷᠡᠭ᠌ᠯᠡᠭᠡ ᠬᠢᠬᠦ᠌᠂ ᠳᠤᠷᠠᠲᠠᠶ᠎ᠠ ᠬᠡᠷᠡᠭ᠌ᠯᠡᠭᠡ ᠬᠢᠬᠦ᠌ ᠪᠣᠯᠭᠠᠬᠤ ᠬᠡᠷᠡᠭᠳᠡᠢ᠃
ᠳᠤᠮᠳᠠ ᠵᠡᠷᠭᠡ᠎ᠶ᠋ᠢᠨ ᠣᠷᠣᠯᠭ᠎ᠠ᠎ᠲᠠᠶ ᠬᠦᠮᠦᠰ᠎ᠤᠨ ᠬᠡᠪᠴᠢᠶ᠎ᠡ᠎ᠶ᠋ᠢ ᠲᠣᠭ᠍ᠲᠠᠭᠤᠨ᠎ᠢᠶᠠᠷ ᠥᠷᠭᠡᠳᠭᠡᠵᠦ᠍᠂ ᠳᠤᠮᠳᠠᠬᠢ ᠨᠢ ᠶᠡᠬᠡ᠂ ᠬᠣᠶᠠᠷ ᠦᠵᠦᠭᠦᠷ ᠨᠢ ᠪᠠᠭ᠎ᠠ ᠪᠦᠬᠦᠢ ᠠᠷᠤᠷ᠎ᠠ᠎ᠶ᠋ᠢᠨ ᠬᠡᠯᠪᠡᠷᠢ᠎ᠶ᠋ᠢᠨ ᠬᠤᠪᠢᠶᠠᠷᠢᠯᠠᠯᠲᠠ᠎ᠶ᠋ᠢᠨ ᠪᠠᠢᠷᠢᠱᠢᠯ᠎ᠢ ᠪᠤᠢ ᠪᠣᠯᠭᠠᠬᠤ᠎ᠶ᠋ᠢ ᠠᠬᠢᠭᠤᠯᠬᠤ ᠪᠣᠯ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌ ᠪᠦᠲᠦᠮᠵᠢᠲᠡᠢ ᠠᠷᠭ᠎ᠠ ᠵᠠᠮ ᠮᠥᠨ᠃ ᠣᠳᠣᠬᠠᠨ᠎ᠳᠤ᠂ ᠮᠠᠨ᠎ᠤ ᠤᠯᠤᠰ᠎ᠤᠨ ᠳᠤᠮᠳᠠ ᠵᠡᠷᠭᠡ᠎ᠶ᠋ᠢᠨ ᠣᠷᠣᠯᠭ᠎ᠠ᠎ᠲᠠᠶ ᠬᠥᠮᠦᠰ᠎ᠦᠨ ᠬᠡᠪᠴᠢᠶ᠎ᠡ ᠨᠢᠭᠡᠨᠲᠡ 4 ᠳ᠋ᠦᠩᠱᠢᠭᠤᠷ᠎ᠢ ᠳᠠᠪᠠᠵᠤ᠂ ᠢᠷᠡᠭᠡᠳᠦᠶ᠎ᠶ᠋ᠢᠨ 10 ᠭᠠᠷᠤᠶ ᠵᠢᠯ᠎ᠳᠦ 8 ᠳ᠋ᠦᠩᠱᠢᠭᠤᠷ ᠬᠥᠮᠦᠨ᠎ᠢ ᠳᠠᠪᠠᠬᠤ ᠪᠣᠯᠤᠮᠵᠢᠲᠠᠶ ᠪᠠᠢᠨ᠎ᠠ᠃
ᠡᠨᠡ ᠵᠢᠯ᠎ᠦᠨ 《ᠤᠯᠤᠰ᠎ᠤᠨ ᠲᠠᠩᠰᠠᠨ ᠳᠡᠪᠲᠡᠷ》 ᠢ᠋ ᠤᠷᠪᠠᠭᠤᠯᠵᠤ ᠦᠵᠡᠪᠡᠯ᠂ ᠠᠯᠢ ᠤᠯᠠᠨ ᠳᠤᠬᠢᠷᠠᠭᠤᠯᠤᠯᠳᠠ ᠨᠢ ᠲᠣᠳᠣᠷᠬᠠᠶ ᠳᠣᠬᠢᠶ᠎ᠠ ᠵᠢ ᠳᠠᠮᠵᠢᠭᠤᠯᠪᠠ᠄ ᠲᠥᠪ᠎ᠦᠨ ᠡᠳ᠋᠎ᠦᠨ ᠵᠠᠰᠠᠭ ᠡᠴᠡ ᠱᠢᠯᠵᠢᠭᠦᠯᠦᠨ ᠥᠭ᠌ᠬᠦ᠎ᠪᠡᠷ ᠲᠣᠬᠢᠷᠠᠭᠤᠯᠤᠭ᠍ᠰᠠᠨ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠌ 1.25 ᠲᠦᠮᠡᠨ ᠳ᠋ᠦᠩᠱᠢᠭᠤᠷ ᠲᠥᠭᠥᠷᠢᠭ᠎ᠲᠦ ᠭᠦᠷᠴᠡᠢ; ᠰᠠᠭᠤᠭᠠᠯᠢ ᠠᠷᠠᠳ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠬᠥᠮᠦᠨ ᠳᠤᠮᠳᠠᠴᠢ ᠳ᠋ᠤ ᠦᠭᠬᠦ ᠡᠳ᠋᠎ᠦᠨ ᠵᠠᠰᠠᠭ᠎ᠤᠨ ᠨᠥᠬᠥᠪᠥᠷᠢ᠎ᠶ᠋ᠢᠨ ᠪᠠᠷᠢᠮᠵᠢᠶ᠎ᠠ 24 ᠲᠥᠭᠥᠷᠢᠭ ᠨᠡᠮᠡᠭᠳᠡᠪᠡ; ᠰᠤᠷᠬᠤ ᠨᠠᠰᠤᠨ ᠡᠴᠡ ᠡᠮᠦᠨᠡᠬᠢ ᠨᠢᠭᠡ ᠵᠢᠯ᠎ᠳᠦ ᠰᠦᠢᠳᠭᠡᠯ ᠬᠤᠷᠢᠶᠠᠬᠤ ᠦᠭᠡᠶ ᠰᠤᠷᠭᠠᠨ ᠬᠥᠮᠦᠵᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ; ᠰᠤᠷᠭᠠᠨ ᠬᠥᠮᠦᠵᠢᠯ᠂ ᠨᠡᠢᠭᠡᠮ᠎ᠦᠨ ᠪᠠᠲᠤᠯᠠᠭ᠎ᠠ ᠪᠠ ᠠᠵᠢᠯ ᠣᠯᠭᠣᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠣᠷᠣᠨ ᠰᠠᠭᠤᠴᠠ᠎ᠶ᠋ᠢᠨ ᠪᠠᠲᠤᠯᠠᠭ᠎ᠠ ᠵᠡᠷᠭᠡ 4 ᠵᠦᠢᠯ᠎ᠦᠨ ᠵᠠᠷᠤᠯᠭ᠎ᠠ ᠨᠡᠢ᠌ᠳᠡ 12.4 ᠲᠦᠮᠡᠨ ᠳ᠋ᠦᠩᠱᠢᠭᠤᠷ ᠲᠥᠭᠥᠷᠢᠭ᠎ᠢ ᠳᠠᠪᠠᠪᠠ ᠁ ᠡᠳ᠋᠎ᠦᠨ ᠵᠠᠰᠠᠭ᠎ᠤᠨ ᠵᠠᠷᠤᠯᠭ᠎ᠠ᠎ᠶ᠋ᠢᠨ ᠭᠣᠣᠯᠳᠠᠯᠭ᠎ᠠ ᠨᠢ ᠶᠠᠭ 《ᠬᠥᠮᠦᠨ᠎ᠳᠦ ᠪᠡᠯᠡ ᠣᠷᠣᠭᠤᠯᠬᠤ》᠂ ᠠᠷᠠᠳ᠎ᠤᠨ ᠠᠮᠢᠳᠤᠷᠠᠯ᠎ᠢ ᠪᠠᠲᠤᠯᠠᠬᠤ ᠲᠡᠢᠰᠢ ᠦᠷᠭᠦᠯᠵᠢᠯᠡᠨ ᠬᠡᠯᠪᠡᠢᠵᠦ᠍᠂ ᠬᠠᠮᠲᠤ᠎ᠪᠠᠷ ᠪᠠᠶᠠᠵᠢᠬᠤ ᠲᠡᠢᠰᠢ ᠤᠷᠤᠭ᠍ᠰᠢᠯᠠᠬᠤ ᠠᠯᠬᠤᠭ᠎ᠠ ᠨᠡᠩ ᠪᠠᠲᠤ ᠪᠡᠬᠢ ᠪᠣᠯᠪᠠ᠃
ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌ ᠪᠣᠯ ᠨᠢᠭᠡᠨ ᠠᠯᠤᠰ ᠬᠡᠳᠦ᠍᠎ᠶ᠋ᠢᠨ ᠬᠠᠷᠠᠯᠲᠠ ᠮᠥᠨ᠂ ᠨᠢᠭᠡ ᠯᠡ ᠳᠡᠭᠡᠷ᠎ᠡ ᠪᠦᠲᠦᠴᠢᠬᠡᠬᠦ᠌ ᠪᠢᠰᠢ᠂ ᠡᠷᠬᠡᠪᠰᠢ ᠯᠠᠪᠳᠠᠭᠤᠨ ᠪᠠᠲᠤᠲᠠᠢ᠎ᠪᠠᠷ ᠤᠳᠠᠭᠠᠨ ᠳᠠᠭᠠᠭᠠᠮᠠᠭᠠᠢ᠎ᠪᠠᠷ ᠴᠢᠷᠮᠠᠢᠬᠤ ᠬᠡᠷᠡᠭ᠌ᠲᠡᠢ᠃
ᠬᠥᠳᠡᠯᠮᠦᠷᠢᠴᠢᠨ ᠨᠢᠭᠡ ᠪᠦᠷᠢ᠎ᠶ᠋ᠢᠨ ᠤᠷᠤᠯᠭ᠎ᠠ ᠨᠡᠮᠡᠭᠳᠡᠵᠦ᠂ ᠬᠡᠷ ᠪᠦᠯᠢ ᠨᠢᠭᠡ ᠪᠦᠷᠢ᠎ᠶ᠋ᠢᠨ ᠠᠮᠢᠳᠤᠷᠠᠯ ᠥᠭᠡᠳᠡ ᠡᠰᠡᠷᠡᠭ ᠪᠣᠯᠪᠠᠯ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠠᠭᠤᠷᠢ ᠨᠢ ᠤᠯᠠᠮ ᠪᠠᠲᠤ ᠪᠠᠬᠢ ᠪᠣᠯᠵᠣ᠂ ᠪᠥᠬᠥ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠬᠦᠰᠡᠯ ᠨᠡᠩ ᠲᠦᠷᠬᠡᠨ ᠪᠡᠶᠡᠯᠡᠭᠳᠡᠬᠦ ᠶᠤᠮ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 3 ᠰᠠᠷ᠎ᠠ᠎ᠶᠢᠨ 21᠎ᠤ᠋ ᠴᠠᠬᠢᠯᠭᠠᠨ ᠮᠡᠳᠡᠭᠡ)