ᠯᠢ ᠴᠢᠶᠠᠩ ᠴᠠᠬᠢᠯᠭᠠᠨ ᠴᠢᠮᠡᠭᠡ ᠶᠠᠪᠤᠭᠤᠯᠵᠤ ᠰᠦᠩᠰᠠᠢ ᠵᠢᠨ ᠯᠠᠤᠰ᠎ᠤᠨ ᠵᠠᠰᠠᠭ᠎ᠤᠨ ᠣᠷᠳᠣᠨ᠎ᠤ ᠶᠡᠷᠦᠩᠬᠡᠢ ᠰᠠᠢᠳ᠎ᠢᠶᠠᠷ ᠦᠷᠭᠦᠯᠵᠢᠯᠡᠨ ᠰᠣᠩᠭᠣᠭ᠍ᠳᠠᠭ᠍ᠰᠠᠨ᠎ᠳᠤ ᠪᠠᠶᠠᠷ ᠬᠦᠷᠭᠡᠵᠠᠢ
3 ᠰᠠᠷ᠎ᠠ᠎ᠶ᠋ᠢᠨ 23 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠲᠦᠩᠯᠦ᠋ᠨᠳ᠋ᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠯᠠᠤᠰ᠎ᠤᠨ ᠤᠯᠤᠰ᠎ᠤᠨ ᠲᠡᠷᠢᠭᠦᠯᠡᠭ᠌ᠴᠢ᠎ᠪᠡᠷ ᠦᠷᠭᠦᠯᠵᠢᠯᠡᠨ ᠰᠣᠩᠭᠣᠭ᠍ᠳᠠᠭ᠍ᠰᠠᠨ᠎ᠳᠤ ᠪᠠᠶᠠᠷ ᠬᠦᠷᠭᠡᠪᠡ᠃
ᠰᠢ ᠵᠢᠨ ᠫᠢᠩ᠂ ᠳᠤᠮᠳᠠᠳᠤ ᠯᠠᠤᠰ ᠬᠣᠶᠠᠷ ᠤᠯᠤᠰ ᠪᠣᠯ ᠬᠤᠪᠢ ᠵᠠᠶᠠᠭ᠎ᠠ᠎ᠪᠠᠨ ᠬᠠᠮᠲᠤᠳᠭᠠᠭ᠍ᠰᠠᠨ ᠨᠡᠢᠭᠡᠮ ᠵᠢᠷᠤᠮ᠎ᠤᠨ ᠨᠥᠬᠥᠷᠰᠡᠭ ᠬᠥᠷᠰᠢ ᠤᠯᠤᠰ ᠮᠥᠨ᠂ ᠬᠣᠶᠠᠷ ᠲᠠᠯ᠎ᠠ᠎ᠪᠠᠷ᠎ᠢᠶᠠᠨ ᠢᠮᠠᠭ᠍ᠲᠠ ᠦᠨᠡᠨ ᠰᠡᠳᠭᠢᠯ᠎ᠡᠴᠡ᠎ᠪᠡᠨ ᠨᠥᠬᠥᠷᠯᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠲᠤᠰ ᠲᠤᠰ᠎ᠤᠨ᠎ᠢᠶᠠᠨ ᠭᠣᠣᠯᠯᠠᠭ᠍ᠴᠢ ᠠᠱᠢᠭ ᠲᠤᠰᠠ᠎ᠳᠤ ᠬᠣᠯᠪᠣᠭ᠍ᠳᠠᠬᠤ ᠪᠠ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠡᠷᠡᠰ ᠲᠡᠮᠵᠢᠯᠴᠡᠵᠤ᠂ 《ᠨᠥᠬᠥᠷ ᠪᠥᠭᠡᠳ ᠠᠬ᠎ᠠ ᠳᠡᠭᠦᠦ》 ᠵᠢᠨ ᠭᠦᠨ ᠵᠤᠵᠠᠭᠠᠨ ᠨᠥᠬᠥᠷᠯᠡᠯ᠎ᠢ ᠢᠯᠡᠷᠡᠭᠦᠯᠪᠡ᠃ 2026 ᠣᠨ ᠪᠣᠯ ᠳᠤᠮᠳᠠᠳᠤ ᠯᠠᠤᠰ᠎ᠤᠨ ᠬᠠᠷᠢᠯᠴᠠᠭ᠎ᠠ ᠪᠠᠢᠭᠤᠯᠤᠭ᠍ᠰᠠᠨ 65 ᠵᠢᠯ᠎ᠦᠨ ᠤᠢ ᠵᠢᠴᠢ 《ᠳᠤᠮᠳᠠᠳᠤ ᠯᠠᠤᠰ᠎ᠤᠨ ᠨᠥᠬᠥᠷᠯᠡᠯ᠎ᠦᠨ ᠣᠨ》 ᠪᠣᠯᠤᠨ᠎ᠠ᠂ ᠬᠣᠶᠠᠷ ᠲᠠᠯ᠎ᠠ᠎ᠪᠠᠷ᠎ᠢᠶᠠᠨ ᠠᠯᠢ ᠤᠯᠠᠨ ᠪᠡᠯᠭᠡᠯᠡᠬᠦ᠌ ᠠᠵᠢᠯᠯᠠᠭ᠎ᠠ ᠥᠷᠨᠢᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠯᠡᠯ᠎ᠢ ᠵᠤᠵᠠᠭᠠᠳᠭᠠᠬᠤ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ ᠭᠡᠵᠤ ᠵᠢᠭᠠᠵᠤ ᠭᠠᠷᠭᠠᠵᠠᠢ᠃
ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠪᠣᠯᠤᠨ ᠯᠠᠤᠰ᠎ᠤᠨ 《ᠠᠷᠪᠠᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠬᠣᠶᠠᠷ ᠤᠯᠤᠰ ᠴᠥᠮ ᠬᠥᠭ᠌ᠵᠢᠨ ᠮᠠᠨᠳᠤᠬᠤ ᠵᠠᠩᠭᠢᠯᠠᠭ᠎ᠠ᠎ᠶ᠋ᠢᠨ ᠱᠠᠲᠤᠨ᠎ᠳᠤ ᠣᠷᠣᠱᠢᠵᠤ᠂ ᠬᠣᠶᠠᠷ ᠲᠠᠯ᠎ᠠ᠎ᠶ᠋ᠢᠨ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ ᠨᠡᠩ ᠰᠠᠷᠠᠭᠤᠯ ᠠᠭᠤᠳᠠᠮ ᠠᠯᠤᠰ ᠢᠷᠡᠭᠡᠳᠦᠢ᠎ᠪᠡᠨ ᠤᠭ᠍ᠲᠤᠨ ᠠᠪᠴᠤ ᠪᠠᠢᠨ᠎ᠠ᠃ ᠪᠢ ᠳᠤᠮᠳᠠᠳᠤ ᠯᠠᠤᠰ᠎ᠤᠨ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠲᠦᠩᠯᠦ᠋ᠨ᠎ᠲᠠᠢ ᠬᠠᠮᠲᠤ᠎ᠪᠠᠷ ᠴᠢᠷᠮᠠᠢᠵᠤ ᠬᠣᠶᠠᠷ ᠤᠯᠤᠰ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠱᠢᠨ᠎ᠡ ᠵᠢᠷᠤᠭ ᠲᠥᠰᠦᠪ᠎ᠢ ᠵᠢᠷᠤᠭ᠍ᠯᠠᠵᠤ᠂ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠨᠡᠩ ᠥᠨᠳᠥᠷ ᠲᠦᠪᠱᠢᠨ ᠲᠡᠢᠰᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠴᠦ᠍᠂ ᠭᠠᠵᠠᠷ ᠣᠷᠣᠨ᠎ᠤ ᠡᠩᠬᠡ ᠲᠠᠢᠪᠤᠩ ᠪᠣᠯᠤᠨ ᠬᠥᠭ᠌ᠵᠢᠯᠲᠡ᠎ᠳᠦ ᠨᠡᠩ ᠤᠯᠠᠨ ᠠᠱᠢᠭ ᠬᠦᠷᠲᠡᠭᠡᠨ᠎ᠡ ᠭᠡᠵᠦ᠍ ᠴᠢᠬᠤᠯᠠᠴᠢᠯᠠᠵᠠᠢ᠃
ᠲᠤᠰ ᠡᠳᠦᠷ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢᠳ ᠯᠢ ᠴᠢᠶᠠᠩ ᠴᠠᠬᠢᠯᠭᠠᠨ ᠴᠢᠮᠡᠭᠡ ᠶᠠᠪᠤᠭᠤᠯᠵᠤ ᠰᠦᠩᠰᠠᠢ ᠵᠢᠨ ᠯᠠᠤᠰ᠎ᠤᠨ ᠵᠠᠰᠠᠭ᠎ᠤᠨ ᠣᠷᠳᠣᠨ᠎ᠤ ᠶᠡᠷᠦᠩᠬᠡᠢ ᠰᠠᠢᠳ᠎ᠢᠶᠠᠷ ᠦᠷᠭᠦᠯᠵᠢᠯᠡᠨ ᠰᠣᠩᠭᠣᠭ᠍ᠳᠠᠭ᠍ᠰᠠᠨ᠎ᠳᠤ ᠪᠠᠶᠠᠷ ᠬᠦᠷᠭᠡᠵᠦ᠍᠂ ᠳᠤᠷᠠᠲᠠᠶ᠎ᠠ ᠬᠣᠶᠠᠷ ᠲᠠᠯ᠎ᠠ᠎ᠶ᠋ᠢᠨ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ᠎ᠤ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠬᠤ᠎ᠶ᠋ᠢ ᠬᠠᠮᠲᠤ᠎ᠪᠠᠷ ᠵᠢᠯᠣᠭᠣᠳᠴᠤ᠌᠂ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠨᠡᠩ ᠤᠯᠠᠨ ᠡᠯᠪᠡᠭ ᠦᠷ᠎ᠡ ᠪᠦᠲᠦᠭᠡᠯ ᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 23 ᠤ᠋ ᠴᠠᠬᠢᠯᠭᠠᠨ ᠮᠡᠳᠡᠭᠡ)