ᠰᠢ ᠵᠢᠨ ᠫᠢᠩ ᠾᠸᠪᠸᠢ ᠵᠢᠨ ᠱᠢᠶᠦ᠋ᠩ ᠠᠨ ᠱᠢᠨ᠎ᠡ ᠲᠣᠭᠣᠷᠢᠭ ᠲᠸ᠋ ᠱᠢᠨᠵᠢᠯᠡᠨ ᠪᠠᠢᠴᠠᠭᠠᠭ᠍ᠰᠠᠨ ᠪᠥᠭᠡᠳ ᠱᠢᠶᠦ᠋ᠩ ᠠᠨ ᠱᠢᠨ᠎ᠡ ᠲᠣᠭᠣᠷᠢᠭ ᠤ᠋ᠨ ᠴᠢᠨᠠᠷ ᠰᠠᠢᠲᠠᠢ ᠪᠦᠲᠦᠭᠡᠨ ᠪᠠᠢᠭᠤᠯᠤᠯᠲᠠ ᠪᠠ ᠬᠥᠭ᠌ᠵᠢᠯᠲᠡ ᠶ᠋ᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ᠋ ᠡᠷᠬᠢᠯᠡᠨ ᠬᠤᠷᠠᠯᠳᠤᠭᠤᠯᠬᠤ ᠳ᠋ᠠᠭᠠᠨ ᠴᠢᠬᠤᠯᠠᠴᠢᠯᠠᠭ᠍ᠰᠠᠨ ᠨᠢ — ᠱᠢᠶᠦ᠋ᠩ ᠠᠨ ᠱᠢᠨ᠎ᠡ ᠲᠣᠭᠣᠷᠢᠭ᠎ᠤᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠵᠢ ᠪᠠᠲᠤ ᠡᠵᠡᠮᠳᠡᠵᠤ ᠱᠢᠨ᠎ᠡ ᠴᠠᠭ ᠦᠶ᠎ᠡ᠎ᠶ᠋ᠢᠨ ᠱᠢᠨ᠎ᠡ᠎ᠶ᠋ᠢ ᠡᠭᠦᠳᠬᠦ᠌ ᠥᠨᠳᠥᠷᠯᠢᠭ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠦᠯᠢᠭᠡᠷ ᠬᠡᠪ ᠢ᠋ ᠴᠢᠷᠮᠠᠢᠨ ᠪᠤᠢ ᠪᠤᠯᠭᠠᠬᠤ ᠭᠡᠷᠡᠭᠳᠠᠢ
2026-03-24 10:08:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠯᠢ ᠴᠢᠶᠠᠩ  ᠼᠠᠢ ᠴᠢ  ᠳ᠋ᠢᠩ ᠱᠢᠤᠸᠠᠢ ᠱᠢᠶᠠᠩ ᠪᠠᠷ᠎ᠠ ᠪᠤᠯᠵᠦ᠍ ᠱᠢᠨᠵᠢᠯᠡᠨ ᠪᠠᠢᠴᠠᠭᠠᠭ᠍ᠰᠠᠨ ᠪᠥᠭᠡᠳ ᠶᠠᠷᠢᠯᠴᠠᠬᠤ ᠬᠤᠷᠠᠯ᠎ᠳᠤ ᠣᠷᠣᠯᠴᠠᠵᠠᠢ


ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ 23 ᠎ᠤ᠋ ᠡᠳᠦᠷ ᠾᠧᠪᠧᠶ᠎ᠶ᠋ᠢᠨ ᠱᠢᠶᠦ᠋ᠩ ᠠᠨ ᠱᠢᠨ᠎ᠡ ᠲᠣᠭᠣᠷᠢᠭ᠎ᠲᠤ ᠱᠢᠨᠵᠢᠯᠡᠨ ᠪᠠᠢᠴᠠᠭᠠᠵᠤ᠂ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠶ ᠪᠥᠲᠥᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠭᠦᠨᠵᠡᠭᠡᠶ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠤᠬᠰᠡᠨ ᠪᠦᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠱᠢᠶᠦ᠋ᠩ ᠠᠨ ᠱᠢᠨ᠎ᠡ ᠲᠣᠭᠣᠷᠢᠭ᠎ᠤᠨ ᠪᠡᠭᠡᠵᠢᠩ᠎ᠦᠨ ᠨᠡᠢᠰᠯᠡᠯ᠎ᠦᠨ ᠪᠤᠰᠤ ᠴᠢᠳᠠᠮᠵᠢ᠎ᠶ᠋ᠢ ᠲᠠᠷᠬᠠᠭᠠᠬᠤ ᠲᠥᠪᠯᠡᠷᠡᠩᠭᠦᠢ ᠳᠠᠭᠠᠭᠠᠴᠠ᠎ᠶ᠋ᠢᠨ ᠭᠠᠵᠠᠷ ᠪᠣᠯᠬᠤ ᠲᠡᠷᠢᠭᠦᠨ ᠴᠢᠬᠤᠯᠠ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ ᠪᠠ ᠲᠡᠦᠬᠡ᠎ᠶ᠋ᠢᠨ ᠬᠦᠯᠢᠴᠡᠩᠭᠦᠢ ᠴᠢᠨᠠᠷ᠎ᠢ ᠪᠠᠲᠤᠯᠠᠵᠤ᠂ ᠤᠯᠠᠮ ᠨᠢᠭᠡ ᠠᠯᠬᠤᠮ ᠦᠵᠡᠯ ᠰᠠᠨᠠᠭ᠎ᠠ᠎ᠪᠠᠨ ᠴᠢᠯᠥᠭᠡᠯᠡᠵᠦ᠍᠂ ᠰᠡᠳᠭᠢᠮᠵᠢ᠎ᠪᠡᠨ ᠥᠷᠭᠡᠳᠭᠡᠵᠦ᠍᠂ ᠵᠣᠬᠢᠴᠠᠭᠤᠯᠭ᠎ᠠ᠎ᠪᠠᠨ ᠴᠢᠩᠭᠠᠳᠭᠠᠵᠤ᠂ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠬᠦᠳᠦᠯᠥᠨ ᠳᠠᠭᠠᠭᠤᠯᠵᠤ ᠳᠣᠲᠣᠭᠠᠳᠤ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠴᠢᠩᠭᠠᠳᠭᠠᠵᠤ᠂ ᠴᠢᠬᠤᠯᠠ ᠡᠯᠧᠮᠧᠨ᠋ᠲ᠎ᠦᠨ ᠡᠬᠢ ᠪᠠᠶᠠᠯᠢᠭ᠎ᠢ ᠵᠣᠬᠢᠰᠲᠠᠢ ᠲᠥᠪᠯᠡᠷᠡᠭᠦᠯᠬᠦ᠌᠎ᠪᠡᠷ ᠭᠣᠣᠯᠳᠠᠯᠭ᠎ᠠ ᠪᠣᠯᠭᠠᠵᠤ ᠱᠢᠨ᠎ᠡ ᠲᠣᠭᠣᠷᠢᠭ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠱᠢᠨ᠎ᠡ ᠴᠠᠭ ᠦᠶ᠎ᠡ᠎ᠶ᠋ᠢᠨ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠴᠢᠷᠮᠠᠢᠨ ᠪᠦᠳᠦᠭᠡᠨ ᠪᠠᠢᠭᠤᠯᠬᠤ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠭᠡᠪ ᠳᠠᠭᠤᠷᠢᠶᠠᠯ᠎ᠢ ᠪᠤᠢ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃


QQ20260324-100250.png


3 ᠰᠠᠷ᠎ᠠ ᠵᠢᠨ 23 ᠤ᠋ ᠡᠳᠤᠷ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠾᠧᠪᠧᠶ᠎ᠶ᠋ᠢᠨ ᠱᠢᠶᠦ᠋ᠩ ᠠᠨ ᠱᠢᠨ᠎ᠡ ᠲᠣᠭᠣᠷᠢᠭ᠎ᠲᠤ ᠱᠢᠨᠵᠢᠯᠡᠨ ᠪᠠᠢᠴᠠᠭᠠᠵᠤ᠂ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠶ ᠪᠥᠲᠥᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠭᠦᠨᠵᠡᠭᠡᠶ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ᠃ ᠵᠢᠷᠤᠭ ᠪᠤᠯ 23 ᠤ᠋ ᠦᠳᠠ ᠵᠢᠨ ᠬᠤᠢᠨ᠎ᠠ᠂ ᠰᠢ ᠵᠢᠨ ᠫᠢᠩ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠶ ᠪᠥᠲᠥᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠭᠦᠨᠵᠡᠭᠡᠶ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠤᠬᠰᠡᠨ ᠪᠦᠭᠡᠳ ᠴᠢᠬᠤᠯᠠ ᠶᠠᠷᠢᠶ᠎ᠠ ᠲᠠᠯᠪᠢᠵᠤ ᠪᠠᠢᠭ᠎ᠠ ᠨᠢ᠃

  ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠰᠢᠶᠸ ᠬᠤᠸᠠᠨ ᠤ᠋ᠣᠢ  ᠰᠡᠬᠦᠳᠡᠷᠯᠡᠪᠡ


ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢᠳ ᠯᠢ ᠴᠢᠶᠠᠩ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠪ᠎ᠦᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢᠳ ᠳ᠋ᠢᠩ ᠱᠢᠤᠸᠠᠢ ᠱᠢᠶᠠᠩ ᠪᠠᠷ᠎ᠠ ᠪᠤᠯᠵᠤ ᠱᠢᠨᠵᠢᠯᠡᠨ ᠪᠠᠢᠴᠠᠭᠠᠭ᠍ᠰᠠᠨ ᠪᠥᠭᠡᠳ ᠶᠠᠷᠢᠯᠴᠠᠬᠤ ᠬᠤᠷᠠᠯ᠎ᠳᠤ ᠣᠷᠣᠯᠴᠠᠵᠠᠢ᠃


QQ20260324-100301.png



3 ᠰᠠᠷ᠎ᠠ ᠵᠢᠨ 23 ᠤ᠋ ᠡᠳᠤᠷ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠾᠧᠪᠧᠶ᠎ᠶ᠋ᠢᠨ ᠱᠢᠶᠦ᠋ᠩ ᠠᠨ ᠱᠢᠨ᠎ᠡ ᠲᠣᠭᠣᠷᠢᠭ᠎ᠲᠤ ᠱᠢᠨᠵᠢᠯᠡᠨ ᠪᠠᠢᠴᠠᠭᠠᠵᠤ᠂ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠶ ᠪᠥᠲᠥᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠭᠦᠨᠵᠡᠭᠡᠶ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ᠃ ᠵᠢᠷᠤᠭ ᠪᠤᠯ 23 ᠤ᠋ ᠦᠳᠠ ᠵᠢᠨ ᠡᠮᠤᠨ᠎ᠠ᠂ ᠰᠢ ᠵᠢᠨ ᠫᠢᠩ ᠳᠤᠮᠳᠠᠳᠤ ᠤᠯᠤᠰ᠎ᠤᠨ ᠬᠤᠸᠠ ᠨᠸᠩ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠳᠤ ᠱᠢᠨᠵᠢᠯᠡᠨ ᠪᠠᠢᠴᠠᠭᠠᠬᠤ ᠳ᠋ᠠᠭᠠᠨ᠂ ᠠᠵᠤ ᠠᠬᠤᠢᠯᠠᠯ ᠤ᠋ᠨ ᠠᠵᠢᠯᠳᠡᠨ ᠠᠵᠢᠯᠴᠢᠳ ᠲᠠᠢ ᠲᠤᠳᠤᠨᠤ ᠪᠡᠷ ᠶᠠᠷᠢᠯᠴᠠᠵᠤ ᠪᠠᠢᠭ᠎ᠠ ᠨᠢ᠃

  ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠰᠢᠶᠸ ᠬᠤᠸᠠᠨ ᠤ᠋ᠣᠢ  ᠰᠡᠬᠦᠳᠡᠷᠯᠡᠪᠡ


23 ᠤ᠋ ᠦᠳᠡ᠎ᠶ᠋ᠢᠨ ᠡᠮᠦᠨ᠎ᠡ᠂ ᠰᠢ ᠵᠢᠨ ᠫᠢᠩ ᠱᠢᠶᠦ᠋ᠩ ᠠᠨ ᠱᠢᠨ᠎ᠡ ᠲᠣᠭᠣᠷᠢᠭ᠎ᠲᠤ ᠬᠦᠷᠦᠭ᠌ᠰᠡᠨ᠎ᠦ ᠳᠠᠷᠠᠭ᠎ᠠ᠂ ᠾᠸᠪᠸᠢ ᠮᠤᠵᠢ᠎ᠶ᠋ᠢᠨ ᠨᠠᠮ᠎ᠤᠨ ᠬᠣᠷᠢᠶ᠎ᠠ ᠵᠢᠨ ᠱᠦᠵᠢ ᠨᠢᠢ ᠶᠤᠸᠠᠢ ᠹᠸᠩ᠂ ᠮᠤᠵᠢ᠎ᠶ᠋ᠢᠨ ᠳᠠᠷᠤᠭ᠎ᠠ ᠸᠠᠩ ᠵᠧᠩ ᠫᠦ᠎ᠶ᠋ᠢᠨ ᠪᠠᠷ᠎ᠠ ᠪᠤᠯᠤᠯᠭ᠎ᠠ᠎ᠲᠠᠶ᠎ᠪᠠᠷ᠂ ᠮᠠᠱᠢᠨ ᠲᠡᠷᠭᠡ᠎ᠪᠡᠷ ᠡᠬᠢᠯᠡᠯᠲᠡ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠪᠠᠢᠴᠠᠭᠠᠨ ᠦᠵᠡᠪᠡ᠃ ᠱᠢᠨ᠎ᠡ ᠲᠣᠭᠣᠷᠢᠭ᠎ᠤᠨ ᠪᠦᠲᠦᠭᠡᠨ ᠪᠠᠢᠭᠤᠯᠤᠯᠲᠠ ᠡᠮᠬᠢ ᠵᠢᠷᠤᠮ᠎ᠲᠠᠶ ᠠᠬᠢᠵᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠭ᠍ᠰᠠᠨ ᠪᠠᠢᠳᠠᠯ᠎ᠢ ᠦᠵᠡᠭᠡᠳ ᠲᠡᠷᠡ ᠬᠦᠢᠴᠡᠳ ᠨᠤᠲᠠᠯᠠᠪᠠ᠃

ᠲᠠᠷᠠᠭ᠎ᠠ ᠨᠢ᠂ ᠰᠢ ᠵᠢᠨ ᠫᠢᠩ ᠳᠤᠮᠳᠠᠳᠤ ᠤᠯᠤᠰ᠎ᠤᠨ ᠬᠤᠸᠠ ᠨᠸᠩ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠳᠤ ᠱᠢᠨᠵᠢᠯᠡᠨ ᠪᠠᠢᠴᠠᠭᠠᠪᠠ᠃ 2025 ᠣᠨ᠎ᠤ 10 ᠰᠠᠷ᠎ᠠ᠎ᠳᠤ᠂ ᠬᠤᠸᠠ ᠨᠸᠩ ᠪᠦᠯᠦᠭ᠌ᠯᠡᠯ᠎ᠦᠨ ᠶᠡᠷᠦᠩᠬᠡᠢ ᠬᠡᠯᠲᠡᠰ ᠵᠢᠴᠢ ᠬᠣᠯᠪᠣᠭ᠍ᠳᠠᠯ ᠪᠦᠬᠦᠢ ᠬᠤᠪᠢᠶᠠᠷᠢ ᠺᠣᠮᠫᠠᠨᠢ᠎ᠶ᠋ᠢᠨ 1000 ᠭᠠᠷᠤᠢ ᠠᠵᠢᠯᠳᠠᠨ ᠱᠢᠶᠦ᠋ᠩ ᠠᠨ ᠱᠢᠨ᠎ᠡ ᠲᠣᠭᠣᠷᠢᠭ᠎ᠲᠤ ᠨᠡᠭᠦᠵᠤ ᠨᠤᠳᠤᠬᠰᠢᠪᠠ᠃ ᠰᠢ ᠵᠢᠨ ᠫᠢᠩ ᠠᠵᠤ ᠠᠬᠤᠢᠯᠠᠯ᠎ᠤᠨ ᠡᠵᠡᠩᠨᠡᠯᠲᠡ᠎ᠶ᠋ᠢ ᠬᠢᠨᠠᠨ ᠡᠵᠡᠮᠳᠡᠬᠦ᠌ ᠪᠠ ᠪᠠᠴᠢᠮ ᠪᠠᠢᠳᠠᠯ᠎ᠢ ᠠᠷᠭᠠᠴᠠᠭᠠᠬᠤ ᠵᠢᠯᠣᠭᠣᠳᠭᠤ ᠲᠥᠪ᠎ᠲᠦ ᠬᠦᠷᠴᠦ᠍᠂ ᠠᠵᠤ ᠠᠬᠤᠢᠯᠠᠯ᠎ᠤᠨ ᠨᠡᠭᠦᠯᠳᠠ᠂ ᠠᠵᠤ ᠦᠢᠯᠡᠰ᠎ᠦᠨ ᠪᠠᠢᠷᠢᠱᠢᠭᠤᠯᠤᠯᠲᠠ᠂ ᠱᠢᠨ᠎ᠡ᠎ᠶ᠋ᠢ ᠡᠭᠦᠳᠬᠦ᠌ ᠬᠥᠭ᠌ᠵᠢᠯᠲᠡ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠰᠣᠨᠣᠰᠴᠤ᠌᠂ ᠠᠵᠤ ᠠᠬᠤᠢᠯᠠᠯ᠎ᠤᠨ ᠲᠤᠬᠠᠢ ᠵᠢᠨ ᠴᠠᠭ ᠤ᠋ᠨ ᠡᠵᠡᠩᠨᠡᠯᠲᠡ᠎ᠶ᠋ᠢᠨ ᠲᠣᠭ᠎ᠠ ᠪᠠᠷᠢᠮᠲᠠ ᠪᠣᠯᠤᠨ ᠠᠯᠤᠰ ᠡᠵᠡᠮᠱᠢᠯᠲᠦ ᠵᠢᠷᠤᠭ ᠳᠦᠷᠰᠦ᠎ᠶ᠋ᠢ ᠪᠠᠢᠴᠠᠭᠠᠨ ᠦᠵᠡᠪᠡ᠃ ᠲᠡᠷᠡ᠂ ᠱᠢᠶᠦ᠋ᠩ ᠠᠨ ᠱᠢᠨ᠎ᠡ ᠲᠣᠭᠣᠷᠢᠭ᠎ᠲᠤ ᠨᠡᠭᠦᠨ ᠣᠷᠣᠬᠤ᠎ᠪᠠᠷ ᠠᠵᠠ ᠲᠣᠬᠢᠶᠠᠯ ᠪᠣᠯᠭᠠᠵᠤ᠂ ᠠᠵᠤ ᠠᠬᠤᠢᠯᠠᠯ᠎ᠤᠨ ᠺᠠᠳ᠋ᠷ ᠠᠵᠢᠯᠳᠠᠨ ᠠᠵᠢᠯᠴᠢᠨ᠎ᠤ ᠱᠢᠨ᠎ᠡ᠎ᠶ᠋ᠢ ᠡᠭᠦᠳᠬᠦ᠌ ᠦᠢᠯᠡᠰ ᠪᠤᠰᠭᠠᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ᠎ᠢ ᠬᠥᠭ᠌ᠵᠢᠭᠡᠵᠦ᠍᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲᠸᠮ᠎ᠤᠨ ᠪᠠᠢᠭᠤᠯᠤᠯᠲᠠ᠎ᠶ᠋ᠢ ᠲᠦᠷᠭᠡᠳᠭᠡᠬᠦ᠌᠂ ᠡᠨᠧᠷᠭᠢ᠎ᠶ᠋ᠢᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠺᠣᠮᠫᠠᠨᠢ᠎ᠶ᠋ᠢᠨ ᠨᠢᠭᠡᠳᠦᠭᠡᠷ ᠳᠠᠪᠬᠤᠷᠯᠢᠭ᠎ᠤᠨ ᠶᠡᠬᠡ ᠲᠢᠩᠬᠢᠮ᠎ᠳᠦ᠂ ᠰᠢ ᠵᠢᠨ ᠫᠢᠩ ᠱᠢᠶᠦ᠋ᠩ ᠠᠨ ᠱᠢᠨ᠎ᠡ ᠲᠣᠭᠣᠷᠢᠭ᠎ᠲᠤ ᠣᠷᠣᠵᠤ ᠰᠠᠭᠤᠭ᠍ᠰᠠᠨ ᠪᠠ ᠪᠦᠳᠦᠭᠡᠨ ᠪᠠᠢᠭᠤᠯᠵᠤ ᠪᠠᠢᠭ᠎ᠠ ᠲᠠᠷᠬᠠᠭᠠᠬᠤ ᠨᠢᠭᠡᠴᠢ᠎ᠶ᠋ᠢᠨ ᠺᠠᠳ᠋ᠷ ᠠᠵᠢᠯᠳᠠᠨ ᠠᠵᠢᠯᠴᠢᠨ᠎ᠤ ᠲᠥᠯᠥᠭᠡᠯᠡᠭ᠌ᠴᠢᠳ᠎ᠲᠡᠶ ᠳᠣᠲᠣᠨᠣ᠎ᠪᠠᠷ ᠶᠠᠷᠢᠯᠴᠠᠵᠤ᠂ ᠤᠯᠠᠨ᠎ᠤ ᠠᠵᠢᠯ ᠠᠮᠢᠳᠤᠷᠠᠯ᠎ᠤᠨ ᠪᠠᠢᠳᠠᠯ᠎ᠢ ᠯᠠᠪᠯᠠᠨ ᠠᠰᠠᠭᠤᠵᠤ᠂ ᠤᠯᠠᠨ᠎ᠤ ᠱᠢᠨ᠎ᠡ ᠲᠣᠭᠣᠷᠢᠭ᠎ᠤᠨ ᠪᠦᠳᠦᠭᠡᠨ ᠪᠠᠢᠭᠤᠯᠤᠯᠲᠠ ᠬᠥᠭ᠌ᠵᠢᠯᠲᠡ᠎ᠶ᠋ᠢᠨ ᠲᠥᠯᠥᠭᠡ ᠭᠠᠷᠭᠠᠭ᠍ᠰᠠᠨ ᠴᠢᠷᠮᠠᠢᠯᠭ᠎ᠠ᠎ᠶ᠋ᠢ ᠨᠤᠲᠠᠯᠠᠵᠤ᠂ ᠲᠡᠳᠡᠨ᠎ᠦ ᠱᠢᠨ᠎ᠡ ᠲᠣᠭᠣᠷᠢᠭ᠎ᠤᠨ ᠱᠢᠮᠡᠯᠢᠭ ᠬᠥᠷᠥᠰᠥᠨ᠎ᠳᠦ ᠦᠨᠳᠦᠰᠦᠯᠡᠵᠦ᠍᠂ ᠢᠳᠡᠪᠬᠢᠲᠡᠢ᠎ᠪᠡᠷ ᠤᠶᠤᠨ ᠤᠬᠠᠭᠠᠨ ᠠᠪᠢᠶᠠᠰ ᠴᠢᠳᠠᠪᠤᠷᠢ᠎ᠪᠠᠨ ᠡᠷᠭᠦᠬᠦ᠌᠎ᠶ᠋ᠢ ᠬᠦᠰᠡᠪᠡ᠃ ᠲᠡᠷᠡ᠂ ᠤᠯᠠᠨ᠎ᠢᠶᠠᠷ᠎ᠢᠶᠠᠨ ᠱᠢᠶᠦ᠋ᠩ ᠠᠨ᠎ᠤ ᠬᠥᠮᠦᠨ ᠪᠣᠯᠤᠭ᠍ᠰᠠᠨ᠎ᠳᠠᠭᠠᠨ ᠣᠮᠣᠭ᠍ᠰᠢᠵᠤ᠂ ᠮᠠᠩᠯᠠᠢᠯᠠᠬᠤ ᠪᠡᠷ ᠮᠠᠷᠠᠢᠨ ᠴᠢᠷᠮᠠᠢᠵᠤ᠂ ᠲᠦᠷᠭᠡᠨ ᠪᠥᠭᠡᠳ ᠯᠠᠪᠳᠠᠭᠤᠨ᠎ᠢᠶᠠᠷ ᠠᠵᠢᠯ ᠬᠢᠵᠦ᠍ ᠦᠢᠯᠡᠰ ᠪᠤᠰᠭᠠᠵᠤ᠂ ᠱᠢᠶᠦ᠋ᠩ ᠠᠨ᠎ᠤ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠬᠤ ᠭᠡᠷᠡᠭᠳᠠᠢ ᠭᠡᠵᠦ᠍ ᠬᠡᠯᠡᠪᠡ᠃

ᠪᠡᠭᠡᠵᠢᠩ ᠬᠣᠲᠠ᠎ᠶ᠋ᠢᠨ ᠲᠤᠰᠠᠯᠠᠨ ᠪᠠᠢᠭᠤᠯᠤᠭ᠍ᠰᠠᠨ ᠪᠡᠭᠡᠵᠢᠩ᠎ᠦᠨ ᠳᠥᠷᠪᠡᠳᠦᠭᠡᠷ ᠳᠤᠮᠳᠠᠳᠤ ᠰᠤᠷᠭᠠᠭᠤᠯᠢ᠎ᠶ᠋ᠢᠨ ᠱᠢᠶᠦ᠋ᠩ ᠠᠨ ᠰᠤᠷᠭᠠᠭᠤᠯᠢ᠎ᠶ᠋ᠢᠨ ᠲᠣᠭᠣᠷᠢᠭ 2023 ᠣᠨ᠎ᠤ 8 ᠰᠠᠷ᠎ᠠ᠎ᠳᠤ ᠠᠱᠢᠭ᠍ᠯᠠᠯᠲᠠ᠎ᠳᠤ ᠣᠷᠣᠵᠤ᠂ ᠣᠲᠣ 380 ᠭᠠᠷᠤᠶ ᠰᠣᠷᠣᠭ᠍ᠴᠢ ᠪᠣᠶ᠃ ᠵᠢᠭᠠᠨ ᠰᠤᠷᠭᠠᠯᠲᠠ᠎ᠶ᠋ᠢᠨ ᠠᠰᠠᠷ᠎ᠲᠤ᠂ ᠰᠤᠷᠤᠭ᠍ᠴᠢᠳ ᠶᠠᠭ ᠬᠢᠴᠢᠶᠡᠯ ᠣᠷᠣᠵᠤ ᠪᠠᠢᠪᠠ᠃ ᠰᠢ ᠵᠢᠨ ᠫᠢᠩ ᠠᠩᠬ᠎ᠠ ᠳᠤᠮᠳᠠᠳᠤ᠎ᠶ᠋ᠢᠨ ᠨᠢᠭᠡᠳᠦᠭᠡᠷ ᠣᠨ ᠤ᠋ (2)ᠳ᠋ᠤᠭᠠᠷ ᠠᠩᠭᠢ᠎ᠶ᠋ᠢᠨ ᠭᠡᠷ᠎ᠲᠦ ᠣᠷᠣᠵᠤ᠂ ᠪᠠᠭ᠍ᠰᠢ ᠰᠤᠷᠤᠭ᠍ᠴᠢᠳ᠎ᠲᠠᠶ ᠶᠠᠷᠢᠯᠴᠠᠵᠤ᠂ ᠵᠢᠭᠠᠨ ᠰᠤᠷᠭᠠᠯᠲᠠ᠎ᠶ᠋ᠢᠨ ᠪᠠᠢᠳᠠᠯ᠎ᠢ ᠣᠢᠯᠠᠭᠠᠪᠠ᠃ ᠲᠡᠷᠡ ᠪᠡᠭᠡᠵᠢᠩ᠎ᠦᠨ ᠳᠥᠷᠪᠡᠳᠦᠭᠡᠷ ᠳᠤᠮᠳᠠᠳᠤ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠬᠦ ᠰᠠᠢ᠌ᠨ ᠲᠤᠷᠱᠢᠯᠭ᠎ᠠ ᠰᠠᠢ᠌ᠨ ᠠᠷᠭ᠎ᠠ ᠬᠢᠳᠡᠯ᠎ᠢᠶᠡᠨ ᠠᠪᠴᠢᠷᠠᠵᠤ᠂ ᠬᠡᠦᠬᠡᠳ᠎ᠦᠨ ᠪᠡᠶ᠎ᠡ ᠰᠡᠳᠭᠢᠯ᠎ᠦᠨ ᠡᠷᠡᠭᠦᠯ ᠮᠡᠨᠳᠦ᠍᠎ᠶ᠋ᠢ ᠰᠡᠳᠭᠢᠯ ᠲᠠᠯᠪᠢᠨ ᠬᠠᠯᠠᠮᠵᠢᠯᠠᠵᠤ᠂ ᠬᠡᠦᠬᠡᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠶ᠋ᠢ ᠬᠦᠰᠡᠪᠡ᠃

ᠰᠤᠷᠭᠠᠭᠤᠯᠢ᠎ᠶ᠋ᠢᠨ ᠬᠣᠭᠣᠯᠠᠨ ᠭᠡᠷ᠎ᠲᠦ᠂ ᠰᠢ ᠵᠢᠨ ᠫᠢᠩ ᠬᠣᠭᠣᠯᠠᠯᠠᠬᠤ ᠣᠷᠴᠢᠨ ᠲᠣᠭᠣᠷᠢᠨ᠂ ᠨᠣᠭᠣᠭ᠎ᠠ ᠵᠠᠭᠤᠰᠢ᠎ᠶ᠋ᠢᠨ ᠲᠦᠷᠦᠯ ᠵᠦᠢᠯ ᠵᠡᠷᠭᠡ᠎ᠶ᠋ᠢ ᠪᠠᠢᠴᠠᠭᠠᠨ ᠦᠵᠡᠵᠦ᠍᠂ ᠰᠤᠷᠤᠭ᠍ᠴᠢᠳ᠎ᠤᠨ ᠢᠳᠡᠭᠡᠨ ᠤᠮᠳᠠᠭᠠᠨ᠎ᠤ ᠠᠮᠤᠷ ᠲᠦᠪᠱᠢᠨ ᠪᠠ ᠱᠢᠮ᠎ᠡ ᠲᠡᠵᠢᠭᠡᠯ᠎ᠢ ᠵᠠᠪᠠᠯ ᠪᠠᠲᠤᠯᠠᠬᠤ ᠬᠡᠷᠡᠭ᠌ᠲᠡᠢ ᠭᠡᠵᠦ᠍ ᠵᠠᠬᠢᠪᠠ᠃ ᠰᠤᠷᠭᠠᠭᠤᠯᠢ᠎ᠡᠴᠡ ᠰᠠᠯᠬᠤ ᠦᠶ᠎ᠡ᠎ᠳᠦ᠂ ᠪᠠᠭ᠍ᠰᠢ ᠰᠤᠷᠤᠭ᠍ᠴᠢᠳ  ᠴᠤᠭᠭᠠᠷ ᠶᠡᠷᠦᠩᠬᠡᠢ ᠱᠦᠵᠢ᠎ᠲᠡᠶ ᠮᠡᠨᠳᠦᠴᠢᠯᠡᠵᠦ᠍᠂ ᠰᠢ ᠵᠢᠨ ᠫᠢᠩ ᠬᠡᠦᠬᠡᠳ᠎ᠦᠳ᠎ᠢ ᠠᠵᠠ ᠵᠢᠷᠭᠠᠯ᠎ᠢᠶᠠᠨ ᠨᠠᠨᠳᠢᠩᠨᠠᠨ ᠡᠷᠡᠮᠡᠭᠡᠢᠯᠡᠨ ᠲᠠᠪᠰᠢᠵᠤ᠂ ᠢᠳᠡᠪᠬᠢᠯᠡᠨ ᠦᠭᠡᠳᠡᠯᠡᠵᠦ᠂ ᠱᠢᠶᠦ᠋ᠩ ᠠᠨ ᠱᠢᠨ᠎ᠡ ᠲᠣᠭᠣᠷᠢᠭ᠎ᠲᠠᠶ ᠬᠠᠮᠲᠤ᠎ᠪᠠᠷ ᠦᠰᠦᠨ ᠪᠣᠢᠵᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠲᠠᠶ ᠵᠡᠷᠭᠡ᠎ᠪᠡᠷ ᠬᠥᠭ᠌ᠵᠢᠭᠡᠷᠡᠢ ᠭᠡᠵᠦ᠍ ᠵᠣᠷᠢᠭ᠍ᠵᠢᠭᠤᠯᠪᠠ᠃

23 ᠤ᠋ ᠦᠳᠡ᠎ᠶ᠋ᠢᠨ ᠬᠣᠢᠨ᠎ᠠ᠂ ᠰᠢ ᠵᠢᠨ ᠫᠢᠩ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠢ ᠪᠦᠲᠦᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠪᠠ᠃ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠵᠧᠩ ᠱᠠᠨ ᠵᠢᠶ᠍ᠸ᠂ ᠾᠸᠪᠸᠢ ᠮᠤᠵᠢ᠎ᠶ᠋ᠢᠨ ᠨᠠᠮ᠎ᠤᠨ ᠬᠣᠷᠢᠶ᠎ᠠ᠎ᠶᠢᠨ ᠱᠦᠵᠢ ᠨᠢᠢ ᠶᠤᠸᠠᠢ ᠹᠸᠩ᠂ ᠱᠢᠶᠦ᠋ᠩ ᠠᠨ ᠱᠢᠨ᠎ᠡ ᠲᠣᠭᠣᠷᠢᠭ᠎ᠤᠨ ᠨᠠᠮ᠎ᠤᠨ ᠠᠵᠢᠯ᠎ᠤᠨ ᠬᠣᠷᠢᠶ᠎ᠠ᠎ᠶᠢᠨ ᠱᠦᠵᠢ ᠵᠠᠩ ᠭᠦᠸᠧ ᠬᠤᠸᠠ ᠤᠷᠢᠳ ᠬᠣᠵᠢᠳ ᠦᠭᠡ ᠬᠡᠯᠡᠵᠡᠢ᠃ ᠪᠡᠭᠡᠵᠢᠩ ᠬᠤᠳᠠ᠂ ᠲᠢᠶᠠᠨᠵᠢᠨ ᠬᠤᠳᠠ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠦᠬᠦᠳ ᠪᠢᠴᠢᠭ᠎ᠤᠨ ᠶᠠᠷᠢᠶ᠎ᠠ ᠲᠠᠯᠪᠢᠪᠠ᠃

ᠣᠯᠠᠨ᠎ᠤ ᠬᠡᠯᠡᠬᠦ᠌᠎ᠶ᠋ᠢ ᠰᠣᠨᠣᠰᠤᠭ᠍ᠰᠠᠨ᠎ᠤ ᠳᠠᠷᠠᠭ᠎ᠠ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ᠂ ᠱᠢᠶᠦ᠋ᠩ ᠠᠨ ᠱᠢᠨ᠎ᠡ ᠲᠣᠭᠣᠷᠢᠭ᠎ᠤᠨ ᠪᠦᠳᠦᠭᠡᠨ ᠪᠠᠢᠭᠤᠯᠤᠯᠲᠠ ᠪᠠ ᠬᠥᠭ᠌ᠵᠢᠯᠲᠡ ᠴᠢᠬᠤᠯᠠ ᠶᠡᠬᠡ ᠱᠠᠳᠤᠴᠢ ᠴᠢᠨᠠᠷᠲᠠᠢ ᠦᠷ᠎ᠡ ᠪᠦᠲᠦᠭᠡᠯ ᠤᠯᠪᠠ᠃ ᠱᠢᠶᠦ᠋ᠩ ᠠᠨ ᠱᠢᠨ᠎ᠡ ᠲᠣᠭᠣᠷᠢᠭ᠎ᠢ ᠪᠦᠳᠦᠭᠡᠨ ᠪᠠᠢᠭᠤᠯᠬᠤ ᠲᠤᠬᠠᠢ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠣᠯ ᠪᠦᠷᠢᠮᠦᠰᠦᠨ ᠵᠥᠪ᠂ ᠡᠯ᠎ᠡ ᠲᠠᠯ᠎ᠠ᠎ᠶ᠋ᠢᠨ ᠠᠵᠢᠯ ᠪᠣᠯ ᠯᠠᠪᠳᠠᠭᠤᠨ ᠪᠦᠲᠦᠮᠵᠢᠲᠡᠢ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠪᠡ ᠭᠡᠵᠦ ᠴᠢᠬᠤᠯᠠᠴᠢᠯᠠᠪᠠ᠃

ᠰᠢ ᠵᠢᠨ ᠫᠢᠩ᠂ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠢ ᠪᠦᠲᠦᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠭᠦᠨᠵᠡᠭᠡᠢ ᠠᠬᠢᠭᠤᠯᠬᠤ᠎ᠳᠤ ᠡᠷᠬᠡᠪᠰᠢ ᠱᠢᠨ᠎ᠡ ᠲᠣᠭᠣᠷᠢᠭ᠎ᠤᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠪᠡᠭᠡᠵᠢᠩ᠎ᠦᠨ ᠨᠡᠢᠰᠯᠡᠯ᠎ᠦᠨ ᠪᠤᠰᠤ ᠴᠢᠳᠠᠮᠵᠢ᠎ᠶ᠋ᠢ ᠡᠶᠡᠳᠡᠭᠦᠯᠦᠨ ᠵᠤᠬᠢᠴᠠᠭᠤᠯᠬᠤ ᠪᠠ ᠵᠣᠯᠭᠠᠭᠤᠯᠬᠤ ᠠᠵᠢᠯ᠎ᠢ ᠨᠡᠩ ᠬᠦᠴᠦᠲᠡᠢ ᠡᠮᠬᠢ ᠵᠢᠷᠤᠮ᠎ᠲᠠᠶ ᠠᠬᠢᠭᠤᠯᠬᠤ ᠬᠡᠷᠡᠭ᠌ᠲᠡᠢ᠃ ᠲᠥᠪ᠎ᠦᠨ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠡᠮᠨᠡᠯᠭᠡ᠎ᠶ᠋ᠢᠨ ᠬᠣᠷᠢᠶᠠᠨ᠎ᠤ ᠡᠶᠡᠳᠡᠭᠦᠯᠦᠨ ᠵᠤᠬᠢᠴᠠᠭᠤᠯᠬᠤ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠢᠳᠡᠪᠬᠢᠲᠡᠢ ᠯᠠᠪᠳᠠᠭᠤᠨ᠎ᠢᠶᠠᠷ ᠪᠦᠯᠦᠭ ᠬᠤᠪᠢᠶᠠᠨ ᠠᠬᠢᠭᠤᠯᠵᠤ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠢᠯ ᠦᠢᠯᠡᠰ᠎ᠦᠨ ᠨᠢᠭᠡᠴᠢ᠎ᠶ᠋ᠢᠨ ᠡᠶᠡᠳᠡᠭᠦᠯᠦᠨ ᠵᠤᠬᠢᠴᠠᠭᠤᠯᠬᠤ᠎ᠶ᠋ᠢ ᠡᠮᠬᠢ ᠵᠢᠷᠤᠮ᠎ᠲᠠᠶ ᠠᠬᠢᠭᠤᠯᠵᠤ᠂ ᠡᠶᠡᠳᠡᠭᠦᠯᠦᠨ ᠵᠤᠬᠢᠴᠠᠭᠤᠯᠬᠤ ᠨᠢᠭᠡᠴᠢ᠎ᠶ᠋ᠢᠨ ᠨᠡᠩ ᠰᠠᠢ᠌ᠨ ᠬᠥᠭ᠌ᠵᠢᠬᠦ᠌᠎ᠶ᠋ᠢ ᠳᠡᠮᠵᠢᠬᠦ᠌ ᠬᠡᠷᠡᠭ᠌ᠲᠡᠢ᠃ ᠡᠶᠡᠳᠡᠭᠦᠯᠦᠨ ᠵᠤᠬᠢᠴᠠᠭᠤᠯᠬᠤ ᠲᠥᠷᠥᠯ ᠵᠦᠶ᠋ᠯ᠂ ᠠᠵᠢᠯᠲᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ ᠪᠠ ᠦᠶ᠋ᠯᠡᠴᠢᠯᠡᠭᠡ᠎ᠶ᠋ᠢ ᠴᠢᠩᠭᠠᠳᠭᠠᠵᠤ᠂ ᠡᠶᠡᠳᠡᠭᠦᠯᠦᠨ ᠵᠤᠬᠢᠴᠠᠭᠤᠯᠬᠤ ᠲᠥᠷᠥᠯ ᠵᠦᠶ᠋ᠯ᠎ᠨᠢ ᠱᠢᠨ᠎ᠡ ᠲᠣᠭᠣᠷᠢᠭ ᠵᠢᠴᠢ ᠡᠷᠬᠢᠨ ᠲᠣᠭᠣᠷᠢᠨ᠎ᠤ ᠣᠷᠣᠨ ᠪᠦᠰᠡ᠎ᠶ᠋ᠢᠨ ᠬᠥᠭ᠌ᠵᠢᠯᠲᠡ᠎ᠶ᠋ᠢ ᠨᠥᠯᠥᠭᠡᠯᠡᠨ ᠳᠠᠢᠴᠢᠯᠠᠬᠤ᠎ᠶ᠋ᠢ ᠬᠥᠲᠥᠯᠥᠨ ᠵᠢᠯᠣᠭᠣᠳᠴᠤ᠌ ᠳᠡᠮᠵᠢᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠱᠢᠶᠦ᠋ᠩ ᠠᠨ ᠱᠢᠨ᠎ᠡ ᠲᠣᠭᠣᠷᠢᠭ᠎ᠤᠨ ᠶᠡᠷᠦᠩᠬᠡᠢᠯᠡᠭ᠌ᠰᠡᠨ ᠳᠠᠭᠠᠭᠠᠴᠠ᠎ᠶ᠋ᠢᠨ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠬᠦ᠌᠎ᠳᠦ ᠡᠷᠬᠡᠪᠰᠢ ᠱᠢᠰᠲ᠋ᠧᠮ᠎ᠲᠡᠶ ᠲᠥᠯᠥᠪᠵᠢᠭᠦᠯᠵᠦ᠍᠂ ᠴᠢᠨᠠᠷ ᠰᠠᠢᠲᠠᠢ ᠪᠦᠳᠦᠭᠡᠨ ᠪᠠᠢᠭᠤᠯᠤᠯᠲᠠ ᠪᠠ ᠥᠨᠳᠥᠷ ᠪᠦᠲᠦᠮᠵᠢᠲᠡᠢ ᠵᠠᠰᠠᠯᠲᠠ᠎ᠶ᠋ᠢ ᠨᠢᠭᠡ ᠴᠤᠬ᠍ᠴᠠᠵᠢᠭᠤᠯᠤᠨ ᠰᠠᠢᠲᠤᠷ ᠠᠳᠭᠤᠬᠤ ᠬᠡᠷᠡᠭ᠌ᠲᠡᠢ᠃ ᠠᠢᠵᠠᠮ ᠪᠣᠯᠤᠨ ᠴᠠᠭ᠎ᠤᠨ ᠳᠠᠷᠠᠭᠠᠯᠠᠯ᠎ᠢ ᠱᠢᠨᠵᠢᠯᠡᠬᠦ᠌ ᠤᠬᠠᠭᠠᠨᠴᠢ᠎ᠪᠠᠷ ᠡᠵᠡᠮᠳᠡᠵᠦ᠍᠂ ᠲᠠᠢᠴᠢᠯᠠᠯᠳᠠ᠎ᠶ᠋ᠢᠨ ᠣᠷᠣᠨ᠂ ᠡᠬᠢᠯᠡᠯᠳᠡ ᠵᠢᠨ ᠤᠷᠤᠨ ᠵᠡᠷᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢ ᠬᠦᠴᠦ᠍᠎ᠪᠡᠨ ᠲᠥᠪᠯᠡᠷᠡᠭᠦᠯᠦᠨ ᠠᠬᠢᠭᠤᠯᠵᠤ᠂《ᠱᠢᠶᠦ᠋ᠩ ᠠᠨ᠎ᠤ ᠶᠠᠰᠤ ᠴᠢᠨᠠᠷ》 ᠢ᠋ ᠴᠢᠷᠮᠠᠢᠨ ᠡᠭᠦᠳᠬᠦ᠌ ᠬᠡᠷᠡᠭ᠌ᠲᠡᠢ᠃ ᠨᠠᠮ᠎ᠤᠨ ᠪᠠᠢᠭᠤᠯᠤᠯᠲᠠ᠎ᠪᠠᠷ ᠱᠢᠨ᠎ᠡ ᠲᠣᠭᠣᠷᠢᠭ᠎ᠤᠨ ᠵᠠᠰᠠᠯᠲᠠ᠎ᠶ᠋ᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠨ ᠰᠠᠢᠵᠢᠷᠠᠭᠤᠯᠵᠤ᠂ ᠢᠷᠡᠭᠡᠳᠦᠶ᠎ᠳᠦ ᠬᠠᠨᠳᠤᠭ᠍ᠰᠠᠨ ᠤᠶᠤᠨᠲᠤ ᠬᠣᠲᠠ᠎ᠶ᠋ᠢᠨ ᠬᠠᠮᠢᠶᠠᠷᠤᠯᠲᠠ᠎ᠶ᠋ᠢᠨ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠵᠦ᠍᠂ ᠲᠩᠷᠢ᠎ᠨᠢ ᠴᠡᠯᠮᠡᠭ᠂ ᠭᠠᠵᠠᠷ᠎ᠨᠢ ᠨᠣᠭᠣᠭᠠᠨ᠂ ᠤᠰᠤ᠎ᠨᠢ ᠲᠤᠩᠭᠠᠯᠠᠭ ᠦᠵᠡᠰᠭᠦᠯᠡᠩᠲᠦ ᠰᠠᠢᠬᠠᠨ ᠱᠢᠶᠦ᠋ᠩ ᠠᠨ᠎ᠢ ᠪᠥᠲᠥᠭᠡᠨ ᠪᠠᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠰᠢ ᠵᠢᠨ ᠫᠢᠩ᠂ ᠱᠢᠶᠦ᠋ᠩ ᠠᠨ ᠱᠢᠨ᠎ᠡ ᠲᠣᠭᠣᠷᠢᠭ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠬᠦ᠌ ᠬᠦᠴᠦᠨ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠪᠣᠯᠤᠨ ᠠᠵᠤ ᠦᠢᠯᠡᠰ᠎ᠦᠨ ᠱᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠱᠢᠨ᠎ᠡ ᠲᠣᠭᠣᠷᠢᠭ᠎ᠤᠨ ᠪᠣᠳᠠᠲᠤ ᠪᠠᠢᠳᠠᠯ᠎ᠳᠤ ᠨᠡᠢᠴᠡᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠣᠢᠵᠢᠭᠤᠯᠬᠤ ᠬᠡᠷᠡᠭ᠌ᠲᠡᠢ᠃ ᠱᠢᠶᠦᠢ᠍ᠩ ᠠᠨ᠎ᠤ ᠵᠦᠩ ᠭᠤᠸᠠᠨ ᠼᠦᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠷᠢᠶᠡᠯᠡᠩ᠎ᠢ ᠥᠨᠳᠥᠷ ᠲᠦᠪᠱᠢᠨ᠎ᠢᠶᠡᠷ ᠪᠦᠳᠦᠭᠡᠨ ᠪᠠᠢᠭᠤᠯᠵᠤ᠂ ᠨᠡᠩ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠣᠨᠳᠣᠣᠱᠢᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠱᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠤᠨ ᠢᠷᠡᠭᠡᠳᠦᠶ᠎ᠶ᠋ᠢᠨ ᠠᠵᠤ ᠦᠢᠯᠡᠰ᠎ᠦᠨ ᠪᠦᠯᠦᠭ᠌ᠯᠡᠯ ᠮᠠᠶᠢᠭ᠎ᠦᠨ ᠬᠥᠭ᠌ᠵᠢᠯᠲᠡ᠎ᠶ᠋ᠢ ᠠᠬᠢᠭᠤᠯᠵᠤ᠂ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠢ ᠢᠳᠡᠪᠬᠢᠲᠡᠶ ᠬᠥᠭ᠌ᠵᠢᠭᠦᠯᠦᠨ᠂ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠰ ᠳᠡᠪᠱᠢᠭᠦᠯᠬᠦ᠌᠎ᠶ᠋ᠢ ᠳᠡᠮᠵᠢᠬᠦ ᠬᠡᠷᠡᠭᠳᠡᠢ᠃ ᠵᠣᠷᠢᠭ᠍ᠲᠠᠶ᠎ᠪᠠᠷ ᠬᠠᠢᠨ ᠰᠦᠪᠡᠭ᠌ᠴᠢᠯᠡᠵᠦ᠍᠂ ᠤᠷᠢᠳ᠎ᠢᠶᠠᠷ ᠬᠡᠷᠡᠭ᠌ᠵᠢᠭᠦᠯᠦᠨ ᠤᠷᠢᠳ᠎ᠢᠶᠠᠷ ᠲᠤᠷᠱᠢᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠮᠥᠩᠭᠥᠨ ᠭᠦᠶ᠋ᠯᠭᠡᠭᠡ ᠵᠡᠷᠭᠡ ᠬᠦᠷᠢᠶᠡᠨ᠎ᠦ ᠱᠢᠨ᠎ᠡ᠎ᠶ᠋ᠢ ᠡᠭᠦᠳᠬᠦ᠌ ᠲᠥᠷᠥ᠎ᠶ᠋ᠢᠨ ᠪᠣᠳᠣᠯᠭ᠎ᠠ᠎ᠶ᠋ᠢ ᠤᠷᠢᠳ᠎ᠢᠶᠠᠷ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠦᠴᠦᠯᠡᠨ ᠪᠣᠶ ᠪᠣᠯᠭᠠᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠠᠲᠤ ᠪᠤᠢ ᠪᠣᠯᠭᠠᠨ ᠭᠦᠨᠵᠡᠭᠡᠢ ᠦᠢᠯᠡᠳᠦᠯᠭᠡᠵᠢᠭᠦᠯᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ᠃ ᠡᠯ᠎ᠡ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ ᠶᠡᠬᠡ ᠲᠠᠯ᠎ᠠ᠎ᠶ᠋ᠢᠨ ᠤᠬᠠᠮᠰᠠᠷ᠂ ᠬᠠᠷᠢᠭᠤᠴᠠᠯᠭ᠎ᠠ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠢ ᠪᠦᠳᠦᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠳᠡᠮᠵᠢᠬᠦ᠌ ᠬᠡᠷᠡᠭ᠌ᠲᠡᠢ᠃ ᠱᠢᠶᠦᠢ᠍ᠩ ᠠᠨ ᠱᠢᠨ᠎ᠡ ᠲᠣᠭᠣᠷᠢᠭ᠎ᠤᠨ ᠥᠷᠭᠡᠨ ᠤᠯᠠᠨ ᠺᠠᠳ᠋ᠷ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠰᠢᠨᠳᠠᠰᠤ ᠡᠷᠴᠢᠯᠡᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠨᠠᠮ ᠪᠣᠯᠤᠨ ᠠᠷᠠᠳ ᠲᠦᠮᠡᠨ᠎ᠳᠦ ᠬᠢᠷᠢ ᠲᠡᠩᠴᠡᠭ᠌ᠰᠡᠨ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ᠎ᠪᠠᠷ ᠴᠢᠷᠮᠠᠢᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠯᠢ ᠴᠢᠶᠠᠩ ᠶᠠᠷᠢᠶᠠᠨ᠎ᠳᠠᠭᠠᠨ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂《ᠮᠢᠩᠭᠠᠨ ᠣᠨ᠎ᠤ ᠶᠡᠬᠡ ᠪᠣᠳᠣᠯᠭ᠎ᠠ》ᠶ᠋ᠢᠨ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢ ᠪᠠᠲᠤᠯᠠᠬᠤ ᠮᠥᠷᠲᠡᠭᠡᠨ ᠥᠷᠯᠥᠭᠡ ᠦᠳᠡᠰᠢ᠎ᠶ᠋ᠢ ᠲᠡᠮᠡᠴᠡᠬᠦ᠌ ᠡᠷᠴᠢ ᠵᠣᠷᠢᠭ᠎ᠢᠶᠠᠷ ᠱᠢᠶᠦᠢ᠍ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠶ ᠪᠥᠲᠥᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠭᠦᠨᠵᠡᠭᠡᠶ ᠠᠬᠢᠭᠤᠯᠬᠤ ᠬᠡᠷᠡᠭ᠌ᠲᠡᠶ᠃ ᠪᠡᠭᠡᠵᠢᠩ᠎ᠦᠨ ᠨᠡᠢᠰᠯᠡᠯ᠎ᠦᠨ ᠪᠤᠰᠤ ᠴᠢᠳᠠᠮᠵᠢ᠎ᠶ᠋ᠢ ᠲᠠᠷᠬᠠᠭᠠᠬᠤ ᠲᠠᠯ᠎ᠠ᠎ᠪᠠᠷ ᠱᠢᠨ᠎ᠡ ᠠᠬᠢᠯᠲᠠ᠎ᠲᠠᠶ ᠪᠣᠯᠬᠤ᠎ᠪᠠᠷ ᠴᠢᠷᠮᠠᠢᠵᠤ᠂ ᠲᠠᠷᠬᠠᠭᠠᠬᠤ ᠬᠥᠳᠡᠯᠭᠡᠬᠦ᠌ ᠬᠦᠴᠦᠨ ᠪᠠ ᠲᠤᠰᠤᠨ ᠠᠪᠬᠤ ᠲᠠᠲᠠᠬᠤ ᠬᠦᠴᠦᠨ᠎ᠢ ᠨᠡᠮᠡᠭ᠌ᠳᠡᠭᠦᠯᠬᠦ ᠬᠡᠷᠡᠭᠳᠠᠢ᠃ ᠬᠤᠳᠠ᠎ᠶ᠋ᠢᠨ ᠠᠭᠤᠯᠤᠭ᠍ᠳᠠᠬᠤᠨ᠎ᠢ ᠪᠠᠶᠠᠯᠢᠭ᠍ᠵᠢᠭᠤᠯᠬᠤ᠂ ᠬᠤᠳᠠ᠎ᠶ᠋ᠢᠨ ᠴᠢᠳᠠᠮᠵᠢ᠎ᠶ᠋ᠢ ᠳᠡᠭᠡᠭ᠌ᠰᠢᠯᠡᠭᠦᠯᠬᠦ᠌ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ᠎ᠪᠠᠷ ᠴᠢᠷᠮᠠᠢᠵᠤ᠂ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠲᠦᠷᠭᠡᠳᠭᠡᠨ ᠲᠡᠭᠦᠯᠳᠡᠷᠵᠢᠭᠦᠯᠵᠦ᠍᠂ ᠲᠡᠷᠢᠭᠦᠨ᠎ᠦ ᠠᠵᠤ ᠦᠢᠯᠡᠰ᠎ᠦᠨ ᠠᠮᠢ ᠠᠬᠤᠢ᠎ᠶ᠋ᠢ ᠪᠤᠢ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠴᠣᠭ᠍ᠴᠠᠯᠠᠬᠤ ᠬᠡᠷᠡᠭ᠌ᠲᠡᠢ᠃ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠡᠯ᠎ᠡ ᠲᠠᠯ᠎ᠠ᠎ᠶ᠋ᠢᠨ ᠳᠠᠪᠠᠭᠤᠯᠢᠭ᠎ᠢ ᠬᠤᠷᠠᠮᠳᠤᠭᠤᠯᠵᠤ᠂ ᠥᠭᠡᠷᠡᠴᠢᠯᠡᠯᠲᠡ᠎ᠶ᠋ᠢᠨ ᠰᠦᠪᠡᠭ᠌ᠴᠢᠯᠡᠯᠳᠡ ᠬᠢᠬᠦ᠌᠎ᠶ᠋ᠢ ᠴᠢᠩᠭᠠᠳᠭᠠᠵᠤ᠂ ᠣᠷᠣᠨ ᠪᠦᠰᠡ᠎ᠶ᠋ᠢᠨ ᠬᠦᠳᠦᠯᠦᠨ ᠳᠠᠭᠠᠭᠤᠯᠬᠤ ᠳᠠᠢᠴᠢᠯᠠᠬᠤ ᠦᠢᠯᠡᠳᠦᠯ᠎ᠢ ᠪᠠᠳᠠᠷᠠᠭᠤᠯᠬᠤ ᠬᠡᠷᠡᠭ᠌ᠲᠡᠢ ᠭᠡᠵᠦ ᠢᠯᠡᠳᠭᠡᠪᠡ᠃

ᠳ᠋ᠢᠩ ᠱᠢᠤᠸᠠᠢ ᠱᠢᠶᠠᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠵᠠ ᠲᠣᠬᠢᠶᠠᠯ᠎ᠢ ᠠᠮᠵᠢᠨ᠂ ᠠᠱᠢᠭ᠍ᠲᠠᠢ ᠪᠠᠢᠳᠠᠯ᠎ᠢ ᠠᠮᠵᠢᠨ ᠤᠷᠤᠭ᠍ᠰᠢᠯᠠᠵᠤ᠂ ᠱᠢᠶᠦ᠋ᠩ ᠠᠨ ᠱᠢᠨ᠎ᠡ ᠲᠣᠭᠣᠷᠢᠭ᠎ᠤᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠣᠷᠣᠨ ᠪᠦᠰᠡ᠎ᠶ᠋ᠢᠨ ᠬᠠᠮᠵᠢᠯᠴᠠᠭᠠᠨ᠎ᠤ ᠱᠢᠨ᠎ᠡ᠎ᠶ᠋ᠢ ᠡᠭᠦᠳᠬᠦ᠌ ᠲᠣᠣᠷ᠎ᠲᠤ ᠭᠦᠨᠵᠡᠭᠡᠢ ᠠᠭᠤᠰᠤᠯᠴᠠᠵᠤ᠂ ᠪᠡᠭᠡᠵᠢᠩ (ᠪᠡᠭᠡᠵᠢᠩ ᠲᠢᠶᠠᠨᠵᠢᠨ ᠾᠸᠪᠸᠢ) ᠤ᠋ᠨ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠴᠢᠬᠤᠯᠠ ᠲᠤᠯᠬᠤ ᠴᠡᠭ᠎ᠢ ᠢᠳᠡᠪᠬᠢᠲᠡᠢ ᠴᠣᠭ᠍ᠴᠠᠯᠠᠬᠤ ᠬᠡᠷᠡᠭ᠌ᠲᠡᠢ ; ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠳᠠᠪᠠᠭᠤᠯᠢᠭ᠎ᠢ ᠪᠠᠳᠠᠷᠠᠭᠤᠯᠵᠤ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ᠎ᠤ ᠠᠭᠤᠰᠤᠯᠴᠠᠨ ᠨᠡᠪᠲᠡᠷᠡᠯᠴᠡᠵᠦ᠍ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠶ᠋ᠢ ᠥᠨᠳᠥᠷ ᠲᠦᠪᠱᠢᠨ᠎ᠢᠶᠡᠷ ᠠᠬᠢᠭᠤᠯᠬᠤ ᠬᠡᠷᠡᠭᠳᠡᠢ ; ᠲᠡᠷᠢᠭᠦᠨ ᠵᠡᠷᠭᠡ᠎ᠶ᠋ᠢᠨ ᠱᠢᠨ᠎ᠡ᠎ᠶ᠋ᠢ ᠡᠭᠦᠳᠬᠦ᠌ ᠠᠮᠢ ᠠᠬᠤᠢ᠎ᠶ᠋ᠢ ᠨᠢᠮᠪᠠᠢ ᠪᠣᠢᠵᠢᠭᠤᠯᠵᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠠ ᠢᠷᠡᠭᠡᠳᠦᠢ᠎ᠶ᠋ᠢᠨ ᠠᠵᠤ ᠦᠢᠯᠡᠰ᠎ᠢ ᠲᠦᠷᠭᠡᠳᠭᠡᠨ ᠬᠥᠭ᠌ᠵᠢᠭᠦᠯᠵᠦ᠍᠂ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠢ ᠪᠦᠲᠦᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠱᠢᠨ᠎ᠡ ᠳᠡᠭ᠌ᠲᠡᠷ᠎ᠲᠦ ᠭᠠᠷᠭᠠᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠢᠯᠡᠳᠭᠡᠪᠡ᠃

ᠾᠧ ᠯᠢ ᠹᠸᠩ ᠨᠠᠷ ᠪᠠᠷ᠎ᠠ ᠪᠤᠯᠵᠤ ᠱᠢᠨᠵᠢᠯᠡᠨ ᠪᠠᠢᠴᠠᠭᠠᠭ᠍ᠰᠠᠨ ᠪᠥᠭᠡᠳ ᠶᠠᠷᠢᠯᠴᠠᠬᠤ ᠬᠤᠷᠠᠯ᠎ᠳᠤ ᠣᠷᠣᠯᠴᠠᠵᠤ᠂ ᠶᠢᠨ ᠯᠢ᠂ ᠴᠧᠨ ᠮᠢᠨ ᠡᠯ᠂ ᠦ᠋ ᠵᠧᠩ ᠯᠦᠩ ᠵᠢᠴᠢ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠴᠡᠷᠢᠭ ᠠᠩᠬᠢ᠎ᠶ᠋ᠢᠨ ᠬᠣᠯᠪᠣᠭ᠍ᠳᠠᠯ ᠪᠦᠬᠦᠢ ᠨᠢᠭᠡᠴᠢ᠂ ᠪᠡᠭᠡᠵᠢᠩ ᠬᠤᠳᠠ᠂ ᠲᠢᠶᠠᠨᠵᠢᠨ ᠬᠤᠳᠠ᠂ ᠾᠸᠪᠸᠢ ᠮᠤᠵᠢ᠂ ᠱᠢᠶᠦ᠋ᠩ ᠠᠨ ᠱᠢᠨ᠎ᠡ ᠲᠣᠭᠣᠷᠢᠭ᠂ ᠬᠣᠯᠪᠣᠭ᠍ᠳᠠᠯ ᠪᠦᠬᠦᠢ ᠠᠵᠤ ᠠᠬᠤᠢᠯᠠᠯ᠎ᠤᠨ ᠬᠠᠷᠢᠭᠤᠴᠠᠯᠭᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠪᠠ᠃

ᠱᠢᠨᠬᠤᠸᠠ ᠬᠣᠷᠢᠶ᠎ᠠ ᠵᠢᠨ ᠾᠧᠪᠧᠶ᠎ᠶ᠋ᠢᠨ ᠱᠢᠶᠦ᠋ᠩ ᠠᠨ ᠱᠢᠨ᠎ᠡ ᠲᠣᠭᠣᠷᠢᠭ᠎ᠤᠨ 3 ᠰᠠᠷ᠎ᠠ᠎ᠶ᠋ᠢᠨ 23 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号