3 ᠰᠠᠷ᠎ᠠ ᠶ᠋ᠢᠨ 23 ᠤ᠋ ᠡᠳᠦᠷ᠂ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ 《〈1571〉 ᠠᠵᠢᠯ ᠤ᠋ᠨ ᠪᠠᠢᠷᠢᠯᠠᠭᠤᠯᠤᠯᠲᠠ ᠵᠢ ᠲᠤᠭᠤᠰᠢᠯᠠᠭᠤᠯᠵᠤ ᠦᠪᠦᠷ ᠮᠤᠡᠭᠭᠤᠯ ᠤ᠋ᠨ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ》 ᠰᠢᠷᠢᠰ ᠭᠤᠤᠯ ᠰᠡᠳᠦᠪᠲᠦ ᠰᠤᠨᠢᠨ ᠮᠡᠳᠡᠭᠡ ᠨᠡᠢᠲᠡᠯᠡᠬᠦ ᠬᠤᠷᠠᠯ ᠤ᠋ᠨ ᠠᠷᠪᠠᠳᠤᠭᠠᠷ ᠲᠠᠯᠠᠪᠠᠢ ᠬᠤᠷᠠᠯ ᠢ᠋ ᠬᠤᠷᠠᠯᠳᠤᠭᠤᠯᠵᠤ᠂ ᠦᠪᠦᠷ ᠮᠤᠡᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠩᠬᠢᠮ ᠤ᠋ᠨ ᠬᠠᠮᠢᠶ᠎ᠡ ᠪᠦᠬᠦᠢ ᠬᠠᠷᠢᠭᠤᠴᠠᠯᠭᠠᠲᠠᠨ ᠡᠴᠡ ᠦᠪᠤᠷ ᠮᠤᠩᠭᠤᠯ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠬᠦᠴᠦᠷᠬᠡᠭ ᠤᠷᠤᠨ ᠤ᠋ ᠪᠦᠲᠦᠭᠡᠨ ᠪᠠᠢᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠢ 2026 ᠤᠨ ᠤ᠋ ᠭᠤᠤᠯᠳᠠᠯᠭ᠎ᠠ ᠲᠠᠢ ᠠᠳᠬᠤᠬᠤ 《ᠠᠷᠪᠠᠨ ᠶᠡᠬᠡ ᠢᠨᠵᠸᠨ᠋ᠸᠷᠢᠡᠭ》 ᠢ᠋ ᠲᠠᠨᠢᠯᠴᠠᠭᠤᠯᠪᠠ᠃
ᠦᠷ᠎ᠡ ᠶ᠋ᠢᠨ ᠦᠢᠯᠡᠰ ᠢ᠋ ᠬᠦᠭᠵᠢᠭᠦᠯᠦᠨ ᠮᠠᠨᠳᠤᠭᠤᠯᠬᠤ ᠢᠨᠵᠧᠨᠧᠷᠢᠩ ᠢ᠋ ᠬᠡᠷᠡᠭᠵᠢᠭᠦᠯᠦᠨ᠎ᠡ᠃ ᠡᠷᠳᠡᠨᠢ ᠱᠢᠰᠢ᠂ ᠮᠢᠬᠠᠨ ᠤ᠋ ᠦᠬᠡᠷ᠂ ᠮᠢᠬᠠᠨ ᠤ᠋ ᠬᠣᠨᠢ᠂ ᠰᠠᠭᠠᠯᠢ ᠶ᠋ᠢᠨ ᠦᠨᠢᠶ᠎ᠡ᠂ ᠱᠢᠷᠠ ᠪᠤᠷᠴᠠᠭ᠂ ᠲᠥᠮᠥᠰᠥ᠍ ᠪᠠ ᠨᠡᠷᠡᠨ ᠬᠤᠸᠠᠷ ᠵᠡᠷᠭᠡ ᠦᠪᠡᠷᠮᠢᠴᠠ ᠤᠨᠴᠠᠯᠢᠭ ᠲᠠᠢ ᠳᠠᠪᠠᠭᠤᠯᠢᠭᠲᠦ ᠲᠦᠷᠦᠯ ᠵᠦᠢᠯ ᠳ᠋ᠤ ᠠᠡᠭᠬᠠᠷᠤᠯ ᠶ᠋ᠢᠡᠨ ᠲᠦᠪᠯᠡᠷᠡᠭᠦᠯᠦᠨ ᠦᠷ᠎ᠡ ᠪᠤᠢᠵᠢᠭᠤᠯᠬᠤ ᠲᠠᠯ᠎ᠠ ᠪᠡᠷ ᠬᠠᠮᠲᠤᠷᠠᠨ ᠪᠤᠭᠤᠮᠳᠠ ᠰᠢᠪᠳᠤᠯᠵᠤ᠂ 1 — 2 ᠡᠭᠦᠯᠳᠡᠷ ᠢ᠋ ᠤᠯᠤᠰ ᠤ᠋ᠨ ᠭᠤᠤᠯ ᠳᠡᠯᠭᠡᠷᠡᠭᠦᠯᠬᠦ ᠭᠠᠷᠴᠠᠭ ᠲᠦ᠍ ᠤᠷᠤᠭᠤᠯᠤᠨ᠎ᠠ; ᠤᠯᠤᠰ ᠤ᠋ᠨ ᠦᠷ᠎ᠡ ᠪᠣᠢᠵᠢᠭᠤᠯᠬᠤ ᠲᠣᠮᠣ ᠱᠢᠶᠠᠨ ᠤ᠋ ᠱᠠᠩᠨᠠᠯ ᠤ᠋ᠨ ᠮᠥᠩᠭᠥ ᠵᠢ ᠴᠢᠷᠮᠠᠢᠨ ᠣᠯᠵᠤ᠂ ᠡᠷᠳᠡᠨᠢ ᠱᠢᠰᠢ ᠪᠠ ᠲᠥᠮᠥᠰᠥ᠍ ᠵᠡᠷᠭᠡ ᠵᠢᠨ ᠰᠠᠢᠨ ᠡᠭᠦᠯᠳᠡᠷ ᠪᠤᠢᠵᠢᠭᠤᠯᠬᠤ ᠰᠠᠭᠤᠷᠢᠨ ᠤ᠋ ᠪᠦᠲᠦᠭᠡᠨ ᠪᠠᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠲᠠᠷᠢᠶᠠᠨ ᠦᠷ᠎ᠡ ᠪᠣᠢᠵᠢᠭᠤᠯᠬᠤ ᠲᠠᠯᠠᠪᠠᠶ ᠵᠢ 150 ᠲᠦᠮᠡᠨ ᠮᠦ᠍ ᠡᠴᠡ ᠳᠡᠭᠡᠭ᠌ᠰᠢ ᠳ᠋ᠤ ᠲᠤᠭᠲᠠᠪᠤᠷᠢᠵᠢᠭᠤᠯᠬᠤ ᠪᠡᠷ ᠪᠤᠢ᠃
ᠮᠠᠯ ᠠᠵᠤ ᠠᠬᠤᠢ ᠲᠠᠷᠢᠶᠠᠯᠠᠡᠭ ᠤ᠋ᠨ ᠦᠢᠯᠡᠰ ᠤ᠋ᠨ ᠱᠢᠨ᠎ᠡ ᠵᠢ ᠡᠭᠦᠳᠬᠦ᠌ ᠬᠡᠯᠬᠢᠶ᠎ᠡ ᠶ᠋ᠢᠨ ᠪᠦᠲᠦᠭᠡᠨ ᠪᠠᠢᠭᠤᠯᠤᠯᠲᠠ ᠶ᠋ᠢᠨ ᠢᠨᠵᠧᠨᠧᠷᠢᠩ ᠢ᠋ ᠬᠡᠷᠡᠭᠵᠢᠭᠦᠯᠦᠨ᠎ᠡ᠃ ᠡᠨᠡ ᠵᠢᠯ ᠮᠠᠨ ᠤ᠋ ᠤᠷᠤᠨ ᠴᠠᠭᠠᠨ ᠢᠳᠡᠭᠡᠨ ᠤ᠋ ᠦᠶ᠋ᠯᠡᠰ ᠤ᠋ᠨ ᠱᠢᠨ᠎ᠡ ᠵᠢ ᠡᠭᠦᠳᠬᠦ᠌ ᠲᠥᠪ᠂ ᠡᠪᠡᠰᠦᠨ ᠤ᠋ ᠦᠶ᠋ᠯᠡᠰ ᠤ᠋ᠨ ᠱᠢᠨ᠎ᠡ ᠵᠢ ᠡᠭᠦᠳᠬᠦ᠌ ᠲᠥᠪ᠂ ᠪᠠᠶᠠᠨᠨᠠᠭᠤᠷ ᠤ᠋ᠨ ᠤᠯᠤᠰ ᠤ᠋ᠨ ᠲᠠᠷᠢᠶᠠᠯᠠᠩ ᠤ᠋ᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠵᠢᠱ᠌ᠢᠶ᠎ᠡ ᠦᠵᠡᠭᠦᠯᠬᠦ᠌ ᠲᠣᠭᠣᠷᠢᠭ ᠵᠡᠷᠭᠡ ᠤᠯᠤᠰ ᠤ᠋ᠨ ᠲᠠᠰ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠠᠪᠴᠠᠩ ᠤ᠋ᠨ ᠪᠠᠢᠭᠤᠯᠤᠯᠲᠠ ᠵᠢ ᠪᠥᠬᠥ᠌ ᠬᠦᠴᠦᠨ ᠵᠢᠡᠷ ᠵᠢᠡᠨ ᠠᠬᠢᠭᠤᠯᠤᠨ᠎ᠠ; ᠮᠠᠯ ᠠᠵᠤ ᠠᠬᠤᠶ ᠲᠠᠷᠢᠶᠠᠯᠠᠡᠭ ᠤ᠋ᠨ ᠭᠤᠤᠯᠯᠠᠬᠤ ᠣᠨᠴᠠᠯᠢᠭ᠍ᠲᠤ ᠠᠵᠤ ᠦᠶ᠋ᠯᠡᠰ ᠤ᠋ᠨ ᠲᠣᠭᠣᠷᠢᠨ ᠳ᠋ᠤ ᠥᠪᠥᠷ ᠮᠣᠩᠭᠣᠯ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠴᠢᠬᠤᠯᠠ ᠶᠡᠬᠡ ᠮᠡᠷᠭᠡᠵᠢᠯ ᠢ᠋ ᠬᠠᠮᠵᠢᠯᠴᠠᠨ ᠳᠡᠯᠭᠡᠷᠡᠭᠦᠯᠬᠦ᠌ ᠪᠦᠯᠬᠦᠮ ᠢ᠋ ᠪᠠᠢᠭᠤᠯᠵᠤ᠂ ᠦᠪᠦᠷ ᠮᠤᠡᠭᠭᠤᠯ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 110 ᠦᠶ᠋ᠯᠡᠴᠢᠯᠡᠭᠡᠨ ᠤ᠋ ᠵᠠᠭ᠍ᠪᠤᠷ ᠢ᠋ ᠦᠷᠭᠦᠯᠵᠢᠯᠡᠨ ᠬᠡᠷᠡᠭ᠌ᠵᠢᠭᠦᠯᠵᠦ᠍᠂ ᠮᠠᠯᠴᠢᠨ ᠲᠠᠷᠢᠶᠠᠴᠢᠨ ᠤ᠋ ᠦᠶ᠋ᠯᠡᠳᠪᠦᠷᠢᠯᠡᠯ ᠳᠤᠮᠳᠠᠬᠢ ᠮᠡᠷᠭᠡᠵᠢᠯ ᠤ᠋ᠨ ᠬᠦᠴᠢᠷ ᠠᠰᠠᠭᠤᠳᠠᠯ ᠢ᠋ ᠴᠠᠭ ᠲᠤᠬᠠᠶ ᠳ᠋ᠤᠨᠢ ᠰᠢᠢᠳᠪᠦᠷᠢᠯᠡᠵᠦ ᠦᠭᠭᠦᠨ᠎ᠡ᠃
ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠳᠡᠭᠡᠭ᠌ᠰᠢᠯᠡᠭᠦᠯᠬᠦ᠌ ᠢᠨᠵᠧᠨᠧᠷᠢᠩ ᠢ᠋ ᠬᠡᠷᠡᠭᠵᠢᠭᠦᠯᠦᠨ᠎ᠡ᠃ ᠪᠠᠶᠠᠨᠨᠠᠭᠤᠷ ᠬᠣᠲᠠ ᠪᠣᠯᠤᠨ ᠬᠢᠩᠭᠠᠨ ᠠᠢᠮᠠᠭ ᠤ᠋ᠨ ᠵᠠᠯᠠᠢᠳ ᠬᠤᠰᠢᠭᠤᠨ ᠤ᠋ ᠪᠥᠬᠥ᠌ ᠣᠷᠣᠨ ᠪᠦᠰᠡ ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠵᠢ ᠠᠬᠢᠭᠤᠯᠤᠨ᠂ 600 ᠲᠦᠮᠡᠨ ᠮᠥ᠍ ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠪᠥᠲᠥᠭᠡᠨ ᠪᠠᠢᠭᠤᠯᠬᠤ ᠪᠡᠷ ᠴᠢᠷᠮᠠᠢᠵᠤ᠂ ᠵᠡᠭᠦᠨ ᠬᠣᠢᠲᠤ ᠶ᠋ᠢᠨ ᠬᠠᠷ᠎ᠠ ᠬᠦᠷᠦᠰᠦᠲᠦ ᠭᠠᠵᠠᠷ ᠢ᠋ ᠬᠠᠮᠠᠭᠠᠯᠠᠯᠲᠠ ᠶ᠋ᠢᠨ ᠴᠢᠨᠠᠷᠲᠠᠢ ᠪᠡᠷ ᠠᠱᠢᠭ᠍ᠯᠠᠬᠤ ᠲᠥᠷᠥᠯ ᠵᠦᠶ᠋ᠯ ᠢ᠋ 50 ᠲᠦᠮᠡ ᠭᠠᠷᠤᠢ ᠮᠥ᠍ ᠬᠡᠷᠡᠭ᠌ᠵᠢᠭᠦᠯᠦᠨᠡ; 《ᠭᠤᠤᠯ ᠪᠣᠯᠬᠤ ᠠᠮᠤ ᠲᠣᠰᠣᠨ ᠤ᠋ ᠲᠠᠷᠢᠮᠠᠯ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠪᠥᠲᠥᠭᠡᠨ ᠪᠠᠢᠭᠤᠯᠤᠯᠲᠠ ᠶ᠋ᠢᠨ ᠣᠨ》 ᠤ᠋ ᠠᠵᠢᠯᠯᠠᠭ᠎ᠠ ᠵᠢ ᠡᠬᠢᠯᠡᠭᠦᠯᠵᠦ᠍᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤ᠂ ᠵᠠᠯᠠᠢᠳ ᠬᠣᠱᠢᠭᠤ ᠵᠡᠷᠭᠡ ᠶᠡᠬᠡ ᠬᠡᠪᠴᠢᠶ᠎ᠠ ᠪᠡᠷ ᠲᠠᠷᠢᠭᠰᠠᠨ ᠲᠠᠷᠢᠮᠠᠯ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠬᠦᠯᠬᠦ ᠪᠦᠬᠦᠯᠢ ᠪᠠᠢᠭᠤᠯᠤᠮᠵᠢ ᠶ᠋ᠢᠨ ᠳᠦᠷᠢᠮ ᠢ᠋ ᠠᠬᠢᠭᠤᠯᠬᠤ 65 ᠬᠤᠰᠢᠭᠤ ᠰᠢᠶᠠᠨ ᠢ᠋ ᠳᠡᠮᠵᠢᠵᠦ᠂ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠵᠢᠱ᠌ᠢᠶ᠎ᠡ ᠦᠵᠡᠭᠦᠯᠬᠦ᠌ ᠣᠷᠣᠨ ᠢ᠋ 1000 ᠲᠦᠮᠡ ᠭᠠᠷᠤᠢ ᠮᠥ᠍ ᠪᠠᠢᠭᠤᠯᠵᠤ᠂ ᠠᠮᠤ ᠪᠤᠳᠠᠭᠠᠨ ᠤ᠋ ᠤᠨᠠᠯᠲᠠ ᠵᠢ 840 ᠳ᠋ᠦᠩᠱᠢᠭᠤᠷ ᠵᠢᠩ ᠡᠴᠡ ᠳᠡᠭᠡᠭ᠌ᠰᠢ ᠳ᠋ᠤ ᠲᠤᠭᠲᠠᠪᠤᠷᠢᠵᠢᠭᠤᠯᠬᠤ ᠪᠤᠯᠤᠨ᠎ᠠ᠃
ᠰᠦ ᠶ᠋ᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠢᠨᠵᠧᠨᠧᠷᠢᠩ ᠢ᠋ ᠬᠡᠷᠡᠭ᠌ᠵᠢᠭᠦᠯᠦᠨᠡ᠃ ᠰᠦ ᠰᠠᠭᠠᠯᠢ ᠪᠠᠨ ᠦᠪᠡᠰᠦᠪᠡᠨ ᠪᠤᠯᠪᠠᠰᠤᠷᠠᠭᠤᠯᠬᠤ ᠲᠥᠬᠥᠭᠡᠷᠦᠮᠵᠢ ᠶ᠋ᠢᠨ ᠪᠠᠯᠠ ᠣᠷᠣᠭᠤᠯᠤᠯᠲᠠ ᠳ᠋ᠦ ᠨᠥᠬᠥᠪᠥᠷᠢ ᠥᠭ᠌ᠬᠦ ᠡᠷᠴᠢᠮ ᠪᠠ ᠰᠠᠭᠠᠯᠢ ᠶ᠋ᠢᠨ ᠮᠠᠯ ᠲᠡᠵᠢᠭᠡᠨ ᠦᠷᠡᠵᠢᠭᠦᠯᠬᠦ᠌ ᠲᠠᠯᠠᠪᠠᠶ ᠶ᠋ᠢᠨ ᠲᠡᠵᠢᠭᠡᠯ ᠡᠪᠡᠰᠦ ᠪᠣᠷᠳᠣᠭᠠᠨ ᠤ᠋ ᠵᠢᠭᠡᠯᠡᠯᠭᠡ ᠶ᠋ᠢᠨ ᠬᠦᠦ ᠮᠦᠡᠭᠬᠦ ᠶ᠋ᠢᠨ ᠨᠦᠬᠦᠪᠦᠷᠢ ᠵᠢ ᠨᠡᠮᠡᠭ᠌ᠳᠡᠭᠦᠯᠵᠦ᠍᠂ ᠲᠣᠮᠣ ᠳᠤᠮᠳᠠ ᠬᠡᠯᠪᠡᠷᠢ ᠶ᠋ᠢᠨ ᠴᠠᠭᠠᠨ ᠢᠳᠡᠭᠡᠨ ᠤ᠋ ᠠᠵᠤ ᠠᠬᠤᠢᠯᠠᠯ ᠤ᠋ᠨ ᠨᠠᠷᠢᠯᠢᠭ ᠪᠤᠯᠪᠠᠰᠤᠷᠠᠭᠤᠯᠬᠤ ᠵᠢ ᠬᠦᠲᠦᠯᠦᠨ ᠵᠢᠯᠤᠭᠤᠳᠴᠤ᠂ 10 ᠳᠤᠮᠳᠠ ᠪᠠᠭ᠎ᠠ ᠲᠡᠵᠢᠭᠡᠪᠤᠷᠢ ᠵᠢᠨ ᠲᠠᠯᠠᠪᠠᠶ ᠶ᠋ᠢᠨ 《ᠲᠡᠵᠢᠭᠡᠬᠦ᠌ ᠪᠤᠯᠪᠠᠰᠤᠷᠠᠭᠤᠯᠬᠤ ᠵᠢ ᠨᠢᠭᠡ ᠴᠣᠭ᠍ᠴᠠᠵᠢᠭᠤᠯᠬᠤ》᠂ 10 ᠣᠷᠣᠨ ᠨᠤᠲᠤᠭ ᠤ᠋ᠨ ᠣᠨᠴᠠᠯᠢᠭ᠍ᠲᠤ ᠴᠠᠭᠠᠨ ᠢᠳᠡᠭᠡᠨ ᠤ᠋ ᠭᠠᠷ ᠦᠶ᠋ᠯᠡᠳᠭᠡᠯ ᠤ᠋ᠨ ᠭᠠᠵᠠᠷ ᠤ᠋ᠨ ᠠᠵᠤ ᠠᠬᠤᠢᠯᠠᠯ ᠲᠠᠢᠰᠢ ᠳᠡᠰ ᠳᠡᠪᠰᠢᠬᠦ᠂ 10 ᠵᠢᠵᠢᠭ ᠭᠠᠷ ᠦᠶ᠋ᠯᠡᠳᠭᠡᠯ ᠤ᠋ᠨ ᠭᠠᠵᠠᠷ ᠪᠠ ᠪᠤᠯᠪᠠᠰᠤᠷᠠᠭᠤᠯᠬᠤ ᠠᠵᠤ ᠠᠬᠤᠢᠯᠠᠯ ᠤ᠋ᠨ ᠬᠦᠷᠢᠶᠡᠯᠡᠡᠭ ᠲᠤᠭᠤᠷᠢᠭ ᠲᠦ᠍ ᠤᠷᠤᠵᠤ ᠰᠠᠭᠤᠬᠤ ᠵᠢ ᠳᠡᠮᠵᠢᠵᠦ᠂ ᠰᠦ ᠶ᠋ᠢᠨ ᠭᠠᠷᠤᠯᠲᠠ ᠵᠢ ᠪᠥᠬᠥ᠌ ᠤᠯᠤᠰ ᠤ᠋ᠨ ᠲᠡᠷᠢᠭᠦᠨ ᠪᠠᠢᠷᠢᠨ ᠳ᠋ᠤ ᠲᠣᠭ᠍ᠲᠠᠭᠤᠨ ᠪᠠᠢᠯᠭᠠᠬᠤ ᠵᠢ ᠠᠬᠢᠭᠤᠯᠤᠨ᠎ᠠ᠃
ᠡᠷᠳᠡᠨᠢ ᠱᠢᠰᠢ ᠶ᠋ᠢᠨ ᠠᠮᠢᠳᠤ ᠪᠣᠳᠠᠰ ᠤ᠋ᠨ ᠦᠢᠯᠡᠳᠬᠦ᠌ ᠦᠢᠯᠡᠰ ᠢ᠋ ᠪᠤᠢᠵᠢᠭᠤᠯᠤᠨ ᠱᠢᠯᠢᠳᠡᠭ᠌ᠵᠢᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠦᠨᠡ᠃ ᠦᠷ᠎ᠡ ᠶ᠋ᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠪᠠᠯᠠ ᠮᠥᠩᠭᠥ ᠵᠢ ᠰᠠᠢᠲᠤᠷ ᠬᠡᠷᠡᠭ᠌ᠯᠡᠵᠦ᠍᠂ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠡᠷᠳᠡᠨᠢ ᠱᠢᠰᠢ ᠶ᠋ᠢᠨ ᠦᠷ᠎ᠡ ᠪᠤᠢᠵᠢᠭᠤᠯᠬᠤ 3 ᠲᠣᠮᠣ ᠱᠢᠶᠠᠨ ᠤ᠋ ᠦᠢᠯᠡᠳᠪᠤᠷᠢᠯᠡᠯ ᠤ᠋ᠨ ᠰᠠᠭᠤᠷᠢᠨ ᠪᠠᠢᠭᠤᠯᠬᠤ ᠵᠢ ᠳᠡᠮᠵᠢᠵᠦ᠍᠂ ᠦᠷ᠎ᠡ ᠪᠣᠢᠵᠢᠭᠤᠯᠬᠤ ᠴᠢᠳᠠᠪᠤᠷᠢ ᠪᠠ ᠶᠠᠰᠤ ᠴᠢᠨᠠᠷ ᠢ᠋ ᠳᠡᠭᠡᠭ᠌ᠰᠢᠯᠡᠭᠦᠯᠦᠨᠡ; ᠡᠷᠳᠡᠨᠢ ᠱᠢᠰᠢ ᠪᠡᠷ ᠭᠤᠤᠯᠯᠠᠬᠤ ᠠᠵᠤ ᠦᠶ᠋ᠯᠡᠰ ᠵᠢᠡᠨ ᠪᠣᠯᠭᠠᠭ᠍ᠰᠠᠨ ᠣᠲᠣ ᠦᠶ᠎ᠡ ᠶ᠋ᠢᠨ ᠲᠠᠷᠢᠶᠠᠯᠠᠩ ᠤ᠋ᠨ ᠠᠵᠤ ᠦᠶ᠋ᠯᠡᠰ ᠤ᠋ᠨ ᠬᠦᠷᠢᠶᠡᠯᠡᠩ ᠢ᠋ ᠪᠦᠳᠦᠬᠡᠨ ᠪᠠᠢᠭᠤᠯᠬᠤ ᠵᠢ ᠳᠡᠮᠵᠢᠵᠦ᠍᠂ ᠤᠯᠤᠰ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠪᠣᠬᠢᠷᠲᠤᠯ ᠥᠬᠡᠶ ᠥᠨᠳᠥᠷ ᠤᠨᠠᠯᠲᠠᠲᠤ ᠥᠨᠳᠥᠷ ᠦᠷ᠎ᠡ ᠠᠰᠢᠭᠲᠦ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠢᠨᠵᠧᠨᠧᠷᠢᠩ᠂ ᠴᠢᠨᠠᠷ ᠰᠠᠢᠲᠠᠶ ᠥᠨᠳᠥᠷ ᠦᠷ᠎ᠡ ᠠᠱᠢᠭ ᠲᠠᠶ ᠪᠠᠷ ᠠᠮᠤ ᠪᠤᠳᠠᠭᠠᠨ ᠤ᠋ ᠤᠨᠠᠯᠲᠠ ᠵᠢ ᠨᠡᠮᠡᠭ᠌ᠳᠡᠭᠦᠯᠬᠦ᠌᠂ ᠬᠡᠪᠴᠢᠶᠡᠵᠢᠭᠰᠡᠨ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠵᠡᠷᠭᠡ ᠲᠥᠷᠥᠯ ᠵᠦᠶ᠋ᠯ ᠢ᠋ ᠡᠮᠬᠢᠯᠡᠨ ᠨᠡᠢᠯᠡᠭᠦᠯᠵᠦ᠍᠂ ᠡᠷᠳᠡᠨᠢ ᠱᠢᠰᠢ ᠵᠢ ᠨᠠᠷᠢᠯᠢᠭ ᠪᠤᠯᠪᠠᠰᠤᠷᠠᠭᠤᠯᠬᠤ ᠰᠠᠭᠤᠷᠢ ᠵᠢ ᠪᠡᠬᠢᠵᠢᠭᠦᠯᠦᠨ᠎ᠡ᠃
ᠮᠢᠬᠠᠨ ᠤ᠋ ᠦᠬᠡᠷ ᠮᠢᠬᠠᠨ ᠤ᠋ ᠬᠣᠨᠢ ᠵᠢᠨ ᠠᠰᠢᠭ ᠰᠢᠮ᠎ᠠ ᠵᠢᠨ ᠭᠠᠷᠤᠯᠲᠠ ᠵᠢ ᠲᠠᠬᠡᠭᠰᠢᠯᠡᠬᠦᠯᠵᠤ ᠦᠷ᠎ᠡ ᠠᠱᠢᠭ ᠢ᠋ ᠨᠡᠮᠡᠭ᠌ᠳᠡᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠦᠨᠡ᠃ ᠮᠢᠬᠠᠨ ᠤ᠋ ᠦᠬᠡᠷ ᠮᠢᠬᠠᠨ ᠤ᠋ ᠬᠤᠨᠢ ᠵᠢᠨ 《ᠬᠣᠣᠰ ᠵᠠᠭᠤᠨ ᠲᠦᠮᠡ》 ᠶ᠋ᠢᠨ ᠪᠣᠷᠳᠣᠨ ᠲᠠᠷᠭᠤᠯᠠᠭᠤᠯᠬᠤ ᠠᠵᠢᠯᠯᠠᠭ᠎ᠠ ᠵᠢ ᠥᠷᠨᠢᠭᠦᠯᠵᠦ᠍᠂ ᠲᠦᠬᠦᠭᠡᠷᠦᠮᠵᠢᠲᠦ ᠮᠠᠯ ᠠᠵᠤ ᠠᠬᠤᠢ ᠶ᠋ᠢᠨ ᠪᠦᠲᠦᠭᠡᠨ ᠪᠠᠢᠭᠤᠯᠤᠯᠲᠠ ᠵᠢ ᠶᠡᠬᠡ ᠪᠡᠷ ᠠᠬᠢᠭᠤᠯᠤᠨ᠂ ᠮᠢᠬᠠᠨ ᠤ᠋ ᠦᠬᠡᠷ ᠮᠢᠬᠠᠨ ᠤ᠋ ᠬᠤᠨᠢ ᠵᠢᠨ 120 ᠭᠠᠷᠤᠢ ᠤᠶᠤᠨᠴᠢ ᠮᠠᠯᠵᠢᠯ ᠤ᠋ᠨ ᠲᠠᠯᠠᠪᠠᠢ ᠵᠢ ᠪᠦᠲᠦᠭᠡᠨ ᠪᠠᠢᠭᠤᠯᠵᠤ᠂ ᠮᠠᠯᠵᠢᠬᠤ ᠤᠷᠤᠨ ᠳ᠋ᠤ ᠪᠤᠢᠵᠢᠭᠤᠯᠵᠤ ᠲᠠᠷᠢᠶᠠᠯᠠᠬᠤ ᠤᠷᠤᠨ ᠳ᠋ᠤ ᠲᠠᠷᠭᠤᠯᠠᠭᠤᠯᠬᠤ᠂ ᠡᠷᠦᠬᠡ ᠳ᠋ᠦ ᠪᠤᠢᠵᠢᠭᠤᠯᠵᠤ ᠠᠵᠤ ᠠᠬᠤᠢᠯᠠᠯ ᠳ᠋ᠦ ᠲᠠᠷᠭᠤᠯᠠᠭᠤᠯᠬᠤ᠂ ᠮᠣᠵᠢ ᠠᠯᠤᠰᠯᠠᠨ ᠪᠣᠷᠳᠣᠨ ᠲᠠᠷᠭᠤᠯᠠᠭᠤᠯᠬᠤ ᠵᠡᠷᠭᠡ ᠵᠠᠭ᠍ᠪᠤᠷ ᠢ᠋ ᠳᠡᠯᠭᠡᠷᠡᠭᠦᠯᠦᠨ᠂ ᠦᠬᠡᠷ ᠬᠣᠨᠢᠨ ᠮᠢᠬ᠎ᠠ ᠵᠢᠨ ᠭᠠᠷᠤᠯᠲᠠ ᠵᠢ ᠴᠦᠮ 100 ᠲᠦᠮᠡᠨ ᠲᠣᠨ ᠢ᠋ ᠳᠠᠪᠠᠭᠤᠯᠬᠤ ᠵᠢ ᠬᠦᠴᠦᠨ ᠶ᠋ᠢᠡᠷ ᠶ᠋ᠢᠡᠨ ᠪᠠᠲᠤᠯᠠᠬᠤ ᠪᠤᠯᠤᠨ᠎ᠠ᠃
ᠲᠡᠵᠢᠭᠡᠯ ᠡᠪᠡᠰᠦᠨ ᠤ᠋ ᠬᠠᠩᠭᠠᠯᠭ᠎ᠠ ᠵᠢ ᠳᠡᠭᠡᠭ᠌ᠰᠢᠯᠡᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠦᠨᠡ᠃ ᠲᠠᠷᠢᠮᠠᠯ ᠲᠡᠵᠢᠭᠡᠯ ᠡᠪᠡᠰᠦᠨ ᠤ᠋ ᠨᠥᠬᠥᠪᠥᠷᠢ ᠶ᠋ᠢᠨ ᠲᠥᠷᠥ ᠶ᠋ᠢᠨ ᠪᠣᠳᠣᠯᠭ᠎ᠠ ᠵᠢ ᠦᠷᠭᠦᠯᠵᠢᠯᠡᠨ ᠠᠬᠢᠭᠤᠯᠵᠤ᠂ 160 ᠲᠦᠮᠡᠨ ᠮᠥ᠍ ᠪᠤᠷᠳᠤᠭᠠᠨ ᠤ᠋ ᠨᠣᠬᠠᠶ ᠶ᠋ᠢᠨ ᠬᠣᠱᠢᠭᠤ ᠪᠤᠯᠤᠨ 9 ᠲᠦᠮᠡᠨ ᠮᠥ᠍ ᠴᠠᠷᠭᠠᠰᠤ ᠳᠠᠷᠢᠵᠤ᠂ ᠪᠥᠬᠥ᠌ ᠣᠷᠣᠨ ᠤ᠋ ᠲᠠᠷᠢᠮᠠᠯ ᠲᠡᠵᠢᠭᠡᠯ ᠡᠪᠡᠰᠦᠨ ᠤ᠋ ᠲᠠᠯᠠᠪᠠᠶ ᠵᠢ 2000 ᠲᠦᠮᠡᠨ ᠮᠥ᠍ ᠡᠴᠡ ᠳᠡᠭᠡᠭ᠌ᠰᠢ ᠳ᠋ᠤ ᠲᠣᠭ᠍ᠲᠠᠪᠤᠷᠢᠵᠢᠭᠤᠯᠤᠨᠠ; ᠮᠠᠯᠵᠢᠬᠤ ᠲᠠᠷᠢᠶᠠᠯᠠᠬᠤ ᠡᠷᠦᠬᠡ ᠶ᠋ᠢᠨ ᠡᠪᠡᠰᠦ ᠪᠣᠷᠳᠣᠭ᠎ᠠ ᠨᠥᠭᠡᠴᠡᠯᠡᠬᠦ᠌ ᠪᠠᠭ᠎ᠠ ᠬᠡᠯᠪᠡᠷᠢ ᠶ᠋ᠢᠨ ᠬᠥᠮᠥᠷᠭᠡ ᠪᠡᠷ ᠭᠤᠤᠯ ᠪᠣᠯᠭᠠᠭᠰᠠᠨ᠂ ᠰᠤᠮᠤ ᠱᠢᠶᠠᠩ ᠪᠠᠯᠭᠠᠰᠤ ᠭᠠᠴᠠᠭ᠎ᠠ ᠲᠣᠰᠭᠣᠨ ᠤ᠋ ᠡᠪᠡᠰᠦ ᠪᠣᠷᠳᠣᠭ᠎ᠠ ᠨᠥᠭᠡᠴᠡᠯᠡᠬᠦ᠌ ᠳᠤᠮᠳᠠ ᠬᠡᠯᠪᠡᠷᠢ ᠶ᠋ᠢᠨ ᠬᠥᠮᠥᠷᠭᠡ ᠪᠡᠷ ᠬᠠᠪᠰᠤᠷᠤᠮᠵᠢ ᠪᠣᠯᠭᠠᠭᠰᠠᠨ᠂ ᠬᠣᠱᠢᠭᠤ ᠱᠢᠶᠠᠨ ᠤ᠋ ᠡᠪᠡᠰᠦ ᠪᠣᠷᠳᠣᠭ᠎ᠠ ᠨᠥᠭᠡᠴᠡᠯᠡᠬᠦ᠌ ᠲᠣᠮᠣ ᠬᠡᠯᠪᠡᠷᠢ ᠶ᠋ᠢᠨ ᠬᠥᠮᠥᠷᠭᠡ ᠪᠡᠷ ᠨᠥᠬᠥᠪᠥᠷᠢ ᠪᠣᠯᠭᠠᠭ᠍ᠰᠠᠨ ᠭᠤᠷᠪᠠᠨ ᠱᠠᠲᠤᠨ ᠤ᠋ ᠡᠪᠡᠰᠦ ᠪᠣᠷᠳᠣᠭ᠎ᠠ ᠨᠥᠭᠡᠴᠡᠯᠡᠬᠦ᠌ ᠱᠢᠰᠲ᠋ᠧᠮ ᠢ᠋ ᠪᠠᠢᠭᠤᠯᠤᠨ ᠪᠦᠷᠢᠨᠱᠢᠭᠦᠯᠦᠨᠡ᠃
ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠶ᠋ᠢᠨ ᠰᠠᠭᠤᠷᠢ ᠵᠢ ᠪᠡᠬᠢᠵᠢᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠦᠨᠡ᠃ ᠤᠯᠠᠭᠠᠨᠬᠠᠳᠠ ᠬᠤᠳᠠ᠂ ᠬᠥᠬᠡᠬᠣᠲᠠ᠂ ᠪᠤᠭᠤᠲᠤ ᠬᠤᠳᠠ᠂ ᠤᠯᠠᠭᠠᠨᠴᠠᠪ ᠬᠤᠳᠠ ᠪᠣᠯᠤᠨ ᠪᠠᠶᠠᠨᠨᠠᠭᠤᠷ ᠬᠣᠲᠠ ᠵᠡᠷᠭᠡ ᠭᠠᠵᠠᠷ ᠲᠦ᠍ 10 ᠲᠠᠷᠢᠮᠠᠯ ᠤ᠋ᠨ ᠰᠠᠭᠤᠷᠢᠨ ᠪᠠᠢᠭᠤᠯᠤᠨ᠂ ᠲᠦᠬᠦᠭᠡᠷᠦᠮᠵᠢᠲᠦ ᠲᠠᠷᠢᠶᠠᠯᠠᠩ ᠤ᠋ᠨ ᠲᠠᠯᠠᠪᠠᠶ ᠵᠢ 4 ᠲᠦᠮᠡᠨ ᠮᠦ᠍ ᠱᠢᠨ᠎ᠡ ᠪᠡᠷ ᠨᠡᠮᠡᠭᠳᠡᠭᠦᠯᠵᠦ᠂ 6 ᠲᠦᠮᠡᠨ ᠮᠦ᠍ᠵᠢᠨ ᠢᠳᠡᠰᠢᠨ ᠨᠤᠭᠤᠭ᠎ᠠ ᠵᠢᠨ ᠰᠠᠭᠤᠷᠢᠨ ᠢ᠋ ᠥᠭᠡᠷᠡᠴᠢᠯᠡᠨ ᠰᠢᠨᠡᠳᠭᠡᠵᠦ ᠳᠡᠰ ᠳᠡᠪᠰᠢᠭᠦᠯᠦᠨ᠎ᠡ; ᠠᠵᠤ ᠠᠬᠤᠢᠯᠠᠯ ᠢ᠋ ᠬᠠᠪᠰᠤᠷᠤᠨ ᠭᠤᠸᠠᠩᠳᠦ᠋ᠩ ᠱᠢᠶᠠᠩᠭᠠᠩ ᠣᠣᠮᠧᠨ ᠵᠡᠷᠭᠡ ᠳᠤᠮᠳᠠ ᠳᠡᠭᠡᠳᠦ ᠲᠠᠰ ᠤ᠋ᠨ ᠵᠠᠬ᠎ᠠ ᠳᠡᠯᠭᠡᠭᠦᠷ ᠯᠤᠭᠡ ᠵᠣᠯᠭᠠᠭᠤᠯᠵᠤ᠂ ᠡᠮᠦᠨᠡᠲᠦ ᠣᠷᠣᠨ ᠤ᠋ ᠢᠳᠡᠱᠢᠨ ᠨᠣᠭᠣᠭ᠎ᠠ ᠶ᠋ᠢᠨ ᠭᠠᠷᠤᠯᠲᠠ ᠶ᠋ᠢᠨ ᠣᠷᠣᠨᠯᠤᠭᠠ ᠤᠯᠠᠷᠢᠯ ᠰᠤᠯᠪᠢᠴᠠᠭᠤᠯᠤᠨ ᠦᠶ᠋ᠯᠡᠳᠪᠦᠷᠢᠯᠡᠬᠦ᠌᠂ ᠲᠥᠷᠥᠯ ᠵᠦᠶ᠋ᠯ ᠰᠤᠯᠪᠢᠴᠠᠭᠤᠯᠤᠨ ᠥᠷᠢᠰᠥᠯᠳᠦᠬᠦ᠌ ᠬᠥᠭ᠌ᠵᠢᠯᠲᠡ ᠶ᠋ᠢᠨ ᠪᠠᠢᠷᠢᠱᠢᠯ ᠢ᠋ ᠪᠣᠶ ᠪᠣᠯᠭᠠᠵᠤ᠂ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠶ᠋ᠢᠨ ᠲᠠᠷᠢᠮᠠᠯ ᠤ᠋ᠨ ᠲᠠᠯᠠᠪᠠᠶ ᠵᠢ 420 ᠲᠦᠮᠡᠨ ᠮᠥ᠍ ᠳ᠋ᠤ ᠬᠦᠷᠭᠡᠨ᠎ᠡ᠃
ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠢᠨᠵᠧᠨᠧᠷᠢᠩ ᠢ᠋ ᠬᠡᠷᠡᠭ᠌ᠵᠢᠭᠦᠯᠦᠨᠡ᠃ ᠪᠡᠯᠡᠨ ᠢᠳᠡᠭᠡᠨ᠂ ᠰᠤᠯᠠ ᠢᠳᠡᠭᠡᠨ᠂ ᠴᠢᠳᠠᠮᠵᠢᠲᠤ ᠢᠳᠡᠭᠡᠨ᠂ ᠡᠩᠬᠦᠷᠡᠢ ᠠᠮᠢᠲᠠᠨ ᠤ᠋ ᠢᠳᠡᠭᠡᠨ ᠵᠢᠴᠢ ᠢᠳᠡᠪᠬᠢ ᠪᠣᠳᠠᠰ ᠢ᠋ ᠭᠠᠷᠭᠠᠵᠤ ᠠᠪᠬᠤ ᠵᠡᠷᠭᠡ ᠥᠨᠳᠥᠷ ᠨᠡᠮᠡᠯᠲᠡ ᠥᠷᠲᠡᠭ ᠪᠦᠬᠦᠢ ᠪᠦᠲᠦᠭᠡᠭᠳᠡᠭᠦᠨ ᠢ᠋ ᠶᠡᠬᠡ ᠪᠡᠷ ᠬᠥᠭ᠌ᠵᠢᠭᠦᠯᠵᠦ᠍᠂ ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠢ᠋ ᠪᠤᠯᠪᠠᠰᠤᠷᠠᠭᠤᠯᠬᠤ ᠬᠡᠪᠴᠢᠶᠡᠵᠢᠯ ᠡᠴᠡ ᠳᠡᠭᠡᠭ᠌ᠰᠢᠬᠢ 20 ᠠᠵᠤ ᠠᠬᠤᠢᠯᠠᠯ ᠢ᠋ ᠱᠢᠨ᠎ᠡ ᠪᠡᠷ ᠪᠣᠢᠵᠢᠭᠤᠯᠤᠨᠠ; ᠤᠯᠤᠰ ᠤ᠋ᠨ ᠣᠳᠣ ᠦᠶ᠎ᠡ ᠶ᠋ᠢᠨ ᠬᠦᠳᠡᠬᠡ ᠠᠵᠤ ᠠᠬᠤᠢ ᠵᠢᠨ 1 ᠠᠵᠤ ᠦᠢᠯᠡᠰ ᠤ᠋ᠨ ᠪᠦᠯᠦᠭᠵᠢᠯ 1᠂ 1 ᠠᠵᠤ ᠦᠢᠯᠡᠰ ᠤ᠋ᠨ ᠬᠦᠷᠢᠶᠡᠯᠡᠩ ᠪᠣᠯᠤᠨ 6 ᠠᠵᠤ ᠦᠢᠯᠡᠰ ᠤ᠋ᠨ ᠬᠦᠴᠦᠷᠬᠡᠭ ᠪᠠᠯᠭᠠᠰᠤ ᠵᠢ ᠪᠦᠲᠦᠭᠡᠨ ᠪᠠᠢᠭᠤᠯᠬᠤ ᠪᠠᠷ ᠴᠢᠷᠮᠠᠢᠵᠤ᠂ 14 ᠠᠵᠤ ᠠᠬᠤᠢᠯᠠᠯ ᠢ᠋ ᠬᠦᠲᠦᠯᠦᠨ ᠵᠢᠯᠣᠭᠣᠳᠴᠤ᠌ ᠪᠠᠢᠭᠠᠳ ᠤᠯᠤᠰ ᠤ᠋ᠨ ᠬᠦᠳᠡᠬᠡ ᠠᠵᠤ ᠠᠬᠤᠢ ᠵᠢᠨ ᠠᠵᠤ ᠦᠢᠯᠡᠰᠵᠢᠯᠳᠠ ᠵᠢᠨ ᠭᠣᠣᠯᠳᠠᠯᠭ᠎ᠠ ᠲᠠᠶ ᠳᠠᠭᠠᠭᠤᠯᠤᠭᠴᠢ ᠠᠵᠤ ᠠᠬᠤᠢᠯᠠᠯ ᠵᠢᠡᠷ ᠭᠤᠶᠤᠴᠢᠯᠠᠨ ᠮᠡᠳᠡᠭᠦᠯᠵᠦ᠍᠂ ᠵᠢᠱ᠌ᠢᠶ᠎ᠡ ᠦᠵᠡᠭᠦᠯᠦᠨ ᠳᠠᠢᠴᠢᠯᠠᠬᠤ ᠦᠢᠯᠡᠳᠦᠯ ᠢ᠋ ᠨᠢ ᠪᠠᠳᠠᠷᠠᠭᠤᠯᠤᠨ᠎ᠠ᠃
ᠲᠦᠷᠦᠯ ᠲᠡᠮᠲᠡᠭ ᠪᠣᠢᠵᠢᠭᠤᠯᠬᠤ ᠢᠨᠵᠧᠨᠧᠷᠢᠩ ᠢ᠋ ᠬᠡᠷᠡᠭ᠌ᠵᠢᠭᠦᠯᠦᠨᠡ᠃ ᠳᠠᠪᠠᠭᠤᠯᠢᠭᠲᠦ ᠠᠵᠤ ᠦᠶ᠋ᠯᠡᠰ᠂ ᠳᠠᠪᠠᠭᠤᠯᠢᠭᠲᠦ ᠠᠵᠤ ᠠᠬᠤᠢᠯᠠᠯ ᠤ᠋ᠨ ᠰᠡᠳᠭᠢᠮᠵᠢ ᠶᠣᠰᠣᠭᠠᠷ 《ᠥᠪᠥᠷ ᠮᠣᠩᠭᠣᠯ ᠤ᠋ᠨ ᠦᠬᠡᠷ ᠤ᠋ᠨ ᠮᠢᠬ᠎ᠠ》᠂ 《ᠥᠪᠥᠷ ᠮᠣᠩᠭᠣᠯ ᠤ᠋ᠨ ᠬᠣᠨᠢᠨ ᠮᠢᠬ᠎ᠠ》᠂ 《ᠥᠪᠥᠷ ᠮᠣᠩᠭᠣᠯ ᠤ᠋ᠨ ᠪᠢᠱᠢᠯᠠᠭ》᠂ 《ᠥᠪᠥᠷ ᠮᠣᠩᠭᠣᠯ ᠤ᠋ᠨ ᠢᠳᠡᠱᠢᠨ ᠨᠣᠭᠣᠭ᠎ᠠ》᠂ 《ᠥᠪᠥᠷ ᠮᠣᠩᠭᠣᠯ ᠤ᠋ᠨ ᠡᠯᠳᠡᠪ ᠠᠮᠤ》 ᠵᠡᠷᠭᠡ ᠣᠷᠣᠨ ᠪᠦᠰᠡ ᠶ᠋ᠢᠨ ᠲᠥᠷᠥᠯ ᠲᠡᠮᠳᠡᠭ᠌ ᠢ᠋ ᠴᠤᠭᠴᠠᠯᠠᠨ᠎ᠠ; ᠱᠠᠩᠬᠠᠶ᠂ ᠲᠢᠶᠠᠨᠵᠢᠨ᠂ ᠱᠧᠨᠵᠧᠨ ᠵᠡᠷᠭᠡ ᠬᠥᠭ᠌ᠵᠢᠭ᠌ᠰᠡᠨ ᠭᠠᠵᠠᠷ ᠣᠷᠣᠨ ᠳ᠋ᠤ ᠦᠬᠡᠷ ᠬᠣᠨᠢ ᠨᠢᠳᠤᠯᠵᠤ ᠪᠣᠯᠪᠠᠰᠤᠷᠠᠭᠤᠯᠬᠤ ᠲᠥᠪ ᠪᠠᠢᠭᠤᠯᠵᠤ᠂ ᠱᠢᠨ᠎ᠡ ᠰᠤᠷᠭᠤᠭ ᠮᠠᠯ ᠤ᠋ᠨ ᠮᠢᠬᠠᠨ ᠤ᠋ ᠵᠠᠬ᠎ᠠ ᠳᠡᠯᠭᠡᠭᠦᠷ ᠢ᠋ ᠨᠡᠬᠡᠭᠡᠨ᠎ᠡ; ᠭᠤᠸᠠᠩᠵᠧᠦ᠂ ᠱᠠᠩᠬᠠᠶ ᠵᠡᠷᠭᠡ ᠭᠠᠵᠠᠷ ᠲᠦ᠍ 6 ᠤᠷᠢᠳᠴᠢᠯᠠᠨ ᠨᠦᠬᠡᠴᠡᠯᠡᠬᠦ ᠬᠥᠮᠥᠷᠭᠡ ᠪᠠᠢᠭᠤᠯᠤᠨ᠂ ᠣᠷᠣᠨ ᠤ᠋ ᠳᠣᠲᠣᠷ᠎ᠠ 3 ᠲᠥᠪᠯᠡᠷᠡᠭᠦᠯᠬᠦ ᠬᠥᠮᠥᠷᠭᠡ ᠪᠠᠢᠭᠤᠯᠵᠤ᠂ ᠠᠵᠤ ᠠᠬᠤᠢᠯᠠᠯ ᠢ᠋ ᠬᠠᠪᠰᠤᠷᠤᠨ ᠥᠪᠡᠷ ᠤ᠋ᠨ ᠥᠷᠲᠡᠭ ᠢ᠋ ᠨᠢ ᠪᠠᠭᠤᠷᠠᠭᠤᠯᠵᠤ ᠦᠷ᠎ᠡ ᠪᠦᠲᠦᠮᠵᠢ ᠵᠢ ᠨᠢ ᠳᠡᠭᠡᠭ᠌ᠰᠢᠯᠡᠭᠦᠯᠦᠨᠡ; ᠠᠵᠤ ᠠᠬᠤᠢᠯᠠᠯ ᠤ᠋ᠨ ᠱᠧᠨᠵᠧᠨ ᠤ᠋ ᠬᠠᠶ ᠵᠢᠶ ᠱᠢᠩ ᠵᠡᠷᠭᠡ ᠲᠣᠮᠣ ᠬᠡᠯᠪᠡᠷᠢ ᠶ᠋ᠢᠨ ᠵᠠᠬ᠎ᠠ ᠳᠡᠯᠭᠡᠭᠦᠷ ᠲᠦ᠍ ᠳᠡᠯᠭᠡᠭᠦᠷ ᠨᠡᠬᠡᠭᠡᠬᠦ ᠵᠢ ᠠᠬᠢᠭᠤᠯᠵᠤ᠂ ᠦᠪᠦᠷ ᠮᠤᠡᠭᠭᠤᠯ ᠤ᠋ᠨ ᠠᠮᠤ᠂ ᠦᠪᠦᠷ ᠮᠤᠡᠭᠭᠤᠯ ᠤ᠋ᠨ ᠮᠢᠬ᠎ᠠ᠂ ᠦᠪᠦᠷ ᠮᠤᠡᠭᠭᠤᠯ ᠤ᠋ᠨ ᠰᠦ ᠶ᠋ᠢᠨ ᠨᠥᠯᠥᠭᠡᠯᠡᠬᠦ᠌ ᠬᠦᠴᠦᠨ ᠢ᠋ ᠦᠷᠭᠡᠳᠬᠡᠨ᠎ᠡ; ᠮᠤᠵᠢ ᠶᠠᠮᠤᠨ ᠤ᠋ ᠬᠠᠮᠲᠤ ᠪᠡᠷ ᠪᠠᠢᠭᠤᠯᠤᠭᠰᠠᠨ ᠥᠪᠥᠷ ᠮᠣᠩᠭᠣᠯ ᠤ᠋ᠨ ᠦᠬᠡᠷ ᠬᠣᠨᠢᠨ ᠮᠢᠬ᠎ᠠ ᠵᠢᠨ ᠭᠠᠷᠤᠯᠲᠠ ᠶ᠋ᠢᠨ ᠣᠷᠣᠨ ᠤ᠋ ᠵᠠᠬ᠎ᠠ ᠳᠡᠯᠭᠡᠭᠦᠷ ᠢ᠋ ᠰᠠᠢᠲᠤᠷ ᠠᠵᠢᠯᠯᠠᠭᠤᠯᠤᠨ ᠪᠦᠲᠦᠭᠡᠨ ᠪᠠᠢᠭᠤᠯᠵᠤ᠂ ᠠᠷᠠᠯᠵᠢᠶᠠᠨ ᠤ᠋ ᠵᠤᠭᠤᠰ ᠤ᠋ᠨ ᠲᠤᠭ᠎ᠠ ᠵᠢ ᠨᠢ 100 ᠳ᠋ᠦᠩᠱᠢᠭᠤᠷ ᠲᠥᠭᠥᠷᠢᠭ ᠢ᠋ ᠳᠠᠪᠠᠭᠤᠯᠬᠤ ᠪᠠᠷ ᠴᠢᠷᠮᠠᠢᠨ᠎ᠠ; ᠰᠦᠯᠵᠢᠶᠡᠨ ᠳᠡᠭᠡᠷᠡᠬᠢ ᠲᠦᠷᠦᠯ ᠲᠡᠮᠲᠡᠭ ᠢ᠋ ᠡᠭᠦᠳᠬᠦ᠌ ᠪᠠ ᠪᠣᠷᠣᠯᠠᠭᠤᠯᠬᠤ ᠠᠵᠢᠯ ᠢ᠋ ᠰᠠᠢᠲᠤᠷ ᠠᠳᠭᠤᠵᠤ᠂ ᠥᠪᠥᠷ ᠮᠣᠩᠭᠣᠯ ᠤ᠋ᠨ ᠱᠢᠨ᠎ᠡ ᠵᠠᠭᠤᠴᠢᠯᠠᠭᠤᠷ ᠤ᠋ᠨ IP ᠲᠥᠷᠬᠦ᠌ ᠵᠢ ᠴᠤᠭᠴᠠᠯᠠᠨ᠂ ᠴᠤᠤᠷᠢᠶ᠎ᠠ᠂ ᠱᠢᠶᠤᠤ ᠬᠣᠩ ᠱᠦ᠍ ᠵᠡᠷᠭᠡ ᠲᠠᠪᠴᠠᠩ ᠳ᠋ᠤ ᠥᠪᠥᠷ ᠮᠣᠩᠭᠣᠯ ᠤ᠋ᠨ ᠲᠤᠰᠭᠠᠶ ᠲᠣᠭᠣᠷᠢᠭ ᠢ᠋ ᠨᠡᠭᠡᠭᠡᠵᠦ᠍᠂ ᠪᠦᠲᠦᠭᠡᠭᠳᠡᠭᠦᠨ ᠤ᠋ ᠢᠷᠡᠯᠲᠡ ᠵᠢ ᠨᠢ ᠮᠦᠷᠳᠡᠬᠦ ᠱᠢᠭᠤᠳ ᠨᠡᠪᠲᠡᠷᠡᠭᠦᠯᠭᠡ ᠬᠢᠵᠦ᠂ ᠥᠪᠥᠷ ᠮᠣᠩᠭᠣᠯ ᠤ᠋ᠨ ᠳᠠᠪᠠᠭᠤᠯᠢᠭᠲᠦ ᠠᠵᠤ ᠦᠶ᠋ᠯᠡᠰ ᠤ᠋ᠨ ᠨᠡᠷ᠎ᠡ ᠠᠯᠳᠠᠷᠱᠢᠯ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠦᠨᠡ᠃
ᠤᠢᠯᠠᠭᠠᠭᠰᠠᠨ ᠵᠢᠡᠷ᠂ ᠮᠠᠨ ᠤ᠋ ᠤᠷᠤᠨ ᠡᠨᠡ ᠵᠢᠯ ᠮᠠᠯ ᠠᠵᠤ ᠠᠬᠤᠢ ᠲᠠᠷᠢᠶᠠᠯᠠᠡᠭ ᠤ᠋ᠨ 《ᠠᠷᠪᠠᠨ ᠶᠡᠬᠡ ᠢᠨᠵᠧᠨᠧᠷᠢᠩ》 ᠢ᠋ ᠰᠠᠢᠲᠤᠷ ᠠᠳᠭᠤᠬᠤ ᠶ᠋ᠢᠨ ᠬᠠᠮᠲᠤ ᠪᠠᠰᠠ ᠮᠠᠯ ᠠᠵᠤ ᠠᠬᠤᠶ ᠲᠠᠷᠢᠶᠠᠯᠠᠩ ᠤ᠋ᠨ ᠨᠡᠢᠭᠡᠮᠴᠢᠯᠡᠭ᠌ᠰᠡᠨ ᠦᠶ᠋ᠯᠡᠴᠢᠯᠡᠭᠡ ᠦᠷᠨᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ᠋ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠢ᠋ ᠪᠥᠲᠥᠭᠡᠨ ᠪᠠᠢᠭᠤᠯᠬᠤ᠂ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌ᠠᠵᠢᠯᠯᠠᠭᠠ ᠵᠢ ᠠᠬᠢᠭᠤᠯᠬᠤ᠂ ᠮᠠᠯᠴᠢᠨ ᠲᠠᠷᠢᠶᠠᠴᠢᠨ ᠤ᠋ ᠣᠷᠣᠯᠭ᠎ᠠ ᠵᠢ ᠨᠡᠮᠡᠭ᠌ᠳᠡᠭᠦᠯᠬᠦ᠌ ᠵᠡᠷᠬᠡ 5 ᠲᠠᠯ᠎ᠠ ᠶ᠋ᠢᠨ ᠠᠵᠢᠯ ᠢ᠋ ᠰᠢᠰᠲᠸᠮ ᠲᠠᠢ ᠰᠠᠢᠳᠤᠷ ᠬᠢᠬᠦ ᠪᠡᠷ ᠪᠤᠢ᠃ ᠡᠬᠦᠨ ᠳ᠋ᠤ᠂ 《ᠮᠢᠩᠭ᠎ᠠ ᠲᠦᠮᠡ ᠶ᠋ᠢᠨ ᠢᠨᠵᠧᠨᠧᠷᠢᠩ》 ᠤ᠋ᠨ ᠲᠤᠷᠰᠢᠯᠭ᠎ᠠ ᠵᠢ ᠰᠤᠷᠤᠯᠴᠠᠨ ᠬᠡᠷᠡᠭᠯᠡᠬᠦ ᠪᠡᠷ ᠤᠳᠤᠷᠢᠳᠤᠮᠵᠢ ᠪᠣᠯᠭᠠᠨ᠂ ᠬᠥᠳᠡᠭᠡ ᠲᠣᠰᠭᠣᠨ ᠢ᠋ ᠪᠥᠬᠥ᠌ ᠲᠠᠯᠠᠪᠠᠷ ᠬᠥᠭ᠌ᠵᠢᠭᠦᠯᠦᠨ ᠮᠠᠨᠳᠤᠭᠤᠯᠬᠤ ᠵᠢ ᠬᠦᠴᠦᠯᠡᠨ ᠠᠬᠢᠭᠤᠯᠵᠤ᠂ ᠲᠣᠰᠭᠣᠨ ᠪᠠᠯᠭᠠᠰᠤ ᠶ᠋ᠢᠨ ᠪᠠᠢᠷᠢᠱᠢᠭᠤᠯᠤᠯᠲᠠ ᠵᠢ ᠨᠢᠭᠡᠳᠦᠯᠲᠡᠶ ᠲᠥᠯᠥᠪᠵᠢᠭᠦᠯᠦᠨ ᠱᠢᠯᠢᠳᠡᠭ᠌ᠵᠢᠭᠦᠯᠵᠦ᠍᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠤ᠋ ᠪᠥᠲᠥᠭᠡᠨ ᠪᠠᠢᠭᠤᠯᠤᠯᠲᠠ ᠵᠢ ᠲᠥᠷᠥᠯ ᠬᠤᠪᠢᠶᠠᠨ ᠡᠮᠬᠢ ᠵᠢᠷᠤᠮ ᠲᠠᠶ ᠠᠬᠢᠭᠤᠯᠵᠤ᠂ ᠬᠥᠳᠡᠭᠡ ᠲᠣᠰᠭᠣᠨ ᠤ᠋ ᠰᠠᠭᠤᠷᠢ ᠲᠦᠬᠦᠭᠡᠷᠦᠮᠵᠢ ᠶ᠋ᠢᠨ ᠪᠦᠷᠢᠨ ᠲᠡᠭᠦᠯᠳᠡᠷ ᠤ᠋ᠨ ᠬᠡᠮᠵᠢᠶ᠎ᠡ᠂ ᠣᠯᠠᠨ ᠨᠡᠢᠲᠡ ᠶ᠋ᠢᠨ ᠦᠶ᠋ᠯᠡᠴᠢᠯᠡᠭᠡᠨ ᠤ᠋ ᠲᠥᠬᠥᠮ ᠲᠦᠳᠡ ᠵᠢᠨ ᠬᠡᠮᠵᠢᠶ᠎ᠡ᠂ ᠣᠷᠣᠱᠢᠨ ᠰᠠᠭᠤᠷᠢᠱᠢᠬᠤ ᠣᠷᠴᠢᠨ ᠨᠦᠬᠦᠴᠡᠯ ᠤ᠋ᠨ ᠦᠶᠦᠭ ᠲᠠᠭᠠᠯᠠᠮᠵᠢ ᠶ᠋ᠢᠨ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭ᠌ᠰᠢᠯᠡᠭᠦᠯᠦᠨᠡ; ᠲᠠᠬᠢᠨ ᠶᠠᠳᠠᠭᠤᠷᠠᠬᠤ ᠪᠠ ᠶᠠᠳᠠᠭᠤᠷᠠᠬᠤ ᠵᠢ ᠰᠡᠷᠭᠡᠢᠯᠡᠬᠦ᠌ ᠪᠠᠢᠡᠭᠭᠤᠵᠢᠭᠰᠠᠨ ᠲᠣᠭ᠍ᠲᠠᠴᠠ ᠵᠢ ᠨᠢᠭᠡᠳᠦᠯᠲᠡᠢ ᠲᠥᠯᠥᠪᠵᠢᠭᠦᠯᠦᠨ ᠪᠠᠢᠭᠤᠯᠵᠤ᠂ ᠨᠡᠭᠡᠭᠡᠨ ᠬᠥᠭ᠌ᠵᠢᠭᠦᠯᠬᠦ᠌ ᠬᠡᠯᠪᠡᠷᠢ ᠪᠡᠷ ᠬᠠᠪᠰᠤᠷᠤᠨ ᠲᠡᠳᠬᠦᠬᠦ᠌ ᠪᠠ ᠦᠨᠳᠦᠰᠦᠨ ᠵᠦᠢᠯ ᠢ᠋ ᠪᠠᠲᠤᠯᠠᠬᠤ ᠬᠡᠯᠪᠡᠷᠢ ᠪᠡᠷ ᠬᠠᠪᠰᠤᠷᠤᠨ ᠳᠡᠳᠬᠦᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠂ ᠬᠡᠪᠴᠢᠶᠡᠳᠤ ᠴᠢᠨᠠᠷᠲᠠᠢ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠠᠪᠤᠳᠠᠯ ᠡᠬᠦᠰᠬᠦ ᠦᠭᠡᠢ ᠪᠠᠢᠬᠤ ᠬᠤᠷᠢᠭ᠎ᠠ ᠱᠤᠭᠤᠮ ᠢ᠋ ᠡᠷᠡᠰ ᠰᠠᠬᠢᠨ᠎ᠠ; ᠮᠠᠯᠵᠢᠬᠤ ᠲᠠᠷᠢᠶᠠᠯᠠᠬᠤ ᠣᠷᠣᠨ ᠤ᠋ ᠬᠠᠮᠲᠤ ᠶ᠋ᠢᠨ ᠥᠮᠴᠢᠯᠡᠯ ᠤ᠋ᠨ ᠡᠷᠬᠡ ᠶ᠋ᠢᠨ ᠲᠦᠷᠢᠮ ᠤ᠋ᠨ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠍᠂ ᠬᠣᠶᠠᠳᠤᠭᠠᠷ ᠡᠭᠡᠯᠵᠢ ᠶ᠋ᠢᠨ ᠭᠠᠵᠠᠷ ᠱᠢᠷᠣᠶ ᠵᠢᠨ ᠲᠠᠭᠠᠭᠠᠴᠢᠯᠠᠯᠳᠠ ᠵᠢᠨ ᠬᠤᠭᠤᠴᠠᠭ᠎ᠠ ᠲᠤᠯᠤᠭᠰᠠᠨ ᠤ᠋ ᠲᠠᠷᠠᠭ᠎ᠠ ᠲᠠᠬᠢᠨ 30 ᠵᠢᠯ ᠤᠷᠲᠤᠳᠬᠠᠬᠤ ᠲᠤᠷᠱᠢᠯᠲᠠ ᠪᠤᠯᠤᠨ ᠱᠢᠨ᠎ᠡ ᠬᠡᠯᠪᠡᠷᠢ ᠶ᠋ᠢᠨ ᠬᠥᠳᠡᠭᠡ ᠲᠣᠰᠭᠣᠨ ᠤ᠋ ᠬᠠᠮᠲᠤ ᠶ᠋ᠢᠨ ᠠᠵᠤ ᠠᠬᠤᠶ ᠵᠢ ᠰᠠᠢᠲᠤᠷ ᠠᠳᠭᠤᠨ᠂ ᠠᠵᠢᠯ ᠣᠯᠭᠣᠬᠤ ᠪᠠᠷ ᠲᠡᠳᠬᠦᠮᠵᠢ ᠵᠢ ᠣᠷᠣᠯᠠᠭᠤᠯᠬᠤ ᠪᠠᠷᠢᠮᠵᠢᠶ᠎ᠠ ᠵᠢ ᠳᠡᠭᠡᠭ᠌ᠰᠢᠯᠡᠭᠦᠯᠦᠨ ᠬᠡᠪᠴᠢᠶ᠎ᠡ ᠵᠢ ᠥᠷᠭᠡᠳᠭᠡᠬᠦ᠌ ᠵᠢ ᠠᠬᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠬᠢᠬᠡᠳ ᠠᠵᠤ ᠠᠬᠤᠢᠯᠠᠯ ᠤ᠋ᠨ ᠠᠱᠢᠭ ᠲᠤᠰᠠ ᠶ᠋ᠢᠨ ᠬᠤᠯᠪᠤᠭᠠᠨ ᠤ᠋ ᠲᠣᠭ᠍ᠲᠠᠴᠠ ᠵᠢ ᠴᠢᠩᠭᠠᠳᠭᠠᠨ᠂ ᠬᠣᠲᠠ ᠬᠥᠳᠡᠭᠡ ᠶ᠋ᠢᠨ ᠣᠷᠣᠯᠭ᠎ᠠ ᠶ᠋ᠢᠨ ᠬᠠᠷᠢᠴᠠᠯ ᠢ᠋ ᠲᠠᠰᠤᠷᠠᠯᠲᠠ ᠥᠬᠡᠶ ᠪᠠᠭᠠᠰᠭᠠᠵᠤ᠂ ᠮᠠᠯᠴᠢᠨ ᠲᠠᠷᠢᠶᠠᠴᠢᠨ ᠤ᠋ ᠣᠳᠣᠬᠢᠴᠢᠯᠠᠭ᠍ᠰᠠᠨ ᠬᠥᠭ᠌ᠵᠢᠯᠲᠡ ᠶ᠋ᠢᠨ ᠦᠷ᠎ᠡ ᠪᠦᠲᠦᠭᠡᠯ ᠢ᠋ ᠬᠠᠮᠲᠤ ᠪᠠᠷ ᠡᠳ᠋ᠯᠡᠬᠦ᠌ ᠵᠢ ᠠᠬᠢᠭᠤᠯᠬᠤ ᠪᠤᠯᠤᠨ᠎ᠠ᠃