ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠢ᠋ ᠪᠦᠳᠦᠬᠡᠨ ᠪᠠᠢᠭᠤᠯᠬᠤ ᠪᠠ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠶ᠋ᠢ ᠴᠤᠭᠴᠠᠯᠠᠬᠤ ᠪᠠᠢᠯᠳᠤᠬᠤ ᠪᠣᠳᠣᠯᠭ᠎ᠠ ᠳ᠋ᠤ ᠴᠢᠭᠯᠡᠭᠦᠯᠦᠨ᠂ ᠮᠠᠯ ᠠᠵᠤ ᠠᠬᠤᠶ ᠲᠠᠷᠢᠶᠠᠯᠠᠩ ᠤ᠋ᠨ ᠥᠨᠳᠥᠷ ᠲᠦᠪᠱᠢᠨ ᠪᠥᠬᠥᠶ ᠨᠡᠬᠡᠭᠡᠯᠲᠡᠲᠦ ᠬᠥᠭ᠌ᠵᠢᠯᠲᠡ ᠶ᠋ᠢᠨ ᠱᠢᠨ᠎ᠡ ᠪᠠᠢᠷᠢᠱᠢᠯ ᠢ᠋ ᠲᠦᠷᠭᠡᠳᠭᠡᠨ ᠪᠠᠢᠭᠤᠯᠬᠤ ᠵᠢ ᠠᠬᠢᠭᠤᠯᠬᠤ ᠪᠡᠷ ᠤᠢᠷ᠎ᠠ ᠳ᠋ᠤ ᠪᠦᠬᠦ ᠤᠷᠤᠨ ᠤ᠋ ᠮᠠᠯ ᠠᠵᠤ ᠠᠬᠤᠶ ᠲᠠᠷᠢᠶᠠᠯᠠᠩ ᠤ᠋ᠨ ᠭᠠᠳᠠᠭᠠᠳᠤ ᠨᠡᠭᠡᠭᠡᠯᠲᠡ ᠶ᠋ᠢᠨ ᠶᠠᠷᠢᠯᠴᠠᠬᠤ ᠬᠤᠷᠠᠯ ᠢ᠋ ᠵᠣᠬᠢᠶᠠᠨ ᠪᠠᠢᠭᠤᠯᠵᠤ ᠬᠤᠷᠠᠯᠳᠤᠭᠤᠯᠪᠠ᠃
ᠬᠤᠷᠠᠯ ᠳ᠋ᠦ ᠤᠷᠤᠯᠴᠠᠭᠰᠠᠨ ᠬᠠᠮᠢᠶ᠎ᠠ ᠪᠦᠬᠦᠢ ᠰᠠᠯᠠᠭ᠎ᠠ ᠮᠦᠴᠢᠷ ᠤ᠋ᠨ ᠬᠢᠨ ᠮᠠᠯ ᠠᠵᠤ ᠠᠬᠤᠶ ᠲᠠᠷᠢᠶᠠᠯᠠᠩ ᠤ᠋ᠨ ᠭᠠᠳᠠᠭᠠᠳᠤ ᠨᠡᠭᠡᠭᠡᠯᠲᠡ ᠵᠢ ᠭᠦᠨᠵᠡᠭᠡᠢᠷᠡᠭᠦᠯᠬᠦ᠌᠂ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠷᠠᠯᠵᠢᠶᠠᠨ ᠤ᠋ ᠠᠷᠭ᠎ᠠ ᠵᠠᠮ ᠢ᠋ ᠱᠢᠯᠤᠭᠤᠳᠭᠠᠬᠤ᠂ ᠨᠡᠭᠡᠭᠡᠯᠲᠡ ᠶ᠋ᠢᠨ ᠲᠠᠪᠴᠠᠩ ᠢ᠋ ᠰᠠᠢᠲᠤᠷ ᠬᠡᠷᠡᠭ᠌ᠯᠡᠬᠦ᠌ ᠵᠡᠷᠭᠡ ᠭᠤᠤᠯ ᠵᠥᠪᠯᠡᠬᠦ᠌ ᠰᠡᠳᠦᠪ ᠤ᠋ᠨ ᠲᠣᠭᠣᠷᠢᠨ ᠳ᠋ᠤ ᠲᠣᠰ ᠪᠡᠶ᠎ᠡ ᠶ᠋ᠢᠨ ᠡᠭᠦᠷᠭᠡ ᠴᠢᠳᠠᠪᠬᠢ ᠲᠠᠶ ᠪᠠᠨ ᠤᠶᠠᠯᠳᠤᠭᠤᠯᠤᠨ ᠬᠥᠭ᠌ᠵᠢᠯᠲᠡ ᠶ᠋ᠢᠨ ᠲᠤᠷᠱᠢᠯᠭ᠎ᠠ᠂ ᠪᠣᠭᠣᠮᠢ ᠠᠰᠠᠭᠤᠳᠠᠯ᠂ ᠲᠥᠷᠥ ᠶ᠋ᠢᠨ ᠪᠣᠳᠣᠯᠭ᠎ᠠ ᠶ᠋ᠢᠨ ᠰᠠᠨᠠᠭᠤᠯᠭ᠎ᠠ ᠵᠡᠷᠭᠡ ᠲᠠᠯ᠎ᠡ ᠪᠡᠷ ᠶᠠᠷᠢᠯᠴᠠᠪᠠ᠃ ᠮᠠᠨ ᠤ᠋ ᠤᠷᠤᠨ ᠪᠤᠯ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠪᠠᠢᠵᠤ᠂ ᠮᠢᠬ᠎ᠠ᠂ ᠰᠦ ᠪᠠ ᠠᠮᠤ ᠪᠤᠳᠠᠭ᠎ᠠ ᠵᠡᠷᠭᠡ ᠶ᠋ᠢᠨ ᠭᠠᠷᠤᠯᠲᠠ ᠤᠨᠠᠯᠳᠠ ᠪᠡᠷ ᠴᠦᠮ ᠪᠦᠬᠦ᠌ ᠤᠯᠤᠰ ᠤ᠋ᠨ ᠡᠮᠦᠨ᠎ᠡ ᠡᠩᠨᠡᠭᠡᠨ ᠳ᠋ᠤ ᠣᠷᠣᠵᠤ᠂ ᠭᠠᠳᠠᠭᠠᠳᠤ ᠨᠡᠭᠡᠭᠡᠯᠲᠡ ᠵᠢ ᠭᠦᠨᠵᠡᠭᠡᠢᠷᠡᠭᠦᠯᠬᠦ᠌ ᠪᠠᠲᠤ ᠪᠡᠬᠢ ᠠᠵᠤ ᠦᠢᠯᠡᠰ ᠤ᠋ᠨ ᠰᠠᠭᠤᠷᠢ ᠲᠠᠶ ᠶᠤᠮ᠃ ᠬᠡᠪᠡᠴᠦ ᠠᠷᠠᠯᠵᠢᠶᠠᠨ ᠤ᠋ ᠬᠡᠪᠴᠢᠶ᠎ᠡ ᠪᠡᠷ ᠪᠠᠭ᠎ᠠ᠂ ᠮᠠᠯ ᠠᠵᠤ ᠠᠬᠤᠶ ᠲᠠᠷᠢᠶᠠᠯᠠᠡᠭ ᠤ᠋ᠨ ᠦᠶ᠋ᠯᠡᠳᠬᠦᠨ ᠤ᠋ ᠥᠷᠲᠡᠭ ᠨᠢ ᠳᠤᠤᠷ᠎ᠠ᠂ ᠪᠣᠯᠪᠠᠰᠤᠷᠠᠭᠤᠯᠬᠤ ᠴᠢᠳᠠᠪᠤᠷᠢ ᠪᠡᠷ ᠪᠠᠭᠤᠷᠠᠢ᠂ ᠳᠡᠯᠡᠬᠡᠶ ᠶ᠋ᠢᠨ ᠨᠠᠷᠠᠲᠤ ᠲᠥᠷᠥᠯ ᠲᠡᠮᠳᠡᠭ ᠵᠢᠡᠷ ᠳᠤᠲᠠᠮᠠᠭ ᠵᠡᠷᠭᠡ ᠠᠰᠠᠭᠤᠳᠠᠯᠳᠤ ᠲᠤᠯᠭᠠᠷᠠᠵᠤ᠂ ᠭᠠᠳᠠᠭᠠᠳᠤ ᠨᠡᠭᠡᠭᠡᠯᠲᠡ ᠶ᠋ᠢᠨ ᠲᠦᠪᠱᠢᠨ ᠢ᠋ ᠬᠢᠵᠠᠭᠠᠷᠯᠠᠵᠤ ᠪᠤᠢ᠃ ᠡᠳᠡᠭᠡᠷ ᠠᠰᠠᠭᠤᠳᠠᠯ ᠳ᠋ᠦ ᠴᠢᠭᠯᠡᠬᠦᠯᠦᠨ ᠬᠤᠷᠠᠯᠳᠤ ᠣᠷᠣᠯᠴᠠᠭ᠍ᠰᠠᠨ ᠲᠥᠯᠥᠭᠡᠯᠡᠭ᠌ᠴᠢᠳ ᠪᠠᠰᠠ ᠬᠠᠨᠳᠤᠯᠭᠠᠲᠤ ᠴᠢᠨᠠᠷᠲᠠᠶ ᠲᠥᠷᠥ ᠶ᠋ᠢᠨ ᠪᠣᠳᠣᠯᠭ᠎ᠠ ᠶ᠋ᠢᠨ ᠬᠡᠷᠡᠭ᠌ᠴᠡᠭᠡ ᠪᠠ ᠰᠠᠨᠠᠭᠤᠯᠭ᠎ᠠ ᠲᠤᠷᠠᠳᠴᠠᠢ᠃
ᠲᠤᠰ ᠤᠳᠠᠭ᠎ᠠ ᠵᠢᠨ ᠶᠠᠷᠢᠯᠴᠠᠬᠤ ᠬᠤᠷᠠᠯ ᠢ᠋ ᠬᠤᠷᠠᠯᠳᠤᠭᠤᠯᠤᠭ᠍ᠰᠠᠨ ᠨᠢ ᠮᠠᠨ ᠤ᠋ ᠣᠷᠣᠨ ᠤ᠋ ᠮᠠᠯ ᠠᠵᠤ ᠠᠬᠤᠶ ᠲᠠᠷᠢᠶᠠᠯᠠᠡᠭ ᠤ᠋ᠨ ᠭᠠᠳᠠᠭᠠᠳᠤ ᠨᠡᠭᠡᠭᠡᠯᠲᠡ ᠶ᠋ᠢᠨ ᠭᠣᠣᠯᠳᠠᠯᠭ᠎ᠠ ᠲᠠᠶ ᠴᠢᠭ᠌ᠯᠡᠯ ᠪᠣᠯᠤᠨ ᠠᠵᠢᠯ ᠤ᠋ᠨ ᠠᠷᠭ᠎ᠠ ᠵᠠᠮ ᠢ᠋ ᠤᠯᠠᠮ ᠨᠢᠭᠡ ᠠᠯᠬᠤᠮ ᠲᠣᠳᠣᠷᠬᠠᠢᠯᠠᠭ᠍ᠰᠠᠨ ᠪᠠᠢᠨ᠎ᠠ᠃ ᠲᠠᠷᠠᠭᠠᠴᠢ ᠪᠡᠷ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠮᠠᠯ ᠠᠵᠤ ᠠᠬᠤᠶ ᠲᠠᠷᠢᠶᠠᠯᠠᠡᠭ ᠤ᠋ᠨ ᠭᠠᠳᠠᠭᠠᠳᠤ ᠠᠷᠠᠯᠵᠢᠶ᠎ᠠ ᠵᠢ ᠠᠬᠢᠭᠤᠯᠬᠤ᠂ ᠣᠯᠠᠨ ᠤᠯᠤᠰ ᠤ᠋ᠨ ᠠᠷᠠᠯᠵᠢᠶᠠᠨ ᠤ᠋ ᠴᠢᠨᠠᠷ ᠰᠠᠢᠲᠠᠶ ᠬᠥᠭ᠌ᠵᠢᠯᠲᠡ ᠶ᠋ᠢᠨ ᠭᠤᠤᠯ ᠴᠣᠭ᠍ᠴᠠ ᠵᠢ ᠪᠣᠢᠵᠢᠭᠤᠯᠬᠤ᠂ ᠮᠠᠯ ᠠᠵᠤ ᠠᠬᠤᠶᠲᠠᠷᠢᠶᠠᠯᠠᠡᠭ ᠤ᠋ᠨ ᠭᠠᠳᠠᠭᠠᠳᠤ ᠨᠡᠭᠡᠭᠡᠯᠲᠡ ᠶ᠋ᠢᠨ ᠬᠠᠮᠲᠤᠷᠠᠯᠴᠠᠭᠠᠨ ᠤ᠋ ᠲᠤᠷᠱᠢᠯᠲᠠ ᠶ᠋ᠢᠨ ᠣᠷᠣᠨ ᠢ᠋ ᠰᠦᠪᠡᠭ᠌ᠴᠢᠯᠡᠨ ᠪᠠᠢᠭᠤᠯᠬᠤ᠂ ᠭᠠᠳᠠᠭᠠᠳᠤᠳᠠᠬᠢ ᠰᠠᠩ ᠬᠥᠮᠥᠷᠭᠡ ᠶ᠋ᠢ ᠪᠠᠢᠭᠤᠯᠬᠤ ᠵᠡᠷᠭᠡ ᠲᠠᠯ᠎ᠠ ᠳ᠋ᠤ ᠠᠩᠬᠠᠷᠤᠯ ᠵᠢᠡᠨ ᠲᠥᠪᠯᠡᠷᠡᠭᠦᠯᠦᠨ᠂ ᠲᠥᠷᠥ ᠶ᠋ᠢᠨ ᠪᠣᠳᠣᠯᠭ᠎ᠠ ᠪᠠᠷ ᠬᠥᠲᠥᠯᠥᠨ ᠵᠢᠯᠣᠭᠣᠳᠴᠤ᠂ ᠦᠶ᠋ᠯᠡᠴᠢᠯᠡᠭᠡᠨ ᠤ᠋ ᠪᠠᠲᠤᠯᠠᠭ᠎ᠠ ᠵᠢ ᠱᠢᠯᠢᠳᠡᠭ᠌ᠵᠢᠭᠦᠯᠦᠨ ᠂ ᠡᠯ᠎ᠡ ᠵᠦᠶ᠋ᠯ ᠤ᠋ᠨ ᠠᠷᠭ᠎ᠠ ᠬᠡᠮᠵᠢᠶ᠎ᠡ ᠵᠢ ᠪᠣᠳᠠᠲᠠᠢᠵᠢᠭᠤᠯᠤᠨ ᠦᠷ᠎ᠡ ᠪᠦᠲᠦᠮᠵᠢ ᠤᠯᠬᠤ ᠵᠢ ᠠᠬᠢᠭᠤᠯᠵᠤ᠂ ᠮᠠᠨ ᠤ᠋ ᠣᠷᠣᠨ ᠤ᠋ ᠮᠠᠯ ᠠᠵᠤ ᠠᠬᠤᠶ ᠲᠠᠷᠢᠶᠠᠯᠠᠡᠭ ᠤ᠋ᠨ ᠭᠠᠳᠠᠭᠠᠳᠤ ᠨᠡᠭᠡᠭᠡᠯᠲᠡ ᠶ᠋ᠢᠨ ᠲᠦᠪᠱᠢᠨ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠮᠠᠯ ᠠᠵᠤ ᠠᠬᠤᠢ ᠲᠠᠷᠢᠶᠠᠯᠠᠡᠭ ᠤ᠋ᠨ ᠲᠣᠮᠣ ᠣᠷᠣᠨ ᠡᠴᠡ ᠮᠠᠯ ᠠᠵᠤ ᠠᠬᠤᠶ ᠲᠠᠷᠢᠶᠠᠯᠠᠡᠭ ᠤ᠋ᠨ ᠬᠦᠴᠦᠷᠬᠡᠭ ᠣᠷᠣᠨ ᠲᠡᠢᠰᠢ ᠳᠡᠰ ᠳᠡᠪᠰᠢᠬᠦ ᠳ᠋ᠦ ᠬᠦᠴᠦᠨ ᠨᠡᠮᠡᠷᠢᠯᠡᠬᠦ ᠪᠤᠯᠤᠨ᠎ᠠ᠃