ᠥᠪᠥᠷ ᠮᠣᠩᠭᠣᠯ ᠤ᠋ᠨ ᠭᠠᠴᠠᠭ᠎ᠠ ᠲᠣᠰᠭᠣᠨ ᠤ᠋ ᠲᠠᠰ ᠤ᠋ᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠲᠥᠷᠥᠯ ᠵᠦᠶ᠋ᠯ 100% ᠪᠡᠷ ᠪᠠᠷᠢᠯᠭ᠎ᠠ ᠪᠠᠨ ᠰᠡᠷᠭᠦᠭᠡᠪᠡ
2026-03-24 11:44:30
ᠵᠣᠬᠢᠶᠠᠭ᠍ᠴᠢ᠄
​ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠡᠯ᠎ᠡ ᠭᠠᠵᠠᠷ ᠤ᠋ᠨ ᠬᠢᠨ ᠲᠠᠷᠢᠶᠠᠯᠠᠩ ᠤ᠋ᠨ ᠰᠡᠯᠡᠬᠦᠤ ᠴᠠᠭ ᠢ᠋ ᠠᠮᠵᠢᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠵᠢ ᠬᠦᠴᠦᠯᠡᠨ ᠠᠬᠢᠭᠤᠯᠤᠭᠰᠠᠨ ᠡᠴᠡ ᠤᠳᠤ ᠪᠥᠬᠥ᠌ ᠣᠷᠣᠨ ᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠲᠥᠷᠥᠯ ᠵᠦᠶ᠋ᠯ 100% ᠪᠡᠷ ᠪᠠᠷᠢᠯᠭ᠎ᠠ ᠪᠠᠨ ᠰᠡᠷᠭᠦᠭᠡᠵᠤ᠂ ᠲᠠᠷᠢᠶᠠᠨ ᠭᠠᠵᠠᠷ ᠤ᠋ᠨ ᠰᠠᠭᠤᠷᠢ ᠲᠥᠬᠥᠭᠡᠷᠦᠮᠵᠢ ᠵᠢ ᠲᠠᠰ ᠳᠡᠪᠰᠢᠭᠦᠯᠦᠨ ᠠᠮᠤ ᠪᠤᠳᠠᠭᠠᠨ ᠤ᠋ ᠦᠶ᠋ᠯᠡᠳᠪᠦᠷᠢᠯᠡᠯ ᠤ᠋ᠨ ᠰᠠᠭᠤᠷᠢ ᠵᠢ ᠪᠡᠬᠢᠵᠢᠭᠦᠯᠵᠦ ᠪᠠᠢᠨ᠎ᠠ᠃

ᠡᠨᠡ ᠵᠢᠯ ᠤ᠋ᠨ 1 ᠰᠠᠷ᠎ᠠ ᠡᠴᠡ ᠨᠠᠭᠠᠰᠢ᠂ ᠮᠠᠨ ᠤ᠋ ᠤᠷᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠬᠠᠮᠲᠤᠷᠠᠭ᠍ᠰᠠᠨ ᠳᠠᠢᠯᠠᠯᠳᠤᠭᠠᠨ ᠢ᠋ ᠦᠷᠭᠦᠯᠵᠢᠯᠡᠨ ᠠᠬᠢᠭᠤᠯᠵᠤ᠂ ᠡᠪᠦᠯ ᠤ᠋ᠨ ᠤᠯᠠᠷᠢᠯ ᠤ᠋ᠨ ᠪᠠᠷᠢᠯᠭ᠎ᠠ ᠶ᠋ᠢᠨ ᠬᠤᠭᠤᠴᠠᠭ᠎ᠠ ᠵᠢ ᠠᠱᠢᠭ᠍ᠯᠠᠨ ᠢᠳᠡᠭ᠌ᠳᠡᠮᠡᠯ ᠭᠤᠤ ᠵᠢ ᠵᠠᠰᠠᠬᠤ᠂ ᠲᠠᠷᠢᠶᠠᠨ ᠭᠠᠵᠠᠷ ᠢ᠋ ᠴᠡᠭ᠌ᠴᠡᠯᠡᠨ ᠵᠠᠰᠠᠬᠤ᠂ ᠮᠠᠱᠢᠨ ᠴᠠᠬᠢᠯᠭᠠᠨ ᠬᠤᠳᠳᠤᠭ ᠤ᠋ᠨ ᠬᠡᠷ ᠢ᠋ ᠤᠷᠢᠳᠴᠢᠯᠠᠨ ᠪᠠᠢᠭᠤᠯᠬᠤ ᠵᠡᠷᠭᠡ ᠠᠵᠢᠯ ᠢ᠋ ᠪᠡᠶᠡᠯᠡᠭᠦᠯᠪᠡ᠃ ᠡᠨᠡ ᠵᠢᠯ ᠥᠪᠡᠷᠲᠡᠭᠡᠨ ᠵᠠᠰᠠᠬᠤ ᠣᠷᠣᠨ ᠡᠴᠡ ᠠᠵᠢᠯ ᠣᠯᠭᠣᠬᠤ ᠪᠠᠷ ᠲᠡᠳᠬᠦᠮᠵᠢ ᠵᠢ ᠣᠷᠣᠯᠠᠭᠤᠯᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠬᠥᠳᠡᠯᠮᠦᠷᠢ ᠵᠢᠨ ᠬᠠᠷᠠᠮᠵᠢ ᠵᠢ 《ᠠᠷᠠᠳ ᠤ᠋ᠨ ᠠᠮᠢᠳᠤᠷᠠᠯ ᠤ᠋ᠨ ᠠᠷᠪᠠᠨ ᠶᠡᠬᠡ ᠪᠣᠳᠠᠲᠤ ᠶᠠᠪᠤᠳᠠᠯ》 ᠳ᠋ᠦ ᠣᠷᠣᠭᠤᠯᠤᠭᠰᠠᠨ ᠪᠦᠬᠡᠳ ᠲᠤᠰᠭᠠᠶ ᠴᠡᠭ᠌ᠴᠡᠯᠡᠨ ᠵᠠᠰᠠᠬᠤ ᠠᠵᠢᠯ ᠥᠷᠨᠢᠭᠦᠯᠵᠦ᠍᠂ ᠮᠠᠯᠴᠢᠨ ᠲᠠᠷᠢᠶᠠᠴᠢᠨ ᠤ᠋ ᠤᠷᠤᠯᠭ᠎ᠠ ᠵᠢ ᠨᠡᠮᠡᠭᠳᠡᠬᠦᠯᠬᠦ ᠵᠢᠨ ᠬᠠᠮᠳᠤ ᠪᠠᠷᠢᠯᠭ᠎ᠠ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ ᠵᠢ ᠪᠠᠳᠤᠯᠠᠵᠤ ᠪᠠᠢᠨ᠎ᠠ᠃

ᠪᠠᠶᠠᠨᠨᠠᠭᠤᠷ ᠬᠣᠲᠠ ᠰᠤᠪᠠᠭ ᠮᠠᠯᠲᠠᠬᠤ᠂ ᠲᠠᠷᠢᠶᠠᠨ ᠦᠵᠦᠭᠦᠷ ᠲᠦ᠍ ᠤᠰᠤᠯᠠᠯᠲᠠ ᠶ᠋ᠢᠨ ᠲᠦᠬᠦᠭᠡᠷᠦᠮᠵᠢ ᠶ᠋ᠢᠨ ᠬᠠᠭᠠᠯᠲᠠ ᠤᠭ᠍ᠰᠠᠷᠠᠬᠤ ᠵᠡᠷᠭᠡ ᠪᠠᠷᠢᠯᠭ᠎ᠠ ᠵᠢ ᠲᠦᠷᠬᠡᠳᠬᠡᠵᠤ᠂ ᠠᠵᠢᠯ ᠣᠯᠭᠣᠬᠤ ᠪᠠᠷ ᠲᠡᠳᠬᠦᠮᠵᠢ ᠵᠢ ᠣᠷᠣᠯᠠᠭᠤᠯᠬᠤ ᠪᠡᠷ ᠲᠠᠮᠵᠢᠨ ᠮᠠᠯᠴᠢᠨ ᠲᠠᠷᠢᠶᠠᠴᠢᠳ ᠢ᠋ ᠲᠠᠷᠢᠶᠠᠨ ᠭᠠᠵᠠᠷ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ ᠠᠵᠢᠯ ᠳ᠋ᠦ ᠤᠷᠤᠯᠴᠠᠭᠤᠯᠵᠤ ᠪᠠᠢᠨ᠎ᠠ; ᠲᠦᠩᠯᠢᠶᠣᠤ ᠬᠣᠲᠠ ᠬᠤᠳᠳᠤᠭ ᠮᠠᠯᠲᠠᠬᠤ᠂ ᠬᠤᠭᠤᠯᠠᠢ ᠭᠤᠤᠷᠰᠤ ᠪᠤᠯᠠᠬᠤ ᠵᠡᠷᠭᠡ ᠪᠠᠷᠢᠯᠭ᠎ᠠ ᠵᠢᠨ ᠰᠡᠭᠦᠯ ᠬᠤᠷᠢᠶᠠᠬᠤ ᠠᠵᠢᠯ ᠢ᠋ ᠠᠬᠢᠭᠤᠯᠵᠤ᠂ ᠬᠠᠪᠤᠷ ᠤ᠋ᠨ ᠲᠠᠷᠢᠶᠠᠯᠠᠭ᠎ᠠ ᠡᠴᠡ ᠡᠮᠦᠨ᠎ᠡ ᠲᠥᠷᠥᠯ ᠵᠦᠶ᠋ᠯ ᠤ᠋ᠨ ᠣᠷᠣᠨ ᠳ᠋ᠤ ᠤᠰᠤ ᠴᠠᠬᠢᠯᠭᠠᠨ ᠨᠡᠪᠲᠡᠷᠡᠭᠦᠯᠬᠦ᠌ ᠪᠡᠷ ᠬᠦᠴᠦᠯᠡᠵᠤ ᠪᠠᠢᠨ᠎ᠠ ᠁ ᠣᠳᠣᠬᠠᠨ ᠳ᠋ᠤ ᠪᠦᠬᠦ᠌ ᠣᠷᠣᠨ ᠤ᠋ ᠡᠯ᠎ᠡ ᠭᠠᠵᠠᠷ ᠤ᠋ᠨ ᠬᠢᠨ ᠠᠭᠤᠷ ᠠᠮᠢᠰᠭᠤᠯ ᠤ᠋ᠨ ᠠᠱᠢᠭ᠍ᠲᠠᠢ ᠨᠥᠬᠥᠴᠡᠯ ᠢ᠋ ᠠᠮᠵᠢᠭᠤᠯᠤᠨ ᠤᠰᠤᠨ ᠰᠤᠪᠠᠭ ᠮᠠᠯᠲᠠᠬᠤ᠂ ᠬᠣᠭᠣᠯᠠᠢ ᠭᠤᠤᠷᠰᠤ ᠪᠤᠯᠬᠠᠤ ᠵᠡᠷᠭᠡ ᠤᠰᠤᠯᠠᠯᠲᠠ ᠪᠠ ᠤᠰᠤ ᠲᠠᠲᠠᠷᠠᠭᠤᠯᠬᠤ ᠢᠨᠵᠧᠨᠧᠷᠢᠩ ᠢ᠋ ᠲᠦᠷᠭᠡᠳᠭᠡᠵᠦ᠍᠂ ᠬᠠᠪᠤᠷ ᠤ᠋ᠨ ᠲᠠᠷᠢᠶᠠᠯᠠᠭ᠎ᠠ ᠡᠴᠡ ᠡᠮᠦᠨ᠎ᠡ 450 ᠲᠦᠮᠡᠨ ᠮᠦ᠍ ᠡᠴᠡ ᠳᠡᠭᠡᠭ᠌ᠰᠢᠬᠢ ᠳ᠋ᠦᠩᠨᠡᠨ ᠱᠢᠯᠵᠢᠭᠦᠯᠬᠦ᠌ ᠲᠦᠷᠦᠯ ᠵᠦᠢᠯ ᠤ᠋ᠨ ᠭᠣᠣᠯ ᠴᠣᠭ᠍ᠴᠠ ᠶ᠋ᠢᠨ ᠢᠨᠵᠧᠨᠧᠷᠢᠩ ᠢ᠋ ᠪᠡᠶᠡᠯᠡᠭᠦᠯᠬᠦ᠌ ᠪᠡᠷ ᠴᠢᠷᠮᠠᠢᠵᠤ ᠪᠠᠢᠨ᠎ᠠ᠃

ᠤᠢᠯᠠᠭᠠᠭᠰᠠᠨ ᠵᠢᠡᠷ᠂ ᠡᠨᠡ ᠵᠢᠯ ᠤ᠋ᠨ ᠰᠡᠭᠦᠯᠴᠢ ᠪᠤᠯᠲᠠᠯ᠎ᠠ ᠮᠠᠨ ᠤ᠋ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠪᠦᠬᠦ ᠲᠠᠯᠠᠪᠠᠶ ᠵᠢ 6700 ᠲᠦᠮᠡᠨ ᠮᠥ᠍ ᠳ᠋ᠤ ᠬᠦᠷᠬᠡᠨ᠂ ᠡᠭᠦᠷᠢᠳᠡ ᠶ᠋ᠢᠨ ᠦᠨᠳᠦᠰᠦᠨ ᠲᠠᠷᠢᠶᠠᠨ ᠭᠠᠵᠠᠷ ᠤ᠋ᠨ ᠵᠢᠡᠨ 50% ᠵᠢ ᠲᠠᠪᠠᠭᠤᠯᠵᠤ᠂ ᠠᠮᠤ ᠪᠤᠳᠠᠭᠠᠨ ᠤ᠋ ᠦᠶ᠋ᠯᠡᠳᠪᠦᠷᠢᠯᠡᠯ ᠤ᠋ᠨ ᠴᠢᠳᠠᠪᠤᠷᠢ ᠶ᠋ᠢ ᠦᠷᠭᠦᠯᠵᠢᠯᠡᠨ ᠳᠡᠭᠡᠭ᠌ᠰᠢᠯᠡᠬᠦᠯᠬᠦ ᠳ᠋ᠦ ᠨᠠᠩ ᠬᠦᠴᠦᠲᠡᠶ ᠲᠤᠯᠭᠠᠭᠤᠷᠢᠯᠠᠯ ᠬᠠᠡᠭᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号