《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠬᠤᠭᠤᠴᠠᠭᠠᠨ ᠳ᠋ᠤ ᠥᠪᠥᠷ ᠮᠣᠩᠭᠣᠯ ᠤ᠋ᠨ ᠨᠤᠲᠤᠭ ᠪᠡᠯᠴᠢᠭᠡᠷ ᠤ᠋ᠨ ᠠᠮᠢ ᠠᠬᠤᠶ ᠵᠢᠨ ᠪᠠᠢᠳᠠᠯ ᠦᠷᠭᠦᠯᠵᠢᠯᠡᠨ ᠰᠠᠢᠵᠢᠷᠠᠪᠠ
2026-03-24 09:03:39
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠥᠪᠥᠷ ᠮᠣᠩᠭᠣᠯ᠎ᠤᠯᠤᠰ ᠤ᠋ᠨ ᠠᠮᠢ ᠠᠬᠤᠶ ᠵᠢᠨ ᠠᠮᠤᠷ ᠲᠦᠪᠱᠢᠨ ᠤ᠋ ᠪᠠᠢᠯᠳᠤᠬᠤ ᠪᠣᠳᠣᠯᠭ᠎ᠠ ᠶ᠋ᠢ ᠡᠷᠡᠰ ᠲᠤᠭᠤᠱᠢᠯᠠᠭᠤᠯᠵᠤ᠂ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠵᠢᠨ ᠬᠠᠮᠠᠭᠠᠯᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ ᠵᠡᠷᠭᠡ ᠴᠢᠬᠤᠯᠠ ᠶᠡᠬᠡ ᠡᠭᠦᠷᠭᠡ ᠪᠡᠷ ᠶᠡᠷᠦᠩᠬᠡᠢᠯᠡᠨ ᠵᠢᠯᠣᠭᠣᠳᠣᠭᠤᠯᠵᠤ᠂ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠬᠦᠯᠬᠦ ᠠᠰᠠᠭᠤᠳᠠᠯ ᠢ᠋ ᠱᠢᠶ᠋ᠳᠪᠦᠷᠢᠯᠡᠬᠦ᠌ ᠪᠡᠷ ᠮᠠᠨ ᠎ᠤ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠶ᠋ᠢ ᠪᠡᠬᠢᠵᠢᠭᠦᠯᠬᠦ᠌ ᠭᠤᠤᠯ ᠠᠷᠭ᠎ᠠ ᠬᠡᠮᠵᠢᠶ᠎ᠡ ᠪᠣᠯᠭᠠᠨ᠂ ᠠᠮᠢ ᠠᠬᠤᠶ ᠶ᠋ᠢ ᠰᠡᠷᠭᠦᠭᠡᠬᠦ᠌᠂ ᠣᠨᠣᠪᠴᠢᠲᠠᠶ ᠬᠠᠮᠢᠶᠠᠷᠤᠨ ᠬᠠᠮᠠᠭᠠᠯᠠᠬᠤ ᠵᠡᠷᠭᠡ ᠣᠯᠠᠨ ᠠᠷᠭ᠎ᠠ ᠵᠠᠮ ᠢ᠋ ᠶᠡᠷᠦᠩᠬᠡᠢᠯᠡᠨ ᠠᠱᠢᠭ᠍ᠯᠠᠵᠤ᠂ ᠨᠤᠲᠤᠭ ᠪᠡᠯᠴᠢᠭᠡᠷ ᠤ᠋ᠨ ᠠᠮᠢ ᠠᠬᠤᠶ ᠵᠢᠨ ᠪᠠᠢᠳᠠᠯ ᠦᠷᠭᠦᠯᠵᠢᠯᠡᠨ ᠰᠠᠢᠵᠢᠷᠠᠬᠤ ᠶ᠋ᠢ ᠪᠡᠶᠡᠯᠡᠭᠦᠯᠪᠠ᠃

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ ᠢ᠋ ᠲᠡᠩᠴᠡᠭᠦᠷᠢᠲᠡᠶ ᠪᠠᠢᠯᠭᠠᠬᠤ ᠪᠠ ᠪᠡᠯᠴᠢᠭᠡᠷᠯᠡᠭᠦᠯᠬᠦ᠌ ᠶ᠋ᠢ ᠴᠠᠭᠠᠵᠠᠯᠠᠵᠤ ᠪᠡᠯᠴᠢᠭᠡᠷ ᠢ᠋ ᠠᠮᠠᠷᠠᠭᠤᠯᠬᠤ ᠲᠦᠷᠢᠮ》 ᠢ᠋ ᠨᠡᠢᠲᠡᠯᠡᠨ ᠬᠡᠷᠡᠭ᠌ᠵᠢᠭᠦᠯᠵᠦ᠍᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ ᠤ᠋ᠨ ᠬᠠᠮᠢᠶᠠᠷᠤᠯᠲᠠ ᠵᠢᠨ ᠲᠦᠷᠢᠮ》᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ ᠤ᠋ᠨ ᠬᠠᠮᠠᠭᠠᠯᠠᠯᠲᠠ ᠵᠢᠨ ᠲᠦᠷᠢᠮ》 ᠵᠡᠷᠭᠡ ᠣᠷᠣᠨ ᠨᠤᠲᠤᠭ ᠤ᠋ᠨ ᠬᠠᠤᠯᠢ ᠲᠣᠭ᠍ᠲᠠᠭᠠᠯ ᠳ᠋ᠤ ᠵᠠᠰᠠᠪᠤᠷᠢ ᠣᠷᠣᠭᠤᠯᠬᠤ ᠠᠵᠢᠯ ᠢ᠋ ᠡᠬᠢᠯᠡᠭᠦᠯᠵᠦ᠍᠂ 《ᠬᠠᠤᠯᠢ ᠲᠣᠭ᠍ᠲᠠᠭᠠᠯ + ᠲᠦᠷᠢᠮ ᠲᠣᠭ᠍ᠲᠠᠭᠠᠯ + ᠲᠥᠷᠥ ᠵᠢᠨ ᠪᠣᠳᠣᠯᠭ᠎ᠠ》 ᠵᠢᠨ ᠣᠯᠠᠨ ᠲᠠᠰ ᠳᠠᠪᠬᠤᠷᠭ᠎ᠠ ᠵᠢᠨ ᠲᠦᠷᠢᠮ ᠤ᠋ᠨ ᠱᠢᠰᠲ᠋ᠧᠮ ᠢ᠋᠎ᠠᠯᠬᠤᠮ ᠠᠯᠬᠤᠮ ᠵᠢᠡᠷ ᠪᠠᠢᠭᠤᠯᠪᠠ᠃

ᠥᠪᠥᠷ ᠮᠣᠩᠭᠣᠯ ᠠᠮᠢ ᠠᠬᠤᠢ ᠶ᠋ᠢ ᠰᠡᠷᠭᠦᠭᠡᠬᠦ᠌ ᠪᠡᠷ ᠭᠣᠣᠯ ᠪᠤᠯᠭᠠᠨ᠂ ᠵᠢᠯ ᠪᠦᠷᠢ 3.8 ᠳ᠋ᠦᠩᠰᠢᠭᠤᠷ ᠮᠤ᠌ ᠪᠡᠯᠴᠢᠭᠡᠷ ᠲᠤ᠌ ᠪᠡᠯᠴᠢᠭᠡᠷᠯᠡᠭᠦᠯᠬᠦ᠌ ᠶ᠋ᠢ ᠴᠠᠭᠠᠵᠠᠯᠠᠵᠤ᠂ 5.9 ᠳ᠋ᠦᠩᠱᠢᠭᠤᠷ ᠮᠦ᠍ ᠪᠡᠯᠴᠢᠭᠡᠷ ᠤ᠋ᠨ ᠮᠠᠯ ᠪᠡᠯᠴᠢᠭᠡᠷ ᠤ᠋ᠨ ᠲᠡᠩᠴᠡᠭᠦᠷᠢ ᠶ᠋ᠢ ᠪᠠᠲᠤᠯᠠᠪᠠ᠃ ᠳᠤᠮᠳᠠ ᠵᠡᠷᠭᠡ ᠵᠢᠨ ᠮᠠᠭᠤᠲᠠᠭ᠍ᠰᠠᠨ ᠨᠤᠲᠤᠭ ᠪᠡᠯᠴᠢᠭᠡᠷ ᠲᠤ᠌ ᠴᠢᠭ᠌ᠯᠡᠭᠦᠯᠦᠨ᠂ ᠡᠪᠡᠰᠦ ᠲᠠᠷᠢᠬᠤ᠂ ᠨᠤᠲᠤᠭ ᠪᠡᠯᠴᠢᠭᠡᠷ ᠢ᠋ ᠰᠠᠢᠵᠢᠷᠠᠭᠤᠯᠬᠤ᠂ ᠬᠠᠱᠢᠶᠠᠯᠠᠨ ᠪᠢᠲᠡᠭᠦᠮᠵᠢᠯᠡᠬᠦ᠌ ᠵᠡᠷᠭᠡ ᠠᠷᠭ᠎ᠠ ᠬᠡᠮᠵᠢᠶ᠎ᠡ ᠶ᠋ᠢ ᠬᠡᠷᠡᠭᠯᠡᠵᠤ᠂ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ ᠳ᠋ᠤ 1.1 ᠳ᠋ᠦᠩᠱᠢᠭᠤᠷ ᠮᠦ᠍ ᠡᠪᠡᠰᠦ ᠲᠠᠷᠢᠵᠦ ᠂ ᠲᠠᠴᠢᠷᠳᠠᠭ᠍ᠰᠠᠨ ᠨᠤᠲᠤᠭ ᠪᠡᠯᠴᠢᠭᠡᠷ  ᠢ᠋ ᠵᠠᠰᠠᠭ᠍ᠰᠠᠨ ᠦᠷ᠎ᠡ ᠪᠦᠲᠦᠮᠵᠢ ᠢᠯᠡᠳᠲᠡ ᠪᠣᠯᠪᠠ᠃

《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ ᠢ᠋ ᠪᠥᠬᠥ᠌ ᠲᠠᠯ᠎ᠠ᠎ᠪᠠᠷ ᠱᠢᠶ᠋ᠳᠪᠦᠷᠢᠯᠡᠬᠦ᠌ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ 17 ᠬᠣᠱᠢᠭᠤ ᠱᠢᠶᠠᠨ᠎ᠤ ᠲᠤᠷᠱᠢᠯᠲᠠ  ᠵᠢᠨ ᠴᠡᠭ ᠠᠮᠵᠢᠯᠲᠠ ᠣᠯᠤᠭ᠍ᠰᠠᠨ ᠰᠠᠭᠤᠷᠢᠨ ᠳᠡᠭᠡᠷ᠎ᠡ᠂ 2025 ᠣᠨ ᠳ᠋ᠤ 102 ᠭᠠᠵᠠᠷ ᠣᠷᠣᠨ (ᠨᠢᠭᠡᠴᠢ) ᠢ᠋ ᠪᠦᠬᠦᠨ ᠢ᠋ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ ᠢ᠋ ᠱᠢᠶ᠋ᠳᠪᠦᠷᠢᠯᠡᠬᠦ᠌ ᠬᠡᠪᠴᠢᠶᠡᠨ᠎ᠳᠦ ᠣᠷᠣᠭᠤᠯᠵᠤ᠂ ᠪᠥᠬᠥ᠌ ᠣᠷᠣᠨ᠎ᠤ 99% ᠵᠢᠨ ᠨᠤᠲᠤᠭ ᠪᠡᠯᠴᠢᠭᠡᠷ ᠢ᠋ ᠬᠠᠮᠤᠷᠪᠠ᠃ 2025 ᠣᠨ ᠳ᠋ᠤ ᠪᠥᠬᠥ᠌ ᠣᠷᠣᠨ᠎ᠤ ᠪᠡᠯᠴᠢᠭᠡᠷ ᠢ᠋ ᠠᠮᠠᠷᠠᠭᠤᠯᠬᠤ ᠬᠤᠭᠤᠴᠠᠭ᠎ᠠ ᠪᠠ ᠪᠡᠯᠴᠢᠭᠡᠷᠯᠡᠭᠦᠯᠬᠦ᠌ ᠶ᠋ᠢ ᠴᠠᠭᠠᠵᠠᠯᠠᠬᠤ ᠣᠷᠣᠨ᠎ᠤ ᠲᠣᠭ᠍ᠲᠠᠭᠠᠯ᠎ᠠᠴᠠ ᠵᠥᠷᠢᠴᠡᠨ ᠪᠡᠯᠴᠢᠭᠡᠷᠯᠡᠭᠦᠯᠦᠭᠰᠡᠨ ᠨᠣᠷᠮ᠎ᠠ ᠲᠣᠰ ᠲᠣᠰ 4.5%᠂ 3.5% ᠪᠠᠢᠵᠤ᠂ ᠪᠥᠬᠥ᠌ ᠣᠷᠣᠨ ᠎ᠤ ᠪᠠᠢᠭᠠᠯᠢ ᠵᠢᠨ ᠨᠤᠲᠤᠭ ᠪᠡᠯᠴᠢᠭᠡᠷ ᠤ᠋ᠨ ᠮᠠᠯ ᠪᠡᠯᠴᠢᠭᠡᠷ ᠤ᠋ᠨ ᠲᠡᠩᠴᠡᠭᠦᠷᠢ ᠵᠢᠨ ᠵᠢᠭᠠᠯᠲᠠ ᠲᠣᠭ᠎ᠠ ᠶ᠋ᠢ ᠪᠦᠬᠦᠨ ᠢ᠋ 10% ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠤᠨ᠂ ᠶᠡᠷᠦᠩᠬᠡᠶ᠎ᠳᠡᠭᠡᠨ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠥᠬᠡᠶ ᠪᠠᠢᠬᠤ ᠶ᠋ᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号