ᠮᠠᠨ ᠤ᠋ ᠤᠷᠤᠨ ᠤ᠋ ᠠᠩᠬᠠᠳᠠᠭᠴᠢ ᠴᠢᠯᠦᠭᠡᠳᠦ ᠬᠡᠯᠪᠡᠷᠢ ᠶ᠋ᠢᠨ ᠵᠠᠬᠢᠶᠠᠯᠠᠭ᠎ᠠ ᠶ᠋ᠢᠨ ᠰᠢᠳᠤ ᠲᠡᠭᠰᠢᠯᠡᠭᠦᠷ ᠵᠠᠬ᠎ᠠ ᠳᠡᠯᠭᠡᠭᠦᠷ ᠲᠤ᠌ ᠭᠠᠷᠪᠠ
2026-03-24 11:33:03
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠵᠦᠪᠰᠢᠶᠡᠷᠡᠯ ᠶ᠋ᠢᠡᠷ᠂ ᠮᠠᠨ ᠤ᠋ ᠤᠷᠤᠨ ᠤᠢᠷ᠎ᠠ ᠳ᠋ᠤ ᠠᠩᠬᠠᠳᠠᠭᠴᠢ ᠴᠢᠯᠦᠭᠡᠳᠦ ᠬᠡᠯᠪᠡᠷᠢ ᠶ᠋ᠢᠨ ᠵᠠᠬᠢᠶᠠᠯᠠᠭ᠎ᠠ ᠶ᠋ᠢᠨ ᠰᠢᠳᠤ ᠲᠡᠭᠰᠢᠯᠡᠭᠦᠷ ᠢ᠋ ᠳᠠᠩᠰᠠᠯᠠᠭᠤᠯᠤᠨ ᠵᠠᠬ᠎ᠠ ᠳᠡᠯᠭᠡᠭᠦᠷ ᠲᠤ᠌ ᠭᠠᠷᠭᠠᠵᠤ᠂ ᠮᠠᠨ ᠤ᠋ ᠤᠷᠤᠨ ᠤ᠋ ᠰᠢᠳᠤ ᠭᠤᠶᠤᠯᠠᠵᠤ ᠵᠠᠰᠠᠬᠤ ᠠᠵᠢᠯ ᠲᠦᠷᠦᠯ ᠤ᠋ᠨ ᠦᠢᠯᠡᠳᠬᠦᠨ ᠤ᠋ ᠬᠠᠩᠭᠠᠯᠭ᠎ᠠ ᠶ᠋ᠢ ᠴᠢᠨᠠᠭᠰᠢᠳᠠ ᠪᠠᠶᠠᠯᠢᠭᠵᠢᠭᠤᠯᠪᠠ᠃

ᠡᠨᠡ ᠬᠦ᠌ ᠴᠢᠯᠦᠭᠡᠳᠦ ᠬᠡᠯᠪᠡᠷᠢ ᠶ᠋ᠢᠨ ᠵᠠᠬᠢᠶᠠᠯᠠᠭ᠎ᠠ ᠶ᠋ᠢᠨ ᠰᠢᠳᠤ ᠳᠡᠭᠰᠢᠯᠡᠭᠦᠷ ᠨᠢ ᠪᠠᠬᠢᠯᠡᠨ ᠳᠤᠭᠳᠠᠭᠠᠬᠤ ᠬᠡᠰᠡᠭ᠂ ᠡᠷᠴᠢᠮᠵᠢᠭᠦᠯᠬᠦ ᠬᠡᠰᠡᠭ ᠪᠠ ᠬᠤᠯᠪᠤᠯᠳᠠ ᠶ᠋ᠢᠨ ᠬᠡᠰᠡᠭ ᠶ᠋ᠢᠡᠷ ᠪᠦᠷᠢᠯᠳᠦᠵᠦ᠂ ᠡᠮᠴᠢᠯᠡᠭᠡᠨ ᠤ᠋ ᠪᠠᠢᠭᠤᠯᠤᠮᠵᠢ ᠶ᠋ᠢᠨ ᠲᠦᠰᠦᠪᠯᠡᠯ ᠶᠤᠰᠤᠭᠠᠷ ᠲᠡᠮᠦᠷ ᠤᠳᠠᠰᠤ ᠪᠡᠷ ᠮᠤᠷᠤᠢᠯᠭᠠᠨ ᠬᠢᠭᠰᠡᠨ ᠰᠢᠳᠤ ᠶ᠋ᠢ ᠲᠡᠭᠰᠢᠬᠡᠨ ᠪᠤᠯᠭᠠᠬᠤ ᠤᠷᠤᠭᠤᠯ ᠤ᠋ᠨ ᠬᠦᠪᠴᠢ᠂ ᠳᠤᠭᠳᠠᠭᠠᠬᠤ ᠭᠠᠷᠠᠬ᠎ᠠ ᠪᠠ ᠲᠠᠪᠠᠷᠬᠠᠢ ᠶ᠋ᠢᠨ ᠰᠠᠭᠤᠷᠢ ᠶ᠋ᠢ ᠬᠤᠯᠪᠤᠵᠤ᠂ ᠱᠦᠷᠭᠦᠭᠡᠬᠦ᠂ ᠭᠦᠯᠢᠭᠡᠷ ᠪᠤᠯᠭᠠᠬᠤ ᠵᠡᠷᠭᠡ ᠶᠠᠪᠤᠴᠠ ᠪᠡᠷ ᠦᠢᠯᠡᠳᠦᠨ ᠪᠦᠲᠦᠭᠡᠵᠠᠢ᠃ ᠲᠤᠰ ᠦᠢᠯᠡᠳᠭᠦᠨ ᠨᠢ ᠭᠠᠳᠠᠭᠠᠳᠦ ᠬᠦᠴᠦᠨ ᠤ᠋ ᠦᠢᠯᠡᠳᠦᠯ ᠶ᠋ᠢᠡᠷ ᠰᠢᠳᠦᠨ ᠤ᠋ ᠤᠷᠭᠤᠭᠰᠠᠨ ᠪᠠᠢᠷᠢ ᠳ᠋ᠤ ᠲᠠᠰᠤᠷᠠᠯᠳᠠ ᠦᠭᠡᠢ ᠳᠤᠬᠢᠷᠠᠭᠤᠯᠤᠯᠳᠠ ᠬᠢᠵᠦ᠂ ᠳᠡᠭᠰᠢᠬᠡᠨ ᠬᠠᠵᠠᠵᠤ ᠵᠠᠭᠤᠵᠤ ᠳᠡᠢᠯᠬᠦ ᠪᠤᠯᠭᠠᠳᠠᠭ᠃

ᠤᠢᠯᠠᠭᠠᠭᠰᠠᠨ ᠶ᠋ᠢᠡᠷ᠂ ᠠᠮᠠᠨ ᠬᠦᠨᠳᠡᠢ ᠶ᠋ᠢᠨ ᠰᠠᠯᠠᠭ᠎ᠠ ᠶ᠋ᠢᠨ ᠡᠮᠴᠢᠯᠡᠭᠡᠨ ᠤ᠋ ᠪᠠᠭᠠᠵᠢ ᠬᠡᠷᠡᠭᠰᠡᠯ ᠪᠤᠯ ᠮᠠᠨ ᠤ᠋ ᠤᠷᠤᠨ ᠤ᠋ ᠬᠤᠶᠠᠳᠤᠭᠠᠷ ᠲᠦᠷᠦᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠴᠢᠬᠤᠯᠠ ᠪᠦᠷᠢᠯᠳᠦᠭᠦᠨ ᠬᠡᠰᠡᠭ ᠪᠠᠢᠵᠤ᠂ ᠤᠳᠤᠬᠠᠨ ᠳ᠋ᠤ ᠭᠤᠤᠯᠳᠠᠭᠤ ᠵᠠᠬᠢᠶᠠᠯᠠᠭ᠎ᠠ ᠶ᠋ᠢᠨ ᠪᠡᠬᠢᠯᠡᠵᠦ ᠳᠤᠭᠳᠠᠭᠠᠬᠤ ᠬᠢᠮᠠᠯ ᠰᠢᠳᠤ ᠪᠠ ᠵᠠᠬᠢᠶᠠᠯᠠᠭ᠎ᠠ ᠶ᠋ᠢᠨ ᠴᠢᠯᠦᠭᠡᠳᠦ ᠬᠢᠮᠠᠯ ᠰᠢᠳᠤ ᠶ᠋ᠢ ᠦᠢᠯᠡᠳᠪᠤᠷᠢᠯᠡᠵᠦ ᠪᠠᠢᠨ᠎ᠠ᠃ 2025 ᠤᠨ ᠳ᠋ᠤ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠵᠦᠪᠰᠢᠶᠡᠷᠡᠯ ᠶ᠋ᠢᠡᠷ ᠮᠠᠨ ᠤ᠋ ᠤᠷᠤᠨ ᠠᠩᠬᠠᠳᠠᠭᠴᠢ ᠵᠠᠬᠢᠶᠠᠯᠠᠭ᠎ᠠ ᠶ᠋ᠢᠨ ᠬᠤᠯᠢᠮᠠᠭ ᠪᠡᠬᠢᠯᠡᠯᠳᠡ ᠶ᠋ᠢᠨ ᠬᠢᠮᠠᠯ ᠰᠢᠳᠤ ᠶ᠋ᠢ ᠳᠠᠩᠰᠠᠯᠠᠭᠤᠯᠤᠭᠰᠠᠨ ᠶᠤᠮ᠃ ᠠᠮᠠᠨ ᠬᠦᠨᠳᠡᠢ ᠶ᠋ᠢᠨ ᠵᠠᠬᠢᠶᠠᠯᠠᠭ᠎ᠠ ᠶ᠋ᠢᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠶᠠᠰᠤ ᠴᠢᠨᠠᠷ ᠤ᠋ᠨ ᠠᠮᠦᠷ ᠲᠦᠪᠰᠢᠨ ᠢ᠋ ᠦᠨᠡᠨ ᠬᠦ᠌ ᠪᠠᠳᠤᠯᠠᠬᠤ ᠶ᠋ᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠪᠦᠬᠦ ᠶᠠᠪᠤᠴᠠ ᠶ᠋ᠢᠨ ᠶᠠᠰᠤ ᠴᠢᠨᠠᠷ ᠤ᠋ᠨ ᠬᠠᠮᠢᠶᠠᠷᠤᠯᠳᠠ ᠡᠵᠡᠮᠳᠡᠯ ᠢ᠋ ᠲᠠᠰᠤᠷᠠᠯᠳᠠ ᠦᠭᠡᠢ ᠴᠢᠩᠭᠠᠳᠬᠠᠬᠤ ᠶ᠋ᠢᠨ ᠬᠠᠮᠳᠤ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠲᠤᠭᠠᠴᠢᠯᠠᠭᠰᠠᠨ ᠬᠡᠪ ᠲᠤ᠌ ᠮᠠᠲᠧᠷᠢᠶᠠᠯ ᠨᠡᠮᠡᠵᠦ ᠯᠠᠢᠰᠧᠷ ᠶ᠋ᠢᠡᠷ ᠬᠠᠢᠯᠤᠭᠤᠯᠤᠨ ᠤᠶᠠᠷᠠᠭᠤᠯᠬᠤ ᠮᠡᠷᠭᠡᠵᠢᠯ ᠶ᠋ᠢᠡᠷ ᠦᠢᠯᠡᠳᠦᠭᠰᠡᠨ ᠵᠠᠬᠢᠶᠠᠯᠠᠭ᠎ᠠ ᠶ᠋ᠢᠨ ᠬᠢᠮᠠᠯ ᠰᠢᠳᠦᠨ ᠤ᠋ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠭᠤᠤᠯᠳᠠᠯᠭ᠎ᠠ》 ᠶ᠋ᠢ ᠲᠤᠰᠬᠠᠢᠯᠠᠨ ᠲᠤᠭᠤᠷᠪᠢᠨ ᠳᠤᠭᠳᠠᠭᠠᠵᠤ᠂ ᠬᠤᠯᠪᠤᠭᠳᠠᠯ ᠪᠦᠬᠦᠢ ᠠᠵᠤ ᠠᠬᠤᠢᠯᠠᠯ ᠤ᠋ᠨ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠰᠢᠰᠲ᠋ᠧᠮ ᠶ᠋ᠢᠡᠨ ᠪᠦᠷᠢᠨᠰᠢᠭᠦᠯᠬᠦ ᠳ᠋ᠤᠨᠢ ᠵᠢᠯᠤᠭᠤᠳᠤᠯᠭ᠎ᠠ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号