ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠦ ᠠᠰᠠᠭᠤᠳᠠᠯ᠎ᠤᠨ ᠲᠤᠬᠠᠢ ᠰᠦᠪᠡᠭᠴᠢ᠎ᠶᠢ ᠴᠤᠭᠯᠠᠭᠤᠯᠵᠤ ᠪᠠᠢᠨ᠎ᠠ
2026-03-24 10:48:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠤ᠂ ᠣᠯᠠᠨ ᠲᠦᠮᠡᠨ᠎ᠦ ᠲᠤᠰᠬᠠᠯ ᠶᠡᠬᠡᠲᠡᠢ ᠪᠠᠢᠭ᠎ᠠ ᠲᠦᠪᠡᠭᠲᠡᠢ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠳᠦᠷᠢᠮ ᠲᠣᠭᠲᠠᠭᠠᠯ ᠰᠠᠬᠢᠯᠭ᠎ᠠ ᠪᠠᠲᠤ᠎ᠶᠢ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠴᠢᠩᠭ᠎ᠠ ᠵᠠᠯᠠᠷᠠᠭᠤᠯᠤᠨ ᠵᠠᠰᠠᠵᠤ᠂ ᠨᠠᠰᠤᠲᠠᠢᠴᠤᠳ᠎ᠤᠨ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠬᠤ᠎ᠶᠢᠨ ᠲᠥᠯᠥᠭᠡ᠂ ᠣᠲᠣ᠌ ᠨᠡᠢᠭᠡᠮ ᠨᠡᠶ᠋ᠢᠲᠡ᠎ᠡᠴᠡ ᠢᠯᠡ᠎ᠪᠡᠷ ᠰᠦᠪᠡᠭᠴᠢ ᠴᠤᠭᠯᠠᠭᠤᠯᠵᠤ ᠪᠠᠢᠨ᠎ᠠ᠃ ᠪᠣᠳᠠᠲᠠᠢ ᠵᠦᠢᠯᠡᠰ᠎ᠢ ᠳᠣᠣᠷᠠᠬᠢ ᠮᠡᠲᠦ ᠵᠠᠷᠯᠠᠪᠠ᠄

ᠨᠢᠭᠡ᠂ ᠴᠤᠭᠯᠠᠭᠤᠯᠬᠤ ᠴᠠᠭ

3 ᠰᠠᠷ᠎ᠠ ᠵᠢᠨ 19᠎ᠤ ᠡᠳᠤᠷ ᠡᠴᠡ 2026 ᠣᠨ᠎ᠤ 12 ᠰᠠᠷ᠎ᠠ᠎ᠶᠢᠨ ᠰᠡᠭᠦᠯᠴᠢ ᠪᠣᠯᠲᠠᠯ᠎ᠠ

ᠬᠣᠶᠠᠷ᠂ ᠴᠤᠭᠯᠠᠭᠤᠯᠬᠤ ᠬᠡᠪᠴᠢᠶ᠎ᠡ

(ᠨᠢᠭᠡ) ᠨᠠᠰᠤᠵᠢᠯ᠎ᠤᠨ ᠠᠰᠠᠷᠠᠮᠵᠢ ᠵᠢᠨ ᠪᠠᠢᠭᠤᠯᠤᠮᠵᠢ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠰᠠᠭᠤᠳᠠᠯ᠃ ᠵᠢᠱ᠌ᠢᠶᠡᠯᠡᠪᠡᠯ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠎ᠶᠢᠨ ᠢᠳᠡᠭᠡᠨ᠎ᠦ ᠠᠷᠢᠭᠤᠨ ᠴᠡᠪᠡᠷ ᠨᠢ ᠪᠠᠷᠢᠮᠵᠢᠶ᠎ᠠ᠎ᠳᠤ ᠬᠦᠷᠬᠦ ᠦᠭᠡᠢ᠂ ᠢᠳᠡᠭᠡᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶᠢᠨ ᠳᠦᠷᠢᠮ᠎ᠢ ᠰᠠᠢᠳᠤᠷ ᠨᠠᠢᠳᠠᠪᠤᠷᠢᠵᠢᠭᠤᠯᠬᠤ ᠦᠭᠡᠢ᠂ ᠨᠠᠰᠤᠵᠢᠯ᠎ᠤᠨ ᠠᠰᠠᠷᠠᠮᠵᠢ ᠵᠢᠨ ᠪᠠᠢᠭᠤᠯᠤᠮᠵᠢ᠎ᠳᠤ ᠭᠠᠯ ᠤᠨᠲᠠᠷᠠᠭᠠᠬᠤ ᠠᠮᠤᠷ ᠲᠦᠪᠰᠢᠨ᠎ᠦ ᠬᠡᠮ ᠰᠣᠭᠣᠭ᠂ ᠪᠠᠷᠢᠯᠭ᠎ᠠ᠎ᠶᠢᠨ ᠠᠶᠤᠯ ᠲᠦᠭᠰᠢᠭᠦᠷᠢ᠎ᠶᠢᠨ ᠬᠡᠮ ᠰᠣᠭᠣᠭ ᠵᠡᠷᠭᠡ ᠠᠰᠠᠭᠤᠳᠠᠯ ᠣᠷᠣᠰᠢᠵᠤ ᠪᠠᠢᠬᠤ ᠡᠰᠡᠬᠦ᠃

(ᠬᠣᠶᠠᠷ) ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠦ ᠲᠥᠷᠥᠯ ᠵᠦᠢᠯ᠎ᠦᠨ ᠪᠡᠯᠡ ᠮᠥᠩᠭᠥ᠎ᠶᠢᠨ ᠠᠰᠠᠭᠤᠳᠠᠯ᠃ ᠵᠢᠱ᠌ᠢᠶᠡᠯᠡᠪᠡᠯ ᠡᠵᠡᠩᠨᠡᠯᠲᠡ᠎ᠶᠢᠨ ᠨᠥᠬᠥᠪᠦᠷᠢ ᠪᠠ ᠠᠰᠠᠷᠠᠨ ᠲᠡᠵᠢᠭᠡᠬᠦ ᠪᠡᠯᠡ ᠮᠥᠩᠭᠥ᠎ᠶᠢ ᠬᠤᠳᠠᠯ᠎ᠢᠶᠠᠷ ᠮᠡᠳᠡᠭᠦᠯᠵᠦ ᠬᠠᠭᠤᠷᠮᠠᠭᠯᠠᠨ ᠠᠪᠬᠤ; ᠨᠠᠰᠤᠵᠢᠯ᠎ᠤᠨ ᠨᠦᠬᠦᠪᠦᠷᠢ᠂ ᠰᠤᠪᠢᠯᠠᠯᠲᠠ᠎ᠶᠢᠨ ᠨᠥᠬᠥᠪᠦᠷᠢ ᠵᠡᠷᠭᠡ᠎ᠶᠢ ᠲᠣᠭᠲᠠᠭᠠᠯ ᠶᠣᠰᠣᠭᠠᠷ ᠣᠯᠭᠣᠭᠰᠠᠨ ᠦᠭᠡᠢ ᠪᠤᠶᠤ ᠪᠤᠷᠤᠭᠤ ᠣᠯᠭᠣᠭᠰᠠᠨ; ᠨᠠᠰᠤᠵᠢᠯ᠎ᠤᠨ ᠠᠰᠠᠷᠠᠮᠵᠢ ᠳ᠋ᠤ ᠲᠣᠬᠢᠷᠠᠬᠤ ᠥᠭᠡᠷᠡᠴᠢᠯᠡᠯᠲᠡ᠎ᠶᠢᠨ ᠦᠨ᠎ᠡ ᠬᠠᠩᠰᠢ ᠨᠢ ᠬᠡᠲᠦ ᠥᠨᠳᠥᠷ ᠪᠠᠢᠬᠤ; ᠭᠡᠷ᠎ᠲᠦᠨᠢ ᠬᠦᠷᠬᠦ ᠦᠢᠯᠡᠴᠢᠯᠡᠭᠡ ᠵᠢ 《ᠵᠦᠪᠬᠡᠨ ᠳᠠᠭᠠᠭᠠᠴᠢᠯᠠᠭᠠᠳ ᠳᠠᠭᠤᠰᠬᠠᠬᠤ》 ᠵᠡᠷᠭᠡ ᠠᠰᠠᠭᠤᠳᠠᠯ ᠃

(ᠭᠤᠷᠪᠠ) ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠠᠩᠭᠠᠯᠭ᠎ᠠ ᠬᠡᠷᠡᠭᠴᠡᠭᠡ ᠵᠣᠬᠢᠴᠠᠯᠳᠤᠬᠤ ᠦᠭᠡᠢ ᠪᠠᠢᠬᠤ ᠠᠰᠠᠭᠤᠳᠠᠯ᠃ ᠵᠢᠱ᠌ᠢᠶᠡᠯᠡᠪᠡᠯ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠠᠩᠭᠠᠯᠭ᠎ᠠ ᠨᠢ ᠬᠦᠷᠦᠯᠴᠡᠬᠦ ᠦᠭᠡᠢ᠂ ᠲᠥᠬᠦᠭᠡᠷᠦᠮᠵᠢ᠎ᠶᠢᠨ ᠪᠠᠢᠷᠢᠰᠢᠯ ᠨᠢ ᠵᠦᠢ ᠵᠤᠬᠢᠰ ᠦᠭᠡᠢ; ᠬᠥᠳᠡᠭᠡ ᠲᠣᠰᠬᠣᠨ᠎ᠤ ᠭᠠᠭᠴᠠᠭᠠᠷ ᠰᠠᠭᠤᠭ᠎ᠠ᠂ ᠴᠢᠳᠠᠪᠤᠷᠢ᠎ᠪᠠᠨ ᠠᠯᠳᠠᠭᠰᠠᠨ᠂ ᠭᠡᠷ᠎ᠢᠶᠡᠨ ᠰᠠᠬᠢᠵᠤ ᠬᠣᠴᠣᠷᠤᠭᠰᠠᠨ ᠵᠡᠷᠭᠡ ᠣᠨᠴᠠ ᠬᠦᠴᠢᠷᠳᠡᠯ᠎ᠲᠠᠢ ᠨᠠᠰᠤᠲᠠᠢᠴᠤᠳ᠎ᠢ ᠡᠷᠬᠢᠨ ᠦᠵᠡᠵᠦ ᠬᠠᠯᠠᠮᠵᠢᠯᠠᠨ ᠬᠠᠢᠷᠠᠯᠠᠬᠤ ᠦᠢᠯᠡᠴᠢᠯᠡᠭᠡ᠎ᠶᠢ ᠪᠣᠳᠠᠲᠠᠢᠵᠢᠭᠤᠯᠤᠭᠰᠠᠨ ᠦᠭᠡᠢ ᠵᠡᠷᠭᠡ ᠠᠰᠠᠭᠤᠳᠠᠯ᠃

(ᠳᠥᠷᠪᠡ) ᠨᠠᠰᠤᠲᠠᠢᠴᠤᠳ᠎ᠤᠨ ᠡᠷᠬᠡ ᠠᠰᠢᠭ᠋᠎ᠲᠤ ᠬᠠᠯᠳᠠᠭᠰᠠᠨ ᠠᠰᠠᠭᠤᠳᠠᠯ᠃ ᠵᠢᠱ᠌ᠢᠶᠡᠯᠡᠪᠡᠯ ᠬᠤᠪᠢ᠎ᠶᠢᠨ ᠰᠢᠭᠤᠳ ᠨᠡᠪᠲᠡᠷᠡᠭᠦᠯᠭᠡ᠎ᠶᠢ ᠠᠰᠢᠭ᠍ᠯᠠᠨ ᠨᠠᠰᠤᠲᠠᠨ᠎ᠢ ᠮᠡᠬᠡᠯᠡᠬᠦ᠂ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠢ ᠨᠥᠬᠥᠪᠦᠷᠢᠯᠡᠨ ᠲᠤᠰᠢᠶᠠᠯᠭᠠᠵᠤ ᠮᠡᠬᠡᠯᠡᠭᠰᠡᠨ ᠵᠡᠷᠭᠡ ᠠᠰᠠᠭᠤᠳᠠᠯ᠃


ᠲᠤᠰ ᠬᠣᠯᠪᠣᠭᠠᠰᠤ ᠵᠢ ᠳᠤᠪᠴᠢᠳᠠᠵᠤ ᠪᠦᠬᠦ ᠠᠭᠤᠯᠭ᠎ᠠ ᠵᠢ ᠦᠵᠡᠭᠡᠷᠠᠢ!


ᠢᠷᠡᠯᠲᠡ᠄ ᠬᠥᠬᠡᠬᠣᠲᠠ᠎ᠶᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶᠢᠨ ᠵᠢᠷᠬᠢᠶ᠎ᠡ ᠵᠢᠨ ᠨᠡᠶ᠋ᠢᠲᠡ᠎ᠶᠢᠨ ᠳᠠᠪᠴᠠᠡᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号