ᠥᠪᠥᠷ ᠮᠣᠩᠭᠣᠯ ᠬᠦᠢᠲᠡᠨ ᠰᠡᠷᠢᠭᠦᠨ ᠤᠷᠤᠨ᠎ᠤ ᠢᠳᠡᠰᠢᠨ ᠨᠣᠭᠣᠭ᠎ᠠ᠎ᠶᠢᠨ ᠰᠠᠭᠤᠷᠢ᠎ᠶᠢ ᠪᠡᠬᠢᠵᠢᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ
2026-03-24 15:11:04
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


ᠪᠥᠬᠥ ᠤᠯᠤᠰ᠎ᠤᠨ ᠲᠠᠷᠢᠶᠠᠯᠠᠩ ᠮᠠᠯ ᠠᠵᠤ ᠠᠬᠤᠢ᠎ᠶᠢᠨ ᠲᠣᠮᠣ᠌ ᠣᠷᠣᠨ ᠪᠣᠯᠤᠭᠰᠠᠨ ᠥᠪᠥᠷ ᠮᠣᠩᠭᠣᠯ ᠬᠦᠢᠲᠡᠨ ᠰᠡᠷᠢᠭᠦᠨ ᠤᠷᠤᠨ᠎ᠤ ᠢᠳᠡᠰᠢᠨ ᠨᠣᠭᠣᠭ᠎ᠠ᠎ᠶᠢᠨ ᠰᠠᠭᠤᠷᠢ᠎ᠶᠢ ᠪᠡᠬᠢᠵᠢᠭᠦᠯᠬᠦ ᠢᠨᠵᠧᠨᠧᠷᠢᠩ᠎ᠢ ᠬᠡᠷᠡᠭᠵᠢᠭᠦᠯᠬᠦ᠎ᠪᠡᠷ ᠳᠡᠮᠵᠢᠨ᠂ ᠢᠳᠡᠰᠢᠨ ᠨᠣᠭᠣᠭ᠎ᠠ᠎ᠶᠢᠨ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠨᠠᠩ ᠣᠯᠠᠨ ᠴᠢᠨᠠᠷ ᠰᠠᠢᠲᠠᠢ ᠢᠳᠡᠰᠢᠨ ᠨᠣᠭᠣᠭ᠎ᠠ᠎ᠶᠢ ᠪᠥᠬᠥ ᠤᠯᠤᠰ᠎ᠤᠨ ᠠᠷᠠᠳ ᠲᠦᠮᠡᠨ᠎ᠦ ᠬᠣᠭᠣᠯᠠᠨ ᠰᠢᠷᠡᠭᠡᠨ᠎ᠳᠦ ᠭᠠᠷᠭᠠᠬᠤ ᠪᠡᠷ ᠪᠠᠢᠨ᠎ᠠ᠃


640.jpg


ᠰᠤᠷᠪᠤᠯᠵᠢᠯᠠᠭ᠍ᠴᠢ 3 ᠰᠠᠷ᠎ᠠ᠎ᠶᠢᠨ 23᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠎ᠦᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠡᠨᠡᠬᠦ ᠮᠡᠳᠡᠭᠡ ᠵᠢ ᠣᠢᠯᠠᠭᠠᠭᠰᠠᠨ ᠶᠤᠮ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠲᠧᠭ᠌ᠨᠢᠭ ᠮᠡᠷᠭᠡᠵᠢᠯ ᠳᠡᠯᠭᠡᠷᠡᠭᠦᠯᠬᠦ ᠲᠥᠪ᠎ᠦᠨ ᠡᠷᠬᠢᠯᠡᠭᠴᠢ ᠬᠤ᠌ ᠶᠢᠦ ᠯᠢᠨ ᠰᠤᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠤᠭᠰᠠᠨ᠎ᠢᠶᠠᠷ᠂ ᠡᠨᠡ ᠵᠢᠯ ᠥᠪᠥᠷ ᠮᠣᠩᠭᠣᠯ ᠨᠢᠭᠡ ᠪᠦᠯᠦᠭ ᠪᠠᠷᠢᠮᠵᠢᠶᠠᠵᠢᠭ᠍ᠰᠠᠨ ᠬᠦᠢᠲᠡᠨ ᠰᠡᠷᠢᠭᠦᠨ ᠤᠷᠤᠨ᠎ᠤ ᠢᠳᠡᠰᠢᠨ ᠨᠣᠭᠣᠭ᠎ᠠ ᠵᠢᠨ ᠦᠢᠯᠡᠳᠪᠦᠷᠢᠯᠡᠯ᠎ᠦᠨ ᠰᠠᠭᠤᠷᠢᠨ᠎ᠢ ᠭᠣᠣᠯᠳᠠᠯᠭ᠎ᠠ᠎ᠲᠠᠢ ᠲᠡᠳᠬᠦᠨ ᠬᠥᠭᠵᠢᠭᠦᠯᠵᠦ᠂ 17 ᠥᠨᠳᠥᠷ ᠪᠠᠷᠢᠮᠵᠢᠶᠠᠨ᠎ᠤ ᠲᠥᠬᠥᠭᠡᠷᠦᠮᠵᠢᠲᠦ ᠲᠠᠷᠢᠶᠠᠯᠠᠩ᠎ᠤᠨ ᠬᠦᠷᠢᠶᠡᠯᠡᠩ᠎ᠢ ᠰᠢᠨ᠎ᠡ᠎ᠪᠡᠷ ᠪᠠᠢᠭᠤᠯᠬᠤ ᠪᠤᠶᠤ ᠥᠭᠡᠷᠡᠴᠢᠯᠡᠨ ᠪᠠᠢᠭᠤᠯᠵᠤ᠂ ᠬᠦᠢᠲᠡᠨ ᠰᠡᠷᠢᠭᠦᠨ ᠤᠷᠤᠨ᠎ᠤ ᠢᠳᠡᠰᠢᠨ ᠨᠣᠭᠣᠭ᠎ᠠ ᠵᠢᠨ ᠲᠠᠷᠢᠮᠠᠯ᠎ᠤᠨ ᠲᠠᠯᠠᠪᠠᠢ ᠵᠢ 420 ᠲᠦᠮᠡᠨ ᠮᠦ᠍᠎ᠳᠦ ᠬᠦᠷᠭᠡᠵᠦ᠂ ᠲᠥᠬᠦᠭᠡᠷᠦᠮᠵᠢᠲᠦ ᠪᠣᠯᠣᠨ ᠵᠠᠳᠠᠭᠠᠢ ᠭᠠᠵᠠᠷ᠎ᠤᠨ ᠢᠳᠡᠰᠢᠨ ᠨᠣᠭᠣᠭ᠎ᠠ ᠵᠣᠬᠢᠴᠠᠯᠳᠤᠨ ᠬᠠᠷᠢᠯᠴᠠᠨ ᠨᠥᠬᠥᠪᠦᠷᠢᠯᠡᠬᠦ ᠬᠥᠭᠵᠢᠯ᠎ᠦᠨ ᠲᠥᠯᠥᠪᠰᠢᠷᠡᠯ᠎ᠢ ᠲᠥᠯᠥᠪᠰᠢᠭᠦᠯᠦᠨ᠎ᠡ᠃


640 (1).jpg


ᠥᠪᠥᠷ ᠮᠣᠩᠭᠣᠯ ᠲᠤᠰᠬᠠᠢ ᠪᠡᠯᠡ ᠮᠥᠩᠭᠥ ᠲᠣᠬᠢᠷᠠᠭᠤᠯᠵᠤ᠂ 《ᠤᠷᠢᠳ ᠵᠢᠠᠷ ᠪᠠᠢᠭᠤᠯᠵᠤ ᠳᠠᠷᠠᠭ᠎ᠠ ᠨᠢ ᠨᠥᠬᠥᠪᠦᠷᠢᠯᠡᠬᠦ》 ᠠᠷᠭ᠎ᠠ ᠬᠡᠯᠪᠡᠷᠢ᠎ᠪᠡᠷ ᠳᠠᠪᠠᠭᠤᠯᠢᠭ᠋ ᠭᠠᠵᠠᠷ ᠣᠷᠣᠨ᠎ᠤ ᠬᠦᠢᠲᠡᠨ ᠰᠡᠷᠢᠭᠦᠨ ᠤᠷᠤᠨ᠎ᠤ ᠢᠳᠡᠰᠢᠨ ᠨᠣᠭᠣᠭ᠎ᠠ᠎ᠶᠢᠨ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭᠵᠢᠭᠦᠯᠬᠦ᠎ᠶᠢ ᠳᠡᠮᠵᠢᠵᠦ᠂ ᠴᠢᠨᠠᠷ ᠰᠠᠢᠲᠠᠢ ᠢᠳᠡᠰᠢᠨ ᠨᠣᠭᠣᠭ᠎ᠠ᠎ᠶᠢᠨ ᠭᠠᠷᠤᠯᠲᠠ᠎ᠶᠢ ᠲᠣᠭᠲᠠᠪᠤᠷᠢᠵᠢᠭᠤᠯᠤᠨ ᠬᠠᠩᠭᠠᠯᠭ᠎ᠠ᠎ᠶᠢ ᠪᠠᠲᠤᠯᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠬᠦᠢᠲᠡᠨ ᠰᠡᠷᠢᠭᠦᠨ ᠤᠷᠤᠨ᠎ᠤ ᠢᠳᠡᠰᠢᠨ ᠨᠣᠭᠣᠭ᠎ᠠ᠎ᠶᠢᠨ ᠭᠠᠷᠤᠯᠲᠠ᠎ᠶᠢᠨ ᠣᠷᠣᠨ᠎ᠤ ᠠᠩᠬ᠎ᠠ ᠡᠳ᠋ᠰᠢᠭᠦᠯᠦᠯᠲᠡ᠂ ᠰᠢᠨ᠎ᠡ ᠰᠣᠷᠭᠣᠭ᠎ᠢᠶᠠᠷ ᠬᠠᠳᠠᠭᠠᠯᠠᠬᠤ᠂ ᠬᠦᠢᠲᠡᠨ᠎ᠢᠶᠡᠷ ᠬᠡᠯᠬᠢᠶᠡᠵᠢᠭᠦᠯᠦᠨ ᠬᠠᠩᠭᠠᠬᠤ ᠵᠡᠷᠭᠡ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢ ᠠᠬᠢᠭᠤᠯᠵᠤ᠂ ᠰᠣᠳᠣᠨ ᠴᠡᠪᠡᠷ ᠨᠣᠭᠣᠭ᠎ᠠ᠎ᠶᠢᠨ ᠵᠠᠬ᠎ᠠ ᠳᠡᠯᠭᠡᠭᠦᠷ᠎ᠲᠦ ᠤᠷᠤᠬᠤ ᠬᠠᠷᠢᠴᠠᠯ᠎ᠢ ᠳᠡᠭᠡᠭᠰᠢᠯᠡᠭᠦᠯᠵᠦ᠂ ᠣᠯᠠᠨ ᠲᠦᠮᠡᠨ᠎ᠳᠦ ᠰᠠᠨᠠᠭ᠎ᠠ ᠠᠮᠤᠷ ᠨᠣᠭᠣᠭ᠎ᠠ ᠢᠳᠡᠭᠦᠯᠦᠨ᠎ᠡ᠃


640 (2).jpg


ᠣᠢᠯᠠᠭᠠᠭᠰᠠᠨ᠎ᠢᠶᠠᠷ᠂ ᠥᠪᠥᠷ ᠮᠣᠩᠭᠣᠯ ᠠᠭᠤᠷ ᠠᠮᠢᠰᠬᠤᠯ ᠬᠦᠢᠲᠡᠨ ᠰᠡᠷᠢᠭᠦᠨ᠂ ᠬᠡᠷᠡᠯ᠎ᠦᠨ ᠲᠤᠰᠤᠯᠲᠠ ᠭᠦᠢᠴᠡᠳ᠂ ᠬᠥᠷᠥᠰᠥ ᠰᠢᠷᠣᠢ ᠴᠡᠪᠡᠷ ᠵᠡᠷᠭᠡ ᠡᠬᠢ ᠪᠠᠶᠠᠯᠢᠭ᠋᠎ᠤᠨ ᠳᠠᠪᠠᠭᠤᠯᠢᠭ᠋᠎ᠢᠶᠠᠨ ᠭᠦᠢᠴᠡᠳ ᠠᠰᠢᠭ᠍ᠯᠠᠨ᠂ ᠴᠢᠨᠠᠷ ᠰᠠᠢᠲᠠᠢ ᠪᠣᠬᠢᠷᠲᠤᠯ ᠦᠭᠡᠢ ᠣᠷᠭᠠᠨᠢᠭ᠋ ᠢᠳᠡᠰᠢᠨ ᠨᠣᠭᠣᠭ᠎ᠠ ᠦᠢᠯᠡᠳᠪᠦᠷᠢᠯᠡᠵᠦ᠂ ᠢᠳᠡᠰᠢᠨ ᠨᠣᠭᠣᠭ᠎ᠠ᠎ᠶᠢᠨ ᠲᠦᠷᠦᠯ ᠲᠡᠮᠳᠡᠭ᠎ᠦᠨ ᠠᠯᠳᠠᠷᠰᠢᠯ ᠪᠠ ᠵᠠᠬ᠎ᠠ ᠳᠡᠯᠭᠡᠭᠦᠷ᠎ᠦᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ᠎ᠪᠡᠷ ᠪᠠᠢᠨ᠎ᠠ᠃ 

ᠢᠷᠡᠯᠲᠡ᠄ ᠰᠢᠨᠬᠤᠸᠠ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号