ᠥᠪᠥᠷ ᠮᠣᠩᠭᠣᠯ 1377 ᠲᠦᠮᠡᠨ ᠲᠥᠭᠥᠷᠢᠭ ᠪᠠᠭᠤᠯᠭᠠᠵᠤ ᠣᠨᠴᠠᠭᠠᠶ ᠰᠤᠷᠭᠠᠨ ᠬᠥᠮᠦᠵᠢᠯ᠎ᠤ᠋ᠨ ᠬᠦᠭᠵᠢᠯᠳᠡ ᠢ᠋ᠢ ᠠᠬᠢᠭᠤᠯᠵᠤ ᠪᠤᠢ
2026-03-24 15:17:30
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠵᠡᠮᠳᠡᠭ ᠬᠡᠦᠬᠡᠳ ᠪᠠᠭᠠᠴᠤᠳ᠎ᠤᠨ ᠰᠤᠷᠭᠠᠨ ᠬᠥᠮᠦᠵᠢᠯ ᠭᠥᠷᠳᠡᠬᠦ᠌ ᠡᠷᠬᠡ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠤᠢᠷ᠎ᠡ ᠳ᠋ᠤ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ 2026 ᠤᠨ ᠤ᠋ ᠲᠦᠪ ᠤ᠋ᠨ ᠣᠨᠴᠠᠭᠠᠶ ᠰᠤᠷᠭᠠᠨ ᠬᠥᠮᠦᠵᠢᠯ᠎ᠦᠨ ᠨᠥᠬᠥᠪᠥᠷᠢ ᠮᠥᠩᠭᠥ᠎ᠶ᠋ᠢ 1377 ᠲᠦᠮᠡᠨ ᠲᠥᠭᠥᠷᠢᠭ ᠪᠠᠭᠤᠯᠭᠠᠵᠤ᠂ ᠬᠣᠶᠠᠷ ᠶᠡᠬᠡ ᠵᠠᠩᠭᠢᠯᠠᠭ᠎ᠠ᠎ᠶ᠋ᠢᠨ ᠬᠦᠷᠢᠶᠡᠨ᠎ᠳᠦ ᠬᠡᠷᠡᠭᠯᠡᠬᠦ ᠪᠡᠷ ᠪᠠᠢᠨ᠎ᠡ᠃ 800 ᠲᠦᠮᠡᠨ ᠲᠥᠭᠥᠷᠢᠭ᠎ᠢ 《ᠰᠤᠷᠭᠠᠨ ᠬᠥᠮᠦᠵᠢᠯ᠎ᠢ ᠬᠡᠷ᠎ᠲᠦᠨᠢ ᠬᠦᠷᠭᠡᠬᠦ᠌》 ᠦᠶ᠋ᠯᠡᠴᠢᠯᠡᠭᠡ᠎ᠳᠦ ᠲᠤᠰᠭᠠᠶ ᠬᠡᠷᠡᠭ᠌ᠯᠡᠵᠦ᠍᠂ ᠬᠦᠨᠳᠦ ᠵᠡᠮᠳᠡᠭ ᠬᠡᠦᠬᠡᠳ᠎ᠦᠨ ᠰᠤᠷᠭᠠᠭᠤᠯᠢ᠎ᠳᠤ ᠣᠷᠣᠬᠤ ᠬᠦᠴᠢᠷ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠣᠨᠴᠠᠭᠠᠶ ᠰᠤᠷᠭᠠᠨ ᠬᠥᠮᠦᠵᠢᠯ᠎ᠦᠨ ᠦᠶ᠋ᠯᠡᠴᠢᠯᠡᠭᠡᠨ᠎ᠦ 《ᠡᠴᠦᠰ᠎ᠦᠨ ᠨᠢᠭᠡ ᠺᠢᠯᠣᠮᠧᠲ᠋ᠷ》᠎ᠢ᠋ ᠨᠡᠪᠲᠡᠷᠡᠭᠦᠯᠤᠨ᠎ᠡ︔577 ᠲᠦᠮᠡᠨ ᠲᠥᠭᠥᠷᠢᠭ᠎ᠢ ᠤᠨᠴᠠᠭᠠᠢ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠲᠥᠪ᠎ᠦᠨ ᠪᠦᠲᠦᠭᠡᠨ ᠪᠠᠢᠭᠤᠯᠤᠯᠲᠠ ᠬᠢᠭᠡᠳ ᠲᠥᠬᠥᠭᠡᠷᠦᠮᠵᠢ ᠬᠤᠳᠠᠯᠳᠤᠨ ᠠᠪᠬᠤ᠎ᠳᠤ ᠬᠡᠷᠡᠭ᠌ᠯᠡᠵᠦ᠍᠂ ᠤᠨᠴᠠᠭᠠᠢ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢᠨ ᠰᠠᠭᠤᠷᠢ ᠲᠦᠬᠦᠬᠡᠷᠤᠮᠵᠢ ᠢ᠋ᠢ ᠦᠷᠭᠦᠯᠵᠢᠯᠡᠨ ᠪᠡᠬᠢᠵᠢᠭᠦᠯᠬᠦ ᠪᠡᠷ ᠪᠠᠢᠨ᠎ᠡ᠃

2025 ᠣᠨ᠎ᠳᠤ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ 《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠤᠨᠴᠠᠭᠠᠢ ᠰᠤᠷᠭᠠᠨ ᠬᠥᠮᠦᠵᠢᠯ᠎ᠦᠨ ᠲᠤᠰᠭᠠᠶ ᠪᠠᠯᠠ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ》᠎ᠶ᠋ᠢ ᠨᠡᠢᠲᠡᠯᠡᠵᠦ᠍᠂ ᠪᠠᠯᠠ ᠮᠥᠩᠭᠥ᠎ᠶ᠋ᠢᠨ ᠬᠡᠷᠡᠭ᠌ᠯᠡᠬᠦ᠌ ᠬᠡᠪᠴᠢᠶ᠎ᠡ᠂ ᠬᠠᠮᠢᠶᠠᠷᠤᠯᠲᠠ᠎ᠶ᠋ᠢᠨ ᠡᠭᠦᠷᠭᠡ ᠬᠠᠷᠢᠭᠤᠴᠠᠯᠭ᠎ᠠ ᠵᠢᠴᠢ ᠬᠤᠪᠢᠶᠠᠷᠢᠯᠠᠬᠤ ᠴᠤᠪᠤᠷᠠᠯ᠎ᠢ ᠲᠣᠳᠣᠷᠬᠠᠢᠯᠠᠨ᠂ 《ᠪᠠᠭᠤᠯᠭᠠᠬᠤ — ᠬᠡᠷᠡᠭ᠌ᠯᠡᠬᠦ᠌ — ᠬᠠᠮᠢᠶᠠᠷᠬᠤ》 ᠪᠥᠬᠥ᠌ ᠬᠡᠯᠬᠢᠶ᠎ᠡ ᠢ᠋ᠢᠨ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠪᠡᠯᠡ ᠮᠦᠨᠭᠬᠦ ᠢ᠋ᠢ ᠨᠡᠭᠦᠯᠭᠡᠨ ᠬᠡᠷᠡᠭ᠌ᠯᠡᠬᠦ᠌᠎ᠶ᠋ᠢ ᠴᠢᠩᠭ᠎ᠠ ᠴᠠᠭᠠᠵᠠᠯᠠᠨ᠂ ᠨᠢᠭᠡ ᠮᠥᠩᠭᠥ᠌ ᠵᠣᠭᠣᠰ᠎ᠢ ᠴᠤ᠌ 《ᠣᠨᠢᠨ ᠳᠡᠭᠡᠷ᠎ᠡ᠎ᠨᠢ ᠬᠡᠷᠡᠭ᠌ᠯᠡᠬᠦ᠌》᠎ᠶ᠋ᠢ ᠦᠨᠡᠨ ᠬᠦ᠌ ᠪᠠᠲᠤᠯᠠᠵᠤ᠂ ᠤᠨᠴᠠᠭᠠᠢ ᠰᠤᠷᠭᠠᠨ ᠬᠥᠮᠦᠵᠢᠯ᠎ᠦᠨ ᠦᠷᠭᠦᠯᠵᠢᠯᠡᠨ ᠬᠥᠭ᠌ᠵᠢᠬᠦ᠌᠎ᠳᠦ ᠪᠠᠲᠤ ᠪᠠᠬᠢ ᠲᠦᠷᠢᠮ᠎ᠦᠨ ᠲᠤᠯᠭᠠᠭᠤᠷᠢᠯᠠᠯ ᠬᠠᠨᠭᠭᠠᠪᠠ᠃

ᠲᠠᠷᠠᠭᠠᠴᠢ᠎ᠶ᠋ᠢᠨ ᠠᠯᠬᠤᠮ᠎ᠳᠤ᠂ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠣᠨᠴᠠᠭᠠᠶ ᠰᠤᠷᠭᠠᠨ ᠬᠥᠮᠦᠵᠢᠯ᠎ᠦᠨ ᠪᠡᠯᠡ ᠣᠷᠣᠭᠤᠯᠤᠯᠲᠠ᠎ᠶ᠋ᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠪᠠᠯᠠ ᠮᠥᠩᠭᠥ᠎ᠶ᠋ᠢᠨ ᠬᠠᠮᠢᠶᠠᠷᠤᠯᠲᠠ᠎ᠶ᠋ᠢ ᠴᠢᠩᠳᠠᠯᠠᠨ᠂ ᠠᠮᠵᠢᠯᠲᠠ ᠪᠦᠲᠦᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠰᠠᠯᠠᠭ᠎ᠠ ᠮᠥᠴᠢᠷ ᠎ᠦᠨ ᠬᠠᠮᠵᠢᠯᠴᠠᠭ᠎ᠠ᠎ᠶ᠋ᠢ ᠴᠢᠩᠭᠠᠳᠭᠠᠨ᠂ ᠣᠨᠴᠠᠭᠠᠶ ᠰᠤᠷᠭᠠᠨ ᠬᠥᠮᠦᠵᠢᠯ᠎ᠦᠨ ᠣᠷᠳᠣ ᠬᠤᠭᠤᠴᠠᠭᠠᠨ᠎ᠤ ᠪᠦᠲᠦᠮᠵᠢᠲᠡᠶ ᠪᠠᠲᠤᠯᠠᠭ᠎ᠠ ᠶ᠋ᠢᠨ ᠲᠣᠭ᠍ᠲᠠᠴᠠ᠎ᠶ᠋ᠢ ᠲᠠᠰᠤᠷᠠᠯᠲᠠ ᠥᠬᠡᠶ ᠪᠦᠷᠢᠨᠱᠢᠭᠦᠯᠵᠦ᠍᠂ ᠡᠬᠢ ᠪᠠᠶᠠᠯᠢᠭ᠎ᠤᠨ ᠬᠠᠩᠭᠠᠯᠭ᠎ᠠ ᠶ᠋ᠢᠨ ᠳᠤᠲᠠᠭᠤᠳᠠᠯ᠎ᠢ ᠨᠥᠬᠥᠪᠥᠷᠢᠯᠡᠨ᠂ ᠪᠥᠬᠥ᠌ ᠣᠷᠣᠨ ᠎ᠤ ᠣᠨᠴᠠᠭᠠᠶ ᠰᠤᠷᠭᠠᠨ ᠬᠥᠮᠦᠵᠢᠯ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号