ᠤᠯᠠᠭᠠᠨᠬᠠᠳᠠ ᠲᠡᠭᠡᠳᠦ ᠰᠤᠷᠭᠠᠭᠤᠯᠢ ᠵᠢᠩᠬᠢᠨᠢ ᠪᠡᠷ ᠤᠯᠠᠭᠠᠨᠬᠠᠳᠠ ᠶᠡᠬᠡ ᠰᠤᠷᠭᠠᠭᠤᠯᠢ ᠬᠡᠵᠦ ᠨᠡᠷ ᠎ᠡ ᠪᠡᠨ ᠬᠠᠯᠠᠪᠠ
2026-03-25 10:19:09
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 20 ᠤ᠋ ᠡᠳᠦᠷ᠂ ᠤᠯᠠᠭᠠᠨᠬᠠᠳᠠ ᠶᠡᠭᠡ ᠰᠤᠷᠭᠠᠭᠤᠯᠢ᠎ᠶ᠋ᠢᠨ ᠫᠠᠢᠰᠠ ᠰᠡᠬᠦᠬᠦ᠌ ᠶᠣᠰᠣᠯᠠᠯ ᠶᠠᠪᠤᠭᠳᠠᠵᠤ᠂ ᠤᠯᠠᠭᠠᠨᠬᠠᠳᠠ ᠳᠡᠭᠡᠳᠦ ᠰᠤᠷᠭᠠᠭᠤᠯᠢ ᠳᠡᠪᠰᠢᠭᠡᠳ ᠤᠯᠠᠭᠠᠨᠬᠠᠳᠠ ᠶᠡᠭᠡ  ᠰᠤᠷᠭᠠᠭᠤᠯᠢ  ᠪᠤᠯᠵᠤ᠂ ᠨᠡᠷ᠎ᠡ ᠪᠠᠨ ᠬᠠᠯᠠᠪᠠ᠃ ᠡᠨᠡ ᠨᠢ ᠤᠯᠠᠭᠠᠨᠬᠠᠳᠠ ᠬᠤᠲᠠ᠎ᠵᠢᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ ᠎ᠤᠨ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠲᠡᠦᠬᠡᠲᠦ ᠴᠢᠨᠠᠷᠲᠠᠶ ᠱᠢᠪᠲᠤᠯᠤᠯᠲᠠ᠎ᠶ᠋ᠢ ᠪᠡᠶᠡᠯᠡᠭᠦᠯᠦᠭ᠌ᠰᠡᠨ ᠎ᠢ  ᠬᠠᠷᠠᠭᠤᠯᠵᠤ ᠪᠠᠢᠨ᠎ᠠ᠃

ᠶᠣᠰᠣᠯᠠᠯ᠎ᠳᠡᠭᠡᠷ᠎ᠡ ᠬᠠᠮᠢᠶ᠎ᠠ ᠪᠦᠬᠦᠢ ᠬᠠᠷᠢᠭᠤᠴᠠᠯᠭᠠᠲᠠᠨ《ᠰᠤᠷᠭᠠᠨ ᠬᠥᠮᠦᠵᠢᠯ᠎ᠤᠨ ᠶᠠᠮᠤᠨ᠎ᠤ ᠤᠯᠠᠭᠠᠨᠬᠠᠳᠠ ᠳᠡᠭᠡᠳᠦ ᠰᠤᠷᠭᠠᠭᠤᠯᠢ᠎ᠶ᠋ᠢᠨ ᠤᠯᠠᠭᠠᠨᠬᠠᠳᠠ ᠶᠡᠭᠡ ᠰᠤᠷᠭᠠᠭᠤᠯᠢ ᠪᠣᠯᠵᠤ ᠳᠡᠪᠰᠢᠬᠦ᠎ᠵᠢ ᠵᠥᠪᠱᠢᠶᠡᠷᠡᠭᠰᠡᠨ ᠵᠠᠬᠢᠳᠠᠯ》 ᠢ᠋ ᠤᠩᠱᠢᠨ ᠨᠡᠢᠲᠡᠯᠡᠵᠦ᠂ ᠣᠷᠣᠯᠴᠠᠭ᠍ᠰᠠᠨ ᠬᠦᠨᠳᠦᠲᠦ ᠵᠣᠴᠢᠳ ᠬᠠᠮᠲᠤ ᠪᠡᠷ《ᠤᠯᠠᠭᠠᠨᠬᠠᠳᠠ ᠶᠡᠭᠡ ᠰᠤᠷᠭᠠᠭᠤᠯᠢ》 ᠶ᠋ᠢᠨ ᠫᠠᠢᠰᠠ᠎ᠶ᠋ᠢ ᠰᠡᠬᠦᠪᠡ᠃

1957 ᠤᠨ᠎ᠳᠤ ᠪᠠᠢᠭᠤᠯᠤᠭ᠍ᠳᠠᠭ᠍ᠰᠠᠨ ᠤᠯᠠᠭᠠᠨᠬᠠᠳᠠ᠎ᠶ᠋ᠢᠨ ᠪᠠᠭ᠍ᠰᠢ᠎ᠶ᠋ᠢᠨ ᠰᠤᠷᠭᠠᠭᠤᠯᠢ ᠪᠤᠯ ᠤᠯᠠᠭᠠᠨᠬᠠᠳᠠ ᠶᠡᠭᠡ ᠰᠤᠷᠭᠠᠭᠤᠯᠢ ᠵᠢᠨ ᠤᠤᠯ ᠰᠤᠷᠭᠠᠭᠤᠯᠢ ᠪᠤᠯᠤᠨ᠎ᠠ᠂ ᠰᠡᠭᠦᠯᠡᠷ ᠨᠢ ᠤᠯᠠᠨᠲᠠ ᠨᠡᠷ᠎ᠡ ᠪᠠᠨ ᠬᠠᠯᠠᠬᠤ᠂ ᠨᠡᠢᠳᠭᠡᠬᠦ᠌ ᠪᠠ ᠴᠢᠨᠠᠷ᠎ᠢ ᠳᠡᠬᠡᠭ᠌ᠰᠢᠯᠡᠬᠦᠯᠬᠦ᠌ ᠪᠡᠷ ᠳᠠᠮᠵᠢᠨ᠂ 2003 ᠤᠨ᠎ᠳᠤ ᠳᠡᠪᠰᠢᠭᠡᠳ ᠤᠯᠠᠭᠠᠨᠬᠠᠳᠠ ᠳᠡᠬᠡᠳᠤ ᠰᠤᠷᠭᠠᠭᠤᠯᠢ ᠪᠤᠯᠵᠤ᠂ ᠵᠢᠩᠬᠢᠨᠢ ᠠᠩᠬᠢ᠎ᠶ᠋ᠢᠨ ᠳᠡᠬᠡᠳᠤ ᠰᠤᠷᠭᠠᠭᠤᠯᠢ ᠪᠤᠯᠤᠭᠰᠠᠨ ᠪᠠᠢᠨ᠎ᠠ᠃ 2018 ᠣᠨ᠎ᠳᠤ ᠲᠤᠰ ᠰᠤᠷᠭᠠᠭᠤᠯᠢ᠎ᠠᠰᠫᠢᠷᠠᠨᠲ᠎ᠤᠨ ᠡᠷᠳᠡᠮ᠎ᠤᠨ ᠴᠣᠯᠠ ᠣᠯᠭᠤᠬᠤ ᠨᠢᠭᠡᠴᠢ ᠪᠤᠯᠵᠤ᠂ ᠰᠤᠷᠭᠠᠭᠤᠯᠢ ᠡᠷᠭᠢᠯᠡᠬᠦ᠌ ᠬᠢᠷᠢ ᠲᠦᠪᠱᠢᠨ ᠨᠢ ᠳᠠᠬᠢᠨ ᠱᠢᠨ᠎ᠡ ᠳᠡᠭ᠌ᠲᠡᠷ᠎ᠲᠤ ᠭᠠᠷᠴᠠᠢ᠃ 2026 ᠤᠨ᠎ᠤ 2 ᠰᠠᠷ᠎ᠡ᠎ᠳᠤ ᠰᠤᠷᠭᠠᠨ ᠬᠦᠮᠦᠵᠢᠯ᠎ᠤᠨ ᠶᠠᠮᠤᠨ᠎ᠤ ᠵᠦᠪᠱᠢᠶᠡᠷᠡᠯ᠎ᠢᠶᠠᠷ ᠤᠯᠠᠭᠠᠨᠬᠠᠳᠠ ᠳᠡᠬᠡᠳᠤ ᠰᠤᠷᠭᠠᠭᠤᠯᠢ᠎ᠳᠡᠪᠰᠢᠭᠡᠳ ᠤᠯᠠᠭᠠᠨᠬᠠᠳᠠ ᠶᠡᠭᠡ ᠰᠤᠷᠭᠠᠭᠤᠯᠢ ᠪᠤᠯᠪᠠ᠃ 69 ᠵᠢᠯ᠎ᠤᠨ ᠲᠤᠷᠰᠢ ᠤᠯᠠᠭᠠᠨᠬᠠᠳᠠ ᠶᠡᠬᠡ ᠰᠤᠷᠭᠠᠭᠤᠯᠢ ᠡᠷᠡᠮᠡᠬᠡᠢᠯᠡᠨ ᠤᠷᠤᠭᠰᠢᠯᠠᠵᠤ᠂ ᠣᠳᠣᠬᠠᠨ᠎ᠳᠤ ᠨᠢᠭᠡᠨᠲᠡ 57 ᠵᠢᠩᠬᠢᠨᠢ ᠠᠩᠭᠢ᠎ᠶ᠋ᠢᠨ ᠲᠤᠰᠭᠠᠢ ᠮᠡᠷᠭᠡᠵᠢᠯ᠎ᠲᠠᠢ᠂  13 ᠮᠠᠰᠲ᠋ᠧᠷ᠎ᠤᠨ ᠡᠷᠳᠡᠮ᠎ᠤᠨ ᠴᠣᠯᠠ᠎ᠣᠯᠭᠤᠬᠤ ᠴᠡᠭ ᠲᠠᠢ᠂ ᠪᠦᠬᠦᠯᠢ ᠡᠳᠦᠷ᠎ᠤᠨ ᠳᠦᠷᠢᠮᠲᠦ ᠰᠤᠷᠭᠠᠭᠤᠯᠢ᠎ᠳᠤ ᠪᠠᠢᠭ᠎ᠠ 1.5 ᠲᠦᠮᠡᠨ ᠰᠤᠷᠤᠭ᠍ᠴᠢ ᠪᠠ 1500 ᠭᠠᠷᠤᠢ ᠪᠠᠭ᠍ᠰᠢ ᠠᠵᠢᠯᠲᠠᠨ ᠲᠠᠢ ᠬᠡᠷᠡᠭ᠌ᠯᠡᠭᠡᠨ᠎ᠤ ᠬᠡᠯᠪᠡᠷᠢ᠎ᠶ᠋ᠢᠨ ᠶᠡᠭᠡ ᠰᠤᠷᠭᠠᠭᠤᠯᠢ  ᠪᠣᠯᠤᠨ ᠬᠥᠭ᠌ᠵᠢᠵᠡᠢ᠃

ᠲᠣᠰ ᠤᠳᠠᠭ᠎ᠠ ᠳᠡᠰ ᠳᠡᠪᠰᠢᠭᠰᠡᠨ᠎ᠨᠢ ᠤᠯᠠᠭᠠᠨᠬᠠᠳᠠ ᠶᠡᠭᠡ ᠰᠤᠷᠭᠠᠭᠤᠯᠢ᠎ᠶ᠋ᠢᠨ ᠶᠡᠷᠦᠩᠬᠡᠢᠯᠡᠭ᠌ᠰᠡᠨ ᠰᠤᠷᠭᠠᠭᠤᠯᠢ ᠡᠷᠭᠢᠯᠡᠬᠦ᠌ ᠪᠣᠳᠠᠲᠤ ᠬᠦᠴᠦᠨ᠂ ᠴᠢᠳᠠᠪᠤᠷᠢᠲᠠᠨ ᠬᠥᠮᠦᠵᠢᠭᠦᠯᠬᠦ᠌ ᠬᠢᠷᠢ ᠲᠦᠪᠱᠢᠨ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠡᠷᠬᠡ ᠰᠦᠷᠲᠦ ᠭᠡᠷᠡᠴᠢᠯᠡᠯ ᠪᠣᠯᠬᠤ᠎ᠪᠠᠷ ᠪᠠᠷᠠᠬᠤ ᠥᠬᠡᠶ ᠨᠠᠩ ᠴᠤ᠌ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠭ᠌ᠰᠡᠨ ᠴᠢᠬᠤᠯᠠ ᠦᠷ᠎ᠡ ᠪᠦᠲᠦᠭᠡᠯ ᠪᠣᠯᠤᠨ᠎ᠠ᠃ ᠤᠯᠠᠭᠠᠨᠬᠠᠳᠠ ᠶᠡᠭᠡ ᠰᠤᠷᠭᠠᠭᠤᠯᠢ ᠲᠣᠰ ᠤᠳᠠᠭ᠎ᠠ ᠲᠠᠰ ᠳᠡᠪᠱᠢᠭᠰᠡᠨ ᠵᠢᠡᠷ ᠠᠵᠠ ᠲᠣᠬᠢᠶᠠᠯ ᠪᠣᠯᠭᠠᠵᠤ᠂《ᠰᠤᠶᠤᠯ᠎ᠢ ᠨᠠᠷᠢᠯᠢᠭᠵᠢᠭᠤᠯᠬᠤ᠂ ᠰᠤᠷᠭᠠᠨ ᠬᠥᠮᠦᠵᠢᠯ᠎ᠢ ᠰᠢᠯᠢᠳᠡᠭᠵᠢᠭᠦᠯᠬᠦ᠂ ᠡᠮ ᠡᠮᠨᠡᠯᠭᠡ᠎ᠶ᠋ᠢ ᠴᠢᠩᠭᠠᠳᠭᠠᠬᠤ᠂ ᠠᠵᠤ ᠦᠢᠯᠡᠳᠪᠦᠷᠢ ᠵᠢ ᠴᠢᠬᠤᠯᠠᠴᠢᠯᠠᠬᠤ᠂ ᠲᠠᠷᠢᠶᠠᠯᠠᠩ᠎ᠢ ᠬᠥᠭ᠌ᠵᠢᠭᠦᠯᠬᠦ᠌》 ᠬᠥᠭ᠌ᠵᠢᠯᠲᠡ᠎ᠶ᠋ᠢᠨ ᠰᠡᠳᠭᠢᠴᠡ᠎ᠶ᠋ᠢ ᠪᠠᠷᠢᠮᠲᠠᠯᠠᠨ᠂ ᠣᠨᠴᠠᠯᠢᠭ᠎ᠢᠶᠠᠷ ᠢᠯᠡ ᠲᠣᠳᠣ ᠣᠷᠣᠨ ᠪᠦᠰᠡ᠎ᠶ᠋ᠢᠨ ᠴᠢᠨᠠᠷᠲᠠᠶ ᠥᠨᠳᠥᠷ ᠲᠦᠪᠱᠢᠨ ᠪᠥᠬᠦᠶ ᠬᠡᠷᠡᠭ᠌ᠯᠡᠭᠡᠨ᠎ᠤ ᠬᠡᠯᠪᠡᠷᠢ᠎ᠶ᠋ᠢᠨ ᠶᠡᠭᠡ ᠰᠤᠷᠭᠠᠭᠤᠯᠢ᠎ᠶ᠋ᠢ ᠪᠥᠬᠦ᠌ ᠬᠦᠴᠦᠨ᠎ᠢᠶᠠᠷ᠎ᠪᠠᠢᠭᠤᠯᠵᠤ᠂ ᠤᠯᠠᠭᠠᠨᠬᠠᠳᠠ ᠴᠢᠨᠠᠭ᠍ᠰᠢᠯᠠᠪᠠᠯ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠳᠤ ᠨᠠᠩ ᠣᠯᠠᠨ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠢ ᠬᠥᠮᠦᠵᠢᠭᠦᠯᠬᠦ᠂ ᠣᠷᠣᠨ ᠪᠦᠰᠡ᠎ᠶ᠋ᠢᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ᠎ᠳᠤ ᠨᠠᠩ ᠪᠠᠲᠤ ᠴᠢᠳᠠᠪᠤᠷᠢᠲᠠᠨ᠎ᠤ ᠲᠤᠯᠭᠠᠭᠤᠷᠢᠯᠠᠯ ᠪᠠ ᠣᠶᠤᠨ᠎ᠤ ᠪᠠᠲᠤᠯᠠᠭ᠎ᠠ ᠬᠠᠩᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号