270 ᠰᠢᠬᠠᠮ ᠠᠵᠤ ᠠᠬᠤᠢᠯᠠᠯ 7000 ᠭᠠᠷᠤᠢ ᠠᠵᠢᠯ᠎ᠤᠨ ᠪᠠᠢᠷᠢ ᠬᠠᠩᠭᠠᠪᠠ — ᠮᠣᠩᠭᠣᠯ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠴᠢᠨᠠᠷ ᠰᠠᠢᠲᠠᠢ ᠪᠥᠭᠡᠳ ᠭᠦᠢᠴᠡᠳ ᠠᠵᠢᠯ ᠣᠯᠭᠣᠬᠤ᠎ᠶᠢ ᠪᠥᠬᠥ ᠬᠦᠴᠦᠨ ᠵᠢᠡᠷ ᠠᠬᠢᠭᠤᠯᠵᠤ ᠪᠤᠢ
2026-03-25 10:18:25
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 21 ᠎ᠤ᠋ ᠡᠳᠦᠷ᠎ᠡᠴᠡ 22 ᠎ᠤ᠋ᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠵᠠᠯᠭᠠᠭ᠎ᠠ᠎ᠪᠠᠷ 2 ᠳᠠᠯᠠᠪᠠᠢ ᠠᠵᠢᠯᠳᠠᠨ ᠤᠷᠢᠵᠤ ᠡᠯᠰᠡᠬᠦ ᠴᠤᠭᠯᠠᠭᠠᠨ ᠡᠷᠬᠢᠯᠡᠵᠦ᠂ ᠬᠥᠮᠥᠨ ᠬᠡᠷᠡᠭᠯᠡᠬᠦ ᠨᠢᠭᠡᠴᠢ ᠪᠣᠯᠣᠨ ᠶᠡᠬᠡ ᠳᠡᠭᠡᠳᠦ ᠰᠤᠷᠭᠠᠭᠤᠯᠢ᠎ᠳᠡᠬᠦᠰᠦᠭᠰᠡᠳ᠎ᠢ ᠵᠣᠯᠭᠠᠭᠤᠯᠬᠤ ᠲᠠᠪᠴᠠᠩ᠎ᠢ ᠪᠠᠢᠭᠤᠯᠵᠤ᠂ 2026 ᠤᠨ᠎ᠤ ᠶᠡᠬᠡ ᠳᠡᠭᠡᠳᠦ ᠰᠤᠷᠭᠠᠭᠤᠯᠢ᠎ᠳᠡᠬᠦᠰᠦᠭᠰᠡᠳ ᠲᠤ᠌ ᠴᠢᠨᠠᠷ ᠰᠠᠢᠲᠠᠢ  ᠪᠦᠭᠡᠳ ᠭᠦᠢᠴᠡᠳ ᠠᠵᠢᠯ ᠣᠯᠭᠣᠬᠤ᠎ᠶᠢ ᠪᠦᠬᠦ ᠬᠦᠴᠦᠨ᠎ᠢᠶᠡᠷ ᠠᠬᠢᠭᠤᠯᠵᠤ ᠪᠠᠢᠨ᠎ᠠ᠃

3 ᠰᠠᠷ᠎ᠠ᠎ᠶᠢᠨ 21᠎ᠤ᠋ ᠡᠳᠦᠷ᠂ 《ᠵᠠᠯᠠᠭᠤᠴᠤᠳ᠎ᠤᠨ ᠴᠤᠭᠯᠠᠷᠠᠯ·ᠥᠪᠥᠷ ᠮᠣᠩᠭᠣᠯ᠎ᠤᠨ ᠠᠵᠢᠯ ᠤᠯᠭᠤᠯᠳᠠ》︱ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠤᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠲᠸ᠋ ᠵᠤᠷᠢᠭᠤᠯᠤᠭᠰᠠᠨ ᠬᠠᠪᠤᠷ᠎ᠤᠨ ᠤᠯᠠᠷᠢᠯ᠎ᠤᠨ ᠲᠣᠮᠣ᠌ ᠬᠡᠯᠪᠡᠷᠢ᠎ᠶᠢᠨ ᠠᠵᠢᠯᠲᠠᠨ ᠤᠷᠢᠵᠤ ᠡᠯᠰᠡᠬᠦ ᠴᠤᠭᠯᠠᠭᠠᠨ(ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠲᠤᠰᠬᠠᠢ ᠲᠠᠯᠠᠪᠠᠢ)ᠤᠷᠤᠭᠰᠢᠳᠠᠢ ᠶᠠᠪᠤᠭᠳᠠᠪᠠ᠃ ᠳᠤᠮᠳᠠᠳᠤ ᠤᠯᠤᠰ᠎ᠤᠨ ᠪᠠᠷᠢᠯᠭ᠎ᠠ ᠵᠢᠨ ᠪᠦᠯᠦᠭᠯᠡᠯ᠂ ᠳᠤᠮᠳᠠᠳᠤ ᠤᠯᠤᠰ᠎ᠤᠨ ᠲᠡᠮᠦᠷ ᠵᠠᠮ᠎ᠤᠨ ᠪᠠᠷᠢᠯᠭ᠎ᠠ ᠵᠢᠨ ᠪᠦᠯᠦᠭᠯᠡᠯ᠂ ᠢᠯᠢ ᠠᠵᠤ ᠦᠢᠯᠡᠰ᠎ᠤᠨ ᠪᠦᠯᠦᠭᠯᠡᠯ᠂ ᠴᠢ ᠷᠦᠢ ᠮᠠᠰᠢᠨ ᠲᠡᠷᠭᠡᠨ᠎ᠤ ᠺᠤᠮᠫᠠᠨᠢ ᠵᠡᠷᠭᠡ ᠣᠷᠣᠨ᠎ᠤ ᠳᠣᠲᠣᠷ᠎ᠠ ᠭᠠᠳᠠᠨᠠᠬᠢ 260 ᠰᠢᠬᠠᠮ ᠰᠢᠯᠢᠳᠡᠭ ᠬᠥᠮᠥᠨ ᠬᠡᠷᠡᠭᠯᠡᠬᠦ ᠨᠢᠭᠡᠴᠢ ᠴᠤᠭᠯᠠᠭᠠᠨ᠎ᠳᠤ ᠣᠷᠣᠯᠴᠠᠵᠤ᠂ ᠨᠡᠶ᠋ᠢᠲᠡ 7000 ᠰᠢᠬᠠᠮ ᠠᠵᠢᠯ᠎ᠤᠨ ᠪᠠᠢᠷᠢ ᠬᠠᠩᠭᠠᠪᠠ᠃ ᠡᠳᠡᠭᠡᠷ ᠠᠵᠢᠯ᠎ᠤᠨ ᠪᠠᠢᠷᠢ ᠨᠢ ᠪᠠᠷᠢᠯᠭ᠎ᠠ᠂ ᠡᠨᠧᠷᠭᠢ᠂ ᠦᠢᠯᠡᠳᠬᠦ ᠦᠢᠯᠡᠰ᠂ ᠰᠤᠷᠭᠠᠨ ᠬᠥᠮᠦᠵᠢᠯ᠂ ᠮᠥᠩᠭᠥᠨ ᠭᠦᠢᠯᠭᠡᠬᠡᠨ᠂ ᠡᠮ ᠡᠮᠨᠡᠯᠭᠡ᠂ ᠮᠡᠳᠡᠭᠡ ᠵᠠᠩᠭᠢ᠎ᠶᠢᠨ ᠮᠡᠷᠭᠡᠵᠢᠯ ᠵᠡᠷᠭᠡ ᠣᠯᠠᠨ ᠭᠣᠣᠯᠳᠠᠯᠭ᠎ᠠ᠎ᠲᠠᠢ ᠠᠵᠢᠯ ᠲᠥᠷᠥᠯ᠎ᠦᠨ ᠬᠦᠷᠢᠶ᠎ᠡ᠎ᠶᠢ ᠬᠠᠮᠤᠷᠴᠠᠢ ᠃ ᠡᠭᠦᠨ᠎ᠳᠦ᠂ ᠪᠤᠭᠤᠲᠤ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠂ ᠦᠬᠠᠢ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠂ ᠣᠷᠳᠣᠰ᠎ᠤᠨ ᠳ᠋ᠦᠩᠱᠧᠩ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠵᠢᠴᠢ ᠾᠧᠨᠠᠨ ᠮᠤᠵᠢ᠎ᠶᠢᠨ ᠰᠠᠨ ᠮᠧᠨ ᠰᠢᠶᠠ ᠬᠣᠲᠠ᠎ᠶᠢᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ  ᠨᠡᠶ᠋ᠢᠲᠡ 105 ᠬᠥᠮᠥᠨ ᠬᠡᠷᠡᠭᠯᠡᠬᠦ ᠨᠢᠭᠡᠴᠢ᠎ᠶᠢ ᠵᠣᠬᠢᠶᠠᠨ ᠪᠠᠢᠭᠤᠯᠵᠤ ᠠᠵᠢᠯᠳᠠᠨ ᠤᠷᠢᠵᠤ ᠡᠯᠰᠡᠬᠦ ᠴᠤᠭᠯᠠᠭᠠᠨ ᠳ᠋ᠤ ᠤᠷᠤᠯᠴᠠᠪᠠ᠃ ᠲᠣᠰ ᠤᠳᠠᠭᠠᠨ᠎ᠤ ᠠᠵᠢᠯᠲᠠᠨ ᠤᠷᠢᠵᠤ ᠡᠯᠰᠡᠬᠦ ᠴᠤᠭᠯᠠᠭᠠᠨ᠎ᠳᠤ᠂ ᠲᠤᠬᠠᠢ᠎ᠶᠢᠨ ᠲᠠᠯᠠᠪᠤᠷ᠎ᠲᠤ ᠠᠵᠢᠯ ᠡᠷᠢᠬᠦ᠎ᠪᠡᠷ ᠢᠷᠡᠭᠰᠡᠨ ᠰᠣᠷᠣᠭ᠍ᠴᠢ 8000 ᠭᠠᠷᠤᠢ ᠪᠠᠢᠵᠤ᠂  ᠨᠡᠶ᠋ᠢᠲᠡ 1.2 ᠲᠦᠮᠡᠨ ᠬᠤᠪᠢ  ᠳᠤᠪᠴᠢ ᠨᠠᠮᠳᠠᠷ ᠳᠡᠪᠰᠢᠬᠦᠯᠵᠡᠢ᠃

3 ᠰᠠᠷ᠎ᠠ᠎ᠶᠢᠨ 22 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠥᠪᠥᠷ ᠮᠣᠩᠭᠣᠯ᠎ᠤᠨ ᠣᠶᠤᠲᠠᠳ ᠲᠸ᠋ ᠠᠵᠢᠯ ᠤᠯᠭᠤᠬᠤ ᠦᠢᠯᠡᠴᠢᠯᠡᠭᠡᠨ᠎ᠦ ᠲᠠᠪᠴᠠᠩ᠎ᠳᠤ ᠲᠦᠰᠢᠭᠯᠡᠨ ᠣᠳᠣᠬᠢᠴᠢᠯᠠᠭᠰᠠᠨ ᠠᠵᠤ ᠦᠢᠯᠡᠳᠪᠦᠷᠢ᠎ᠶᠢᠨ ᠲᠥᠷᠥᠯ᠎ᠦᠨ ᠲᠤᠰᠬᠠᠢ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠳᠠᠨᠢᠯᠴᠠᠭᠤᠯᠤᠨ ᠠᠵᠢᠯᠲᠠᠨ ᠤᠷᠢᠵᠤ ᠡᠯᠰᠡᠬᠦ ᠠᠵᠢᠯᠯᠠᠭ᠎ᠠ ᠥᠷᠨᠢᠭᠦᠯᠵᠦ᠂ 10 ᠰᠢᠯᠢᠳᠡᠭ ᠬᠢᠮᠢ᠎ᠶᠢᠨ ᠠᠵᠤ ᠦᠢᠯᠡᠳᠪᠦᠷᠢ᠎ᠶᠢᠨ  ᠠᠵᠤ ᠠᠬᠤᠢᠯᠠᠯ ᠰᠦᠯᠵᠢᠶᠡᠨ ᠳᠡᠭᠡᠷ᠎ᠡ ᠤᠬᠠᠭᠤᠯᠭ᠎ᠠ ᠲᠠᠢᠯᠪᠤᠷᠢᠯᠠᠯᠳᠠ ᠬᠢᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠲᠠᠪᠴᠠᠩ᠎ᠢᠶᠠᠷ ᠳᠡᠮᠵᠢᠨ ᠠᠵᠢᠯᠳᠠᠨ ᠤᠷᠢᠵᠤ ᠡᠯᠰᠡᠬᠦ ᠠᠵᠤ ᠠᠬᠤᠢᠯᠠᠯ ᠯᠤᠭ᠎ᠠ ᠴᠠᠭ ᠲᠤᠬᠠᠢ ᠳ᠋ᠤᠨᠢ ᠬᠥᠳᠡᠯᠦᠯᠴᠡᠨ᠂ ᠲᠣᠪᠴᠢ ᠨᠠᠮᠲᠠᠷ᠎ᠢᠶᠠᠨ ᠳᠡᠪᠰᠢᠬᠦᠯᠵᠦ᠂ 《ᠡᠭᠦᠯᠡᠨ ᠦᠵᠦᠬᠦᠷᠯᠢᠭ ᠲᠤ᠌ ᠵᠣᠯᠭᠠᠯᠴᠠᠨ ᠭᠡᠷ᠎ᠡᠴᠡ᠎ᠪᠡᠨ ᠠᠵᠢᠯ᠎ᠤᠨ ᠪᠠᠢᠷᠢ ᠰᠣᠩᠭᠣᠨ ᠠᠵᠢᠯ ᠡᠷᠢᠬᠦ》 ᠵᠢ ᠪᠡᠶᠡᠯᠡᠭᠦᠯᠪᠡ᠃

ᠲᠠᠨᠢᠯᠴᠠᠭᠤᠯᠤᠭᠰᠠᠨ᠎ᠢᠶᠠᠷ᠂ ᠬᠠᠪᠤᠷ᠎ᠤᠨ ᠤᠯᠠᠷᠢᠯ᠎ᠤᠨ ᠠᠵᠢᠯᠲᠠᠨ ᠤᠷᠢᠵᠤ ᠡᠯᠰᠡᠬᠦ ᠵᠠᠩᠭᠢᠯᠠᠭ᠎ᠠ᠎ᠶᠢᠨ ᠬᠤᠭᠤᠴᠠᠭ᠎ᠠ᠎ᠶᠢ ᠠᠮᠵᠢᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠦᠷᠭᠦᠯᠵᠢᠯᠡᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠣᠯᠪᠤᠭᠠᠯᠠᠨ᠂ ᠡᠯ᠎ᠡ ᠶᠡᠬᠡ ᠳᠡᠭᠡᠳᠦ ᠰᠤᠷᠭᠠᠭᠤᠯᠢ ᠠᠵᠤ ᠠᠬᠤᠢᠯᠠᠯ ᠵᠢᠡᠷ ᠠᠢᠯᠴᠢᠯᠠᠨ ᠠᠵᠢᠯ᠎ᠤᠨ ᠪᠠᠢᠷᠢ᠎ᠵᠢ ᠥᠷᠭᠡᠳᠬᠡᠬᠦ᠂ ᠲᠦᠮᠡᠨ ᠠᠵᠤ ᠠᠬᠤᠢᠯᠠᠯ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠂ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠵᠡᠷᠭᠡ ᠲᠤᠰᠬᠠᠢ  ᠠᠵᠢᠯᠯᠠᠭ᠎ᠠ ᠥᠷᠨᠢᠭᠦᠯᠵᠦ᠂ ᠣᠷᠣᠨ ᠪᠦᠰᠡ ᠠᠯᠤᠰᠯᠠᠭᠰᠠᠨ᠂ ᠠᠵᠢᠯ ᠲᠥᠷᠥᠯ ᠬᠤᠪᠢᠶᠠᠭᠰᠠᠨ᠂ ᠲᠠᠰ ᠳᠠᠪᠬᠤᠷᠭ᠎ᠠ ᠬᠤᠪᠢᠶᠠᠭᠰᠠᠨ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠵᠢᠨ ᠰᠤᠷᠭᠠᠭᠤᠯᠢ᠎ᠶᠢᠨ ᠬᠦᠷᠢᠶᠡᠨ᠎ᠦ ᠠᠵᠢᠯᠲᠠᠨ ᠤᠷᠢᠵᠤ ᠡᠯᠰᠡᠬᠦ ᠠᠵᠢᠯᠯᠠᠭ᠎ᠠ ᠪᠠ ᠰᠢᠨᠵᠢᠯᠡᠭᠡᠨ᠎ᠦ ᠰᠠᠯᠠᠭ᠎ᠠ ᠲᠤᠰᠬᠠᠢ ᠮᠡᠷᠭᠡᠵᠢᠯ᠎ᠢᠶᠡᠷ ᠨᠢᠭᠡᠴᠢ ᠪᠣᠯᠭᠠᠭᠰᠠᠨ《 ᠪᠠᠭ᠎ᠠ ᠮᠥᠷᠲᠡᠭᠡᠨ ᠤᠨᠤᠴᠠᠳᠠᠢ》᠂ 《ᠲᠤᠰᠬᠠᠢ ᠮᠥᠷᠲᠡᠭᠡᠨ ᠰᠢᠯᠢᠳᠡᠭ》ᠲᠤᠰᠬᠠᠢ ᠲᠠᠯᠠᠪᠠᠢ ᠠᠵᠢᠯᠲᠠᠨ ᠤᠷᠢᠵᠤ ᠡᠯᠰᠡᠬᠦ ᠠᠵᠢᠯᠯᠠᠭ᠎ᠠ᠎ᠶᠢ ᠤᠯᠠᠨᠳᠠ ᠡᠷᠭᠢᠯᠡᠵᠦ ᠂ ᠠᠵᠢᠯ ᠣᠯᠭᠣᠬᠤ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠨ᠂ ᠠᠵᠢᠯ᠎ᠤᠨ ᠪᠠᠢᠷᠢ᠎ᠶᠢᠨ ᠡᠬᠢ ᠪᠠᠶᠠᠯᠢᠭ᠋᠎ᠢ ᠭᠦᠨᠵᠡᠭᠡᠢ ᠠᠭᠤᠳᠠᠯᠵᠤ᠂ ᠦᠢᠯᠡᠴᠢᠯᠡᠭᠡᠨ᠎ᠦ ᠵᠠᠭᠪᠤᠷ᠎ᠤᠨ ᠰᠢᠨ᠎ᠡ᠎ᠵᠢ ᠡᠭᠦᠳᠴᠦ᠂  ᠪᠣᠳᠠᠲᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠥᠪᠥᠷ ᠮᠣᠩᠭᠣᠯ᠎ᠤᠨ ᠲᠤᠰ ᠵᠢᠯ᠎ᠤᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠡᠷᠲᠡᠬᠡᠨ ᠠᠵᠢᠯ ᠣᠯᠬᠤ᠂ ᠤᠷᠤᠭᠰᠢᠲᠠᠢ ᠠᠵᠢᠯ ᠣᠯᠬᠤ᠎ᠳᠤ ᠬᠦᠴᠦᠨ ᠨᠡᠮᠡᠷᠢᠯᠡᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号