2026 ᠣᠨ᠎ᠤ 2 ᠰᠠᠷ᠎ᠠ᠎ᠶ᠋ᠢᠨ 8᠎ᠤ᠋ ᠡᠳᠦᠷ᠂ ᠪᠥᠬᠥ᠌ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠡᠷᠬᠢᠯᠡᠭ᠌ᠴᠢ ᠨᠠᠷ᠎ᠦᠨ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ ᠲᠡᠭᠡᠷ᠎ᠡ ᠠᠷᠪᠠᠨ ᠬᠣᠶᠠᠳᠤᠭᠠᠷ ᠪᠦᠯᠦᠭ᠎ᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢᠨ ᠲᠥᠯᠥᠭᠡᠯᠡᠭ᠌ᠴᠢ᠎ᠳᠦ ᠫᠠᠢᠰᠠ ᠣᠯᠭᠣᠪᠠ᠃ ᠡᠨᠡ ᠨᠢ ᠡᠳᠡᠭᠡᠷ ᠭᠠᠵᠠᠷ ᠣᠷᠣᠨ ᠪᠠ ᠨᠢᠭᠡᠴᠢ᠎ᠶ᠋ᠢᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠲᠦ ᠦᠵᠡᠭᠦᠯᠦᠭ᠌ᠰᠡᠨ ᠢᠳᠡᠪᠬᠢᠲᠡᠢ ᠬᠤᠪᠢ ᠨᠡᠮᠡᠷᠢ᠎ᠶ᠋ᠢ ᠭᠦᠢᠴᠡᠳ ᠨᠤᠲᠠᠯᠠᠭ᠍ᠰᠠᠨ ᠲᠡᠳᠦᠢ ᠦᠭᠡᠢ᠂ ᠨᠡᠩ ᠴᠤ᠌ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠡᠷᠡᠮᠡᠬᠡᠢᠯᠡᠨ ᠤᠷᠤᠭᠰᠢᠯᠠᠵᠤ᠂ ᠲᠠᠬᠢᠨᠳᠡ ᠱᠢᠯᠢᠳᠡᠭ ᠠᠮᠵᠢᠯᠲᠠ ᠪᠦᠲᠦᠮᠵᠢ ᠭᠠᠷᠭᠠᠬᠤ᠎ᠵᠢ ᠤᠷᠮᠠᠰᠢᠭᠤᠯᠤᠨ ᠵᠣᠷᠢᠭ᠍ᠵᠢᠭᠤᠯᠤᠭ᠍ᠰᠠᠨ ᠪᠢᠯᠡ!
ᠲᠡᠷᠢᠬᠦᠨ᠎ᠤ ᠨᠡᠢᠳᠡᠯᠢᠭ ᠵᠢᠱ᠌ᠢᠶ᠎ᠡ᠎ᠶ᠋ᠢ ᠢᠳᠡᠪᠬᠢᠲᠡᠶ ᠱᠤᠭᠤᠵᠤ ᠬᠠᠮᠳᠤ ᠵᠢᠨ ᠴᠣᠭ᠍ᠴᠠ᠎ᠶ᠋ᠢᠨ ᠪᠠᠢᠭᠤᠯᠤᠯᠳᠠ ᠵᠢ ᠠᠬᠢᠭᠤᠯᠪᠠ
ᠱᠢᠯᠢ᠎ᠶ᠋ᠢᠨ ᠭᠤᠤᠯ ᠠᠢᠮᠠᠭ᠎ᠤᠨ ᠱᠢᠯᠢᠨᠭᠬᠣᠲᠠ 《ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ》 ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭᠴᠠᠯᠠᠬᠤ ᠬᠥᠮᠦᠵᠢᠯ᠎ᠦᠨ ᠰᠠᠭᠤᠷᠢᠨ᠎ᠢ ᠪᠠᠢᠭᠤᠯᠵᠤ᠂ 《〈ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ〉 ᠭᠤᠤᠯ ᠵᠢᠭ᠍ᠰᠠᠭᠠᠯ᠎ᠤᠨ ᠭᠠᠵᠠᠷ + ᠡᠯ᠎ᠡ ᠬᠣᠱᠢᠭᠤ ᠱᠢᠶᠠᠨ᠎ᠤ ᠬᠢᠯᠠᠰ ᠴᠡᠭ᠎ᠦᠨ ᠦᠵᠡᠭᠦᠯᠭᠡ》 ᠤᠬᠠᠭᠤᠯᠭ᠎ᠠ ᠬᠥᠮᠦᠵᠢᠯ᠎ᠦᠨ ᠪᠠᠢᠷᠢᠰᠢᠯ᠎ᠢ ᠪᠦᠷᠢᠯᠳᠦᠭᠦᠯᠵᠦ᠍᠂ ᠪᠦᠬᠦ ᠠᠢᠮᠠᠭ᠎ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠦᠨᠳᠦᠰᠦᠳᠡᠨ᠎ᠤ ᠪᠦᠯᠬᠦᠮᠳᠡᠯ᠎ᠦᠨ ᠦᠷ᠎ᠡ ᠪᠦᠲᠦᠭᠡᠯ᠎ᠢ ᠪᠥᠬᠥ᠌ ᠲᠠᠯ᠎ᠠ᠎ᠪᠠᠷ ᠳᠡᠯᠭᠡᠨ ᠦᠵᠡᠭᠦᠯᠪᠡ᠃ 《ᠬᠢᠯᠢ ᠬᠢᠵᠠᠭᠠᠷ᠎ᠤᠨ ᠵᠢᠱ᠌ᠢᠶᠡᠴᠢ ᠬᠣᠩᠭᠢᠯ᠂ ᠬᠢᠯᠢ ᠬᠢᠵᠠᠭᠠᠷ᠎ᠤᠨ ᠪᠤᠰᠤ ᠵᠢᠱ᠌ᠢᠶ᠎ᠡ ᠦᠵᠡᠭᠦᠯᠬᠦ᠌ ᠤᠷᠤᠨ ᠪᠦᠰᠡ᠂ ᠳᠥᠷᠪᠡᠨ ᠬᠥᠮᠦᠵᠢᠯ ᠦᠶ᠋ᠯᠡᠳᠦᠯᠭᠡ᠎ᠶ᠋ᠢᠨ ᠰᠠᠭᠤᠷᠢᠨ》 ᠢ᠋ ᠪᠥᠲᠥᠭᠡᠨ ᠪᠠᠢᠭᠤᠯᠬᠤ᠎ᠪᠠᠷ ᠭᠠᠷᠳᠠᠴᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤᠬᠦᠮᠦᠵᠢᠯᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠬᠦᠷᠢᠶᠡᠨ᠎ᠳᠦ ᠪᠦᠲᠦᠮᠵᠢᠲᠡᠶ ᠠᠭᠤᠰᠤᠯᠴᠠᠭᠤᠯᠵᠤ᠂ ᠡᠯ᠎ᠡ ᠵᠦᠶ᠋ᠯ᠎ᠦᠨ ᠠᠵᠢᠯ᠎ᠤᠨ ᠪᠥᠬᠥ᠌ ᠶᠠᠪᠤᠴᠠ᠎ᠳᠤ ᠲᠤᠭᠤᠱᠢᠯᠠᠭᠤᠯᠵᠤ᠂ ᠭᠤᠤᠯ ᠱᠤᠭᠤᠮ᠎ᠢ ᠲᠤᠭᠤᠱᠢᠯᠠᠭᠤᠯᠬᠤ ᠲᠠᠯ᠎ᠠ᠎ᠪᠠᠷ ᠢᠳᠡᠪᠬᠢᠲᠡᠶ ᠬᠤᠪᠢ ᠨᠡᠮᠡᠷᠢ ᠦᠵᠡᠭᠦᠯᠵᠦ᠍᠂ ᠵᠢᠱ᠌ᠢᠶ᠎ᠡ ᠦᠵᠡᠭᠦᠯᠬᠦ᠌ ᠦᠶ᠋ᠯᠡᠳᠦᠯ᠎ᠢ ᠪᠦᠲᠦᠮᠵᠢᠲᠡᠶ ᠪᠠᠳᠠᠷᠠᠭᠤᠯᠪᠠ᠃
ᠤᠯᠠᠭᠠᠨᠬᠠᠳᠠ ᠬᠣᠲᠠ᠎ᠶ᠋ᠢᠨ ᠬᠤᠩᠱᠠᠨ ᠲᠣᠭᠣᠷᠢᠭ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠢᠵᠢᠮ᠎ᠢ ᠪᠥᠬᠥ᠌ ᠲᠠᠯ᠎ᠠ᠎ᠪᠠᠷ ᠲᠤᠭᠤᠱᠢᠯᠠᠭᠤᠯᠬᠤ ᠠᠵᠢᠯ᠎ᠤᠨ ᠲᠥᠰᠦᠯ》 ᠢ᠋ ᠨᠡᠢᠲᠡᠯᠡᠵᠦ᠍᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠠᠷᠢᠭᠤᠴᠠᠯᠭ᠎ᠠ ᠬᠠᠷᠠᠯᠲᠠ᠎ᠶ᠋ᠢ ᠲᠣᠳᠣᠷᠬᠠᠢᠯᠠᠬᠤ᠂ ᠠᠵᠢᠯ᠎ᠤᠨ ᠡᠭᠦᠷᠭᠡ᠎ᠶ᠋ᠢ ᠴᠢᠩᠭᠠᠳᠭᠠᠬᠤ 《ᠲᠠᠪᠤᠨ ᠶᠡᠬᠡ ᠱᠢᠰᠲ᠋ᠧᠮ》 ᠢ᠋ ᠪᠠᠢᠭᠤᠯᠵᠤ᠂ ᠣᠨᠣᠯ᠎ᠤᠨ ᠰᠤᠳᠤᠯᠭᠠᠨ᠂ ᠬᠥᠮᠦᠵᠢᠯ ᠤᠬᠠᠭᠤᠯᠭ᠎ᠠ᠂ ᠰᠣᠶᠣᠯ᠎ᠤᠨ ᠨᠡᠪᠴᠢᠯᠲᠡ ᠵᠡᠷᠭᠡ ᠭᠤᠤᠯᠳᠠᠯᠭ᠎ᠠ᠎ᠲᠠᠶ ᠡᠭᠦᠷᠭᠡ᠎ᠶ᠋ᠢᠨ 《ᠨᠠᠶ᠋ᠮᠠᠨ ᠵᠦᠶ᠋ᠯ᠎ᠦᠨ ᠢᠨᠵᠧᠨᠧᠷᠢᠩ》᠎ᠢ᠋ ᠬᠡᠷᠡᠭ᠌ᠵᠢᠭᠦᠯᠪᠡ; ᠠᠯᠠᠱᠠ ᠠᠢᠮᠠᠭ᠎ᠤᠨ ᠠᠯᠠᠱᠠ ᠵᠡᠭᠦᠨ ᠬᠣᠱᠢᠭᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠢᠵᠢᠮ᠎ᠢ ᠲᠤᠭᠤᠱᠢᠯᠠᠭᠤᠯᠬᠤ 12 ᠵᠦᠶ᠋ᠯ᠎ᠦᠨ ᠲᠦᠷᠢᠮ᠎ᠢ ᠲᠣᠭ᠍ᠲᠠᠭᠠᠵᠤ᠂ 《ᠭᠤᠷᠪᠠ᠎ᠶ᠋ᠢ ᠣᠷᠣᠭᠤᠯᠬᠤ》 ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠪᠠ᠃

ᠲᠡᠷᠢᠭᠦᠨ᠎ᠦ ᠨᠡᠢᠲᠡᠯᠢᠭ ᠵᠢᠱ᠌ᠢᠶ᠎ᠡ ᠶ᠋ᠢ ᠢᠳᠡᠪᠬᠢᠲᠡᠶ ᠱᠤᠭᠤᠵᠤ ᠬᠠᠮᠳᠤ ᠵᠢᠨ ᠴᠤᠭᠴᠠ ᠵᠢᠨ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠪᠡ
ᠪᠠᠶᠠᠨᠨᠠᠭᠤᠷ ᠬᠣᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠤ ᠪᠠᠢᠭᠤᠯᠤᠯᠳᠠ᠎ᠪᠠᠷ ᠭᠠᠷᠳᠠᠴᠠ ᠪᠣᠯᠭᠠᠵᠤ᠂ ᠦᠨᠳᠦᠰᠦ᠎ᠶ᠋ᠢ ᠪᠣᠢᠵᠢᠭᠤᠯᠵᠤ ᠰᠦᠭ ᠰᠦᠨᠡᠰᠦ᠎ᠶ᠋ᠢ ᠱᠤᠭᠤᠬᠤ ᠠᠵᠢᠯ᠎ᠢ ᠪᠣᠳᠠᠲᠠᠢ ᠨᠠᠷᠢᠯᠢᠭ ᠬᠢᠪᠠ᠄ ᠲᠥᠪ᠎ᠦᠨ ᠦᠨᠳᠦᠰᠦᠲᠡᠨ᠎ᠦ ᠺᠠᠳ᠋ᠷ᠎ᠤᠨ ᠳᠡᠭᠡᠳᠦ ᠰᠤᠷᠭᠠᠭᠤᠯᠢ᠎ᠲᠠᠶ ᠬᠠᠮᠳᠤᠷᠠᠨ ᠪᠠᠢ᠌ᠩᠭᠤ ᠵᠢᠨ ᠬᠦᠮᠦᠵᠢᠯ ᠪᠣᠯᠪᠠᠰᠤᠷᠠᠯᠬᠢᠬᠦ ᠬᠠᠮᠵᠢᠯᠴᠠᠭ᠎ᠠ ᠪᠠᠢᠭᠤᠯᠵᠤ᠂ ᠬᠣᠶᠠᠷ ᠵᠢᠯ᠎ᠳᠦ ᠡᠯ᠎ᠡ ᠱᠠᠲᠤᠨ᠎ᠤ ᠺᠠᠳ᠋ᠷᠴᠤᠳ᠎ᠢ 1.2 ᠲᠦᠮᠡᠨ ᠬᠥᠮᠦᠨ ᠤᠳᠠᠭ᠎ᠠ ᠪᠣᠯᠪᠠᠰᠤᠷᠠᠯ ᠳ᠋ᠤ ᠤᠷᠤᠯᠴᠠᠭᠤᠯᠤᠨ᠂ ᠪᠥᠬᠥ᠌ ᠣᠷᠣᠨ ᠪᠦᠰᠡ᠎ᠳᠦ 《ᠠᠨᠠᠷ᠎ᠦᠨ ᠦᠷ᠎ᠠ ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ 〈ᠠᠷᠪᠠᠨ ᠨᠢᠭᠡ〉 ᠵᠢᠨ ᠢᠨᠵᠧᠨᠧᠷᠢᠩ》᠎ᠢ᠋ ᠦᠷᠨᠢᠬᠦᠯᠵᠤ᠂ 《ᠤᠯᠠᠨ ᠲᠦᠮᠡᠨ ᠡᠴᠡ ᠤᠯᠠᠨ ᠲᠦᠮᠡᠨ᠎ᠳᠦ ᠬᠡᠯᠡᠵᠦ᠍ ᠰᠣᠨᠣᠰᠭᠠᠬᠤ》 ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠪᠠᠢᠨᠭᠭᠤᠵᠢᠭᠤᠯᠤᠨ ᠦᠷᠨᠢᠬᠦᠯᠵᠤ᠂ 《ᠴᠠᠷᠭᠢᠯ ᠬᠣᠯᠪᠣᠭ᠎ᠠ》᠂ 《ᠱᠣᠭ ᠶᠠᠷᠢᠶ᠎ᠠ》 ᠵᠡᠷᠭᠡ ᠬᠡᠯᠪᠡᠷᠢ᠎ᠪᠡᠷ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠯᠢᠭᠡᠷ᠎ᠢ ᠦᠵᠡᠰᠬᠦᠯᠡᠩ᠎ᠦᠨ ᠤᠷᠳᠤᠨ᠂ ᠠᠭᠤᠳᠠᠮ ᠲᠠᠯᠠᠪᠠᠶ᠂ ᠰᠠᠭᠤᠭᠠᠯᠢ ᠠᠷᠠᠳ᠎ᠦᠨ ᠲᠣᠭᠣᠷᠢᠭ ᠲᠸ᠋ ᠤᠬᠠᠭᠤᠯᠤᠨ ᠲᠠᠢᠯᠪᠤᠷᠢᠯᠠᠵᠤ᠂ ᠤᠯᠠᠨ ᠲᠦᠮᠡᠨ᠎ᠤ ᠦᠵᠡᠵᠤ ᠰᠣᠨᠣᠰᠭᠤ ᠳᠤᠷᠠᠲᠠᠶ ᠬᠡᠯᠪᠡᠷᠢ ᠪᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠨᠢᠳᠤᠨ ᠳ᠋ᠤ ᠦᠵᠡᠭᠳᠡᠮ᠎ᠠ᠂ ᠭᠠᠷ ᠲᠸ᠋ ᠪᠠᠷᠢᠭᠳᠡᠮᠠ᠂ ᠰᠡᠳᠬᠢᠯ ᠳ᠋ᠤ ᠰᠠᠭᠤᠭᠳᠠᠮ᠎ᠠ ᠰᠠᠢᠳᠤᠷ ᠬᠢᠵᠡᠢ᠃
ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ ᠱᠢᠨᠵᠢᠯᠡᠭᠡᠨ᠎ᠦ ᠰᠠᠯᠠᠭ᠎ᠠ ᠠᠯᠤᠰᠯᠠᠭ᠍ᠰᠠᠨ ᠲᠤᠰᠭᠠᠶ ᠮᠡᠷᠭᠡᠵᠢᠯᠲᠡᠨ᠎ᠦ ᠪᠦᠯᠬᠦᠮ ᠨᠡᠢᠲᠡ᠎ᠶ᠋ᠢ ᠵᠣᠬᠢᠶᠠᠨ ᠪᠠᠢᠭᠤᠯᠵᠤ᠂ 《ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠳᠤᠮᠳᠠ ᠭᠤᠤᠯ ᠱᠢᠵᠢᠮ᠎ᠢ ᠲᠤᠭᠤᠰᠢᠯᠠᠭᠤᠯᠬᠤ ᠦᠶ᠋ᠯᠡᠳᠦᠯᠭᠡ᠎ᠶ᠋ᠢᠨ ᠰᠥᠪᠡᠭ᠌ᠴᠢᠯᠡᠯᠲᠡ》 ᠪᠠ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠶ᠋ᠯᠡᠳᠦᠯᠭᠡ᠎ᠶ᠋ᠢᠨ ᠬᠥᠮᠦᠵᠢᠯ》 ᠭᠡᠬᠦ᠌ ᠬᠣᠶᠠᠷ ᠶᠡᠬᠡ ᠴᠢᠭ᠌ᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠣᠨᠣᠯ᠎ᠤᠨ ᠰᠤᠳᠤᠯᠭᠠᠨ᠎ᠢ ᠭᠦᠨᠵᠡᠭᠡᠢᠷᠡᠭᠦᠯᠦᠨ᠂ 50 ᠭᠠᠷᠤᠶ ᠴᠢᠨᠠᠷ ᠰᠠᠢᠲᠠᠶ ᠥᠭᠦᠯᠡᠯ ᠨᠡᠢᠲᠡᠯᠡᠵᠦ᠍᠂ 《ᠣᠶᠤᠨᠴᠢ ᠲᠠᠷᠢᠶᠠᠯᠠᠩ᠎ᠤᠨ ᠱᠢᠰᠲ᠋ᠧᠮ》᠂ 《ᠤᠮᠠᠷᠠᠲᠤ᠎ᠶ᠋ᠢᠨ ᠲᠠᠷᠢᠶᠠᠯᠠᠩ ᠮᠠᠯ ᠠᠵᠤ ᠠᠬᠤᠶ ᠰᠣᠯᠪᠢᠴᠠᠭ᠍ᠰᠠᠨ ᠤᠷᠤᠨ ᠪᠦᠰᠡ᠎ᠶ᠋ᠢᠨ ᠠᠮᠢ ᠠᠬᠤᠶ᠎ᠶ᠋ᠢᠨ ᠵᠠᠰᠠᠯᠲᠠ》 ᠵᠡᠷᠭᠡ ᠰᠤᠳᠤᠯᠭᠠᠨ᠎ᠤ ᠦᠷ᠎ᠡ ᠪᠦᠲᠦᠭᠡᠯ᠎ᠢᠶᠡᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠱᠢᠨ᠎ᠡ᠎ᠶ᠋ᠢ ᠡᠭᠦᠳᠬᠦ᠌ ᠬᠥᠳᠡᠯᠭᠡᠭᠦᠷ ᠪᠣᠯᠭᠠᠪᠠ᠃
ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢ ᠢᠳᠡᠪᠬᠢᠲᠡᠶ ᠱᠤᠭᠤᠵᠤ ᠬᠠᠮᠲᠤ᠎ᠶ᠋ᠢᠨ ᠴᠣᠭ᠍ᠴᠠ᠎ᠶ᠋ᠢᠨ ᠪᠤᠳᠠᠰ᠎ᠦᠨ ᠰᠠᠭᠤᠷᠢ᠎ᠶ᠋ᠢ ᠪᠡᠬᠢᠵᠢᠭᠦᠯᠪᠡ
ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ 《ᠱᠠᠨᠳᠦ᠋ᠩ ᠥᠪᠥᠷ ᠮᠣᠩᠭᠣᠯ᠎ᠤᠨ ᠬᠠᠮᠵᠢᠯᠴᠠᠭ᠎ᠠ》 ᠶ᠋ᠢᠨ ᠲᠣᠭ᠍ᠲᠠᠴᠠ ᠪᠠ ᠪᠠᠢᠭᠠᠯᠢᠯᠢᠭ ᠨᠤᠲᠤᠭ ᠪᠡᠯᠴᠢᠭᠡᠷ᠎ᠦᠨ ᠳᠠᠪᠠᠭᠤᠯᠢᠭ᠎ᠲᠠᠭᠠᠨ ᠲᠦᠱᠢᠭ᠌ᠯᠡᠨ᠂ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠠᠵᠤ ᠦᠶ᠋ᠯᠡᠰ᠎ᠢ ᠶᠡᠬᠡᠪᠡᠷ ᠬᠥᠭ᠌ᠵᠢᠭᠦᠯᠵᠦ᠍᠂ 《ᠠᠵᠤ ᠠᠬᠤᠢᠯᠠᠯ + ᠬᠣᠷᠱᠢᠶ᠎ᠠ + ᠮᠠᠯᠵᠢᠬᠤ ᠲᠠᠷᠢᠶᠠᠯᠠᠬᠤ ᠡᠷᠦᠬᠡ》 ᠶ᠋ᠢᠨ ᠬᠣᠯᠪᠣᠭᠠᠨ᠎ᠤ ᠲᠣᠭ᠍ᠲᠠᠴᠠ᠎ᠪᠠᠷ ᠦᠨᠳᠦᠰᠦᠲᠡᠨ᠎ᠨᠦᠭᠦᠳ᠎ᠦᠨ ᠮᠠᠯᠴᠢᠨ ᠲᠠᠷᠢᠶᠠᠴᠢᠨ᠎ᠤ ᠬᠠᠷᠢᠯᠴᠠᠨ ᠬᠠᠪᠰᠤᠷᠤᠯᠴᠠᠬᠤ ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ᠎ᠶ᠋ᠢ 9700 ᠲᠥᠭᠥᠷᠢᠭ᠎ᠡᠴᠡ 14302 ᠲᠥᠭᠥᠷᠢᠭ ᠪᠣᠯᠭᠠᠨ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠪᠦᠯᠬᠦᠮᠳᠡᠯ᠎ᠤᠨ ᠦᠷ᠎ᠠ ᠪᠦᠳᠦᠭᠡᠯ᠎ᠢ ᠦᠨᠳᠤᠰᠦᠳᠡᠨ ᠨᠤᠬᠦᠳ᠎ᠦᠨ ᠤᠯᠠᠨ ᠲᠦᠮᠡᠨ ᠳ᠋ᠤ ᠡᠳ᠋ᠯᠡᠬᠦᠯᠪᠠ᠃
ᠥᠪᠥᠷ ᠮᠣᠩᠭᠣᠯ᠎ᠤᠨ ᠢᠯᠢ ᠠᠵᠤ ᠦᠶ᠋ᠯᠡᠰ᠎ᠦᠨ ᠪᠦᠯᠦᠭ᠌ᠯᠡᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ 《ᠳᠠᠭᠠᠭᠤᠯᠤᠭ᠍ᠴᠢ ᠠᠵᠤ ᠠᠬᠤᠢᠯᠠᠯ + ᠨᠠᠮ᠎ᠤᠨ ᠡᠭᠦᠷ + ᠬᠣᠷᠱᠢᠶ᠎ᠠ + ᠲᠣᠰᠭᠣᠨ᠎ᠤ ᠠᠷᠠᠳ》 ᠤ᠋ᠨ ᠠᠵᠤ ᠦᠶ᠋ᠯᠡᠰ᠎ᠦᠨ ᠬᠡᠯᠬᠢᠶ᠎ᠡ᠎ᠵᠢ ᠪᠦᠷᠢᠯᠳᠦᠬᠦᠯᠵᠦ᠂ ᠨᠠᠮ᠎ᠤᠨ ᠪᠠᠢᠭᠤᠯᠤᠯᠲᠠ᠎ᠪᠠᠷ ᠲᠠᠷᠢᠶᠠᠯᠠᠩ᠎ᠢ ᠬᠥᠭ᠌ᠵᠢᠭᠦᠯᠬᠦ᠌ ᠠᠵᠢᠯᠯᠠᠭ᠎ᠠ ᠥᠷᠨᠢᠭᠦᠯᠵᠦ᠍᠂ ᠪᠥᠬᠥ᠌ ᠤᠯᠤᠰ᠎ᠤᠨ 560 ᠲᠦᠮᠡᠨ ᠲᠡᠵᠢᠭᠡᠨ ᠦᠷᠡᠵᠢᠭᠦᠯᠬᠦ᠌ ᠡᠷᠦᠬᠡ ᠪᠠ ᠮᠠᠯᠴᠢᠨ ᠲᠠᠷᠢᠶᠠᠴᠢᠨ᠎ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠭᠤᠯᠬᠤ ᠵᠠᠮ᠎ᠢᠶᠠᠷ ᠵᠠᠮᠨᠠᠭᠤᠯᠪᠠ; ᠪᠤᠭᠤᠲᠤ᠎ᠶ᠋ᠢᠨ ᠪᠤᠯᠤᠳ ᠲᠡᠮᠦᠷ᠎ᠦᠨ (ᠪᠦᠯᠦᠭ᠌ᠯᠡᠯ) ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠪᠠᠶᠠᠠᠠᠤᠪᠤᠭ᠎ᠠ ᠠᠭᠤᠷᠬᠠᠢ᠎ᠶ᠋ᠢᠨ ᠣᠷᠣᠨ᠂ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤ 《ᠬᠣᠶᠠᠷ ᠣᠷᠣᠨ ᠭᠤᠷᠪᠠᠨ ᠭᠠᠵᠠᠷ》 ᠤ᠋ᠨ ᠬᠥᠭ᠌ᠵᠢᠯᠲᠡ᠎ᠶ᠋ᠢᠨ ᠵᠠᠭ᠍ᠪᠤᠷ᠎ᠢ ᠪᠠᠢᠭᠤᠯᠵᠤ᠂ ᠣᠷᠣᠨ ᠨᠤᠲᠤᠭ ᠡᠴᠡ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠬᠥᠭ᠌ᠵᠢᠯᠲᠡ᠎ᠶ᠋ᠢ ᠳᠡᠮᠵᠢᠬᠦ᠌᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠣᠷᠣᠨ ᠨᠤᠲᠤᠭ᠎ᠤᠨ ᠪᠦᠲᠦᠭᠡᠨ ᠪᠠᠢᠭᠤᠯᠤᠯᠲᠠ᠎ᠶ᠋ᠢ ᠳᠡᠮᠵᠢᠬᠦ᠌ ᠰᠢᠬᠢᠳᠭᠡᠯᠳᠦ ᠮᠠᠶᠢᠭ᠎ᠤᠨ ᠪᠠᠢᠷᠢᠱᠢᠯ᠎ᠢ ᠪᠦᠷᠢᠯᠳᠦᠭᠦᠯᠪᠡ; ᠬᠥᠯᠥᠨ ᠪᠣᠢᠷ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ ᠣᠳᠣᠬᠢᠴᠢᠯᠠᠭ᠍ᠰᠠᠨ ᠵᠢᠱ᠌ᠢᠶ᠎ᠡ ᠦᠵᠡᠭᠦᠯᠬᠦ᠌ ᠮᠠᠯᠵᠢᠯ᠎ᠤᠨ ᠲᠠᠯᠠᠪᠠᠶ ᠪᠣᠯᠤᠨ ᠤᠯᠠᠮᠵᠢᠯᠠᠯᠲᠤ ᠬᠡᠷ ᠪᠦᠯᠢ᠎ᠶ᠋ᠢᠨ ᠮᠠᠯᠵᠢᠯ᠎ᠤᠨ ᠲᠠᠯᠠᠪᠠᠶ᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ᠂ 6400 ᠭᠠᠷᠤᠶ ᠮᠠᠯᠴᠢᠨ ᠡᠷᠦᠬᠡ᠎ᠶ᠋ᠢ ᠳᠠᠢᠴᠢᠯᠠᠨ ᠮᠠᠯ ᠠᠵᠤ ᠠᠬᠤᠶ ᠲᠡᠵᠢᠭᠡᠨ ᠦᠷᠡᠵᠢᠭᠦᠯᠬᠦ᠌ ᠦᠶ᠋ᠯᠡᠰ᠎ᠢ ᠬᠥᠭ᠌ᠵᠢᠭᠦᠯᠵᠦ᠍᠂ 《ᠨᠢᠭᠡ ᠡᠭᠦᠯᠳᠡᠷ᠎ᠢ ᠪᠣᠢᠵᠢᠭᠤᠯᠵᠤ᠂ ᠨᠢᠭᠡ ᠭᠠᠵᠠᠷ ᠣᠷᠣᠨ᠎ᠤ ᠠᠵᠤ ᠦᠶ᠋ᠯᠡᠰ᠎ᠢ ᠳᠠᠢᠴᠢᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠪᠠᠶᠠᠵᠢᠭᠤᠯᠬᠤ》ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠦᠶ᠋ᠯᠡᠳᠦᠯ᠎ᠢ ᠢᠳᠡᠪᠬᠢᠳᠠᠢ ᠪᠠᠳᠠᠷᠠᠭᠤᠯᠪᠠ᠃

ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢ ᠢᠳᠡᠪᠬᠢᠲᠡᠶ ᠱᠤᠭᠤᠵᠤ ᠦᠨᠳᠦᠰᠦᠨ ᠱᠠᠲᠤᠨ᠎ᠤ ᠵᠠᠰᠠᠯᠲᠠ᠎ᠶ᠋ᠢᠨ ᠰᠢᠨ᠎ᠡ ᠪᠠᠢᠷᠢᠰᠢᠯ᠎ᠢ ᠪᠦᠷᠢᠯᠳᠦᠬᠦᠯᠪᠡ
ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠬᠠᠶ ᠳ᠋ᠦᠩ ᠵᠠᠮ ᠨᠡᠢᠭᠡᠮ ᠲᠣᠭᠣᠷᠢᠭ᠎ᠤᠨ 《ᠤᠯᠠᠭᠠᠨ ᠠᠨᠠᠷ᠎ᠤᠨ ᠬᠡᠷᠡᠭ ᠵᠥᠪᠯᠡᠬᠦ᠌ ᠲᠢᠩᠬᠢᠮ》 ᠳ᠋ᠤ᠂ ᠰᠠᠭᠤᠭᠠᠯᠢ ᠠᠷᠠᠳ᠎ᠤᠨ ᠲᠥᠯᠥᠭᠡᠯᠡᠭ᠌ᠴᠢᠳ ᠨᠢᠭᠡ ᠲᠤᠤᠷ᠎ᠠ ᠴᠤᠭ᠍ᠯᠠᠷᠠᠵᠤ᠂ 2026 ᠣᠨ᠎ᠤ ᠨᠡᠢᠭᠡᠮ ᠲᠣᠭᠣᠷᠢᠭ᠎ᠤᠨ ᠭᠤᠤᠯᠳᠠᠯᠭ᠎ᠠ᠎ᠲᠠᠶ ᠡᠭᠦᠷᠭᠡ᠎ᠶ᠋ᠢ ᠬᠠᠮᠲᠤ᠎ᠪᠠᠷ ᠰᠤᠳᠤᠯᠤᠨ ᠶᠠᠷᠢᠯᠴᠠᠵᠤ᠂ ᠬᠠᠮᠲᠤ᠎ᠪᠠᠷ ᠣᠷᠣᠱᠢᠨ ᠰᠠᠭᠤᠷᠢᠰᠢᠵᠤ ᠬᠠᠮᠲᠤ᠎ᠪᠠᠷ ᠵᠢᠷᠭᠠᠬᠤ ᠨᠡᠢᠭᠡᠮ ᠲᠣᠭᠣᠷᠢᠭ᠎ᠢ ᠪᠥᠲᠥᠭᠡᠨ ᠪᠠᠢᠭᠤᠯᠬᠤ᠎ᠳᠤ ᠰᠠᠨᠠᠯ ᠰᠠᠨᠠᠭᠤᠯᠭ᠎ᠠ ᠳᠡᠪᠱᠢᠭᠦᠯᠪᠡ᠃ ᠣᠢᠷ᠎ᠠ᠎ᠶ᠋ᠢᠨ ᠵᠢᠯ᠎ᠦᠳ᠎ᠲᠦ᠂ ᠱᠢᠨ᠎ᠡ ᠬᠣᠲᠠ ᠲᠣᠭᠣᠷᠢᠭ 《ᠦᠨᠳᠦᠰᠦᠲᠡᠨ᠎ᠦ ᠪᠦᠯᠬᠦᠮᠳᠡᠯ + ᠦᠨᠳᠦᠰᠦᠨ ᠱᠠᠲᠤᠨ᠎ᠤ ᠵᠠᠰᠠᠯᠲᠠ》 ᠶ᠋ᠢᠨ ᠠᠵᠢᠯ᠎ᠤᠨ ᠲᠣᠭ᠍ᠲᠠᠴᠠ᠎ᠵᠢ ᠪᠠᠢᠭᠤᠯᠵᠤ᠂ ᠤᠯᠠᠭᠠᠨ ᠠᠨᠠᠷ᠎ᠦᠨ ᠥᠷᠲᠡᠭᠡ ᠪᠡᠷ ᠲᠤᠯᠭᠠᠭᠤᠷᠢᠯᠠᠬᠤ ᠴᠡᠭ ᠪᠣᠯᠭᠠᠵᠤ᠂ ᠦᠨᠳᠦᠰᠦᠳᠡᠨ ᠱᠠᠰᠢᠨ ᠰᠤᠷᠳᠠᠬᠤᠨ᠎ᠤ ᠠᠵᠢᠯ᠎ᠦᠨ ᠲᠤᠤᠷᠵᠢᠯ᠎ᠢᠶᠡᠷ ᠲᠠᠪᠴᠠᠩ ᠪᠣᠯᠭᠠᠵᠤ᠂ ᠤᠯᠠᠭᠠᠨ ᠠᠨᠠᠷ᠎ᠦᠨ ᠬᠡᠷᠡᠭ ᠵᠦᠪᠯᠡᠬᠦ ᠲᠢᠨᠭᠬᠢᠮ᠂ ᠦᠨᠳᠦᠰᠦᠳᠡᠨ᠎ᠤ ᠪᠦᠯᠬᠦᠮᠳᠡᠯ᠎ᠦᠨ ᠠᠵᠢᠯ᠎ᠦᠨ ᠨᠠᠷᠢᠨ ᠲᠠᠨᠭᠰᠠ ᠪᠠᠷ ᠬᠤᠯᠪᠤᠭᠠᠰᠤ ᠪᠣᠯᠭᠠᠵᠤ᠂ ᠠᠨᠠᠷ᠎ᠦᠨ ᠦᠷ᠎ᠠ ᠰᠠᠢᠨ ᠲᠤᠷ᠎ᠠ ᠵᠢᠨ ᠦᠢᠯᠡᠴᠢᠯᠡᠭᠡᠨ᠎ᠤ ᠠᠩᠭᠢ ᠪᠡᠷ ᠭᠤᠤᠯᠯᠠᠭ᠍ᠴᠢ ᠬᠦᠴᠦᠨ ᠪᠣᠯᠭᠠᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠪᠠ᠃
ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠣᠷᠳᠣᠰ᠎ᠤᠨ ᠴᠠᠬᠢᠯᠭᠠᠨ ᠬᠠᠩᠭᠠᠬᠤ ᠺᠣᠮᠫᠠᠨᠢ 《ᠦᠨᠳᠦᠰᠦᠲᠡᠨ᠎ᠦ ᠪᠦᠯᠬᠦᠮᠳᠡᠯ + ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ + ᠦᠨᠳᠦᠰᠦᠨ ᠱᠠᠲᠤᠨ᠎ᠤ ᠵᠠᠰᠠᠯᠲᠠ》 ᠭᠤᠷᠪᠠ᠎ᠶ᠋ᠢ ᠠᠭᠤᠰᠤᠯᠴᠠᠭᠤᠯᠤᠭ᠍ᠰᠠᠨ ᠵᠢᠱ᠌ᠢᠶ᠎ᠡ ᠦᠵᠡᠭᠦᠯᠬᠦ᠌ ᠵᠠᠭ᠍ᠪᠤᠷ᠎ᠢ ᠡᠭᠦᠳᠴᠦ᠍᠂ ᠮᠠᠯᠴᠢᠨ ᠲᠠᠷᠢᠶᠠᠴᠢᠨ᠎ᠤ ᠣᠷᠣᠨ ᠰᠠᠭᠤᠴᠠ᠂ ᠡᠮ ᠡᠮᠨᠡᠯᠭᠡ ᠵᠡᠷᠭᠡ 8 ᠲᠥᠷᠥᠯ᠎ᠦᠨ 153 ᠵᠦᠶ᠋ᠯ᠎ᠦᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠳᠦ ᠬᠦᠴᠦᠨ ᠨᠡᠮᠡᠷᠢᠯᠡᠪᠡ; ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠬᠡ ᠠᠩᠭᠢ 《ᠠᠨᠠᠷ᠎ᠤᠨ ᠦᠷ᠎ᠡ》 ᠶ᠋ᠢᠨ ᠬᠠᠤᠯᠢ ᠲᠦᠭᠡᠮᠡᠯᠵᠢᠭᠦᠯᠬᠦ᠌ ᠲᠤᠰᠠᠯᠠᠮᠵᠢ᠎ᠶ᠋ᠢᠨ ᠥᠷᠲᠡᠭᠡ᠎ᠶ᠋ᠢ ᠪᠠᠢᠭᠤᠯᠵᠤ᠂ 《ᠠᠨᠠᠷ᠎ᠤᠨ ᠦᠷ᠎ᠡ》 ᠶ᠋ᠢᠨ ᠦᠶ᠋ᠯᠡᠴᠢᠯᠡᠭᠡᠨ᠎ᠦ ᠠᠩᠭᠢ᠎ᠶ᠋ᠢ ᠵᠣᠬᠢᠶᠠᠨ ᠪᠠᠢᠭᠤᠯᠵᠤ᠂ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠢᠳᠡᠪᠬᠢᠲᠡᠶ ᠤᠬᠠᠭᠤᠯᠵᠤ᠂ ᠨᠡᠢᠲᠡ 10 ᠲᠦᠮᠡ ᠭᠠᠷᠤᠶ ᠣᠯᠠᠨ ᠲᠦᠮᠡᠨ᠎ᠢ ᠭᠥᠯᠢᠶᠡᠨ ᠠᠪᠴᠤ᠌᠂ ᠦᠨᠳᠤᠰᠦᠳᠡᠨ ᠨᠤᠬᠦᠳ᠎ᠦᠨ ᠤᠯᠠᠨ ᠲᠦᠮᠡᠨ᠎ᠤ ᠤᠯᠤᠰ ᠬᠡᠷ᠎ᠤᠨ ᠬᠠᠢᠷ᠎ᠠ ᠰᠡᠳᠬᠢᠯᠭᠡ᠂ ᠠᠷᠠᠳ ᠢᠷᠭᠡᠳ᠎ᠦᠨ ᠦᠵᠡᠯ ᠤᠬᠠᠮᠰᠠᠷ ᠪᠠ ᠬᠠᠤᠯᠢ᠎ᠪᠠᠷ ᠵᠠᠰᠠᠬᠤ ᠤᠬᠠᠮᠰᠠᠷ᠎ᠢ ᠲᠡᠭᠡᠭᠰᠢᠯᠡᠬᠦᠯᠪᠠ᠃
ᠲᠡᠦᠭᠡ ᠵᠢᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠨᠠᠮ᠎ᠦᠨ ᠠᠴᠢ ᠳ᠋ᠤ ᠲᠠᠯᠠᠷᠬᠠᠵᠤ᠂ ᠨᠠᠮ᠎ᠦᠨ ᠦᠭᠡ ᠵᠢ ᠰᠤᠨᠤᠰᠴᠤ᠂ ᠨᠠᠮ᠎ᠢᠶᠡᠨ ᠲᠠᠭᠠᠨ ᠤᠷᠤᠭᠰᠢᠯᠠᠵᠤ᠂ ᠨᠢᠬᠳᠠᠷᠠᠨ ᠪᠦᠯᠬᠦᠮᠳᠡᠵᠤ᠂ ᠡᠷᠡᠮᠡᠭᠡᠢᠯᠡᠨ ᠤᠷᠤᠭᠰᠢᠯᠠᠬᠤ ᠰᠦᠷ ᠲᠠᠯᠠᠢᠴᠠᠳᠠᠢ ᠬᠦᠴᠦᠨ᠎ᠢ ᠪᠦᠷᠢᠯᠳᠦᠬᠦᠯᠵᠦ᠂ ᠨᠡᠩ ᠤᠯᠠᠨ ᠲᠡᠷᠢᠭᠦᠨ᠎ᠦ ᠨᠡᠢᠲᠡᠯᠢᠭ ᠵᠢᠱ᠌ᠢᠢ᠎ᠡ᠎ᠶ᠋ᠢ ᠪᠤᠢ ᠪᠤᠯᠭᠠᠵᠤ᠂ 《ᠵᠢᠱ᠌ᠢᠶᠡᠴᠢ ᠦᠪᠡᠷᠳᠡᠭᠡᠨ ᠵᠠᠰᠠᠬᠤ ᠤᠷᠤᠨ》᠎ᠢ᠋ ᠪᠦᠬᠦ ᠲᠠᠯ᠎ᠠ ᠪᠡᠷ ᠪᠦᠳᠦᠭᠡᠨ ᠪᠠᠢᠭᠤᠯᠬᠤ ᠰᠢᠨ᠎ᠡ ᠬᠠᠭᠤᠳᠠᠰᠤ ᠵᠢ ᠪᠢᠴᠢᠭᠯᠡᠨ᠎ᠡ !