— ᠨᠢᠩᠴᠧᠩ ᠱᠢᠶᠠᠨ᠎ᠤ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠦᠢᠯᠡᠰ᠎ᠢ ᠲᠡᠮᠳᠡᠭᠯᠡᠪᠡ
ᠨᠢᠩᠴᠧᠩ ᠱᠢᠶᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ 《ᠪᠦᠬᠦ᠌ ᠱᠢᠶᠠᠨ᠎ᠤ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ》 ᠵᠢᠨ ᠡᠭᠦᠷᠭᠡ᠎ᠶ᠋ᠢ ᠲᠣᠭ᠍ᠲᠠᠭᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠪᠡᠬᠢᠵᠢᠭᠦᠯᠬᠦ᠌᠂ ᠬᠠᠮᠲᠤ᠎ᠶ᠋ᠢᠨ ᠬᠥᠭ᠌ᠵᠢᠯᠲᠡ᠎ᠶ᠋ᠢ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ ᠵᠡᠷᠭᠡ ᠲᠠᠯ᠎ᠠ᠎ᠪᠠᠷ ᠢᠯᠡᠳᠳᠡ ᠠᠮᠵᠢᠯᠳᠠ ᠤᠯᠪᠠ᠃
ᠨᠠᠮ᠎ᠤᠨ ᠤᠳᠤᠷᠢᠳᠤᠯᠭ᠎ᠠ᠎ᠶ᠋ᠢ ᠦᠨᠳᠦᠰᠦᠲᠡᠨ᠎ᠦ ᠠᠵᠢᠯ᠎ᠤᠨ ᠪᠦᠬᠦ᠌ ᠶᠠᠪᠤᠴᠠ᠂ ᠡᠯ᠎ᠡ ᠲᠠᠯ᠎ᠠ᠎ᠳᠤ ᠲᠤᠭᠤᠰᠢᠯᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠠᠵᠢᠯ᠎ᠢ ᠪᠦᠬᠦ᠌ ᠱᠢᠶᠠᠨ᠎ᠤ ᠦᠨᠳᠦᠰᠦᠲᠡᠨ᠎ᠦ ᠭᠣᠣᠯᠳᠠᠯᠭ᠎ᠠ᠎ᠲᠠᠶ ᠠᠵᠢᠯ᠎ᠳᠤ ᠣᠷᠣᠭᠤᠯᠵᠤ᠂ ᠱᠢᠰᠲ᠋ᠧᠮ᠎ᠲᠡᠶ ᠲᠥᠯᠥᠪᠵᠢᠭᠦᠯᠵᠦ᠍᠂ ᠡᠮᠬᠢ ᠵᠢᠷᠤᠮ᠎ᠲᠠᠶ ᠠᠬᠢᠭᠤᠯᠪᠠ᠃ ᠵᠢᠯ ᠪᠦᠷᠢ ᠪᠦᠬᠦ᠌ ᠱᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠢ ᠬᠤᠷᠠᠯᠳᠤᠭᠤᠯᠵᠤ᠂ 《ᠨᠢᠩᠴᠧᠩ ᠱᠢᠶᠠᠨ᠎ᠤ ᠦᠨᠳᠦᠰᠦᠲᠡᠨ᠎ᠦ ᠠᠵᠢᠯ᠎ᠤᠨ ᠭᠣᠣᠯᠳᠠᠯᠭ᠎ᠠ》 ᠵᠢ ᠳᠠᠷᠤᠮᠠᠯᠯᠠᠨ ᠲᠠᠷᠬᠠᠭᠠᠵᠤ ᠣᠨ᠎ᠤ ᠭᠣᠣᠯᠳᠠᠯᠭ᠎ᠠ ᠲᠠᠶ ᠡᠭᠦᠷᠭᠡ᠎ᠶ᠋ᠢ ᠪᠦᠬᠦ᠌ ᠲᠠᠯ᠎ᠠ᠎ᠪᠠᠷ ᠪᠠᠢᠷᠢᠯᠠᠭᠤᠯᠵᠤ᠂ ᠱᠢᠶᠠᠨ᠎ᠤ ᠱᠢᠭᠤᠳ ᠬᠠᠷᠢᠶ᠎ᠠ ᠨᠢᠭᠡᠴᠢ᠂ ᠡᠯ᠎ᠡ ᠪᠠᠯᠭᠠᠰᠤ ᠱᠢᠶᠠᠩ ᠵᠡᠭᠡᠯᠢ ᠪᠣᠯᠤᠨ ᠦᠨᠳᠦᠰᠦᠲᠡᠨ᠎ᠨᠦᠭᠦᠳ᠎ᠦᠨ ᠺᠠᠳ᠋ᠷ᠎ᠢ ᠳᠠᠢ᠌ᠴᠢᠯᠠᠨ ᠦᠵᠡᠯ ᠰᠠᠨᠠᠭ᠎ᠠ᠎ᠶ᠋ᠢ ᠨᠢᠭᠡᠳᠭᠡᠨ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠬᠦᠴᠦᠷᠬᠡᠭ ᠶᠡᠬᠡ ᠨᠡᠢᠯᠡᠯ ᠬᠦᠴᠦᠨ᠎ᠢ ᠪᠦᠷᠢᠯᠳᠦᠭᠦᠯᠪᠠ᠃
《ᠰᠦᠯᠵᠢᠶᠡᠨ ᠳᠡᠭᠡᠷ᠎ᠡ + ᠪᠤᠳᠠᠳᠤ ᠴᠤᠭᠴᠠ》 ᠵᠢᠨ ᠤᠬᠠᠭᠤᠯᠭ᠎ᠠ ᠬᠥᠮᠦᠵᠢᠯ᠎ᠦᠨ ᠵᠠᠭ᠍ᠪᠤᠷ᠎ᠢ ᠬᠡᠷᠡᠭ᠌ᠵᠢᠭᠦᠯᠵᠦ᠍᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ》 ᠭᠣᠣᠯ ᠰᠡᠳᠦᠪ᠎ᠦᠨ ᠲᠣᠭᠣᠷᠢᠨ᠎ᠳᠤ ᠱᠢᠷᠢᠰ ᠠᠵᠢᠯᠯᠠᠭ᠎ᠠ᠎ᠶ᠋ᠢ ᠵᠣᠬᠢᠶᠠᠨ ᠪᠠᠢᠭᠤᠯ᠎ᠦᠨ ᠦᠷᠨᠢᠬᠦᠯᠪᠠ᠃ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠴᠢ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠤᠶ᠎ᠠ》 ᠭᠡᠬᠦ᠌ ᠲᠤᠰᠭᠠᠶ ᠰᠡᠳᠦᠪᠲᠦ ᠰᠤᠷᠪᠤᠯᠵᠢᠯᠠᠭ᠎ᠠ ᠵᠢᠴᠢ 《ᠲᠠᠢᠯᠤᠮᠵᠢ — ᠦᠨᠳᠤᠰᠦᠳᠡᠨ᠎ᠤ ᠪᠦᠯᠬᠦᠮᠳᠡᠯ᠎ᠦᠨ ᠦᠯᠢᠭᠡᠷ᠎ᠢ ᠶᠠᠷᠢᠬᠤᠢ》 ᠭᠡᠬᠦ᠌ ᠱᠢᠷᠢᠰ ᠫᠷᠤᠭ᠌ᠷᠠᠮ᠎ᠢ ᠥᠷᠨᠢᠭᠦᠯᠪᠡ᠃ 《ᠲᠤᠮᠳᠠᠳᠤ ᠵᠢᠨ ᠦᠨᠳᠤᠰᠦᠳᠡᠨ ᠨᠢᠭᠡ ᠭᠡᠷ ᠮᠡᠳᠤ ᠲᠤᠳᠤᠨᠤ》 ᠭᠡᠬᠦ᠌ ᠰᠦᠯᠵᠢᠶᠡᠨ ᠳᠡᠭᠡᠷᠡᠬᠢ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ᠎ᠤᠨ ᠦᠵᠡᠭᠦᠯᠭᠡ᠎ᠶ᠋ᠢ ᠡᠷᠬᠢᠯᠡᠵᠦ᠍᠂ ᠦᠨᠳᠦᠰᠦᠲᠡᠨ᠎ᠦ ᠪᠦᠯᠬᠦᠮᠳᠡᠯ ᠬᠢᠭᠡᠳ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠭᠤᠰᠤᠯᠴᠠᠯ᠎ᠤᠨ ᠦᠷ᠎ᠡ ᠪᠦᠲᠦᠭᠡᠯ᠎ᠢ ᠠᠮᠢᠳᠤᠯᠢᠭ᠎ᠢᠶᠠᠷ ᠲᠡᠯᠭᠡᠨ ᠦᠵᠡᠬᠦᠯᠪᠠ᠃
《ᠭᠤᠷᠪᠠᠨ ᠵᠦᠶ᠋ᠯ᠎ᠦᠨ ᠲᠥᠯᠥᠪᠯᠡᠭᠡ》 ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠳᠥᠷᠪᠡᠨ ᠵᠢᠯ ᠳᠠᠷᠠᠭᠠᠯᠠᠨ 《ᠤᠯᠠᠭᠠᠨ ᠠᠨᠠᠷ ᠬᠤᠨᠳᠠᠭᠠᠲᠤ》 ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠤᠷᠠᠨ ᠲᠣᠳᠣ ᠤᠩᠱᠢᠯᠭ᠎ᠠ᠎ᠶ᠋ᠢᠨ ᠤᠷᠤᠯᠳᠤᠭᠠᠨ ᠡᠷᠭᠢᠯᠡᠵᠦ᠍᠂ 《ᠬᠡᠦᠬᠡᠳ᠎ᠦᠨ ᠪᠠᠶᠠᠷ·ᠠᠨᠠᠷ᠎ᠦᠨ ᠦᠷ᠎ᠠ ᠰᠡᠳᠬᠢᠯ ᠵᠢᠷᠤᠭᠡ ᠪᠠᠨ ᠬᠤᠯᠪᠤᠨᠠᠮ》 ᠭᠡᠬᠦ ᠵᠠᠯᠠᠭᠤᠴᠤᠳ ᠪᠠᠭᠠᠴᠤᠳ᠎ᠤᠨ ᠰᠤᠳᠤᠯᠤᠨ ᠰᠤᠷᠤᠯᠴᠠᠵᠤ ᠰᠣᠯᠢᠯᠴᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠢᠴᠢᠶᠡᠯ᠎ᠦᠨ ᠲᠠᠩᠬᠢᠮ᠎ᠳᠤ ᠣᠷᠣᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠵᠠᠯᠠᠭᠤᠴᠤᠳ ᠪᠠᠭᠠᠴᠤᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠲᠠᠨᠢᠯᠲᠠ᠎ᠶ᠋ᠢ ᠲᠠᠰᠤᠷᠠᠯᠲᠠ ᠥᠬᠡᠶ ᠨᠡᠮᠡᠭ᠌ᠳᠡᠭᠦᠯᠪᠡ᠃ ᠣᠷᠣᠨ ᠪᠦᠰᠡ ᠠᠯᠤᠰᠯᠠᠨ ᠬᠠᠮᠵᠢᠯᠴᠠᠨ ᠬᠠᠮᠲᠤᠷᠠᠯᠴᠠᠬᠤ᠎ᠶ᠋ᠢ ᠭᠦᠨᠵᠡᠭᠡᠢᠷᠡᠭᠦᠯᠵᠦ᠍᠂ ᠾᠧᠪᠧᠶ ᠮᠤᠵᠢ᠎ᠶ᠋ᠢᠨ ᠫᠢᠩ ᠴᠢᠤᠸᠠᠨ ᠬᠣᠲᠠ᠂ ᠯᠢᠶᠣᠤᠨᠢᠩ ᠮᠤᠵᠢ᠎ᠶ᠋ᠢᠨ ᠵᠢᠶᠠᠨ ᠫᠢᠩ ᠱᠢᠶᠠᠨᠯᠤᠭᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠣᠯᠪᠣᠭᠠᠯᠠᠨ ᠡᠭᠦᠳᠴᠦ᠍ ᠬᠠᠮᠲᠤ ᠪᠠᠷ ᠪᠠᠢᠭᠤᠯᠬᠤ ᠵᠥᠪᠯᠡᠯᠴᠡᠭᠡᠷ ᠲᠣᠭ᠍ᠲᠠᠵᠤ᠂ ᠵᠠᠯᠠᠭᠤᠴᠤᠳ ᠪᠠᠭᠠᠴᠤᠳ᠎ᠤᠨ ᠰᠤᠳᠤᠯᠤᠨ ᠰᠤᠷᠤᠯᠴᠠᠬᠤ᠂ ᠰᠤᠶᠤᠯ ᠵᠢᠭᠤᠯᠴᠢᠯᠠᠯ᠎ᠢᠶᠠᠷ ᠦᠨᠳᠦᠰᠦᠳᠡᠨ ᠨᠤᠬᠦᠳ᠎ᠦᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠪᠠ᠃
ᠨᠢᠩᠴᠧᠩ ᠱᠢᠶᠠᠨ ᠲᠠᠪᠤᠨ ᠵᠢᠯ᠎ᠦᠨ ᠲᠤᠷᠰᠢ᠂ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠯᠲᠡ᠎ᠶ᠋ᠢᠨ ᠡᠭᠦᠷᠭᠡ᠎ᠶ᠋ᠢᠨ ᠪᠡᠯᠡ ᠮᠥᠩᠭᠥ᠎ᠶ᠋ᠢ 3036 ᠲᠦᠮᠡᠨ ᠲᠥᠭᠥᠷᠢᠭ ᠤᠯᠵᠤ᠂ ᠳ᠋ᠠ ᠴᠧᠩ ᠽᠢ᠂ ᠱᠢᠶᠣᠤ ᠴᠧᠩ ᠽᠢ ᠵᠡᠷᠭᠡ ᠭᠠᠵᠠᠷ᠎ᠤᠨ ᠠᠵᠤ ᠦᠢᠯᠡᠰ᠎ᠦᠨ ᠬᠥᠭ᠌ᠵᠢᠯᠲᠡ ᠪᠠ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠳᠠᠮᠵᠢᠵᠤ᠂ ᠪᠦᠬᠦ᠌ ᠱᠢᠶᠠᠨ᠎ᠤ ᠠᠵᠤ ᠠᠬᠤᠢ᠎ᠶ᠋ᠢᠨ ᠬᠥᠭ᠌ᠵᠢᠯᠲᠡ ᠪᠠ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠪᠦᠲᠦᠮᠵᠢᠲᠡᠢ ᠠᠬᠢᠭᠤᠯᠪᠠ᠃ ᠪᠥᠬᠥ᠌ ᠱᠢᠶᠠᠨ᠎ᠤ ᠦᠨᠳᠦᠰᠦᠲᠡᠨ᠎ᠦ ᠠᠷᠠᠯᠵᠢᠶ᠎ᠠ ᠦᠨᠳᠦᠰᠦᠲᠡᠨ᠎ᠦ ᠦᠶ᠋ᠯᠡᠳᠬᠦᠨ᠎ᠦ ᠬᠠᠮᠢᠶ᠎ᠠ ᠪᠦᠬᠦᠢ 34 ᠠᠵᠤ ᠠᠬᠤᠢᠯᠠᠯ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠶ ᠰᠡᠳᠦᠪᠲᠦ ᠪᠣᠯᠪᠠᠰᠤᠷᠠᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ ᠬᠢᠭᠡᠳ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠵᠤ ᠠᠬᠤᠢᠯᠠᠯ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠲᠦ ᠬᠦᠴᠦᠨ ᠨᠡᠮᠡᠷᠢᠯᠡᠬᠦ᠌ ᠬᠠᠷᠢᠭᠤᠴᠠᠯᠭᠠᠲᠤ ᠰᠡᠳᠭᠢᠯᠭᠡ᠎ᠶ᠋ᠢ ᠬᠥᠭ᠌ᠵᠢᠭᠡᠵᠦ᠍᠂ ᠪᠥᠬᠥ᠌ ᠱᠢᠶᠠᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠵᠢ ᠠᠬᠢᠭᠤᠯᠬᠤ ᠨᠡᠢᠯᠡᠯ ᠬᠦᠴᠦᠨ᠎ᠢ ᠨᠢᠭ᠍ᠲᠠᠷᠠᠭᠤᠯᠪᠠ᠃