《ᠤᠶᠠᠩᠭ᠎ᠠ》 ᠵᠢᠨ ᠡᠭᠡᠰᠢᠭ ᠠᠭᠤᠳᠠᠮ ᠲᠠᠯ᠎ᠠ ᠵᠢ ᠤᠶᠠᠰᠬᠠᠨ᠎ᠠ
2026-03-25 11:09:28
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠬᠠᠪᠤᠷ᠎ᠤᠨ ᠬᠦᠢᠲᠡᠨ ᠬᠠᠷᠠᠬᠠᠨ ᠠᠷᠢᠯᠤᠭ᠎ᠠ ᠦᠭᠡᠢ ᠪᠤᠯᠪᠠᠴᠤ᠂ ᠶᠠᠲᠤᠭ᠎ᠠ᠎ᠶ᠋ᠢᠨ ᠤᠶᠠᠬᠠᠨ ᠳᠠᠭᠤᠨ ᠰᠡᠳᠬᠢᠯ᠎ᠢ ᠲᠤᠯᠠᠭᠠᠴᠠᠭᠤᠯᠤᠨ᠎ᠠ᠃

3 ᠰᠠᠷ᠎ᠠ᠎ᠶ᠋ᠢᠨ ᠡᠬᠢ ᠪᠡᠷ᠂ ᠪᠤᠭᠤᠳᠤ ᠬᠤᠳᠠ ᠵᠢᠨ ᠳᠠᠷᠬᠠᠨ ᠮᠤᠸ᠋ᠮᠢᠩᠭᠠᠨ ᠬᠤᠯᠪᠤᠭᠠᠳᠤ ᠬᠤᠰᠢᠭᠤᠨ᠎ᠤ ᠳᠠᠷᠬᠠᠨ ᠰᠤᠮᠤᠨ᠎ᠤ ᠰᠣᠶᠣᠯ᠎ᠤᠨ ᠥᠷᠲᠡᠭᠡᠨ ᠳ᠋ᠤ ᠬᠥᠭ᠌ᠵᠢᠮ᠎ᠦᠨ ᠠᠶᠠᠰ ᠬᠠᠩᠭᠢᠨᠠᠵᠤ᠂ 《ᠤᠶᠠᠩᠭ᠎ᠠ》 ᠤᠷᠠᠨ ᠰᠠᠢᠬᠠᠨ᠎ᠤ ᠪᠦᠯᠬᠦᠮ ᠲᠤᠭᠤᠷᠢᠨ ᠰᠠᠭᠤᠯᠴᠠᠵᠤ᠂ ᠦᠪᠠᠷᠰᠡᠳ᠎ᠢᠶᠡᠨ ᠨᠠᠢᠷᠠᠭᠤᠯᠤᠨ ᠵᠤᠬᠢᠶᠠᠭᠰᠠᠨ 《ᠡᠪ ᠬᠠᠮᠲᠤ ᠨᠠᠮ ᠶ᠋ᠢᠡᠨ ᠮᠠᠭ᠍ᠲᠠᠨ ᠳᠠᠭᠤᠯᠠᠶ᠎ᠠ》 ᠬᠡᠬᠦ ᠬᠤᠯᠪᠤᠭ᠎ᠠ ᠵᠢ ᠪᠣᠯᠪᠠᠰᠤᠷᠠᠵᠤ ᠪᠠᠢᠯ᠎ᠠ᠃ ᠳᠥᠷᠪᠡᠨ ᠤᠲᠠᠰᠤᠲᠤ ᠬᠤᠭᠤᠷ᠎ᠤᠨ ᠡᠬᠡᠰᠢᠭ᠂ ᠮᠠᠯᠴᠢᠨ ᠠᠷᠠᠳ᠎ᠤᠨ ᠬᠦᠩᠬᠢᠨᠡᠮ᠎ᠡ ᠬᠤᠭᠤᠯᠠᠢ᠂ ᠤᠯᠠᠮᠵᠢᠯᠠᠯᠲᠤ ᠳᠠᠭᠤᠷᠢᠯᠢᠭ ᠪᠠ ᠴᠠᠭ ᠦᠶ᠎ᠡ᠎ᠶ᠋ᠢᠨ ᠤᠷᠢᠶ᠎ᠠ ᠠᠭᠤᠰᠤᠯᠴᠠᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠡᠳᠭᠢᠯ ᠬᠥᠳᠡᠯᠭᠡᠮ᠎ᠡ ᠠᠶᠠᠰ᠎ᠢ ᠴᠢᠪᠬᠠᠳᠠᠨ᠎ᠠ᠃

《ᠤᠶᠠᠩᠭ᠎ᠠ》 ᠤᠷᠠᠨ ᠰᠠᠢᠬᠠᠨ᠎ᠤ ᠪᠦᠯᠬᠦᠮ 2015 ᠣᠨ᠎ᠳᠤ ᠪᠠᠢᠭᠤᠯᠤᠭ᠍ᠳᠠᠵᠤ᠂ ᠲᠤᠬᠠᠢ᠎ᠶ᠋ᠢᠨ ᠭᠠᠵᠠᠷ᠎ᠤᠨ ᠮᠠᠯᠴᠢᠳ ᠪᠣᠯᠤᠨ ᠰᠣᠶᠣᠯ᠎ᠤᠨ ᠠᠵᠢᠯᠲᠠᠨ᠎ᠢᠶᠡᠷ ᠪᠦᠷᠢᠯᠳᠦᠵᠡᠢ᠃ ᠲᠠᠲᠠ ᠢᠮᠠᠭ᠍ᠲᠠ ᠦᠨᠳᠦᠰᠦᠲᠡᠨ᠎ᠦ ᠰᠣᠶᠣᠯ᠎ᠢ ᠤᠯᠠᠮᠵᠢᠯᠠᠨ ᠪᠠᠳᠠᠷᠠᠭᠤᠯᠬᠤ᠂ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠦᠨᠳᠦᠰᠦᠲᠡᠨ᠎ᠦ ᠪᠦᠯᠬᠦᠮᠳᠡᠯ᠎ᠦᠨ ᠬᠦᠴᠦᠨ᠎ᠢ ᠨᠢᠭ᠍ᠲᠠᠷᠠᠭᠤᠯᠬᠤ᠎ᠪᠠᠷ ᠭᠤᠤᠯ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠣᠷᠳᠣ᠎ᠶ᠋ᠢᠨ ᠳᠠᠭᠤᠤ᠂ ᠬᠥᠭᠡᠮᠡᠶ᠂ ᠬᠣᠯᠪᠣᠭ᠎ᠠ᠂ ᠮᠣᠷᠢᠨ ᠬᠤᠭᠤᠷ ᠵᠡᠷᠭᠡ ᠮᠣᠩᠭᠣᠯ ᠦᠨᠳᠦᠰᠦᠲᠡᠨ᠎ᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠯᠧᠮᠧᠨ᠋ᠲ᠎ᠢ ᠵᠣᠬᠢᠶᠠᠨ ᠪᠦᠲᠦᠭᠡᠯᠭᠡ᠎ᠳᠦ ᠪᠡᠨ ᠠᠭᠤᠰᠭᠠᠨ᠂ ᠣᠯᠠᠨ ᠲᠦᠮᠡᠨ᠎ᠦ ᠰᠣᠨᠣᠰᠭᠤ ᠳᠤᠷᠠᠲᠠᠶ  ᠬᠡᠯᠪᠡᠷᠢ᠎ᠪᠡᠷ ᠨᠠᠮ᠎ᠤᠨ ᠱᠢᠨ᠎ᠡ᠎ᠶ᠋ᠢ ᠡᠭᠦᠳᠬᠦ᠌ ᠣᠨᠣᠯ᠎ᠢ 《ᠡᠬᠡᠯ ᠠᠷᠠᠳ᠎ᠤᠨ ᠬᠡᠷ᠎ᠲᠦ ᠬᠦᠷᠭᠡᠵᠦ᠍》᠂ ᠱᠢᠯᠢᠳᠡᠭ ᠤᠯᠠᠮᠵᠢᠯᠠᠯᠲᠤ ᠰᠣᠶᠣᠯ᠎ᠢ ᠲᠠᠯ᠎ᠠ ᠨᠤᠲᠤᠭ᠎ᠲᠤ ᠠᠮᠢᠯᠠᠭᠤᠯᠤᠨ᠎ᠠ᠃


QQ截图20260317110943.png


ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ


《ᠪᠢᠳᠡ ᠨᠠᠮ᠎ᠤᠨ ᠲᠥᠷᠥ᠎ᠶ᠋ᠢᠨ ᠪᠣᠳᠣᠯᠭ᠎ᠠ᠂ ᠨᠤᠲᠤᠭ ᠤᠰᠤᠨ᠎ᠤ ᠬᠤᠪᠢᠷᠠᠯᠲᠠ᠎ᠶ᠋ᠢ ᠣᠯᠠᠨ ᠲᠦᠮᠡᠨ᠎ᠦ ᠰᠣᠨᠣᠰᠭᠤ ᠳᠤᠷᠠᠲᠠᠶ ᠬᠡᠯᠪᠡᠷᠢ᠎ᠪᠡᠷ ᠮᠠᠭ᠍ᠲᠠᠨ ᠳᠠᠭᠤᠯᠠᠨ᠎ᠠ!》 ᠭᠡᠵᠦ᠍ ᠤᠷᠠᠨ ᠰᠠᠢᠬᠠᠨ᠎ᠤ ᠪᠦᠯᠬᠦᠮ ᠭᠣᠣᠯᠯᠠᠭ᠍ᠴᠢ ᠬᠡᠰᠢᠬᠦᠨ ᠪᠦᠷᠢᠨᠪᠠᠶᠠᠷ ᠰᠡᠳᠭᠢᠯ ᠳᠣᠭ᠍ᠳᠣᠯᠤᠨ ᠬᠡᠯᠡᠪᠡ᠃ ᠠᠩᠭᠢ᠎ᠶ᠋ᠢᠨ ᠭᠡᠱᠢᠭᠦᠳ ᠲᠠᠭᠤᠤ ᠵᠢᠨ ᠠᠶᠠᠯᠭᠤ ᠪᠠ ᠠᠢᠵᠠᠮ᠎ᠢ ᠠᠬᠢᠨ ᠳᠠᠬᠢᠨ ᠳᠠᠪᠲᠠᠠ ᠪᠤᠯᠪᠠᠰᠤᠷᠠᠨ᠎ᠠ᠃ ᠲᠠᠲᠠ ᠢᠮᠠᠭ᠍ᠲᠠ ᠤᠳᠭ᠎ᠠ ᠤᠷᠠᠯᠢᠭ᠎ᠢᠶᠠᠷ ᠬᠥᠭᠥᠷᠭᠡ ᠪᠣᠯᠭᠠᠵᠤ᠂ ᠪᠦᠯᠬᠦᠮᠳᠡᠯ᠎ᠢᠶᠡᠷ ᠰᠦᠭ ᠰᠦᠨᠡᠰᠦ ᠪᠤᠯᠭᠠᠨ᠂ ᠪᠥᠵᠢᠭ᠎ᠦᠨ ᠲᠠᠢᠰᠠ᠎ᠪᠠᠨ ᠮᠠᠯᠵᠢᠬᠤ ᠣᠷᠣᠨ᠂ ᠦᠶ᠋ᠯᠡᠳᠪᠦᠷᠢ ᠠᠭᠤᠷᠬᠠᠶ᠂ ᠲᠠᠷᠢᠶᠠᠴᠢᠨ ᠡᠷᠦᠬᠡ᠎ᠳᠦ ᠪᠠᠢᠷᠢᠯᠠᠭᠤᠯᠬᠤ᠎ᠶ᠋ᠢ ᠪᠠᠷᠢᠮᠲᠠᠯᠠᠵᠤ᠂ ᠬᠦᠬᠡ ᠲᠩᠷᠢ᠎ᠪᠡᠷ ᠬᠥᠱᠢᠭᠡ ᠪᠡᠨ  ᠪᠣᠯᠭᠠᠨ᠂ ᠬᠦᠷᠤᠰᠤᠲᠤ ᠲᠠᠯᠠᠬᠡᠢ ᠪᠠᠷ ᠲᠠᠢᠰᠠ ᠪᠠᠨ ᠪᠣᠯᠭᠠᠵᠤ᠂ ᠠᠭᠠᠭᠢᠮ᠎ᠠ ᠬᠠᠯᠠᠭᠤᠨ᠂ ᠬᠠᠬᠢᠷ ᠬᠦᠶ᠋ᠲᠡᠨ᠎ᠢ ᠬᠠᠢᠬᠤᠷᠤᠯ ᠦᠬᠡᠢ ᠪᠠᠷ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ᠎ᠶ᠋ᠢ ᠣᠯᠠᠨ ᠲᠦᠮᠡᠨ᠎ᠦ ᠡᠭᠦᠳᠡᠨ᠎ᠳᠦ ᠬᠦᠷᠭᠡᠵᠠᠢ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠰᠣᠶᠣᠯ᠎ᠤᠨ ᠰᠣᠯᠢᠯᠴᠠᠭ᠎ᠠ ᠳᠤᠮᠳᠠ᠂ ᠲᠡᠳᠡ ᠦᠨᠳᠦᠰᠦᠲᠡᠨ᠎ᠦ ᠤᠷᠠᠯᠢᠭ᠎ᠤᠨ ᠷᠢᠳᠢ ᠱᠢᠳᠢ᠎ᠶ᠋ᠢ ᠢᠯᠡᠷᠡᠭᠦᠯᠪᠡ; ᠱ᠌ᠢ ᠪᠦᠦ ᠲᠡᠮᠦᠷ᠎ᠦᠨ ᠠᠭᠤᠷᠬᠠᠢ᠎ᠶ᠋ᠢᠨ ᠲᠣᠬᠣᠨᠢᠭᠤᠯᠬᠤ ᠲᠣᠭ᠍ᠯᠠᠯᠲᠠ᠎ᠳᠤ᠂ ᠲᠡᠳᠡ ᠠᠶ᠎ᠠ ᠳᠠᠭᠤᠤ᠎ᠪᠠᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠪᠠ ᠁ ᠠᠩᠭᠢ᠎ᠶ᠋ᠢᠨ ᠭᠡᠱᠢᠭᠦᠨ ᠤᠷᠠᠨᠲᠤᠶᠠᠭ᠎ᠠ ᠭᠦᠨ ᠰᠡᠳᠭᠢᠯᠭᠡ᠎ᠲᠡᠶ᠎ᠪᠡᠷ᠄《ᠣᠯᠠᠨ ᠲᠦᠮᠡᠨ ᠬᠡᠷᠡᠭ᠌ᠴᠡᠭᠡ᠎ᠲᠡᠶ ᠯᠡ ᠶᠤᠮ ᠪᠣᠯ ᠪᠢᠳᠡ ᠬᠡᠵᠢᠶ᠎ᠡ ᠳᠠᠭᠤᠳᠠᠪᠠᠯ ᠬᠡᠵᠢᠶ᠎ᠡ ᠬᠦᠷᠴᠦ᠍᠂ ᠠᠶ᠎ᠠ ᠳᠠᠭᠤᠤ᠎ᠪᠠᠷ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠭᠢᠯ᠎ᠢ ᠳᠤᠯᠠᠭᠠᠴᠠᠭᠤᠯᠤᠨ᠎ᠠ》 ᠬᠡᠵᠠᠢ᠃

ᠤᠳᠭ᠎ᠠ ᠤᠷᠠᠯᠢᠭ ᠬᠠᠢᠷ᠎ᠠ ᠰᠡᠳᠭᠢᠯᠭᠡ᠎ᠶ᠋ᠢ ᠤᠯᠠᠮᠵᠢᠯᠠᠵᠤ᠂ ᠨᠡᠢᠲᠡ᠎ᠶ᠋ᠢᠨ ᠠᠰᠠᠷᠠᠮᠵᠢ᠎ᠵᠢᠨ ᠦᠢᠯᠡᠰ ᠲᠸ᠋ ᠬᠦᠴᠦᠨ ᠨᠡᠮᠡᠷᠢᠯᠡᠨ᠎ᠡ᠃ ᠤᠷᠠᠨ ᠰᠠᠢᠬᠠᠨ᠎ᠤ ᠠᠩᠬᠢ ᠵᠢᠨ ᠭᠡᠱᠢᠭᠦᠳ ᠳᠠᠭᠤᠤ ᠬᠦᠭᠵᠢᠮ ᠵᠢᠡᠷ᠎ᠢᠶᠠᠨ ᠴᠠᠭ ᠦᠶ᠎ᠡ᠎ᠶ᠋ᠢᠨ ᠬᠦᠴᠦᠨ᠎ᠢ ᠲᠠᠮᠵᠢᠭᠤᠯᠬᠤ ᠵᠢᠨ ᠬᠠᠮᠲᠤ ᠰᠠᠨᠠᠭᠠᠴᠢᠯᠠᠭ᠎ᠠ᠎ᠠᠴᠠ᠎ᠪᠠᠨ ᠵᠣᠭᠣᠰ ᠮᠥᠩᠭᠥ᠌ ᠡᠳ᠋ ᠪᠣᠳᠠᠰ ᠬᠠᠨᠳᠢᠪᠯᠠᠵᠤ ᠬᠦᠴᠢᠷᠳᠡᠯᠲᠡᠢ ᠭᠡᠷ ᠪᠦᠯᠢ᠎ᠶ᠋ᠢ ᠬᠠᠪᠰᠤᠷᠤᠨ ᠲᠡᠳᠬᠦᠵᠦ᠍᠂ ᠠᠶᠤᠯ ᠲᠦᠭ᠌ᠰᠢᠭᠦᠷᠢ᠎ᠶ᠋ᠢ ᠡᠰᠡᠷᠭᠦᠴᠡᠨ ᠭᠠᠮᠱᠢᠭ᠎ᠠᠴᠠ ᠠᠪᠤᠷᠠᠬᠤ ᠳᠤᠮᠳᠠ ᠡᠮᠦᠨ᠎ᠡ ᠹᠷᠣᠨᠲ᠎ᠲᠤ ᠭᠠᠪᠱᠢᠭᠠᠢᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠦᠨᠳᠦᠰᠦᠲᠡᠨ᠎ᠦ ᠪᠦᠯᠬᠦᠮᠳᠡᠯ᠎ᠦᠨ ᠵᠣᠷᠢᠭ ᠰᠠᠨᠠᠭ᠎ᠠ᠎ᠶ᠋ᠢ ᠲᠠᠢᠯᠪᠤᠷᠢᠯᠠᠪᠠ᠃

ᠲᠤᠰ ᠤᠷᠠᠨ ᠰᠠᠢᠬᠠᠨ᠎ᠤ ᠪᠦᠯᠬᠦᠮ ᠪᠠᠢᠭᠤᠯᠤᠭ᠍ᠳᠠᠭ᠍ᠰᠠᠨ᠎ᠠᠴᠠ ᠨᠠᠭᠠᠰᠢ᠂ ᠤᠳᠬ᠎ᠠ ᠤᠷᠠᠯᠢᠭ ᠤ᠋ᠨ ᠠᠩᠭᠢ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ᠎ᠶ᠋ᠢ ᠨᠡᠢᠲᠡ 80 ᠭᠠᠷᠤᠶ ᠤᠳᠠᠭ᠎ᠠ ᠭᠠᠷᠭᠠᠵᠤ᠂ ᠣᠯᠠᠨ ᠲᠦᠮᠡᠨ᠎ᠳᠦ 10 ᠲᠦᠮᠡᠨ ᠬᠥᠮᠦᠨ ᠤᠳᠠᠭ᠎ᠠ ᠦᠶ᠋ᠯᠡᠴᠢᠯᠡᠵᠦ᠍᠂ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ 《ᠡᠴᠦᠰ᠎ᠦᠨ ᠨᠢᠭᠡ ᠺᠢᠯᠣᠮᠧᠲ᠋ᠷ》᠎ᠢ᠋ ᠳᠠᠭᠤᠤ ᠤᠷᠠᠯᠢᠭ᠎ᠢᠶᠡᠷ ᠨᠡᠪᠲᠡᠷᠡᠭᠦᠯᠪᠡ᠃ 2024 ᠣᠨ᠎ᠳᠤ᠂ ᠤᠳᠭ᠎ᠠ ᠤᠷᠠᠯᠢᠭ᠎ᠤᠨ ᠠᠩᠭᠢ᠎ᠨᠢ ᠲᠤᠬᠠᠢᠯᠠᠭ᠍ᠰᠠᠨ ᠠᠵᠢᠯ᠎ᠤᠨ ᠲᠣᠪᠣᠢᠮ᠎ᠠ ᠢᠯᠡᠷᠡᠯ ᠪᠣᠯᠤᠨ ᠨᠡᠢᠭᠡᠮ᠎ᠦᠨ ᠨᠥᠯᠥᠭᠡᠯᠡᠬᠦ᠌ ᠬᠦᠴᠦᠨ᠎ᠳᠡᠭᠡᠨ ᠲᠦᠱᠢᠭ᠌ᠯᠡᠨ᠂ ᠪᠤᠭᠤᠲᠤ ᠬᠣᠲᠠ᠎ᠶ᠋ᠢᠨ ᠵᠢᠱ᠌ᠢᠶ᠎ᠡ ᠦᠵᠡᠭᠦᠯᠬᠦ᠌ ᠴᠢᠨᠠᠷᠲᠠᠶ ᠲᠠᠪᠤᠨ ᠣᠳᠣᠨ ᠲᠠᠰ᠎ᠤᠨ ᠣᠯᠠᠨ ᠲᠦᠮᠡᠨ᠎ᠦ ᠤᠳᠭ᠎ᠠ ᠤᠷᠠᠯᠢᠭ᠎ᠤᠨ ᠪᠦᠯᠬᠦᠮ᠎ᠢᠶᠡᠷ ᠦᠨᠡᠯᠡᠭ᠌ᠳᠡᠵᠦ᠍᠂ ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ᠎ᠤᠨ ᠦᠨᠳᠦᠰᠦᠨ ᠱᠠᠲᠤᠨ᠎ᠤ ᠰᠣᠶᠣᠯ᠎ᠤᠨ ᠪᠠᠢᠭᠤᠯᠤᠯᠲᠠ ᠬᠢᠭᠡᠳ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ᠎ᠶ᠋ᠢᠨ ᠵᠢᠱ᠌ᠢᠶᠡᠴᠢ ᠡᠩᠨᠡᠭᠡ ᠪᠣᠯᠵᠠᠢ᠃

《ᠤᠶᠠᠩᠭ᠎ᠠ》 ᠤᠷᠠᠨ ᠰᠠᠢᠬᠠᠨ᠎ᠤ ᠪᠦᠯᠬᠦᠮ ᠎ᠤᠨ ᠬᠢᠨ ᠦᠷᠭᠦᠯᠵᠢᠯᠡᠨ ᠳᠠᠭᠤᠤ ᠤᠷᠠᠯᠢᠭ ᠶ᠋ᠢᠡᠷ ᠰᠣᠶᠣᠯ᠎ᠢ ᠤᠯᠠᠮᠵᠢᠯᠠᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠳᠭ᠎ᠠ ᠤᠷᠠᠯᠢᠭ᠎ᠤᠨ ᠬᠦᠴᠦᠨ᠎ᠢᠶᠡᠷ ᠦᠨᠳᠦᠰᠦᠲᠡᠨ᠎ᠦ ᠪᠦᠯᠬᠦᠮᠳᠡᠯ᠎ᠦᠨ ᠢᠵᠢᠯ ᠲᠥᠪᠲᠦ ᠲᠣᠭᠣᠷᠢᠭ᠎ᠢ ᠵᠢᠷᠤᠭ᠍ᠯᠠᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠦᠨᠳᠦᠰᠦᠨ ᠱᠠᠲᠤᠨ᠎ᠤ ᠰᠣᠶᠣᠯ᠎ᠤᠨ ᠴᠡᠴᠡᠭ᠌ᠯᠡᠯ ᠬᠥᠭ᠌ᠵᠢᠯ᠎ᠢ ᠠᠬᠢᠭᠤᠯᠬᠤ᠎ᠳᠤ ᠨᠠᠩ ᠶᠡᠬᠡ ᠬᠦᠴᠦᠨ ᠴᠢᠳᠠᠯ᠎ᠢᠶᠠᠨ ᠡᠷᠭᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号