《ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠬᠠᠷᠢᠯᠴᠠᠨ ᠬᠠᠪᠰᠤᠷᠤᠯᠴᠠᠵᠤ᠂ ᠦᠨᠳᠦᠰᠦᠲᠡᠨ᠎ᠨᠦᠭᠦᠳ᠎ᠦᠨ ᠠᠬ᠎ᠠ ᠳᠡᠭᠦᠦ᠍᠎ᠨᠡᠷ ᠭᠠᠷ ᠭᠠᠷ᠎ᠢᠶᠠᠨ ᠴᠢᠩᠭ᠎ᠠ ᠠᠳᠭᠤᠯᠴᠠᠨᠠ᠃ ᠨᠠᠮ᠎ᠤᠨ ᠤᠳᠤᠷᠢᠳᠤᠯᠭ᠎ᠠ ᠳᠤᠤᠷ᠎ᠠ᠂ ᠦᠨᠳᠦᠰᠦᠲᠡᠨ ᠨᠤᠬᠦᠳ ᠢᠷᠠᠭᠤ ᠲᠤᠤᠯᠢᠰ᠎ᠢ ᠡᠭᠦᠳᠦᠨ᠎ᠡ ᠁》 3 ᠰᠠᠷ᠎ᠠ᠎ᠶ᠋ᠢᠨ 20᠎ᠤ᠋ ᠥᠷᠯᠥᠭᠡ᠂ 《ᠶᠡᠷᠦᠩᠬᠡᠢ ᠱᠦᠵᠢ᠎ᠶ᠋ᠢᠨ ᠶᠠᠷᠢᠵᠤ ᠥᠩᠭᠡᠷᠡᠭ᠌ᠰᠡᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠯᠢᠬᠡᠷ》 ᠭᠡᠬᠦ᠌ ᠬᠡᠦᠬᠡᠯᠳᠡᠢ ᠵᠦᠴᠦᠭᠡ᠎ᠵᠢᠨ ᠭᠣᠣᠯ ᠰᠡᠳᠦᠪᠲᠥ ᠳᠠᠭᠤᠤ ᠴᠡᠴᠡᠷᠯᠢᠭ ᠤᠨ ᠬᠦᠷᠢᠶᠡᠨ᠎ᠳᠤ ᠬᠠᠩᠭᠢᠨᠠᠵᠤ᠂ ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ᠎ᠤᠨ ᠭᠤᠷᠪᠠᠳᠤᠭᠠᠷ ᠬᠡᠦᠬᠡᠳ᠎ᠦᠨ ᠴᠡᠴᠡᠷᠯᠢᠭ᠎ᠲᠦ ᠬᠡᠦᠬᠡᠳ᠎ᠤᠳ ᠳᠡᠪᠬᠡᠷᠦᠨ ᠤᠷᠤᠵᠠᠭᠠᠨ᠎ᠠ᠃
《ᠬᠡᠦᠬᠡᠳ᠎ᠦᠳ ᠡᠳᠦᠷ ᠪᠦᠷᠢ ᠴᠤᠭ ᠵᠢᠪᠬᠤᠭ᠎ᠠ ᠲᠡᠭᠦᠯᠳᠡᠷ ᠵᠢᠡᠷ ᠴᠡᠴᠡᠷᠯᠢᠭ᠎ᠲᠦ ᠢᠷᠡᠳᠡᠭ᠂ ᠤᠳᠤ ᠪᠢᠳᠡ ᠬᠡᠦᠬᠡᠯᠳᠡᠢ ᠵᠦᠴᠦᠭᠡ᠎ᠵᠢᠨ ᠭᠣᠣᠯ ᠰᠡᠳᠦᠪᠲᠥ ᠳᠠᠭᠤᠤ ᠵᠢ ᠴᠡᠴᠡᠷᠯᠢᠭ᠎ᠤᠨ ᠤᠬᠳᠤᠯᠭ᠎ᠠ ᠵᠢᠨ ᠳᠠᠭᠤᠤ ᠪᠣᠯᠭᠠᠵᠠᠢ᠂ ᠠᠶᠠᠰ᠎ᠨᠢ ᠴᠣᠪᠣᠭᠣ ᠳᠡᠭ᠌ᠵᠢᠨ᠂ ᠬᠡᠦᠬᠡᠳ᠎ᠦᠳ ᠪᠦᠷ ᠡᠭᠦᠨ᠎ᠢ ᠪᠦᠯᠬᠦᠮᠳᠡᠯ᠎ᠦᠨ ᠳᠠᠭᠤᠤ ᠭᠡᠨ᠎ᠡ》᠃ ᠵᠠᠯᠠᠭᠤ ᠪᠠᠭ᠍ᠰᠢ ᠰᠧ ᠶᠤᠸᠠᠨ᠎ᠤ ᠲᠠᠨᠢᠯᠴᠠᠭᠤᠯᠤᠭ᠍ᠰᠠᠨ᠎ᠢᠶᠠᠷ᠂ ᠡᠨᠡ ᠬᠦ᠌《ᠪᠦᠯᠬᠦᠮᠳᠡᠯ᠎ᠦᠨ ᠳᠠᠭᠤᠤ》᠎ᠨᠢ《ᠶᠡᠷᠦᠩᠬᠡᠶ ᠱᠦᠵᠢ᠎ᠶ᠋ᠢᠨ ᠶᠠᠷᠢᠵᠤ ᠥᠩᠭᠡᠷᠡᠭ᠌ᠰᠡᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ》 ᠭᠡᠬᠦ᠌ ᠱᠢᠷᠢᠰ ᠬᠡᠦᠬᠡᠯᠳᠡᠢ ᠵᠦᠴᠦᠭᠡ᠎ᠡᠴᠡ ᠢᠷᠡᠯᠲᠡ᠎ᠲᠡᠶ᠂ ᠡᠭᠦᠨ᠎ᠳᠦ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠦᠷᠡᠴᠢᠯᠡᠨ ᠲᠡᠵᠢᠭᠡᠭᠰᠡᠨ》᠂ 《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠣᠯᠣᠳ ᠲᠡᠮᠦᠷ᠎ᠦᠨ ᠦᠢᠯᠡᠳᠪᠦᠷᠢ᠎ᠶ᠋ᠢ ᠪᠦᠲᠦᠭᠡᠨ ᠪᠠᠢᠭᠤᠯᠤᠭ᠍ᠰᠠᠨ》᠂ 《ᠲᠠᠯ᠎ᠠ ᠬᠥᠨᠵᠢᠯᠡ》 ᠵᠡᠷᠭᠡ ᠵᠢᠷᠭᠤᠭᠠᠨ ᠰᠣᠩᠭᠣᠳᠠᠭ ᠥᠯᠢᠭᠡᠷ ᠪᠠᠭ᠍ᠲᠠᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠢ ᠢᠳᠡᠪᠬᠢᠲᠡᠶ ᠬᠥᠲᠥᠯᠥᠨ ᠵᠢᠯᠣᠭᠣᠳᠴᠤ᠌ ᠪᠠᠢᠭᠠᠳ ᠳᠤᠮᠳᠠᠳᠤ᠎ᠶ᠋ᠢᠨ ᠰᠡᠳᠭᠢᠯ᠂ ᠳᠤᠮᠳᠠᠳᠤ᠎ᠶ᠋ᠢᠨ ᠰᠦᠭ ᠰᠦᠨᠡᠰᠦ᠎ᠶ᠋ᠢ ᠪᠠᠲᠤ ᠪᠠᠬᠢ ᠪᠣᠶ ᠪᠣᠯᠭᠠᠪᠠ᠃
ᠣᠢᠷ᠎ᠠ᠎ᠶ᠋ᠢᠨ ᠵᠢᠯ᠎ᠡᠴᠡ ᠨᠠᠭᠠᠰᠢ᠂ ᠰᠦᠩᠱᠠᠨ ᠲᠣᠭᠣᠷᠢᠭ᠎ᠤᠨ ᠭᠤᠷᠪᠠᠳᠤᠭᠠᠷ ᠬᠡᠦᠬᠡᠳ᠎ᠦᠨ ᠴᠡᠴᠡᠷᠯᠢᠭ ᠨᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠴᠡᠴᠡᠷᠯᠢᠭ᠎ᠤᠨ ᠰᠣᠶᠣᠯ᠎ᠳᠤ ᠠᠭᠤᠰᠤᠯᠴᠠᠭᠤᠯᠬᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠳᠤ ᠠᠭᠤᠰᠤᠯᠴᠠᠭᠤᠯᠬᠤ᠂ ᠬᠢᠴᠢᠶᠡᠯ᠎ᠦᠨ ᠭᠠᠳᠠᠨᠠᠬᠢ ᠠᠵᠢᠯᠯᠠᠭ᠎ᠠ᠎ᠳᠤ ᠠᠭᠤᠰᠤᠯᠴᠠᠭᠤᠯᠬᠤ᠎ᠶ᠋ᠢ ᠪᠠᠷᠢᠮᠲᠠᠯᠠᠵᠤ᠂ ᠬᠥᠮᠦᠨ ᠪᠦᠬᠦᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠳᠤ ᠣᠷᠣᠯᠴᠠᠬᠤ ᠰᠠᠢᠨ ᠰᠠᠢᠬᠠᠨ ᠠᠭᠤᠷ ᠠᠮᠢᠰᠭᠤᠯ᠎ᠢ ᠪᠦᠷᠢᠯᠳᠦᠭᠦᠯᠵᠦ᠍᠂ 《1 + 3 + 8》 ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ ᠵᠠᠭ᠍ᠪᠤᠷ᠎ᠢ ᠬᠡᠷᠡᠭ᠌ᠵᠢᠭᠦᠯᠬᠦ᠌᠎ᠶ᠋ᠢ ᠪᠠᠷᠢᠮᠲᠠᠯᠠᠪᠠ᠂ ᠲᠤᠬᠠᠢᠯᠠᠪᠠᠯ ᠨᠠᠮ᠎ᠤᠨ ᠵᠣᠬᠢᠶᠠᠨ ᠪᠠᠢᠭᠤᠯᠤᠯᠲᠠ᠎ᠪᠠᠷ ᠭᠤᠤᠯ ᠪᠣᠯᠭᠠᠵᠤ᠂ ᠴᠡᠴᠡᠷᠯᠢᠭ᠎ᠦᠨ ᠲᠠᠰ᠂ ᠳᠤᠮᠳᠠ ᠳᠠᠪᠬᠤᠷᠭ᠎ᠠ᠂ ᠣᠨ᠎ᠤ ᠭᠤᠷᠪᠠᠳᠤᠭᠠᠷ ᠳᠡᠰ᠎ᠤᠨ ᠬᠠᠮᠢᠶᠠᠷᠤᠯᠲᠠ᠎ᠶ᠋ᠢᠨ ᠱᠠᠲᠤᠯᠢᠭ ᠡᠩᠨᠡᠭᠡ᠎ᠶ᠋ᠢ ᠪᠠᠢᠭᠤᠯᠵᠤ᠂ ᠡᠩᠨᠡᠭᠡᠨ᠎ᠦ ᠪᠠᠢᠭᠤᠯᠤᠯᠲᠠ᠂ ᠵᠢᠭᠠᠨ ᠰᠤᠷᠭᠠᠯᠲᠠ᠎ᠶ᠋ᠢᠨ ᠬᠡᠷᠡᠭ᠌ᠵᠢᠭᠦᠯᠦᠯᠲᠡ ᠵᠡᠷᠭᠡ 8 ᠵᠦᠶ᠋ᠯ᠎ᠦᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠲᠣᠳᠣᠷᠬᠠᠢᠯᠠᠬᠤ᠎ᠶ᠋ᠢᠨ ᠬᠠᠮᠲᠤ ᠠᠵᠢᠯᠯᠠᠭ᠎ᠠ᠎ᠶ᠋ᠢᠨ ᠨᠠᠷᠢᠨ ᠲᠠᠩᠰᠠ᠎ᠶ᠋ᠢ ᠡᠮᠬᠢᠯᠡᠨ ᠪᠦᠷᠢᠯᠳᠦᠭᠦᠯᠪᠡ᠃ ᠡᠭᠦᠨ᠎ᠦ ᠬᠠᠮᠲᠤ᠂ ᠨᠠᠮ᠎ᠤᠨ ᠭᠡᠱᠢᠭᠦᠨ ᠭᠤᠤᠯᠯᠠᠭ᠍ᠴᠢ ᠪᠠᠭ᠍ᠰᠢ ᠪᠣᠯᠤᠨ ᠵᠠᠯᠠᠭᠤ ᠪᠠᠭ᠍ᠰᠢ᠎ᠶ᠋ᠢᠨ《ᠨᠢᠭᠤᠷᠳᠠᠨ》ᠤᠯᠠᠮᠵᠢᠯᠠᠬᠤ ᠬᠠᠪᠰᠤᠷᠬᠤ ᠳᠠᠭᠠᠭᠤᠯᠬᠤ᠎ᠪᠠᠷ ᠳᠠᠮᠵᠢᠭᠤᠯᠤᠨ᠂ 《ᠨᠠᠮ᠎ᠤᠨ ᠭᠡᠱᠢᠭᠦᠨ ᠲᠦᠷᠦᠭᠦᠯᠡᠨ᠂ ᠪᠥᠬᠥ᠌ ᠬᠥᠮᠦᠰ ᠣᠷᠣᠯᠴᠠᠭ᠍ᠰᠠᠨ》 ᠬᠥᠮᠦᠨ ᠬᠥᠮᠦᠵᠢᠭᠦᠯᠬᠦ᠌ ᠪᠠᠢᠷᠢᠱᠢᠯ᠎ᠢ ᠪᠣᠶ ᠪᠣᠯᠭᠠᠵᠤ᠂ ᠬᠥᠮᠦᠵᠢᠯ ᠦᠶ᠋ᠯᠡᠳᠦᠯᠭᠡ᠎ᠶ᠋ᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠪᠡ᠃
《ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ ᠪᠣᠯ ᠶᠡᠬᠡ ᠰᠡᠳᠦᠪ᠂ ᠪᠠᠭ᠍ᠰᠢ ᠨᠠᠷ ᠥᠩᠭᠡᠷᠡᠭ᠌ᠰᠡᠨ᠎ᠳᠦ ᠶᠠᠭᠠᠬᠢᠵᠤ ᠭᠠᠷᠳᠠᠬᠤ ᠪᠡᠨ ᠮᠡᠳᠡᠬᠦ᠌ ᠦᠭᠡᠢ ᠪᠠᠢᠪᠠ᠂ ᠤᠳᠤ ᠪᠢᠳᠡ ᠶᠡᠬᠡ ᠰᠡᠳᠦᠪ᠎ᠢ ᠪᠠᠭ᠎ᠠ ᠡᠭᠦᠷᠭᠡ ᠪᠣᠯᠭᠠᠨ ᠵᠠᠳᠠᠯᠵᠤ᠂ ᠰᠠᠷ᠎ᠠ ᠪᠦᠷᠢ ᠶᠠᠭᠤ ᠬᠢᠬᠦ᠌᠂ ᠰᠤᠷᠤᠯᠭ᠎ᠠ᠎ᠶ᠋ᠢᠨ ᠬᠤᠭᠤᠴᠠᠭ᠎ᠠ ᠪᠦᠷᠢ ᠶᠠᠭᠤ ᠬᠢᠬᠦ᠌᠂ ᠶᠠᠮᠠᠷ ᠠᠵᠢᠯᠯᠠᠭ᠎ᠠ ᠥᠷᠨᠢᠭᠦᠯᠬᠦ᠌᠎ᠪᠡᠨ ᠲᠣᠪ ᠲᠣᠳᠣᠷᠬᠠᠢ ᠪᠣᠯᠭᠠᠪᠠ》᠃ ᠬᠥᠩ ᠱᠢᠶᠠᠨ ᠵᠢᠶᠦ᠋ᠨ ᠳᠡᠳ᠋ ᠱᠦᠵᠢ᠂ 《ᠬᠠᠲᠠᠭᠤ ᠴᠢᠩᠭ᠎ᠠ》 ᠠᠵᠢᠯ᠎ᠤᠨ ᠲᠣᠭ᠍ᠲᠡᠴᠡ᠎ᠶ᠋ᠢᠨ ᠡᠴᠦᠰ᠎ᠦᠨ ᠲᠤᠰᠤᠯᠲᠠ ᠪᠣᠯ ᠰᠤᠷᠭᠠᠨ ᠬᠥᠮᠦᠵᠢᠯ᠎ᠦᠨ ᠪᠣᠳᠠᠲᠤ ᠪᠦᠲᠦᠮᠵᠢ ᠮᠥᠨ ᠬᠡᠪᠡ᠃
ᠲᠠᠪᠤᠨ ᠣᠳᠣᠲᠤ ᠤᠯᠠᠭᠠᠨ ᠲᠣᠭ᠎ᠤᠨ ᠵᠢᠷᠤᠭ᠂ ᠨᠠᠷᠢᠨ ᠬᠢᠨᠠᠮᠠᠭᠠᠢ ᠭᠠᠷ ᠤᠷᠠᠯᠠᠯ ᠬᠢᠵᠤ ᠪᠠᠢᠭ᠎ᠠ ᠨᠢᠯᠬᠠᠰᠠᠭ ᠴᠢᠷᠠᠶ᠂ ᠬᠦᠡᠭᠭᠡᠨ ᠵᠦᠭᠡᠯᠡᠨ ᠠᠢᠵᠠᠮ ᠴᠤᠬᠢᠯᠭ᠎ᠠ ᠲᠠᠢ ᠦᠨᠳᠦᠰᠦᠲᠡᠨ᠎ᠦ ᠪᠥᠵᠢᠭ ᠁ ᠬᠡᠦᠬᠡᠳ᠎ᠦᠨ ᠴᠡᠴᠡᠷᠯᠢᠭ᠎ᠲᠦ ᠣᠷᠣᠬᠤ᠎ᠳᠤ ᠪᠦᠯᠬᠦᠮᠳᠡᠯ᠎ᠦᠨ ᠠᠭᠤᠯᠭ᠎ᠠ ᠨᠢ ᠴᠡᠴᠡᠷᠯᠢᠭ ᠡᠷᠭᠢᠯᠡᠬᠦ᠌ ᠡᠯ᠎ᠡ ᠲᠠᠯ᠎ᠠ᠎ᠳᠤ ᠠᠭᠤᠯᠤᠭ᠍ᠳᠠᠵᠤ ᠪᠠᠢᠳᠠᠭ᠃ ᠭᠠᠷᠠᠭ ᠪᠦᠷᠢ᠎ᠶ᠋ᠢᠨ ᠲᠠᠪᠤᠨ᠎ᠤ ᠦᠳᠡ᠎ᠶ᠋ᠢᠨ ᠬᠣᠢᠨ᠎ᠠ᠂ 《ᠦᠨᠳᠦᠰᠦᠲᠡᠨ᠎ᠦ ᠠᠮᠲᠠᠲᠤ ᠢᠳᠡᠭᠡᠨ᠎ᠦ ᠦᠢᠯᠡᠳᠭᠡᠯ》 ᠬᠥᠭ᠌ᠵᠢᠶᠡᠨᠲᠡᠢ ᠡᠬᠢᠯᠡᠳᠡᠭ᠃ ᠬᠡᠦᠬᠡᠳ᠎ᠦᠳ ᠬᠣᠷᠮᠣᠢᠪᠴᠢᠪᠦᠰᠡᠯᠡᠨ᠂ ᠪᠠᠭ᠍ᠰᠢ᠎ᠶ᠋ᠢᠨ ᠵᠢᠯᠣᠭᠣᠳᠤᠯᠭ᠎ᠠ ᠳᠤᠤᠷ᠎ᠠ ᠣᠨᠴᠠᠯᠢᠭ᠎ᠲᠠᠶ ᠭᠤᠯᠢᠷ ᠢᠳᠡᠭᠡᠨᠬᠢᠨᠡ᠃ 《ᠪᠢ ᠬᠤᠷᠤᠳ ᠬᠢᠬᠦ᠌ ᠬᠠᠮᠤᠭ ᠳᠤᠷᠠᠲᠠᠢ᠂ ᠵᠥᠭᠡᠯᠡᠨ᠂ ᠠᠮᠲᠠᠲᠠᠢ!》 ᠴᠡᠴᠡᠷᠯᠢᠭ᠎ᠤᠨ ᠶᠡᠬᠡ ᠠᠩᠭᠢ᠎ᠶ᠋ᠢᠨ ᠬᠡᠦᠬᠡᠳ ᠤᠴᠠᠷᠠᠯ ᠬᠡᠯᠡᠬᠦ᠎ᠵᠢᠨ ᠳᠠᠭᠠᠤ ᠥᠪᠡᠷ᠎ᠦᠨ 《ᠪᠦᠲᠦᠭᠡᠯ》 ᠵᠢᠡᠨ ᠳᠡᠯᠭᠡᠨ ᠦᠵᠡᠭᠦᠯᠦᠨ᠎ᠡ᠃ 《ᠬᠡᠦᠬᠡᠳ᠎ᠦᠳ ᠭᠠᠷ ᠤᠷᠠᠯᠠᠯ᠎ᠤᠨ ᠬᠢᠴᠢᠶᠡᠯ᠎ᠳᠦ ᠮᠠᠰᠢ ᠳᠤᠷᠠᠲᠠᠶ᠂ ᠭᠠᠷ ᠬᠥᠳᠡᠯᠬᠦ᠌ ᠶᠠᠪᠤᠴᠠ᠎ᠳᠤ᠂ ᠠᠶᠠᠨ᠎ᠳᠠᠭᠠᠨ ᠠᠳᠠᠯᠢ ᠪᠤᠰᠤ ᠦᠨᠳᠦᠰᠦᠲᠡᠨ᠎ᠦ ᠢᠳᠡᠭᠡᠨ ᠤᠮᠳᠠᠭᠠᠨ᠎ᠤ ᠰᠣᠶᠣᠯ᠎ᠢ ᠣᠢᠯᠠᠭᠠᠨ᠎ᠠ》᠃ ᠰᠧ ᠶᠤᠸᠠᠨ ᠪᠠᠭ᠍ᠰᠢ᠄ 《ᠪᠢᠳᠡ ᠪᠠᠰᠠ ᠬᠠᠷᠢᠶ᠎ᠠ ᠣᠷᠣᠨ᠎ᠤ ᠬᠠᠮ ᠳᠡᠯᠭᠡᠭᠦᠷ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠶ᠋ᠯᠡᠳᠭᠡᠯ᠎ᠦᠨ ᠭᠠᠵᠠᠷ᠎ᠲᠠᠶ ᠬᠠᠮᠲᠤᠷᠠᠨ 〈ᠪᠢᠴᠢᠬᠠᠨ ᠪᠠᠷᠠᠭ᠎ᠠ ᠬᠤᠳᠠᠯᠳᠤᠭ᠍ᠴᠢ〉 〈ᠪᠢᠴᠢᠬᠠᠨ ᠢᠳᠡᠭᠡᠨ ᠠᠮᠲᠠᠯᠠᠭᠴᠢ〉 〈ᠪᠢᠴᠢᠬᠠᠨ ᠤᠯᠠᠮᠵᠢᠯᠠᠭ᠍ᠴᠢ〉 ᠵᠡᠷᠭᠡ ᠱᠢᠷᠢᠰ ᠬᠢᠴᠢᠶᠡᠯ᠎ᠢ ᠨᠡᠭᠡᠭᠡᠵᠡᠢ᠂ ᠬᠡᠦᠬᠡᠳ᠎ᠦᠳ ᠮᠠᠰᠢ ᠳᠤᠷᠠᠲᠠᠶ ᠪᠠᠢᠵᠤ᠂ ᠪᠢᠳᠡᠨ᠎ᠦ ᠦᠷ᠎ᠡ ᠪᠦᠲᠦᠭᠡᠯ ᠴᠦ᠍ ᠮᠠᠰᠢ ᠪᠠᠶᠠᠯᠢᠭ ᠪᠤᠯᠵᠠᠢ》 ᠭᠡᠪᠡ᠃
ᠡᠬᠦᠨ᠎ᠤ ᠰᠠᠭᠤᠷᠢᠨ ᠳᠡᠬᠡᠷ᠎ᠠ ᠰᠦᠩᠱᠠᠨ ᠲᠣᠭᠣᠷᠢᠭ᠎ᠤᠨ ᠭᠤᠷᠪᠠᠳᠤᠭᠠᠷ ᠬᠡᠦᠬᠡᠳ᠎ᠦᠨ ᠴᠡᠴᠡᠷᠯᠢᠭ᠎ᠦᠨ ᠬᠢᠨ ᠬᠢᠴᠢᠶᠡᠯ᠎ᠦᠨ ᠵᠢᠷᠤᠭ ᠲᠥᠯᠥᠪᠯᠡᠭᠡ᠎ᠶ᠋ᠢ ᠰᠡᠳᠭᠢᠯ ᠲᠠᠯᠪᠢᠵᠤ ᠬᠢᠭᠰᠡᠨ ᠪᠠᠢᠨ᠎ᠠ᠃
— 《ᠲᠣᠭ᠍ᠯᠠᠭᠠᠮ + ᠪᠡᠶᠡᠴᠢᠯᠡᠨ ᠣᠢᠯᠠᠭᠠᠬᠤ》 ᠬᠡᠯᠪᠡᠷᠢ᠎ᠪᠡᠷ 《ᠨᠤᠲᠤᠭ ᠤᠰᠤ᠎ᠪᠠᠨ ᠬᠠᠢᠷᠠᠯᠠᠬᠤ᠂ ᠡᠬᠡ ᠤᠯᠤᠰ᠎ᠢᠶᠠᠨ ᠬᠠᠢᠷᠠᠯᠠᠬᠤ᠂ ᠪᠦᠯᠬᠦᠮᠳᠡᠯ᠎ᠢ ᠠᠬᠢᠭᠤᠯᠬᠤ》 ᠭᠣᠣᠯ ᠱᠢᠵᠢᠮ᠎ᠦᠨ ᠲᠣᠭᠣᠷᠢᠨ᠎ᠳᠤ 《ᠤᠯᠠᠭᠠᠨᠬᠠᠳᠠ ᠲᠠ ᠰᠠᠢᠨ ᠦᠦ》ᠭᠡᠬᠦ ᠭᠣᠣᠯ ᠰᠡᠳᠦᠪᠲᠦ ᠬᠢᠴᠢᠶᠡᠯ᠎ᠢ ᠨᠡᠭᠡᠭᠡᠨ ᠬᠥᠭ᠌ᠵᠢᠭᠦᠯᠵᠦ᠍᠂ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠢᠯ᠂ ᠠᠷᠠᠳ᠎ᠤᠨ ᠵᠠᠩ ᠦᠢᠯᠡ᠎ᠶ᠋ᠢᠨ ᠰᠣᠶᠣᠯ ᠵᠡᠷᠭᠡ ᠡᠯᠧᠮᠧᠨ᠋ᠲ᠎ᠢ ᠡᠳᠦᠷ ᠲᠤᠲᠤᠮ᠎ᠤᠨ ᠵᠢᠭᠠᠨ ᠰᠤᠷᠭᠠᠯᠲᠠ᠎ᠳᠤ ᠣᠷᠭᠠᠨᠢᠭ᠎ᠢᠶᠠᠷ ᠠᠭᠤᠰᠤᠯᠴᠠᠭᠤᠯᠵᠤ᠂ ᠰᠣᠨᠢᠷᠬᠠᠯᠲᠠᠢ ᠬᠤᠷᠰᠢᠯᠴᠠᠯ ᠳᠤᠮᠳᠠ ᠡᠯ᠎ᠡ ᠦᠨᠳᠦᠰᠦᠲᠡᠨ᠎ᠦ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠦᠨ᠎ᠡ᠃
— ᠴᠠᠭᠠᠨ ᠰᠠᠷ᠎ᠠ᠂ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠂ ᠨᠠᠭᠠᠳᠤᠮ ᠵᠡᠷᠭᠡ ᠤᠯᠠᠮᠵᠢᠯᠠᠯᠲᠤ ᠪᠠᠶᠠᠷ᠎ᠤᠨ ᠡᠳᠦᠷ ᠪᠠ ᠬᠣᠷᠢᠨ ᠳᠥᠷᠪᠡᠨ ᠴᠠᠭ ᠤᠯᠠᠷᠢᠯ᠎ᠲᠠᠶ ᠤᠶᠠᠯᠳᠤᠭᠤᠯᠤᠨ᠂ ᠲᠣᠰ ᠬᠡᠦᠬᠡᠳ᠎ᠦᠨ ᠴᠡᠴᠡᠷᠯᠢᠭ 《ᠠᠨᠠᠷ᠎ᠤᠨ ᠴᠡᠴᠡᠭ ᠳᠡᠯᠭᠡᠷᠡᠬᠦ᠌》 ᠱᠢᠷᠢᠰ ᠬᠢᠴᠢᠶᠡᠯ ᠤᠷᠤᠵᠤ᠂ ᠠᠮᠲᠠᠲᠤ ᠢᠳᠡᠭᠡᠨ ᠦᠶ᠋ᠯᠡᠳᠬᠦ᠌᠂ ᠤᠯᠠᠮᠵᠢᠯᠠᠯᠲᠤ ᠭᠠᠷ ᠤᠷᠠᠯᠠᠯ᠎ᠢ ᠪᠡᠶᠡᠴᠢᠯᠡᠨ ᠣᠢᠯᠠᠭᠠᠬᠤ ᠵᠡᠷᠭᠡ ᠦᠶ᠋ᠯᠡᠳᠦᠯᠭᠡ᠎ᠶ᠋ᠢᠨ ᠠᠵᠢᠯᠯᠠᠭ᠎ᠠ ᠥᠷᠨᠢᠭᠦᠯᠵᠦ᠍᠂ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠦᠭᠡ ᠬᠡᠯᠡ᠂ ᠱᠢᠨᠵᠢᠯᠡᠬᠦ᠌ ᠤᠬᠠᠭᠠᠨ᠂ ᠤᠷᠠᠯᠢᠭ ᠵᠡᠷᠭᠡ ᠡᠯ᠎ᠡ ᠬᠦᠷᠢᠶᠡᠨ᠎ᠦ ᠵᠢᠭᠠᠨ ᠰᠤᠷᠭᠠᠯᠲᠠ᠎ᠳᠤ ᠪᠥᠬᠥ᠌ ᠲᠠᠯ᠎ᠠ᠎ᠪᠠᠷ ᠠᠭᠤᠰᠭᠠᠨ ᠣᠷᠣᠭᠤᠯᠵᠤ᠂ ᠬᠡᠦᠬᠡᠳ ᠤᠨ 《ᠲᠠᠪᠤᠨ ᠬᠠᠮᠲᠤ᠎ᠶ᠋ᠢᠨ ᠲᠠᠨᠢᠯᠲᠠ》 ᠶ᠋ᠢ ᠪᠠᠲᠤᠳᠭᠠᠪᠠ᠃
《ᠪᠢᠳᠡ ᠬᠡᠦᠬᠡᠳᠦᠨᠵᠢᠡᠨ ᠡᠷᠡᠭᠦᠯ᠎ᠢᠶᠡᠷ ᠦᠰᠦᠨ ᠪᠣᠢᠵᠢᠵᠤ᠂ ᠪᠠᠶᠠᠷ ᠬᠦᠷ᠎ᠲᠡᠶ ᠦᠰᠦᠨ ᠪᠣᠢᠵᠢᠬᠤ᠎ᠶ᠋ᠢ ᠬᠠᠮᠤᠭ᠎ᠡᠴᠡ ᠢᠯᠡᠭᠦᠦ ᠬᠦᠰᠡᠳᠡᠭ᠂ ᠬᠡᠦᠬᠡᠳ ᠴᠡᠴᠡᠷᠯᠢᠭᠲᠡᠭᠡᠨ ᠠᠳᠠᠯᠢ ᠪᠤᠰᠤ ᠦᠨᠳᠦᠰᠦᠲᠡᠨ᠎ᠦ ᠰᠠᠢ᠌ᠨ ᠨᠠᠢᠵᠠ᠎ᠲᠠᠶ ᠲᠠᠨᠢᠯᠴᠠᠵᠤ᠂ ᠦᠨᠳᠦᠰᠦᠲᠡᠨ᠎ᠦ ᠪᠦᠯᠬᠦᠮᠳᠡᠯ᠎ᠦᠨ ᠦᠢᠯᠡᠳᠦᠯᠭᠡ᠎ᠶ᠋ᠢᠨ ᠠᠵᠢᠯᠯᠠᠭ᠎ᠠ᠎ᠳᠤ ᠣᠷᠣᠯᠴᠠᠵᠤ᠂ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ᠎ᠢᠶᠠᠷ ᠲᠣᠭᠣᠷᠢᠨ ᠦᠵᠡᠵᠦ᠍᠂ ᠪᠠᠭᠠᠲᠤᠷᠯᠢᠭ ᠦᠢᠯᠡ ᠠᠵᠢᠯᠯᠠᠭ᠎ᠠ᠎ᠶ᠋ᠢ ᠣᠢᠯᠠᠭᠠᠵᠦ ᠪᠠᠢᠨ᠎ᠠ ᠁ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠬᠡᠦᠬᠡᠳ ᠪᠠᠭᠠᠴᠤᠳ᠎ᠡᠴᠡ ᠡᠬᠢᠯᠡᠨ ᠠᠳᠭᠤᠬᠤ ᠬᠡᠷᠡᠭ᠌ᠲᠡᠢ!》 ᠭᠡᠵᠦ ᠭᠡᠷ᠎ᠦᠨ ᠠᠬᠠᠮᠠᠳ ᠴᠧᠨ ᠬᠠᠨ ᡁᠢ ᠬᠡᠯᠡᠪᠡ᠃
ᠱᠢᠷᠢᠰ ᠬᠢᠴᠢᠶᠡᠯ ᠨᠡᠬᠡᠬᠡᠬᠦ ᠪᠡᠷ ᠳᠠᠮᠵᠢᠨ ᠰᠦᠩᠱᠠᠨ ᠲᠣᠭᠣᠷᠢᠭ᠎ᠤᠨ ᠭᠤᠷᠪᠠᠳᠤᠭᠠᠷ ᠬᠡᠦᠬᠡᠳ᠎ᠦᠨ ᠴᠡᠴᠡᠷᠯᠢᠭ ᠨᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌᠎ᠶ᠋ᠢᠨ ᠬᠠᠮᠲᠤ ᠰᠤᠷᠭᠠᠨ ᠬᠥᠮᠦᠵᠢᠯ᠎ᠢ ᠴᠡᠴᠡᠷᠯᠢᠭ᠎ᠡᠴᠡ ᠬᠡᠷ ᠪᠦᠯᠢ᠂ ᠨᠡᠢᠭᠡᠮ᠎ᠳᠦ ᠬᠦᠷᠲᠡᠯ᠎ᠡ ᠥᠷᠭᠡᠳᠭᠡᠵᠦ᠍᠂ 《ᠴᠡᠴᠡᠷᠯᠢᠭ ᠬᠥᠲᠥᠯᠥᠨ ᠳᠠᠭᠠᠭᠤᠯᠬᠤ᠂ ᠬᠡᠷ ᠪᠦᠯᠢ ᠣᠷᠣᠯᠴᠠᠬᠤ᠂ ᠨᠡᠢᠭᠡᠮ ᠳᠡᠮᠵᠢᠯᠭᠡ ᠦᠵᠡᠭᠦᠯᠬᠦ᠌》 ᠬᠥᠮᠦᠨ ᠬᠥᠮᠦᠵᠢᠭᠦᠯᠬᠦ᠌ ᠪᠢᠲᠡᠭᠦᠦ ᠴᠠᠭᠠᠷᠢᠭ᠎ᠢ ᠪᠦᠷᠢᠯᠳᠦᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃
《ᠡᠨᠡ ᠪᠣᠯ ᠳᠠᠷᠤᠶ ᠪᠢᠳᠡᠨ᠎ᠦ ᠬᠦᠰᠡᠵᠦ᠍ ᠪᠠᠢᠭ᠎ᠠ ᠦᠷ᠎ᠡ ᠪᠦᠲᠦᠮᠵᠢ ᠮᠥᠨ》 ᠴᠡᠴᠡᠷᠯᠢᠭ᠎ᠦᠨ ᠳᠠᠷᠤᠭ᠎ᠠ ᠸᠠᠩ ᠶᠠ ᠵᠧᠨ᠂ ᠰᠤᠷᠭᠠᠭᠤᠯᠢ᠎ᠨᠢ ᠦᠨᠳᠦᠰᠦᠲᠡᠨ᠎ᠦ ᠪᠦᠯᠬᠦᠮᠳᠡᠯ᠎ᠦᠨ《ᠠᠸ᠋ᠭ᠎ᠠ ᠶᠡᠬᠡ ᠬᠦᠦᠷᠨᠢᠯ》 ᠢ᠋ ᠬᠡᠦᠬᠡᠳ᠎ᠦᠳ᠎ᠦᠨ ᠮᠡᠳᠡᠵᠦ᠍ ᠣᠢᠯᠠᠭᠠᠭᠤᠱᠢᠲᠠᠶ 《ᠬᠠᠯᠠᠭᠤᠨ ᠳᠤᠯᠠᠭᠠᠨ ᠡᠳᠦᠷ ᠲᠤᠲᠤᠮ᠎ᠤᠨ ᠶᠠᠪᠤᠳᠠᠯ》 ᠪᠣᠯᠭᠠᠨ ᠬᠤᠪᠢᠷᠠᠭᠤᠯᠵᠤ᠂ ᠵᠦᠭᠡᠯᠡᠨ ᠬᠤᠷ᠎ᠠ ᠲᠦᠮᠡᠨ ᠪᠤᠳᠠᠰ᠎ᠢ ᠤᠮᠳᠠᠯᠠᠬᠤ ᠮᠡᠳᠦ ᠪᠡᠷ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠦᠷᠡᠴᠢᠯᠡᠨ ᠲᠡᠵᠢᠭᠡᠭᠰᠡᠨ》 ᠭᠦᠨ ᠰᠡᠳᠭᠢᠯᠭᠡ᠎ᠶ᠋ᠢ ᠣᠢᠯᠠᠭᠠᠭᠤᠯᠵᠤ᠂ ᠬᠡᠷ ᠪᠦᠯᠢ ᠪᠤᠯᠭᠠᠨ 《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠳᠠᠭᠠᠬᠤ》 ᠬᠠᠮᠲᠤ᠎ᠶ᠋ᠢᠨ ᠲᠠᠨᠢᠯᠲᠠ ᠲᠠᠢ ᠪᠤᠯᠵᠦ᠂ ᠬᠡᠷᠡᠮ ᠬᠠᠨ᠎ᠠ ᠳᠡᠬᠡᠷᠡᠬᠢ ᠦᠯᠢᠬᠡᠷ ᠪᠤᠯᠤᠨ ᠭᠠᠷ ᠤᠷᠠᠯᠠᠯ᠎ᠤᠨ ᠪᠦᠳᠦᠬᠡᠯ ᠨᠢ ᠵᠥᠪᠬᠡᠨ ᠴᠡᠴᠡᠷᠯᠢᠭ᠎ᠦᠨ ᠣᠷᠴᠢᠨ ᠲᠣᠭᠣᠷᠢᠨ᠎ᠤ ᠴᠢᠮᠡᠭ ᠲᠡᠳᠦᠶ ᠪᠢᠰᠢ᠂ ᠬᠠᠷᠢᠨ ᠦᠨᠳᠦᠰᠦᠲᠡᠨ᠎ᠦ ᠪᠦᠯᠬᠦᠮᠳᠡᠯ᠎ᠢ ᠦᠶ᠎ᠡ᠎ᠶ᠋ᠢᠨ ᠦᠶ᠎ᠡ᠎ᠳᠡᠭᠡᠨ ᠤᠯᠠᠮᠵᠢᠯᠠᠬᠤ ᠠᠮᠢᠳᠤᠯᠢᠭ ᠲᠠᠢᠯᠪᠤᠷᠢ ᠪᠣᠯᠵᠠᠶ ᠭᠡᠵᠦ ᠬᠡᠯᠡᠪᠡ᠃