ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠴᠢᠨᠠᠬᠰᠢᠲᠠ ᠠᠬᠢᠭᠤᠯᠬᠤ᠎ᠶ᠋ᠢᠨ ᠲᠥᠯᠥᠭᠡ ᠤᠢᠷ᠎ᠠ᠎ᠳᠤ᠂ ᠬᠦᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ᠎ᠬᠢᠨ ᠬᠦᠬᠡᠬᠣᠲᠠ ᠶ᠋ᠢᠨ ᠪᠡᠶ᠎ᠡ ᠶ᠋ᠢᠨ ᠲᠠᠮᠢᠷ ᠤᠨ ᠲᠣᠪᠴᠢᠶ᠎ᠠ᠎ᠳᠤ ᠬᠦᠷᠴᠦ᠍᠂ ᠵᠡᠮᠳᠡᠭ᠌ᠴᠦᠳ᠎ᠦᠨ ᠪᠡᠶ᠎ᠡ ᠶ᠋ᠢᠨ ᠲᠠᠮᠢᠷ ᠤᠨ ᠭᠤᠤᠯᠳᠠᠯᠭ᠎ᠠ᠎ᠲᠠᠶ ᠠᠵᠢᠯ᠎ᠤᠨ ᠲᠤᠬᠠᠶ ᠰᠠᠨᠠᠯ᠎ᠢᠶᠠᠨ ᠰᠣᠯᠢᠯᠴᠠᠪᠠ᠃
ᠶᠠᠷᠢᠯᠴᠠᠬᠤ ᠬᠤᠷᠠᠯ ᠳᠡᠭᠡᠷ᠎ᠡ᠂ ᠬᠦᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭᠠᠡᠴᠠ ᠬᠥᠬᠡᠬᠣᠲᠠ᠎ᠶ᠋ᠢᠨ ᠵᠡᠮᠳᠡᠭ ᠲᠠᠮᠢᠷᠴᠢᠳ ᠤᠨ ᠵᠡᠮᠳᠡᠭ᠌ᠴᠦᠳ ᠦᠨ ᠣᠯᠢᠮᠫᠢᠺ ᠤᠨ ᠲᠠᠮᠢᠷ᠎ᠤᠨ ᠴᠤᠭ᠍ᠯᠠᠭᠠᠨ᠂ ᠪᠥᠬᠥ᠌ ᠤᠯᠤᠰ᠎ᠤᠨ ᠵᠡᠮᠳᠡᠭ᠌ᠴᠦᠳ᠎ᠦᠨ ᠪᠡᠶ᠎ᠡ᠎ᠵᠢᠨ ᠲᠠᠮᠢᠷ ᠤᠨ ᠴᠤᠭ᠍ᠯᠠᠭᠠᠨ ᠳᠡᠭᠡᠷ᠎ᠡ ᠣᠯᠤᠭ᠍ᠰᠠᠨ ᠠᠮᠵᠢᠯᠲᠠ ᠪᠦᠲᠦᠮᠵᠢ ᠵᠢᠴᠢ ᠲᠠᠷᠠᠭᠠᠴᠢ ᠶ᠋ᠢᠨ ᠠᠯᠬᠤᠮ ᠤᠨ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠲᠡᠭᠦᠯᠳᠡᠷᠵᠢᠭᠦᠯᠬᠦ᠌᠂ ᠵᠡᠮᠳᠡᠭ ᠲᠠᠮᠢᠷᠴᠢᠳ᠎ᠢ ᠬᠥᠮᠦᠵᠢᠭᠦᠯᠬᠦ᠌᠂ ᠪᠥᠬᠥ᠌ ᠣᠷᠣᠨ᠎ᠤ ᠳᠣᠯᠣᠳᠤᠭᠠᠷ ᠬᠤᠭᠤᠴᠠᠭᠠᠨ ᠤ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠪᠡᠯᠡᠳᠭᠡᠯ ᠬᠢᠬᠦ ᠲᠤᠬᠠᠢ ᠠᠵᠢᠯ ᠤᠨ ᠲᠣᠬᠢᠷᠠᠭᠤᠯᠤᠯᠲᠠ ᠵᠢ ᠲᠠᠨᠢᠯᠴᠠᠭᠤᠯᠪᠠ᠃ ᠬᠦᠬᠡᠬᠣᠲᠠ᠎ᠶ᠋ᠢᠨ ᠪᠡᠶ᠎ᠡ ᠶ᠋ᠢᠨ ᠲᠠᠮᠢᠷ ᠤᠨ ᠲᠣᠪᠴᠢᠶ᠎ᠠ ᠶ᠋ᠢᠨ ᠭᠤᠤᠯ ᠬᠠᠷᠢᠭᠤᠴᠠᠯᠭᠠᠲᠠᠨ ᠡᠴᠡ᠂ ᠬᠤᠢᠰᠢᠲᠠ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠳᠡᠮᠵᠢᠵᠦ᠍᠂ ᠣᠲᠣ᠎ᠶ᠋ᠢᠨ ᠪᠠᠢᠭ᠎ᠠ ᠲᠠᠯᠠᠪᠤᠷ ᠭᠠᠵᠠᠷ᠂ ᠳᠠᠰᠭᠠᠯᠵᠢᠭᠤᠯᠤᠭ᠍ᠴᠢ᠂ ᠪᠣᠯᠪᠠᠰᠤᠷᠠᠯ᠎ᠤᠨ ᠡᠬᠢ ᠪᠠᠶᠠᠯᠢᠭ ᠵᠢᠡᠨ ᠭᠦᠶ᠋ᠴᠡᠳ ᠳᠠᠢᠴᠢᠯᠠᠵᠤ᠂ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ ᠤᠨ ᠰᠠᠭᠤᠷᠢᠨ ᠢ ᠬᠠᠮᠲᠤ᠎ᠪᠠᠷ ᠪᠠᠢᠭᠤᠯᠵᠤ᠂ ᠵᠡᠮᠳᠡᠭ ᠲᠠᠮᠢᠷᠴᠢᠳ᠎ᠢ 《ᠱᠢᠯᠭᠠᠷᠠᠭᠤᠯᠬᠤ — ᠪᠣᠯᠪᠠᠰᠤᠷᠠᠭᠤᠯᠬᠤ — ᠪᠠᠲᠤᠯᠠᠬᠤ》 ᠪᠥᠬᠥ᠌ ᠬᠡᠯᠬᠢᠶᠡᠨ᠎ᠦ ᠲᠣᠭ᠍ᠲᠠᠴᠠ᠎ᠶ᠋ᠢ ᠪᠦᠷᠢᠨᠱᠢᠭᠦᠯᠵᠦ᠍᠂ ᠵᠡᠮᠳᠡᠭ ᠲᠠᠮᠢᠷᠴᠢᠳ᠎ᠤᠨ ᠪᠥᠬᠥ᠌ ᠣᠷᠣᠨ᠎ᠤ ᠳᠣᠯᠣᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠳᠠᠬᠢᠨᠲᠠ ᠬᠡᠷᠡᠯ ᠰᠠᠴᠤᠷᠠᠩᠭᠤᠶ ᠠᠮᠵᠢᠯᠲᠠ ᠤᠯᠬᠤ᠎ᠳᠤ ᠬᠦᠴᠦᠨ ᠨᠡᠮᠡᠷᠢᠯᠡᠨ᠎ᠡ ᠭᠡᠵᠦ᠍ ᠢᠯᠡᠳᠭᠡᠪᠡ᠃
ᠡᠭᠦᠨ᠎ᠡᠴᠡ ᠭᠠᠳᠠᠨ᠎ᠠ᠂ ᠬᠣᠶᠠᠷ ᠲᠠᠯ᠎ᠠ᠎ᠪᠠᠷ᠎ᠢᠶᠠᠨ ᠪᠠᠰᠠ ᠤᠯᠤᠰ ᠤᠨ ᠲᠠᠰ᠎ᠤᠨ ᠵᠡᠮᠳᠡᠭ᠌ᠴᠦᠳ ᠦᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠰᠠᠭᠤᠷᠢᠨ ᠢ ᠬᠦᠬᠡᠬᠤᠲᠠ᠎ᠳᠤ ᠨᠤᠲᠤᠬᠰᠢᠭᠤᠯᠬᠤ᠂ ᠪᠥᠬᠥ᠌ ᠤᠯᠤᠰ᠎ᠤᠨ ᠵᠡᠮᠳᠡᠭ᠌ᠴᠦᠳ᠎ᠦᠨ ᠮᠠᠷᠠᠽᠤᠨᠤ ᠤᠷᠤᠯᠳᠤᠭᠠᠨ ᠵᠡᠷᠭᠡ᠎ᠶ᠋ᠢ ᠳᠠᠭᠠᠭᠠᠨ ᠡᠷᠭᠢᠯᠡᠬᠦ᠌ ᠲᠤᠬᠠᠶ ᠰᠠᠨᠠᠯ᠎ᠢᠶᠠᠨ ᠰᠣᠯᠢᠯᠴᠠᠵᠤ᠂ ᠰᠠᠭᠠᠳ ᠥᠬᠡᠶ ᠣᠷᠴᠢᠨ ᠲᠣᠭᠣᠷᠢᠨ᠎ᠢ ᠰᠠᠢᠵᠢᠷᠠᠭᠤᠯᠬᠤ᠂ ᠤᠷᠤᠯᠳᠤᠭᠠᠨ᠎ᠤ ᠪᠡᠯᠡᠳᠭᠡᠯ᠂ ᠠᠮᠤᠷ ᠲᠦᠪᠱᠢᠨ᠎ᠦ ᠪᠠᠲᠤᠯᠠᠭ᠎ᠠ᠂ ᠤᠷᠤᠯᠳᠤᠭᠠᠨ᠎ᠳᠤ ᠣᠷᠣᠯᠴᠠᠬᠤ ᠬᠢᠷᠢ ᠬᠡᠮ᠎ᠢ ᠬᠢᠨᠠᠨ ᠬᠠᠷᠭᠤᠭᠤᠯᠬᠤ ᠵᠡᠷᠭᠡ ᠨᠠᠷᠢᠨ ᠵᠦᠶ᠋ᠯᠡᠰ᠎ᠦᠨ ᠲᠣᠭᠣᠷᠢᠨ ᠳᠤ ᠠᠵᠢᠯ ᠤᠨ ᠬᠤᠪᠢᠶᠠᠷᠢᠯᠠᠯ᠎ᠢᠶᠠᠨ ᠲᠣᠳᠣᠷᠬᠠᠢᠯᠠᠵᠤ᠂ ᠬᠠᠷᠢᠭᠤᠴᠠᠯᠭ᠎ᠠ᠎ᠪᠠᠨ ᠪᠣᠳᠠᠲᠠᠢᠵᠢᠭᠤᠯᠵᠤ᠂ ᠬᠠᠮᠢᠶ᠎ᠠ ᠪᠥᠬᠥᠶ ᠠᠵᠢᠯ᠎ᠢ ᠡᠮᠬᠢ ᠵᠢᠷᠤᠮ᠎ᠲᠠᠶ ᠠᠬᠢᠭᠤᠯᠬᠤ᠎ᠶ᠋ᠢ ᠦᠨᠡᠨ ᠬᠦ᠌ ᠪᠠᠲᠤᠯᠠᠪᠠ᠃