ᠸᠠᠩ ᠸᠧᠢ ᠵᠦᠩ ᠱᠢᠯᠢ᠎ᠶ᠋ᠢᠨ ᠭᠣᠣᠯ ᠠᠢᠮᠠᠭ᠎ᠲᠤ ᠪᠠᠢᠴᠠᠭᠠᠨ ᠰᠤᠳᠤᠯᠬᠤ ᠳ᠋ᠠᠭᠠᠨ ᠴᠢᠬᠤᠯᠠᠴᠢᠯᠠᠭ᠍ᠰᠠᠨ ᠨᠢ — ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠨᠠᠷᠢᠨ ᠬᠢᠨᠠᠮᠠᠭᠠᠶ ᠥᠷᠨᠢᠭᠦᠯᠵᠤ ᠴᠢᠨᠠᠷ ᠰᠠᠢᠲᠠᠶ ᠬᠦᠭᠵᠢᠯᠳᠡ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠠᠢ
2026-03-25 09:59:04
ᠵᠣᠬᠢᠶᠠᠭ᠍ᠴᠢ᠄
​ ᠯᠢ ᠬᠠᠨ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 21 ᠡᠴᠡ 24 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠡᠷᠬᠢᠯᠡᠭ᠌ᠴᠢ ᠸᠠᠩ ᠸᠧᠶ ᠵᠥᠩ ᠱᠢᠯᠢ᠎ᠶ᠋ᠢᠨ ᠭᠤᠤᠯ ᠠᠢᠮᠠᠭ᠎ᠲᠤ ᠭᠦᠨᠵᠡᠭᠡᠢᠷᠡᠨ ᠪᠠᠢᠴᠠᠭᠠᠨ ᠰᠤᠳᠤᠯᠬᠤ ᠎ᠳᠠᠭᠠᠨ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠨᠠᠷᠢᠨ ᠬᠢᠨᠠᠮᠠᠭᠠᠶ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠪᠠᠨ ᠣᠨᠣᠪᠴᠢᠲᠠᠶ ᠣᠯᠵᠤ᠂ ᠳᠠᠪᠠᠭᠤᠯᠢᠭ ᠣᠨᠴᠠᠯᠢᠭ᠎ᠢᠶᠠᠨ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠵᠤ ᠠᠩᠬᠠᠨ ᠤ᠋ ᠠᠯᠬᠤᠭ᠎ᠠ ᠵᠢ ᠰᠠᠢᠳᠤᠷ ᠠᠯᠬᠤᠬᠤ ᠬᠡᠷᠡᠭᠳᠠᠢ ᠭᠡᠵᠤ ᠴᠢᠬᠤᠯᠠᠴᠢᠯᠠᠵᠠᠢ᠃


QQ20260325-095731.png


3 ᠰᠠᠷ᠎ᠠ ᠵᠢᠨ 22 ᠤ᠋ᠨ ᠡᠳᠦᠷ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ ᠱᠦᠵᠢ᠂ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠤᠷᠢᠶ᠎ᠠ ᠵᠢᠨ ᠡᠷᠬᠢᠯᠡᠭᠴᠢ ᠸᠠᠩ ᠸᠸᠢ ᠵᠦᠩ ᠰᠥᠨᠢᠳ ᠪᠠᠷᠠᠭᠤᠨ ᠬᠣᠱᠢᠭᠤᠨ᠎ᠤ ᠱᠢᠨ ᠮᠧᠩ ᠱᠢᠨ᠎ᠡ ᠮᠠᠲ᠋ᠧᠷᠢᠶᠠᠯ᠎ᠤᠨ ᠺᠣᠮᠫᠠᠨᠢ᠎ᠶ᠋ᠢᠨ ᠡᠨ᠋ᠸᠷᠬᠢ ᠲᠣᠣᠷ ᠳᠠᠭᠠᠭᠠᠴᠠ ᠨᠥᠭᠡᠴᠡ᠎ᠶ᠋ᠢ ᠨᠢᠭᠡ ᠴᠣᠭ᠍ᠴᠠᠵᠢᠭᠤᠯᠤᠭ᠍ᠰᠠᠨ ᠲᠡᠮᠦᠷ ᠤ᠋ᠨ ᠬᠠᠢᠯᠤᠰᠢ᠎ᠶ᠋ᠢᠨ ᠦᠢᠯᠡᠳᠪᠦᠷᠢᠯᠡᠯ᠎ᠦᠨ ᠲᠥᠷᠥᠯ ᠵᠦᠢᠯ ᠎ᠤᠨ ᠪᠥᠲᠥᠬᠡᠨ ᠪᠠᠢᠭᠤᠯᠤᠯᠲᠠ ᠵᠢᠨ ᠲᠤᠬᠠᠢ ᠵᠢᠨ ᠲᠠᠯᠠᠪᠠᠢ  ᠳ᠋ᠤ ᠬᠦᠷᠴᠤ᠂ ᠦᠢᠯᠡᠳᠪᠦᠷᠢᠯᠡᠯ᠎ᠦᠨ ᠤᠷ᠎ᠠ ᠮᠡᠷᠭᠡᠰᠢᠯ᠂ ᠵᠠᠬ᠎ᠠ ᠳᠡᠯᠭᠡᠭᠦᠷ᠎ᠦᠨ ᠢᠷᠡᠭᠡᠳᠦᠢ᠂ ᠡᠨᠧᠷᠭᠢ ᠠᠷᠪᠢᠯᠠᠵᠤ ᠬᠣᠷᠣᠭ᠍ᠳᠠᠯ᠎ᠢ ᠪᠠᠭᠠᠰᠭᠠᠬᠤ ᠵᠡᠷᠭᠡ ᠪᠠᠢᠳᠠᠯ  ᠢ᠋ ᠭᠦᠨᠵᠡᠭᠡᠢ ᠤᠢᠯᠠᠭᠠᠪᠠ᠃ 

ᠲᠤᠰ ᠰᠤᠨᠢᠨ ᠤ᠋ ᠰᠤᠷᠪᠤᠯᠵᠢᠯᠠᠭᠴᠢ ᠮᠠ ᠵᠢᠶᠠᠨ ᠴᠢᠤᠸᠠᠨ ᠰᠡᠭᠦᠳᠡᠷᠯᠡᠪᠡ


ᠸᠠᠩ ᠸᠧᠶ ᠵᠥᠩ ᠡᠩ ᠲᠡᠷᠢᠭᠦᠨ᠎ᠳᠦ ᠡᠷᠢᠶᠡᠨ ᠬᠣᠲᠠ᠎ᠳᠤ ᠬᠦᠷᠴᠦ᠍᠂ ᠲᠡᠮᠦᠷ ᠵᠠᠮ᠎ᠤᠨ ᠲᠡᠷᠭᠡᠨ ᠥᠷᠲᠡᠭᠡ᠎ᠶ᠋ᠢᠨ ᠵᠢᠯᠣᠭᠣᠳᠤᠨ ᠲᠣᠬᠢᠷᠠᠭᠤᠯᠬᠤ ᠲᠥᠪ᠂ ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠲᠣᠭᠣᠷᠢᠭ᠂ ᠵᠠᠰᠠᠮᠠᠯ ᠵᠠᠮ᠎ᠤᠨ ᠠᠶᠠᠨᠴᠢᠳ ᠢ᠋ ᠪᠠᠢᠴᠠᠭᠠᠬᠤ ᠬᠢᠯᠢ ᠵᠢᠨ ᠪᠣᠭᠣᠮᠲᠠ᠂ ᠬᠢᠯᠢ᠎ᠶ᠋ᠢᠨ ᠠᠷᠠᠳ᠎ᠤᠨ ᠵᠠᠬ᠎ᠠ᠎ᠶ᠋ᠢᠨ ᠠᠷᠠᠯᠵᠢᠶᠠᠨ᠎ᠤ ᠲᠣᠭᠣᠷᠢᠭ᠂ ᠡᠷᠢᠶᠡᠨ ᠬᠣᠲᠠ᠎ᠶ᠋ᠢᠨ ᠤᠯᠤᠰ᠎ᠤᠨ ᠡᠭᠦᠳᠡ ᠳ᠋ᠤ ᠬᠦᠷᠴᠤ᠂ ᠬᠢᠯᠢ ᠵᠢᠨ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ ᠬᠠᠮᠢᠶᠠᠷᠤᠯᠲᠠ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠠᠶᠠᠯᠠᠯ᠂ ᠭᠠᠳᠠᠭᠠᠳᠤ ᠨᠡᠭᠡᠭᠡᠯᠲᠡ᠂ ᠬᠢᠯᠢ᠎ᠶ᠋ᠢᠨ ᠬᠠᠮᠢᠶᠠᠷᠤᠯᠲᠠ ᠡᠵᠡᠮᠳᠡᠯ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠨᠠᠷᠢᠨ ᠬᠢᠨᠠᠮᠠᠭᠠᠶ ᠰᠣᠨᠣᠰᠪᠠ᠃ ᠲᠡᠷᠡ᠂ ᠤᠯᠤᠰ᠎ᠤᠨ ᠨᠡᠭᠡᠭᠡᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠢᠳᠡᠪᠬᠢᠲᠡᠶ ᠦᠶ᠋ᠯᠡᠴᠢᠯᠡᠬᠦ᠌ ᠪᠠ ᠠᠭᠤᠰᠤᠯᠴᠠᠵᠤ᠂ ᠤᠶᠤᠨᠴᠢ ᠬᠢᠯᠢ ᠵᠢᠨ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠎ᠪᠠᠷ ᠭᠠᠷᠳᠠᠴᠠ ᠪᠣᠯᠭᠠᠨ ᠪᠣᠭᠣᠮᠲᠠ᠎ᠪᠠᠷ ᠥᠩᠭᠡᠷᠡᠭᠡᠬᠦ ᠦᠷ᠎ᠡ ᠪᠦᠲᠦᠮᠵᠢ ᠪᠠ ᠦᠶ᠋ᠯᠡᠴᠢᠯᠡᠭᠡᠨ᠎ᠦ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠠᠬᠢᠭᠤᠯᠬᠤ ᠳᠤᠮᠳᠠ ᠡᠯ᠎ᠡ ᠲᠥᠷᠥᠯ᠎ᠦᠨ ᠨᠡᠭᠡᠭᠡᠯᠲᠡ᠎ᠶ᠋ᠢᠨ ᠲᠠᠪᠴᠠᠩ᠎ᠤᠨ ᠴᠢᠬᠤᠯᠠ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ ᠬᠡᠷᠡᠭ᠌ᠲᠡᠶ᠃ ᠬᠢᠯᠢ᠎ᠶ᠋ᠢᠨ ᠠᠷᠠᠯᠵᠢᠶᠠᠨ᠎ᠤ ᠪᠠᠷᠠᠭᠠᠨ᠎ᠤ ᠭᠦᠶ᠋ᠯᠭᠡᠭᠡ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ᠂ ᠭᠠᠳᠠᠭᠠᠳᠤ ᠡᠴᠡ ᠤᠷᠤᠭᠤᠯᠬᠤ ᠡᠬᠢ ᠪᠠᠶᠠᠯᠢᠭ ᠢ᠋ ᠰᠠᠭᠤᠷᠢᠰᠢᠭᠤᠯᠤᠨ ᠡᠳ᠋ᠰᠢᠭᠦᠯᠬᠦ ᠵᠡᠷᠭᠡ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍᠂ ᠨᠡᠪᠲᠡᠷᠡᠯ ᠵᠠᠮ ᠵᠢᠡᠷ ᠪᠠᠷᠠᠭᠠᠨ᠎ᠤ ᠭᠦᠶ᠋ᠯᠭᠡᠭᠡ ᠵᠢ ᠳᠠᠢᠴᠢᠯᠠᠬᠤ᠂ ᠪᠠᠷᠠᠭᠠᠨ᠎ᠤ ᠭᠦᠶ᠋ᠯᠭᠡᠭᠡ ᠪᠡᠷ ᠠᠵᠤ ᠠᠬᠤᠶ ᠠᠷᠠᠯᠵᠢᠶ᠎ᠠ ᠵᠢ ᠳᠠᠢᠴᠢᠯᠠᠬᠤ᠂ ᠠᠵᠤ ᠠᠬᠤᠶ ᠠᠷᠠᠯᠵᠢᠶ᠎ᠠ ᠪᠡᠷ ᠠᠵᠤ ᠦᠶ᠋ᠯᠡᠰ ᠢ᠋ ᠳᠠᠢᠴᠢᠯᠠᠬᠤ ᠬᠦᠭᠵᠢᠯᠳᠡ ᠵᠢᠨ ᠪᠠᠢᠷᠢᠱᠢᠯ᠎ᠢ ᠪᠠᠢᠭᠤᠯᠵᠤ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ《ᠭᠠᠷ ᠲᠠᠮᠵᠢᠪᠠᠴᠤ ᠠᠰᠢᠭ ᠬᠦᠷᠲᠡᠬᠦ ᠦᠭᠡᠢ》ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ 《ᠠᠵᠤ ᠠᠬᠤᠶ᠎ᠶ᠋ᠢᠨ ᠨᠡᠪᠲᠡᠷᠡᠯ ᠵᠠᠮ》 ᠡᠴᠡ 《ᠨᠡᠪᠲᠡᠷᠡᠯ ᠵᠠᠮ᠎ᠤᠨ ᠠᠵᠤ ᠠᠬᠤᠶ》 ᠲᠡᠢᠰᠢ ᠬᠤᠪᠢᠷᠠᠭᠤᠯᠬᠤ᠎ᠶ᠋ᠢ ᠠᠬᠢᠭᠤᠯᠬᠤ ᠬᠡᠷᠡᠭ᠌ᠲᠡᠶ ᠭᠡᠪᠡ᠃

ᠰᠥᠨᠢᠳ ᠵᠡᠭᠦᠨ ᠬᠣᠱᠢᠭᠤᠨ᠎ᠤ ᠬᠣᠪᠣᠷ ᠮᠠᠯ ᠠᠵᠤ ᠠᠬᠤᠢ᠎ᠶ᠋ᠢᠨ ᠲᠤᠰᠭᠠᠢ ᠬᠣᠷᠱᠢᠶ᠎ᠠ᠂ ᠠᠪᠠᠭ᠎ᠠ ᠬᠣᠱᠢᠭᠤᠨ᠎ᠤ ᠶᠡᠬᠡ ᠰᠠᠢᠨ ᠮᠠᠯ ᠠᠵᠤ ᠠᠬᠤᠢ᠎ᠶ᠋ᠢᠨ ᠦᠢᠯᠡᠴᠢᠯᠡᠭᠡᠨ᠎ᠦ ᠬᠢᠵᠠᠭᠠᠷᠲᠤ ᠺᠣᠮᠫᠠᠨᠢ ᠪᠠ ᠱᠢᠯᠢᠩᠬᠣᠲᠠ᠎ᠶ᠋ᠢᠨ ᠱᠧᠦ ᠹᠠᠩ ᠢᠳᠡᠭᠡᠨ ᠡᠳ᠋ᠰᠢᠭᠦᠯᠬᠦ ᠬᠢᠵᠠᠭᠠᠷᠲᠤ ᠺᠣᠮᠫᠠᠨᠢ᠂ ᠳ᠋ᠠ ᠵᠤᠸᠠᠩ ᠶᠤᠸᠠᠨ ᠮᠢᠬᠠᠨ᠎ᠤ ᠦᠢᠯᠡᠰ᠎ᠦᠨ ᠬᠢᠵᠠᠭᠠᠷᠲᠤ ᠺᠣᠮᠫᠠᠨᠢ᠂ ᠠᠶ ᠸᠧᠶ ᠺᠸ(ᠥᠪᠥᠷ ᠮᠣᠩᠭᠣᠯ) ᠢᠳᠡᠭᠡᠨ᠎ᠦ ᠬᠢᠵᠠᠭᠠᠷᠲᠤ ᠺᠣᠮᠫᠠᠨᠢ ᠳ᠋ᠤ᠂ ᠸᠠᠩ ᠸᠧᠶ ᠵᠥᠩ ᠴᠠᠭᠠᠨ ᠢᠳᠡᠭᠡᠨ᠎ᠦ ᠦᠶ᠋ᠯᠡᠳᠪᠦᠷᠢᠯᠡᠯ ᠡᠵᠡᠩᠨᠡᠯᠲᠡ᠂ ᠮᠠᠯ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠨᠡᠢᠭᠡᠮᠴᠢᠯᠡᠭ᠌ᠰᠡᠨ ᠦᠢᠯᠡᠴᠢᠯᠡᠭᠡ᠂ ᠦᠬᠡᠷ ᠬᠣᠨᠢ ᠨᠢᠲᠤᠯᠵᠤ ᠡᠳ᠋ᠱᠢᠭᠦᠯᠬᠦ᠌ ᠦᠶ᠋ᠯᠡᠳᠪᠦᠷᠢᠯᠡᠯ ᠡᠵᠡᠩᠨᠡᠯᠲᠡ᠂ ᠲᠥᠮᠥᠰᠥ᠎ᠶ᠋ᠢ ᠨᠠᠷᠢᠯᠢᠭ ᠡᠳ᠋ᠱᠢᠭᠦᠯᠬᠦ ᠵᠡᠷᠭᠡ ᠪᠠᠢᠳᠠᠯ ᠢ᠋ ᠨᠠᠷᠢᠨ ᠤᠢᠯᠠᠭᠠᠵᠤ᠂ ᠡᠵᠡᠩᠨᠡᠯᠲᠡ᠎ᠶ᠋ᠢᠨ ᠭᠤᠤᠯ ᠴᠣᠭ᠍ᠴᠠ ᠵᠢ ᠶᠠᠰᠤ ᠴᠢᠨᠠᠷ᠎ᠢ ᠴᠢᠬᠤᠯᠠᠴᠢᠯᠠᠵᠤ᠂ ᠲᠦᠷᠦᠯ ᠲᠡᠮᠳᠡᠭ ᠡᠭᠦᠳᠴᠤ᠂ ᠬᠡᠯᠬᠢᠶ᠎ᠡ ᠪᠠᠨ ᠤᠷᠲᠤᠳᠬᠠᠵᠤ᠂  ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠢ᠋ ᠨᠠᠷᠢᠯᠢᠭ ᠡᠳ᠋ᠱᠢᠭᠦᠯᠬᠦ᠌ ᠪᠠ ᠪᠣᠬᠢᠷᠲᠤᠯ ᠦᠭᠡᠶ ᠣᠷᠭᠠᠨᠢᠭ ᠲᠦᠷᠦᠯ ᠲᠡᠮᠳᠡᠭ᠎ᠢ ᠱᠢᠯᠢᠳᠡᠭ᠌ᠵᠢᠭᠦᠯᠦᠨ ᠬᠢᠵᠤ᠂ ᠪᠦᠲᠦᠭᠡᠭᠳᠡᠭᠦᠨ᠎ᠦ ᠵᠠᠬ᠎ᠠ ᠳᠡᠯᠭᠡᠭᠦᠷ᠎ᠦᠨ ᠦᠷᠢᠰᠦᠯᠳᠦᠬᠦ᠌ ᠬᠦᠴᠦᠨ ᠪᠠ ᠡᠵᠡᠯᠡᠬᠦ᠌ ᠨᠤᠷᠮ᠎ᠠ᠎ᠶ᠋ᠢ ᠳᠡᠭᠡᠭ᠌ᠰᠢᠯᠡᠭᠦᠯᠬᠦ ᠵᠢ ᠵᠤᠷᠢᠭᠵᠢᠭᠤᠯᠪᠠ᠃ ᠲᠡᠷᠡ᠂ ᠮᠠᠯ ᠠᠵᠤ ᠠᠬᠤᠶ ᠪᠣᠯ ᠥᠪᠥᠷ ᠮᠣᠩᠭᠣᠯ᠎ᠤᠨ ᠳᠠᠪᠠᠭᠤᠯᠢᠭ ᠤᠨᠴᠠᠯᠢᠬ᠍ᠳᠤ ᠠᠵᠤ ᠦᠶ᠋ᠯᠡᠰ ᠮᠥᠨ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠰᠠᠢᠲᠤᠷ ᠪᠥᠲᠥᠭᠡᠨ ᠪᠠᠢᠭᠤᠯᠵᠤ᠂ ᠰᠠᠢᠨ ᠡᠭᠦᠯᠳᠡᠷ᠎ᠢ ᠪᠣᠢᠵᠢᠭᠤᠯᠬᠤ᠎ᠶ᠋ᠢ ᠴᠢᠩᠭᠠᠳᠭᠠᠵᠤ᠂ ᠮᠠᠯ ᠠᠵᠤ ᠠᠬᠤᠶ ᠲᠠᠷᠢᠶᠠᠯᠠᠩ᠎ᠤᠨ ᠮᠠᠱᠢᠨ ᠮᠧᠬᠠᠨᠢᠭ ᠪᠣᠯᠤᠨ ᠮᠠᠯ ᠡᠮᠨᠡᠯᠭᠡ᠎ᠶ᠋ᠢᠨ ᠲᠣᠨᠣᠭ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠥᠷᠨᠢᠭᠦᠯᠵᠦ᠍᠂ ᠠᠵᠤ ᠠᠬᠤᠢᠯᠠᠯ ᠪᠣᠯᠤᠨ ᠮᠠᠯᠴᠢᠨ ᠲᠠᠷᠢᠶᠠᠴᠢᠨ᠎ᠤ ᠠᠱᠢᠭ ᠲᠤᠰᠠ ᠵᠢᠨ ᠬᠤᠯᠪᠤᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠤᠲᠤᠭ ᠪᠡᠯᠴᠢᠭᠡᠷ᠎ᠦᠨ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠬᠦ᠌᠂ ᠠᠵᠤ ᠦᠶ᠋ᠯᠡᠰ᠎ᠦᠨ ᠦᠷ᠎ᠡ ᠠᠱᠢᠭ᠎ᠢ ᠨᠡᠮᠡᠭ᠌ᠳᠡᠭᠦᠯᠬᠦ᠌᠂ ᠣᠯᠠᠨ ᠲᠦᠮᠡᠨ᠎ᠦ ᠣᠷᠣᠯᠭ᠎ᠠ᠎ᠶ᠋ᠢ ᠨᠡᠮᠡᠭ᠌ᠳᠡᠭᠦᠯᠦᠨ ᠣᠯᠠᠨ ᠠᠱᠢᠭ ᠭᠥᠷᠳᠡᠬᠦ᠌᠎ᠶ᠋ᠢ ᠪᠡᠶᠡᠯᠡᠭᠦᠯᠬᠦ᠌ ᠬᠡᠷᠡᠭ᠌ᠲᠡᠶ ᠭᠡᠵᠤ ᠴᠢᠬᠤᠯᠠᠴᠢᠯᠠᠪᠠ᠃

ᠴᠢᠬᠤᠯᠠ ᠶᠡᠬᠡ ᠲᠦᠷᠦᠯ ᠵᠦᠢᠯ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠪᠠᠲᠤ ᠪᠡᠬᠢ ᠲᠤᠯᠭᠠᠭᠤᠷᠢᠯᠠᠯ ᠮᠥᠨ᠃ ᠸᠠᠩ ᠸᠧᠢ ᠵᠦᠩ ᠡᠷᠢᠶᠡᠨ ᠬᠣᠲᠠ᠎ᠶ᠋ᠢᠨ ᠶᠢᠤ ᠵᠢᠩ ᠱᠢᠨ᠎ᠡ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠺᠣᠮᠫᠠᠨᠢ᠎ᠶ᠋ᠢᠨ ᠥᠨᠳᠥᠷ ᠴᠡᠪᠡᠷᠴᠡᠳᠤ ᠥᠭᠡᠬᠦᠨ ᠴᠢᠯᠠᠭᠤᠨ ᠡᠯᠡᠰᠦ᠎ᠶ᠋ᠢᠨ ᠲᠥᠷᠥᠯ ᠵᠦᠢᠯ᠂ ᠰᠥᠨᠢᠳ ᠪᠠᠷᠠᠭᠤᠨ ᠬᠣᠱᠢᠭᠤᠨ᠎ᠤ ᠱᠢᠨ ᠮᠧᠩ ᠱᠢᠨ᠎ᠡ ᠮᠠᠲ᠋ᠧᠷᠢᠶᠠᠯ᠎ᠤᠨ ᠺᠣᠮᠫᠠᠨᠢ᠎ᠶ᠋ᠢᠨ ᠡᠨ᠋ᠸᠷᠬᠢ ᠲᠣᠣᠷ ᠳᠠᠭᠠᠭᠠᠴᠠ ᠨᠥᠭᠡᠴᠡ᠎ᠶ᠋ᠢ ᠨᠢᠭᠡ ᠴᠣᠭ᠍ᠴᠠᠵᠢᠭᠤᠯᠤᠭ᠍ᠰᠠᠨ ᠲᠡᠮᠦᠷ ᠤ᠋ᠨ ᠬᠠᠢᠯᠤᠰᠢ᠎ᠶ᠋ᠢᠨ ᠦᠢᠯᠡᠳᠪᠦᠷᠢᠯᠡᠯ᠎ᠦᠨ ᠲᠥᠷᠥᠯ ᠵᠦᠢᠯ᠂ ᠱᠢᠯᠢᠩᠬᠣᠲᠠ᠎ᠶ᠋ᠢᠨ ᠥᠪᠥᠷ ᠮᠣᠩᠭᠣᠯ᠎ᠤᠨ ᠰᠢᠶᠠᠨ ᠳ᠋ᠤᠤ ᠱᠢᠨ᠎ᠡ ᠮᠠᠲ᠋ᠧᠷᠢᠶᠠᠯ᠎ᠤᠨ ᠺᠣᠮᠫᠠᠨᠢ᠎ᠶ᠋ᠢᠨ ᠭᠡᠷᠡᠯᠯᠢᠭ ᠮᠠᠲ᠋ᠧᠷᠢᠶᠠᠯ ᠪᠠ ᠱᠢᠨ᠎ᠡ ᠬᠡᠯᠪᠡᠷᠢ᠎ᠶ᠋ᠢᠨ ᠭᠡᠷᠡᠯ ᠴᠠᠬᠢᠯᠭᠠᠨ᠎ᠤ ᠡᠯᠧᠺᠲᠷᠣᠨ ᠮᠠᠲ᠋ᠧᠷᠢᠶᠠᠯ᠎ᠤᠨ ᠠᠵᠤ ᠦᠢᠯᠡᠰᠵᠢᠯᠲᠡ᠎ᠶ᠋ᠢᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠬᠦᠷᠴᠦ᠍᠂ ᠦᠢᠯᠡᠳᠪᠦᠷᠢᠯᠡᠯ᠎ᠦᠨ ᠤᠷ᠎ᠠ ᠮᠡᠷᠭᠡᠰᠢᠯ᠂ ᠵᠠᠬ᠎ᠠ ᠳᠡᠯᠭᠡᠭᠦᠷ᠎ᠦᠨ ᠢᠷᠡᠭᠡᠳᠦᠢ᠂ ᠡᠨᠧᠷᠭᠢ ᠠᠷᠪᠢᠯᠠᠵᠤ ᠬᠣᠷᠣᠭ᠍ᠳᠠᠯ᠎ᠢ ᠪᠠᠭᠠᠰᠭᠠᠬᠤ ᠵᠡᠷᠭᠡ ᠪᠠᠢᠳᠠᠯ᠎ᠢ ᠭᠦᠨᠵᠡᠭᠡᠢ ᠣᠢᠯᠠᠭᠠᠵᠤ᠂ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠢᠯᠡᠰ᠎ᠦᠨ ᠬᠥᠭ᠌ᠵᠢᠯᠲᠡ᠎ᠳ᠋ᠤ ᠬᠦᠴᠤᠨ ᠤᠯᠭᠤᠵᠤ᠂ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠨ᠂ ᠪᠣᠬᠢᠷᠲᠤᠯ ᠦᠭᠡᠢ ᠴᠠᠬᠢᠯᠭᠠᠨ᠎ᠢᠶᠠᠷ ᠣᠷᠣᠯᠠᠭᠤᠯᠬᠤ᠎ᠶ᠋ᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳ᠋ᠤᠨᠢ ᠲᠤᠬᠢᠷᠠᠭᠤᠯᠤᠨ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ ᠵᠢ ᠵᠤᠷᠢᠬᠵᠢᠭᠤᠯᠪᠠ᠃ ᠲᠡᠷᠡ᠂ ᠡᠷᠬᠡᠪᠰᠢ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠬᠦᠴᠦᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠬᠡᠮ ᠰᠣᠭᠣᠭ᠎ᠢ ᠠᠷᠢᠯᠭᠠᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠱᠢᠯᠢᠩᠬᠣᠲᠠ᠎ᠶ᠋ᠢᠨ ᠤᠢ ᠱᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠵᠢᠯᠣᠭᠣᠳᠭᠤ ᠲᠠᠪᠴᠠᠩ᠎ᠳᠤ᠂ ᠸᠠᠩ ᠸᠧᠢ ᠵᠦᠩ ᠤᠢ ᠱᠢᠭᠤᠢ ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶ᠋ᠢᠨ ᠪᠠᠢᠳᠠᠯ᠎ᠢ ᠨᠠᠷᠢᠨ ᠠᠰᠠᠭᠤᠪᠠ᠃ ᠲᠡᠷᠡ᠂《ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ》ᠢ᠋ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠲᠡᠷᠢᠭᠦᠨ᠎ᠦ ᠲᠣᠨᠣᠭ᠍ᠯᠠᠯ ᠪᠣᠯᠤᠨ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠭᠦᠨᠵᠡᠭᠡᠢ ᠬᠡᠷᠡᠭ᠌ᠯᠡᠭᠡ᠎ᠶ᠋ᠢ ᠲᠦᠷᠭᠡᠳᠭᠡᠵᠦ᠍᠂ ᠤᠢ ᠱᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠤᠢ ᠱᠢᠭᠤᠢ ᠨᠤᠲᠤᠭ ᠪᠡᠯᠴᠢᠭᠡᠷ᠎ᠢ ᠡᠪᠳᠡᠬᠦ᠌ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠨᠤᠲᠤᠭ ᠪᠡᠯᠴᠢᠭᠡᠷ᠎ᠤ᠋ᠨ ᠲᠠᠭᠠᠭᠠᠴᠠ ᠡᠴᠡ ᠭᠡᠳᠤᠷᠡᠳᠡᠯ᠎ᠠ ᠮᠠᠯᠵᠢᠬᠤ ᠵᠢ ᠵᠠᠰᠠᠭ᠍ᠰᠠᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠡᠷᠡᠰ ᠪᠠᠲᠤ ᠴᠣᠭ᠍ᠴᠠᠯᠠᠬᠤ ᠬᠡᠷᠡᠭ᠌ᠲᠡᠢ ᠭᠡᠵᠦ᠍ ᠬᠡᠯᠡᠪᠡ᠃

ᠸᠠᠩ ᠸᠧᠶ ᠵᠥᠩ ᠢᠮᠠᠭ᠍ᠲᠠ ᠮᠠᠯᠴᠢᠨ ᠲᠠᠷᠢᠶᠠᠴᠢᠨ᠎ᠤ ᠦᠶ᠋ᠯᠡᠳᠪᠦᠷᠢᠯᠡᠯ ᠠᠮᠢᠳᠤᠷᠠᠯ᠎ᠢ ᠰᠠᠨᠠᠭᠠᠱᠢᠷᠠᠵᠤ ᠪᠠᠢᠪᠠ᠃ ᠲᠡᠷᠡ ᠮᠠᠯᠴᠢᠨ ᠰᠠᠢᠬᠠᠨᠴᠢᠮᠡᠭ᠎ᠤᠨ ᠬᠢᠨ᠎ᠳᠦ ᠬᠦᠷᠴᠦ᠍᠂ ᠮᠣᠩᠭᠣᠯ ᠮᠣᠷᠢ ᠲᠡᠵᠢᠭᠡᠬᠦ᠌᠂ ᠴᠡᠭᠡ ᠪᠣᠯᠪᠠᠰᠤᠷᠠᠭᠤᠯᠵᠤ ᠪᠣᠷᠣᠯᠠᠭᠤᠯᠬᠤ ᠵᠢᠴᠢ ᠬᠠᠪᠤᠷ᠎ᠤᠨ ᠤᠯᠠᠷᠢᠯ᠎ᠤᠨ ᠲᠥᠯ ᠲᠤᠰᠴᠤ᠌ ᠪᠣᠢᠵᠢᠭᠤᠯᠬᠤ ᠵᠡᠷᠭᠡ ᠪᠠᠢᠳᠠᠯ᠎ᠢ ᠪᠠᠢᠴᠠᠭᠠᠨ ᠦᠵᠡᠪᠡ᠃ ᠲᠤᠰ ᠮᠠᠯᠴᠢᠨ ᠡᠷᠦᠬᠡ 《ᠮᠠᠯ ᠠᠵᠤ ᠠᠬᠤᠢ ᠰᠣᠶᠣᠯ ᠵᠢᠭᠤᠯᠴᠢᠯᠠᠯ》 ᠤ᠋ᠨ ᠵᠠᠭ᠍ᠪᠤᠷ᠎ᠢᠶᠠᠷ ᠳᠠᠮᠵᠢᠨ ᠣᠷᠣᠯᠭ᠎ᠠ᠎ᠪᠠᠨ ᠨᠡᠮᠡᠭ᠌ᠳᠡᠭᠦᠯᠵᠦ᠍᠂ ᠠᠮᠢᠳᠤᠷᠠᠯ ᠨᠢ ᠡᠳᠦᠷ᠎ᠡᠴᠡ ᠡᠳᠦᠷ ᠰᠠᠢᠵᠢᠷᠠᠵᠤ ᠪᠠᠢᠬᠤ᠎ᠶ᠋ᠢ ᠰᠣᠨᠣᠰᠤᠭᠠᠳ ᠸᠠᠩ ᠸᠧᠢ ᠵᠦᠩ ᠮᠠᠰᠢ ᠪᠠᠶᠠᠷᠯᠠᠪᠠ᠃ ᠲᠡᠷᠡ᠂ ᠭᠠᠵᠠᠷ ᠣᠷᠣᠨ᠎ᠤ ᠪᠠᠢᠳᠠᠯ᠎ᠳ᠋ᠠᠭᠠᠨ ᠲᠤᠬᠢᠷᠠᠭᠤᠯᠤᠨ ᠮᠠᠯ ᠠᠵᠤ ᠠᠬᠤᠢ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ ᠵᠢ ᠨᠢᠭᠡ ᠴᠤᠬ᠍ᠴᠠᠵᠢᠭᠤᠯᠤᠨ ᠬᠥᠭ᠌ᠵᠢᠭᠦᠯᠬᠦ᠌᠎ᠶ᠋ᠢ ᠵᠣᠷᠢᠭ᠍ᠵᠢᠭᠤᠯᠵᠤ᠂ ᠣᠷᠣᠨ ᠨᠤᠲᠤᠭ᠎ᠤᠨ ᠠᠵᠤ ᠠᠬᠤᠢ᠎ᠶ᠋ᠢᠨ ᠬᠥᠭ᠌ᠵᠢᠯᠲᠡ ᠪᠣᠯᠤᠨ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢᠨ ᠨᠡᠮᠡᠭ᠌ᠳᠡᠯ᠎ᠢ ᠨᠡᠩ ᠰᠠᠢᠲᠤᠷ ᠳᠠᠢᠴᠢᠯᠠᠬᠤ ᠬᠡᠷᠡᠭ᠌ᠲᠡᠢ ᠭᠡᠵᠤ ᠬᠡᠯᠡᠪᠡ᠃

ᠪᠠᠢᠴᠠᠭᠠᠨ ᠰᠤᠳᠤᠯᠬᠤ ᠳᠤᠮᠳᠠ᠂ ᠸᠠᠩ ᠸᠧᠶ ᠵᠥᠩ ᠱᠢᠯᠢ᠎ᠶ᠋ᠢᠨ ᠭᠤᠤᠯ ᠠᠢᠮᠠᠭ᠎ᠤᠨ ᠠᠵᠢᠯ᠎ᠢ ᠬᠦᠢᠴᠡᠳ ᠨᠤᠲᠠᠯᠠᠵᠤ᠂ ᠱᠢᠯᠢ᠎ᠶ᠋ᠢᠨ ᠭᠤᠤᠯ ᠠᠢᠮᠠᠭ ᠠᠵᠤ ᠠᠬᠤᠶ ᠨᠡᠢᠭᠡᠮ᠎ᠦᠨ ᠬᠥᠭ᠌ᠵᠢᠯᠲᠡ ᠪᠠ ᠨᠠᠮ᠎ᠤᠨ ᠪᠠᠢᠭᠤᠯᠤᠯᠲᠠ᠎ᠶ᠋ᠢᠨ ᠡᠯ᠎ᠡ ᠵᠦᠶ᠋ᠯ᠎ᠦᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠨᠡᠢᠴᠡᠭ᠌ᠰᠡᠨ᠂ ᠳᠠᠪᠠᠭᠤᠯᠢᠭ ᠣᠨᠴᠠᠯᠢᠭ᠎ᠢ ᠢᠯᠡᠷᠡᠭᠦᠯᠦᠭ᠌ᠰᠡᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠠᠷᠭ᠎ᠠ ᠵᠠᠮ᠎ᠢᠶᠠᠷ ᠵᠠᠮᠨᠠᠬᠤ ᠬᠡᠷᠡᠭ᠌ᠲᠡᠶ ᠭᠡᠵᠦ᠍ ᠱᠠᠭᠠᠷᠳᠠᠪᠠ᠃ ᠲᠡᠷᠡ᠂ ᠡᠯ᠎ᠡ ᠱᠠᠲᠤᠨ᠎ᠤ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠳᠤᠮᠵᠢ ᠵᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》ᠶᠡᠷᠦᠩᠬᠡᠶ ᠱᠠᠭᠠᠷᠳᠠᠯᠭ᠎ᠠ ᠶᠣᠰᠣᠭᠠᠷ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠰᠤᠷᠤᠯᠴᠠᠬᠤ ᠪᠠᠢᠴᠠᠭᠠᠬᠤ ᠴᠡᠭᠴᠡᠯᠡᠬᠦ ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ 《ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ》ᠢ᠋ ᠬᠡᠷᠡᠭ᠌ᠵᠢᠭᠦᠯᠬᠦ᠌᠎ᠪᠡᠷ ᠭᠠᠷᠳᠠᠴᠠ ᠪᠣᠯᠭᠠᠵᠤ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠤᠨ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠱᠢᠨ᠂ ᠵᠠᠩ ᠪᠠᠢ ᠴᠧᠩ ᠠᠵᠢᠯᠯᠠᠭ᠎ᠠ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号