ᠭᠦᠨᠵᠡᠭᠡᠢ ᠰᠤᠷᠤᠯᠴᠠᠨ ᠦᠨᠡᠨ ᠬᠦ᠌ ᠪᠠᠢᠴᠠᠭᠠᠵᠤ ᠪᠤᠳᠠᠳᠠᠢ ᠰᠠᠢᠵᠢᠷᠠᠭᠤᠯᠵᠤ ᠪᠠᠳᠤ ᠦᠢᠯᠡᠳᠦᠯᠭᠡᠵᠢᠭᠦᠯᠦᠨ ᠬᠠᠷᠢᠭᠤᠴᠠᠯᠭ᠎ᠠ ᠡᠭᠦᠷᠭᠡᠯᠡᠵᠤ ᠵᠢᠳᠭᠦᠯ ᠴᠢᠷᠮᠠᠢᠯᠭ᠎ᠠ ᠭᠠᠷᠭᠠᠨ᠎ᠠ
2026-03-25 10:04:47
ᠵᠣᠬᠢᠶᠠᠭ᠍ᠴᠢ᠄
​ ᠬᠠᠨ ᠱᠢᠤᠸᠠᠢ ᠷᠦ᠋ ᠸᠠᠩ ᠬᠤᠤ ᠵᠣᠣ ᠰᠢ ᠬᠤᠤ ᠪᠢᠶᠤᠤ
ᠣᠩᠱᠢᠭ᠍ᠰᠠᠨ ᠣᠳᠠᠭ᠎ᠠ᠄
★★★☆☆

ᠪᠥᠬᠥ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ  ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠤ ᠪᠤᠢ


ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ ᠪᠣᠯ ᠮᠠᠨ᠎ᠤ ᠨᠠᠮ᠎ᠤᠨ ᠨᠠᠮ᠎ᠤᠨ ᠳᠣᠲᠣᠭᠠᠳᠤ᠎ᠳᠤ ᠲᠥᠪᠯᠡᠷᠡᠩᠭᠦᠢ ᠬᠥᠮᠦᠵᠢᠯ ᠥᠷᠨᠢᠭᠦᠯᠬᠦ᠌ ᠡᠷᠬᠢᠮ ᠨᠠᠨᠳᠢᠨ ᠲᠤᠷᠱᠢᠯᠭ᠎ᠠ ᠪᠠ ᠪᠦᠲᠦᠮᠵᠢᠲᠡᠢ ᠠᠷᠭ᠎ᠠ ᠬᠢᠳᠡᠯ ᠮᠥᠨ᠃ ᠤᠢ᠍ᠢᠷ᠎ᠠ᠎ᠶ᠋ᠢᠨ ᠡᠳᠦᠷ ᠤ᠋ᠳ ᠲᠤ᠌᠂ ᠪᠦᠬᠦ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠵᠠᠰᠠᠭ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠳᠠᠷᠤᠢ ᠲᠦᠷᠭᠡᠨ ᠲᠠᠢ᠌ᠴᠢᠯᠠᠵᠤ᠂ ᠨᠢᠮᠪᠠᠢ ᠵᠣᠬᠢᠶᠠᠨ ᠪᠠᠢᠭᠤᠯᠵᠤ᠂ ᠰᠤᠷᠤᠯᠴᠠᠯᠭ᠎ᠠ ᠬᠥᠮᠦᠵᠢᠯ᠎ᠢ ᠲᠠᠷᠢᠬᠢ ᠲᠣᠯᠣᠭᠠᠢ ᠳ᠋ᠤᠨᠢ ᠬᠠᠳᠠᠩᠱᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠦᠨᠡᠨ ᠬᠦ᠌ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠦᠷᠦ᠍᠎ᠶ᠋ᠢᠨ ᠪᠤᠳᠤᠯᠭ᠎ᠠ ᠰᠤᠳᠤᠯᠬᠤ ᠲᠠᠰᠤᠭ (ᠥᠭᠡᠷᠡᠴᠢᠯᠡᠯᠲᠡ᠎ᠶ᠋ᠢᠨ ᠠᠯᠪᠠᠨ ᠭᠡᠷ) ᠨᠡᠩ ᠥᠨᠳᠥᠷ ᠪᠠᠷᠢᠮᠵᠢᠶ᠎ᠠ᠂ ᠨᠡᠩ ᠥᠨᠳᠥᠷ ᠲᠦᠪᠱᠢᠨ᠎ᠢᠶᠡᠷ ᠰᠤᠷᠤᠯᠴᠠᠯᠭ᠎ᠠ ᠬᠥᠮᠦᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠡᠮᠦᠨ᠎ᠡ ᠨᠢ ᠬᠣᠱᠢᠭᠤᠷᠠᠨ ᠦᠯᠢᠭᠡᠷ ᠳᠠᠭᠤᠷᠢᠶᠠᠯ ᠪᠣᠯᠬᠤ᠎ᠪᠠᠷ ᠴᠢᠷᠮᠠᠢᠨ᠎ᠠ᠃ ᠨᠢᠭᠡ᠎ᠳᠦ᠂ ᠦᠳᠲᠡᠷ ᠲᠦᠷᠭᠡᠨ ᠡᠬᠢᠯᠡᠭᠦᠯᠵᠦ᠍᠂ ᠨᠢᠮᠪᠠᠶ ᠵᠣᠬᠢᠶᠠᠨ ᠪᠠᠢᠭᠤᠯᠪᠠ᠃ 2 ᠰᠠᠷ᠎ᠠ᠎ᠶ᠋ᠢᠨ 28 ᠤ᠋ ᠡᠳᠦᠷ ᠲᠠᠰᠤᠭ᠎ᠤᠨ ᠠᠵᠢᠯ᠎ᠤᠨ ᠬᠤᠷᠠᠯ ᠬᠤᠷᠠᠯᠳᠤᠭᠤᠯᠵᠤ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠥᠰᠦᠯ᠎ᠢ ᠰᠤᠳᠤᠯᠤᠨ ᠪᠠᠢᠷᠢᠯᠠᠭᠤᠯᠵᠤ ᠬᠢᠨᠠᠨ ᠵᠥᠪᠯᠡᠪᠡ᠃ ᠲᠠᠰᠤᠭ᠎ᠤᠨ ᠭᠤᠤᠯ ᠤᠳᠤᠷᠢᠳᠤᠯᠭ᠎ᠠ ᠪᠡᠶ᠎ᠡ᠎ᠪᠡᠷ᠎ᠢᠶᠡᠨ ᠠᠳᠭᠤᠵᠤ᠂ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ 《ᠨᠢᠭᠡ ᠠᠵᠢᠯ᠎ᠤᠨ ᠪᠠᠢᠷᠢ᠎ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠌》᠎ᠶ᠋ᠢ ᠨᠠᠷᠢᠨ ᠬᠢᠨᠠᠮᠠᠭᠠᠶ ᠭᠦᠶ᠋ᠴᠡᠳᠭᠡᠵᠦ᠍᠂ ᠵᠡᠷᠭᠡ᠎ᠪᠡᠷ ᠠᠳᠭᠤᠵᠤ ᠬᠠᠮᠲᠤ᠎ᠪᠠᠷ ᠠᠬᠢᠭᠤᠯᠬᠤ ᠠᠵᠢᠯ᠎ᠤᠨ ᠪᠠᠢᠷᠢᠱᠢᠯ᠎ᠢ ᠪᠦᠷᠢᠯᠳᠦᠭᠦᠯᠪᠡ᠃ ᠬᠣᠶᠠᠷ᠎ᠲᠤ᠂ ᠲᠥᠪᠯᠡᠷᠡᠭᠦᠯᠦᠨ ᠰᠤᠷᠤᠯᠴᠠᠵᠤ᠂ ᠨᠢᠭᠡ ᠴᠤᠭ᠍ᠴᠠᠵᠢᠭᠤᠯᠤᠨ ᠠᠬᠢᠭᠤᠯᠪᠠ᠃ ᠰᠤᠷᠤᠯᠴᠠᠯᠭ᠎ᠠ ᠵᠢᠨ ᠡᠭᠦᠷᠭᠡ᠎ᠶ᠋ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠡᠯ᠎ᠡ ᠵᠦᠶ᠋ᠯ᠎ᠦᠨ ᠠᠵᠢᠯ᠎ᠳᠤ ᠦᠶ᠋ᠯᠡᠴᠢᠯᠡᠬᠦ᠌ ᠳᠤᠮᠳᠠ ᠣᠷᠭᠠᠨᠢᠭ᠎ᠢᠶᠠᠷ ᠠᠭᠤᠰᠤᠯᠴᠠᠭᠤᠯᠵᠤ᠂ ᠤᠷᠢᠳ᠎ᠢᠶᠠᠷ ᠭᠦᠨᠵᠡᠭᠡᠶ ᠰᠤᠷᠤᠯᠴᠠᠪᠠ᠃ ᠨᠣᠮ ᠤᠩᠱᠢᠬᠤ ᠠᠩᠭᠢ ᠡᠷᠬᠢᠯᠡᠵᠦ᠍᠂ 《ᠰᠤᠷᠤᠯᠴᠠᠬᠤ᠎ᠶ᠋ᠢ ᠵᠢᠯᠣᠭᠣᠳᠭᠤ᠂ ᠨᠡᠢᠳᠡᠮ ᠰᠤᠷᠤᠯᠴᠠᠬᠤ᠂ ᠰᠤᠳᠤᠯᠤᠨ ᠰᠤᠷᠤᠯᠴᠠᠬᠤ᠂ ᠨᠠᠷᠢᠨ ᠰᠤᠷᠤᠯᠴᠠᠬᠤ᠂ ᠰᠤᠷᠤᠯᠴᠠᠬᠤ ᠵᠢ ᠱᠠᠯᠠᠪᠳᠠᠭᠤᠯᠬᠤ》 ᠵᠡᠷᠬᠡ 《ᠲᠠᠪᠤᠨ ᠰᠤᠷᠤᠯᠴᠠᠬᠤ》 ᠲᠣᠭ᠍ᠲᠠᠴᠠ᠎ᠶ᠋ᠢ ᠰᠠᠢᠲᠤᠷ ᠵᠣᠬᠢᠶᠠᠨ ᠪᠠᠢᠭᠤᠯᠤᠨ ᠬᠡᠷᠡᠭ᠌ᠯᠡᠵᠦ᠍᠂ ᠲᠥᠷᠥᠯ ᠬᠤᠪᠢᠶᠠᠨ ᠵᠢᠯᠣᠭᠣᠳᠭᠤ᠎ᠶ᠋ᠢ ᠴᠢᠩᠭᠠᠳᠬᠠᠪᠠ᠃ ᠭᠤᠷᠪᠠ᠎ᠳᠤ᠂ ᠰᠤᠷᠤᠯᠴᠠᠬᠤ᠎ᠶ᠋ᠢᠨ ᠳᠠᠭᠠᠤ ᠪᠠᠢᠴᠠᠭᠠᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠪᠡ᠃ ᠲᠠᠰᠤᠭ᠎ᠤᠨ ᠭᠤᠤᠯ ᠬᠠᠷᠢᠭᠤᠴᠠᠯᠭᠠᠲᠠᠨ᠂ ᠠᠰᠠᠭᠤᠳᠠᠯ᠎ᠢ ᠪᠠᠢᠴᠠᠭᠠᠨ ᠳᠡᠯᠭᠡᠬᠦ᠌᠎ᠳᠡᠭᠡᠨ ᠪᠠᠷᠢᠮᠵᠢᠶ᠎ᠠ᠎ᠶ᠋ᠢ ᠴᠢᠩᠳᠠᠯᠠᠵᠤ᠂ ᠦᠵᠡᠯ ᠰᠠᠨᠠᠭ᠎ᠠ ᠪᠠ ᠲᠤᠬᠠᠢᠯᠠᠭ᠍ᠰᠠᠨ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠲᠣᠮᠣ ᠪᠦᠭᠡᠳᠡᠯ᠎ᠠ ᠬᠡᠢᠰᠪᠦᠷᠢ ᠪᠠᠢᠵᠤ ᠪᠣᠯᠬᠤ ᠥᠬᠡᠶ᠃ ᠠᠰᠠᠭᠤᠳᠠᠯ᠎ᠢ ᠪᠠᠢᠴᠠᠭᠠᠨ ᠳᠡᠯᠭᠡᠬᠦ᠌᠎ᠳᠦ ᠱᠠᠲᠤ ᠳᠠᠷᠠᠭᠠᠯᠠᠨ ᠬᠠᠷᠢᠭᠤᠴᠠᠵᠤ᠂ ᠠᠰᠠᠭᠤᠳᠠᠯ᠎ᠢ ᠪᠠᠢᠴᠠᠭᠠᠨ ᠳᠡᠯᠭᠡᠬᠦ᠌᠎ᠳᠦ ᠰᠠᠨᠠᠭᠠᠴᠢᠯᠠᠭ᠎ᠠ ᠡᠴᠡ᠎ᠪᠠᠨ 《ᠰᠤᠳᠠᠯ ᠪᠠᠷᠢᠵᠤ ᠬᠠᠮᠲᠤᠷᠠᠨ ᠣᠨᠣᠱᠢᠯᠠᠬᠤ》 ᠎ᠶ᠋ᠢ ᠪᠡᠶᠡᠯᠡᠭᠦᠯᠵᠦ᠍᠂ ᠬᠠᠰᠢ ᠶᠠᠰᠢ ᠬᠢᠬᠦ ᠡᠴᠡ ᠵᠠᠢᠯᠠᠰᠭᠢᠵᠦ᠍᠂ 《ᠠᠷᠬᠠᠭ ᠬᠡᠮ》 ᠎ᠳ᠋ᠤ ᠱᠢᠭᠤᠳ ᠬᠠᠨᠳᠤᠬᠤ ᠬᠡᠷᠡᠭᠳᠠᠢ ᠭᠡᠵᠤ ᠱᠠᠭᠠᠷᠳᠠᠵᠠᠢ᠃

ᠣᠢᠷ᠎ᠠ᠎ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠎ᠶ᠋ᠢᠨ ᠬᠤᠷᠠᠯ ᠵᠢᠴᠢ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠪᠡ᠃ ᠨᠣᠮ ᠤᠩᠱᠢᠬᠤ ᠠᠩᠭᠢ᠎ᠨᠢ 《ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ + ᠲᠥᠪᠯᠡᠷᠡᠭᠦᠯᠦᠨ ᠥᠪᠡᠰᠦᠪᠡᠨ ᠰᠤᠷᠤᠯᠴᠠᠬᠤ》 ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠬᠣᠯᠪᠣᠭᠠᠯᠠᠨ ᠬᠥᠳᠡᠯᠦᠯᠴᠡᠬᠦ᠌ ᠠᠷᠭ᠎ᠠ ᠮᠠᠶᠢᠭ ᠵᠢᠡᠷ᠂ ᠰᠤᠷᠤᠯᠴᠠᠬᠤ ᠡᠬᠢ ᠪᠠᠶᠠᠯᠢᠭ᠎ᠢ ᠡᠯ᠎ᠡ ᠠᠢᠮᠠᠭ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠦ ᠵᠡᠷᠭᠡ᠎ᠪᠡᠷ ᠬᠤᠪᠢᠶᠠᠯᠴᠠᠵᠤ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠪᠥᠬᠥ᠌ ᠣᠷᠣᠨ᠎ᠤ ᠠᠷᠠᠳ᠎ᠤᠨ ᠶᠠᠪᠤᠳᠠᠯ᠎ᠤᠨ ᠱᠢᠰᠲ᠋ᠧᠮ᠎ᠳᠦ ᠵᠡᠷᠭᠡ᠎ᠪᠡᠷ ᠥᠷᠨᠢᠭᠦᠯᠬᠦ᠌᠂ ᠨᠢᠭᠡ ᠴᠣᠭ᠍ᠴᠠᠵᠢᠭᠤᠯᠤᠨ ᠨᠠᠢᠳᠠᠪᠤᠷᠢᠵᠢᠭᠤᠯᠬᠤ᠂ ᠳᠡᠭᠡᠳᠦ ᠳᠤᠤᠷᠠᠳᠤ ᠱᠠᠲᠤ᠎ᠪᠠᠷ᠎ᠢᠶᠠᠨ ᠬᠣᠯᠪᠣᠭᠠᠯᠠᠨ ᠬᠥᠳᠡᠯᠦᠯᠴᠡᠬᠦ᠌᠂ ᠬᠠᠮᠵᠢᠯᠴᠠᠨ ᠠᠬᠢᠭᠤᠯᠬᠤ ᠬᠦᠴᠦᠷᠬᠡᠭ ᠶᠡᠬᠡ ᠬᠠᠮᠳᠤᠷᠠᠯ ᠬᠦᠴᠦᠨ᠎ᠢ ᠨᠢᠭ᠍ᠲᠠᠷᠠᠭᠤᠯᠬᠤ᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠪᠥᠬᠥ᠌ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ 《 ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠥᠭᠦᠯᠡᠯᠲᠡ᠎ᠶ᠋ᠢᠨ ᠲᠡᠭᠦᠪᠦᠷᠢ》 ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ ᠵᠡᠷᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠡᠷᠡ ᠬᠡᠪ᠎ᠢᠶᠡᠷ᠎ᠨᠢ ᠰᠤᠷᠤᠯᠴᠠᠵᠤ᠂ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ ᠪᠠᠢᠭᠠᠳ《ᠬᠣᠶᠠᠷ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠭᠤᠯᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠪᠡ᠃ ᠨᠣᠮ ᠤᠩᠱᠢᠬᠤ ᠠᠩᠭᠢ᠎ᠳᠤ ᠣᠷᠣᠯᠴᠠᠭ᠍ᠰᠠᠨ ᠨᠠᠮ᠎ᠤᠨ ᠭᠡᠱᠢᠭᠦᠨ ᠺᠠᠳ᠋ᠷᠴᠤᠳ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ᠌᠎ᠪᠡᠷ ᠠᠵᠠ ᠲᠣᠬᠢᠶᠠᠯ ᠪᠣᠯᠭᠠᠵᠤ᠂ 《 ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ 》 ᠶᠡᠷᠦᠩᠬᠡᠶ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠣᠨᠣᠯ᠎ᠢᠶᠠᠷ ᠵᠡᠪᠰᠡᠭ᠌ᠯᠡᠬᠦ᠌᠂ ᠰᠤᠷᠤᠯᠴᠠᠬᠤ ᠬᠡᠷᠡᠭ᠌ᠯᠡᠬᠦ᠌᠎ᠶ᠋ᠢ ᠤᠶᠠᠯᠳᠤᠭᠤᠯᠬᠤ ᠳᠡᠭᠡᠷ᠎ᠡ ᠦᠷᠭᠦᠯᠵᠢᠯᠡᠨ ᠬᠦᠴᠦ᠍ ᠲᠠᠯᠪᠢᠵᠤ᠂ ᠦᠨᠡᠨ ᠬᠦ᠌ ᠪᠠᠢᠴᠠᠭᠠᠵᠤ ᠨᠠᠷᠢᠨ ᠬᠠᠷᠭᠤᠭᠤᠯᠬᠤ᠂ ᠴᠢᠩᠭ᠎ᠠ ᠵᠠᠰᠠᠵᠤ ᠪᠣᠳᠠᠲᠠᠶ ᠵᠠᠰᠠᠬᠤ᠎ᠶ᠋ᠢ ᠠᠬᠢᠭᠤᠯᠬᠤ ᠲᠠᠯ᠎ᠠ᠎ᠪᠠᠷ ᠦᠨᠡᠨ ᠪᠣᠳᠠᠲᠠᠶ ᠬᠢᠵᠦ᠍᠂ ᠲᠦᠷᠢᠮ ᠲᠣᠭ᠍ᠲᠠᠭᠠᠯ ᠲᠣᠭ᠍ᠲᠠᠭᠠᠬᠤ᠂ ᠪᠠᠢᠩᠭᠤ ᠠᠳᠭᠤᠵᠤ ᠣᠷᠳᠣ ᠬᠤᠭᠤᠴᠠᠭ᠎ᠠ ᠠᠳᠭᠤᠬᠤ᠎ᠶ᠋ᠢ ᠴᠢᠩᠭᠠᠳᠭᠠᠬᠤ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠣᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠎ᠠ ᠭᠡᠵᠤ ᠰᠠᠨᠠᠯ ᠨᠢᠭᠡᠳᠠᠢ ᠢᠯᠡᠳᠭᠡᠵᠡᠭᠡᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠮᠠᠯ ᠠᠵᠤ ᠠᠬᠤᠶ ᠵᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠪᠥᠬᠥ᠌  ᠨᠠᠮ᠎ᠤᠨ ᠭᠡᠱᠢᠭᠦᠨ ᠺᠠᠳ᠋ᠷᠴᠤᠳ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢᠨ ᠭᠤᠤᠯ ᠴᠢᠬᠤᠯᠠ ᠠᠭᠤᠯᠭ᠎ᠠ᠎ᠶ᠋ᠢ ᠭᠦᠨᠵᠡᠭᠡᠶ ᠤᠢᠯᠠᠭᠠᠨ ᠣᠨᠣᠪᠴᠢᠲᠠᠶ ᠡᠵᠡᠮᠳᠡᠵᠦ᠍᠂ ᠰᠤᠷᠤᠯᠴᠠᠯᠭ᠎ᠠ ᠬᠥᠮᠦᠵᠢᠯ᠎ᠢ ᠦᠵᠡᠯ ᠰᠠᠨᠠᠭᠠᠨ᠎ᠤ ᠴᠢᠭ᠌ᠯᠡᠯ᠎ᠢ ᠱᠢᠯᠭᠠᠬᠤ᠂ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠵᠢᠯᠯᠠᠭ᠎ᠠ᠎ᠶ᠋ᠢ ᠵᠢᠷᠤᠮᠵᠢᠭᠤᠯᠬᠤ᠂ ᠬᠥᠭ᠌ᠵᠢᠯᠲᠡ᠎ᠶ᠋ᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠭᠠᠵᠤ᠂ ᠤᠬᠠᠮᠰᠠᠷ᠎ᠡᠴᠡ᠎ᠪᠠᠨ ᠠᠷᠠᠳ ᠲᠦᠮᠡᠨ᠎ᠳᠦ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠪᠣᠳᠠᠲᠠᠶ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ ᠪᠤᠯᠭᠠᠨ᠎ᠠ᠃ ᠪᠦᠬᠦ᠌ ᠬᠦᠷᠢᠶᠡᠯᠡᠩ᠎ᠦᠨ ᠬᠡᠪᠴᠢᠶᠡᠨ᠎ᠳᠦ ᠰᠤᠷᠤᠯᠴᠠᠵᠤ ᠰᠤᠳᠤᠯᠤᠨ ᠶᠠᠷᠢᠯᠴᠠᠬᠤ᠎ᠶ᠋ᠢ ᠭᠦᠨᠵᠡᠭᠡᠢᠷᠡᠭᠦᠯᠵᠦ᠍ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠦᠢᠯᠡᠳᠦᠯᠭᠡᠵᠢᠭᠦᠯᠬᠦ᠌ ᠦᠵᠡᠯ ᠰᠠᠨᠠᠭᠠᠨ᠎ᠤ ᠰᠠᠭᠤᠷᠢ᠎ᠶ᠋ᠢ ᠪᠠᠲᠤ ᠴᠣᠭ᠍ᠴᠠᠯᠠᠵᠤ᠂ ᠠᠰᠠᠭᠤᠳᠠᠯ᠎ᠢ ᠪᠠᠢᠴᠠᠭᠠᠨ ᠳᠡᠯᠭᠡᠵᠦ ᠵᠠᠳᠠᠯᠵᠤ ᠠᠰᠠᠭᠤᠳᠠᠯ᠎ᠤᠨ ᠦᠨᠳᠦᠰᠦ ᠰᠤᠷᠪᠤᠯᠵᠢ᠎ᠶ᠋ᠢ ᠭᠦᠨᠵᠡᠭᠡᠢ ᠠᠭᠤᠳᠠᠯᠵᠤ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍ ᠳᠤᠪᠤᠢ᠌ᠮ᠎ᠠ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠳᠦᠷᠢᠮ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠦᠷᠢᠨᠱᠢᠬᠦᠯᠦᠨ᠎ᠠ᠃ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠦᠬᠦ᠌ ᠬᠦᠷᠢᠶᠡᠯᠡᠩ᠎ᠦᠨ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠦᠷ᠎ᠡ ᠪᠦᠲᠦᠭᠡᠯ᠎ᠢ ᠣᠨᠳᠣᠣᠱᠢᠭᠤᠯᠬᠤ᠂ ᠴᠢᠳᠠᠪᠤᠷᠢᠲᠠᠨ᠎ᠤ ᠡᠩᠨᠡᠭᠡᠨ᠎ᠦ ᠪᠠᠢᠭᠤᠯᠤᠯᠲᠠ ᠵᠡᠷᠭᠡ ᠭᠣᠣᠯ ᠠᠵᠢᠯ᠎ᠤᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠨᠡᠩ ᠡᠷᠡᠰ ᠴᠢᠩᠭ᠎ᠠ ᠬᠦᠴᠦᠨ ᠪᠦᠬᠦᠢ ᠠᠷᠭ᠎ᠠ ᠬᠡᠮᠵᠢᠶ᠎ᠡ᠎ᠪᠡᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂《ᠪᠠᠷᠠᠭᠤᠨ ᠣᠷᠣᠨ᠎ᠳᠤ ᠲᠦᠷᠦᠭᠦᠯᠡᠵᠦ᠍᠂ ᠪᠦᠬᠦ᠌ ᠤᠯᠤᠰ᠎ᠲᠤ ᠣᠷᠣᠢᠯᠠᠭ᠍ᠰᠠᠨ》ᠣᠷᠣᠨ ᠨᠤᠲᠤᠭ᠎ᠤᠨ ᠬᠦᠷᠢᠶᠡᠯᠡᠩ᠎ᠢ ᠬᠦᠴᠦᠷᠬᠡᠭ᠌ᠵᠢᠭᠦᠯᠬᠦ᠌ ᠳᠤᠮᠳᠠ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠲᠠᠢ ᠬᠥᠭ᠌ᠵᠢᠯᠲᠡ᠎ᠳᠦ ᠱᠢᠨ᠎ᠡ ᠬᠦᠴᠦᠨ ᠴᠢᠳᠠᠯ᠎ᠢᠶᠠᠨ ᠡᠷᠭᠦᠨ᠎ᠡ᠃

3 ᠰᠠᠷ᠎ᠠ᠎ᠶ᠋ᠢᠨ 18 ᠎ᠤ᠋ ᠡᠳᠦᠷ᠂ ᠦᠬᠠᠶ ᠬᠣᠲᠠ᠎ᠶ᠋ᠢᠨ ᠨᠠᠮ᠎ᠤᠨ ᠬᠣᠷᠢᠶ᠎ᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠪᠡ᠃ ᠨᠣᠮ ᠤᠩᠱᠢᠬᠤ ᠠᠩᠭᠢ᠎ᠳᠤ᠂ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ ᠲᠤᠬᠠᠶ ᠴᠢᠬᠤᠯᠠ ᠥᠭᠦᠯᠡᠯᠲᠡ᠎ᠶ᠋ᠢ ᠲᠦᠷᠦᠭᠦᠯᠡᠨ ᠰᠤᠷᠤᠯᠴᠠᠵᠤ᠂ ᠲᠡᠭᠦᠨ᠎ᠦ ᠭᠤᠤᠯ ᠠᠭᠤᠯᠭ᠎ᠠ᠂ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ᠂ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠤᠢᠯᠠᠭᠠᠨ ᠡᠵᠡᠮᠱᠢᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠪᠡᠷ ᠪᠥᠬᠥ᠌ ᠬᠣᠲᠠ᠎ᠶ᠋ᠢᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭ᠍ᠲᠠᠭᠠᠭᠰᠠᠨ》᠎ᠢ᠋ ᠡᠷᠡᠰ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠬᠢᠳᠤᠭᠠᠨ ᠢᠷ᠎ᠢ ᠳᠣᠲᠣᠭ᠍ᠰᠢ ᠬᠠᠨᠳᠤᠭᠤᠯᠬᠤ ᠰᠥᠰᠥ᠍ ᠵᠣᠷᠢᠭ᠎ᠢᠶᠠᠷ ᠠᠰᠠᠭᠤᠳᠠᠯ᠎ᠢ ᠪᠣᠳᠠᠲᠠᠢ ᠡᠷᠢᠵᠦ᠍᠂ ᠦᠨᠳᠦᠰᠦ ᠰᠤᠷᠪᠤᠯᠵᠢ᠎ᠶ᠋ᠢ ᠭᠦᠨᠵᠡᠭᠡᠢ ᠠᠭᠤᠳᠠᠯᠵᠤ᠂ ᠵᠠᠩᠭᠢᠯᠠᠭ᠎ᠠ᠎ᠶᠢᠨ ᠠᠰᠠᠭᠤᠳᠠᠯ᠎ᠢ ᠣᠨᠣᠪᠴᠢᠲᠠᠢ ᠪᠠᠢᠴᠠᠭᠠᠵᠤ᠂ ᠬᠠᠲᠠᠭᠤ᠎ᠲᠠᠶ ᠨᠢ ᠬᠠᠯᠳᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠠᠯᠳᠠᠭ᠎ᠠ᠎ᠶ᠋ᠢ ᠡᠷᠡᠰ ᠵᠠᠯᠠᠷᠠᠭᠤᠯᠬᠤ ᠬᠡᠷᠡᠭ᠌ᠲᠡᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠣᠨᠣᠪᠴᠢᠲᠠᠶ ᠡᠵᠡᠮᠳᠡᠵᠦ᠍᠂ ᠤᠬᠠᠮᠰᠠᠷ᠎ᠡᠴᠡ᠎ᠪᠠᠨ ᠦᠬᠠᠶ ᠬᠣᠲᠠ᠎ᠶ᠋ᠢᠨ ᠠᠵᠢᠯ᠎ᠢ ᠪᠥᠬᠥ᠌ ᠤᠯᠤᠰ ᠪᠥᠬᠥ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠳᠡᠯᠪᠢᠨ ᠪᠠᠢᠷᠢ ᠲᠣᠭ᠍ᠲᠠᠭᠠᠯᠲᠠ ᠬᠢᠵᠦ᠍᠂ ᠤᠬᠠᠭᠠᠯᠠᠨ ᠲᠥᠯᠥᠪᠯᠡᠵᠦ᠂ ᠠᠬᠢᠭᠤᠯᠵᠤ᠂ ᠬᠢᠬᠦ᠌ ᠵᠤᠬᠢᠰᠳᠠᠢ ᠪᠠᠨ ᠬᠢᠵᠦ᠍᠂ ᠬᠢᠬᠦ ᠵᠤᠬᠢᠰ ᠥᠬᠡᠶ ᠪᠠᠨ ᠦᠯᠦ ᠬᠢᠬᠦ᠌ ᠎ᠵᠢ ᠪᠠᠷᠢᠮᠲᠠᠯᠠᠵᠤ᠂ ᠠᠯᠢᠪᠠ ᠪᠦᠬᠦᠨ᠎ᠳᠦ ᠪᠣᠳᠠᠲᠠᠶ᠎ᠡᠴᠡ ᠡᠭᠦᠰᠴᠦ᠍᠂ ᠵᠢᠮ᠎ᠡ ᠶᠣᠰᠣ᠎ᠪᠠᠷ ᠠᠵᠢᠯᠯᠠᠵᠤ᠂ ᠵᠢᠵᠢᠭ ᠮᠥᠷᠲᠡᠭᠡᠨ ᠨᠠᠷᠢᠯᠢᠭ᠂ ᠵᠢᠵᠢᠭ ᠮᠥᠷᠲᠡᠭᠡᠨ ᠬᠦᠴᠦᠷᠬᠡᠭ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ᠂ ᠵᠢᠵᠢᠭ ᠮᠥᠷᠲᠡᠭᠡᠨ ᠭᠣᠶᠣ᠂ ᠵᠢᠵᠢᠭ ᠮᠥᠷᠲᠡᠭᠡᠨ ᠱᠢᠯᠢᠳᠡᠭ ᠰᠣᠳᠣᠨ ᠬᠣᠲᠠ᠎ᠶ᠋ᠢ ᠪᠠᠢᠭᠤᠯᠬᠤ ᠲᠠᠯ᠎ᠠ᠎ᠪᠠᠷ ᠪᠣᠳᠠᠲᠠᠶ ᠠᠷᠭ᠎ᠠ ᠬᠡᠮᠵᠢᠶ᠎ᠡ ᠠᠪᠴᠤ᠌᠂ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠢᠵᠤ᠂ ᠪᠣᠳᠠᠲᠠᠶ ᠠᠵᠢᠯᠯᠠᠵᠤ ᠪᠣᠳᠠᠲᠤ ᠠᠮᠵᠢᠯᠲᠠ ᠪᠦᠲᠦᠮᠵᠢ ᠤᠯᠬᠤ᠎ᠪᠠᠷ ᠪᠣᠬᠢᠷᠲᠤᠯ ᠥᠬᠡᠶ ᠲᠡᠢᠰᠢ ᠬᠡᠯᠪᠡᠷᠢ᠎ᠪᠠᠨ ᠬᠤᠪᠢᠷᠠᠭᠤᠯᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠵᠠᠮ᠎ᠢᠶᠠᠷ ᠰᠠᠢᠲᠤᠷ ᠵᠠᠮᠨᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号