ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠨ᠎ᠠ
2026-03-25 09:42:02
ᠵᠣᠬᠢᠶᠠᠭ᠍ᠴᠢ᠄
ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ᠎ᠶᠢᠨ ᠫᠢᠩ᠎ᠤᠨ ᠰᠢᠶᠦᠢ᠍ᠩ ᠠᠨ ᠰᠢᠨ᠎ᠡ ᠲᠣᠭᠣᠷᠢᠭ᠋᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠨᠢ ᠴᠢᠨᠠᠷ ᠰᠠᠢᠲᠠᠢ ᠬᠥᠭᠵᠢᠯᠲᠡ᠎ᠶᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠪᠠ


ᠤᠷᠢᠬᠠᠨ ᠬᠠᠪᠤᠷ ᠰᠠᠭᠠᠳᠠᠬᠰᠠᠨ ᠰᠢᠶᠦᠢ᠍ᠩ ᠠᠨ ᠬᠦᠭᠵᠢᠯ ᠡᠰᠡᠨᠢᠯ ᠵᠢᠡᠷ ᠪᠢᠯᠬᠠᠨ᠎ᠠ᠃ 3 ᠰᠠᠷ᠎ᠠ᠎ᠶᠢᠨ 23᠎ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠡᡁᠸᠪᠸᠢ᠎ᠶᠢᠨ ᠰᠢᠶᠦᠢ᠍ᠩ ᠠᠨ ᠰᠢᠨ᠎ᠡ ᠲᠣᠭᠣᠷᠢᠭ᠋᠎ᠲᠤ ᠰᠢᠨᠵᠢᠯᠡᠨ ᠪᠠᠢᠴᠠᠭᠠᠵᠤ᠂ ᠰᠢᠶᠦᠢ᠍ᠩ ᠠᠨ ᠰᠢᠨ᠎ᠡ ᠲᠣᠭᠣᠷᠢᠭ᠋᠎ᠤᠨ ᠴᠢᠨᠠᠷ ᠰᠠᠢᠲᠠᠢ ᠪᠦᠲᠦᠭᠡᠨ ᠪᠠᠢᠭᠤᠯᠤᠯᠲᠠ ᠪᠠ ᠬᠥᠭᠵᠢᠯᠲᠡ᠎ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃

ᠡᠯ᠎ᠡ ᠭᠠᠵᠠᠷ᠎ᠤᠨ ᠺᠠᠳ᠋ᠷ ᠤᠯᠠᠨ ᠲᠦᠮᠡᠨ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ ᠪᠠ ᠲᠡᠦᠬᠡ᠎ᠶᠢᠨ ᠬᠦᠯᠢᠴᠡᠩᠭᠦᠢ ᠤᠪᠤᠷ᠎ᠢᠶᠡᠨ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠰᠠᠢᠲᠤᠷ ᠨᠠᠢᠳᠠᠪᠤᠷᠢᠵᠢᠭᠤᠯᠵᠤ᠂ ᠰᠢᠶᠦᠢ᠍ᠩ ᠠᠨ ᠰᠢᠨ᠎ᠡ ᠲᠣᠭᠣᠷᠢᠭ᠋᠎ᠤᠨ ᠴᠢᠨᠠᠷ ᠰᠠᠢᠲᠠᠢ ᠪᠦᠲᠦᠭᠡᠨ ᠪᠠᠢᠭᠤᠯᠤᠯᠲᠠ ᠪᠠ ᠬᠥᠭᠵᠢᠯᠲᠡ᠎ᠶᠢ ᠭᠦᠨᠵᠡᠭᠡᠢ ᠠᠬᠢᠭᠤᠯᠵᠤ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠳᠤᠷ ᠡᠬᠢᠯᠡᠬᠦᠯᠵᠤ ᠠᠩᠬᠠᠨ᠎ᠤ ᠠᠯᠬᠤᠮ᠎ᠢ ᠰᠠᠢᠳᠤᠷ ᠠᠯᠬᠤᠬᠤ ᠳ᠋ᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃

ᠣᠳᠣᠬᠠᠨ᠎ᠳᠤ᠂ ᠰᠢᠶᠦᠢ᠍ᠩ ᠠᠨ ᠰᠢᠨ᠎ᠡ ᠲᠣᠭᠣᠷᠢᠭ᠋ ᠨᠢᠭᠡᠨᠲᠡ ᠶᠡᠬᠡ ᠬᠡᠪᠴᠢᠶ᠎ᠡ᠎ᠪᠡᠷ ᠪᠦᠲᠦᠭᠡᠨ ᠪᠠᠶ᠋ᠢᠭᠤᠯᠬᠤ ᠪᠠ ᠪᠡᠭᠡᠵᠢᠩ᠎ᠦᠨ ᠨᠡᠢᠰᠯᠡᠯ᠎ᠦᠨ ᠪᠤᠰᠤ ᠦᠢᠯᠡᠳᠦᠯ ᠴᠢᠳᠠᠮᠵᠢ᠎ᠶᠢ ᠵᠠᠳᠠᠷᠠᠭᠤᠯᠤᠨ ᠲᠠᠷᠬᠠᠭᠠᠬᠤ᠎ᠶᠢ ᠵᠡᠷᠭᠡ ᠪᠡᠷ ᠴᠢᠬᠤᠯᠠᠴᠢᠯᠠᠬᠤ ᠱᠠᠲᠤᠨ᠎ᠳᠤ ᠣᠷᠣᠪᠠ᠃ ᠲᠤᠬᠠᠢ᠎ᠶᠢᠨ ᠲᠠᠯᠠᠪᠠᠢ᠎ᠳᠤ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ᠎ᠶᠢ ᠰᠣᠨᠣᠰᠤᠬᠰᠠᠨ ᠳᠤᠮᠳᠠᠳᠤ ᠤᠯᠤᠰ᠎ᠤᠨ ᠬᠤᠸᠠ ᠨᠸᠩ ᠪᠦᠯᠦᠭᠯᠡᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠲᠡᠰ᠎ᠦᠨ ᠡᠷᠬᠢᠯᠡᠭᠴᠢ ᠽᠸᠩ ᠸᠧᠢ ᠳ᠋ᠦᠩ ᠶᠡᠬᠡᠳᠡ ᠵᠣᠷᠢᠭ᠍ᠵᠢᠪᠠ᠃ 《ᠶᠡᠷᠦᠩᠬᠡᠢ ᠱᠦᠵᠢ ᠪᠢᠳᠡᠨ᠎ᠦ ᠠᠵᠢᠯ ᠠᠮᠢᠳᠤᠷᠠᠯ᠎ᠤᠨ ᠪᠠᠢᠳᠠᠯ᠎ᠢ ᠬᠠᠯᠠᠮᠵᠢᠯᠠᠵᠤ᠂ ᠤᠯᠠᠨ᠎ᠤ ᠰᠢᠨ᠎ᠡ ᠲᠣᠭᠣᠷᠢᠭ᠋᠎ᠤᠨ ᠪᠦᠲᠦᠭᠡᠨ ᠪᠠᠢᠭᠤᠯᠤᠯᠲᠠ ᠪᠠ ᠬᠥᠭᠵᠢᠯᠲᠡ᠎ᠶᠢᠨ ᠲᠥᠯᠥᠭᠡ ᠭᠠᠷᠭᠠᠭᠰᠠᠨ ᠴᠢᠷᠮᠠᠢᠯᠭ᠎ᠠ᠎ᠶᠢ ᠨᠤᠲᠠᠯᠠᠵᠤ᠂ ᠨᠠᠳᠠ᠎ᠳᠤ ᠲᠤᠢᠯ᠎ᠤᠨ ᠬᠠᠯᠠᠭᠤᠨ ᠳᠤᠯᠠᠭᠠᠨ ᠰᠠᠨᠠᠭᠳᠠᠵᠤ᠂ ᠡᠷᠴᠢ ᠵᠣᠷᠢᠭ᠋᠎ᠢ ᠨᠡᠩ ᠬᠦᠪᠴᠢᠯᠡᠵᠡᠢ》᠃ ᠲᠡᠷᠡ᠂ ᠶᠡᠷᠦᠩᠬᠡᠢ ᠱᠦᠵᠢ᠎ᠶᠢᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠰᠢᠶᠦᠢ᠍ᠩ ᠠᠨ ᠰᠢᠨ᠎ᠡ ᠲᠣᠭᠣᠷᠢᠭ᠋᠎ᠲᠤ ᠨᠡᠭᠦᠨ ᠣᠷᠣᠬᠤ᠎ᠪᠠᠷ ᠠᠵᠠ ᠲᠣᠬᠢᠶᠠᠯ ᠪᠣᠯᠭᠠᠵᠤ᠂ ᠠᠵᠢᠯ᠎ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ᠎ᠢᠶᠠᠨ ᠴᠢᠩᠭᠠᠳᠬᠠᠵᠤ᠂ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲ᠋ᠸᠮ᠎ᠢ ᠲᠦᠷᠭᠡᠳᠬᠡᠨ ᠪᠠᠶ᠋ᠢᠭᠤᠯᠬᠤ᠂ ᠡᠨᠧᠷᠭᠢ᠎ᠶᠢᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠪᠡ᠃

ᠡᠪᠡᠰᠦ ᠮᠣᠳᠣ᠌ ᠰᠤᠶᠤᠭᠠᠯᠠᠨ᠂ ᠬᠡᠦᠬᠡᠳ᠎ᠤᠨ ᠨᠤᠮ ᠤᠩᠰᠢᠬᠤ ᠤᠶᠠᠬᠠᠨ ᠳᠠᠭᠤ ᠬᠠᠩᠭᠢᠨᠠᠵᠤ᠂ ᠪᠡᠭᠡᠵᠢᠩ᠎ᠦᠨ ᠳᠥᠷᠪᠡᠳᠦᠭᠡᠷ ᠳᠤᠮᠳᠠᠳᠤ ᠰᠤᠷᠭᠠᠭᠤᠯᠢ᠎ᠶᠢᠨ ᠰᠢᠶᠦᠢ᠍ᠩ ᠠᠨ ᠰᠤᠷᠭᠠᠭᠤᠯᠢ᠎ᠶᠢᠨ ᠲᠣᠭᠣᠷᠢᠭ ᠠᠮᠢ ᠠᠮᠢᠵᠢᠷᠠᠯ᠎ᠢᠶᠡᠷ ᠪᠢᠯᠬᠠᠨ᠎ᠠ᠃ ᠶᠡᠷᠦᠩᠬᠡᠢ ᠱᠦᠵᠢ ᠰᠢ᠎ᠶᠢᠨ ᠫᠢᠩ᠎ᠤᠨ ᠬᠡᠦᠬᠡᠳ᠎ᠦᠨ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ ᠲᠤᠬᠠᠢ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠨᠢ ᠪᠡᠭᠡᠵᠢᠩ᠎ᠦᠨ ᠳᠥᠷᠪᠡᠳᠦᠭᠡᠷ ᠳᠤᠮᠳᠠᠳᠤ ᠰᠤᠷᠭᠠᠭᠤᠯᠢ᠎ᠶᠢᠨ ᠰᠢᠶᠦ᠋ᠩ ᠠᠨ ᠰᠤᠷᠭᠠᠭᠤᠯᠢ᠎ᠶᠢᠨ ᠲᠣᠭᠣᠷᠢᠭ᠋᠎ᠤᠨ ᠪᠠᠭ᠍ᠰᠢ ᠸᠠᠩ ᠬᠤᠢ᠎ᠳᠤ ᠭᠦᠨ ᠲᠥᠷᠥᠭᠳᠡᠯ ᠥᠭᠴᠡᠢ᠃

《ᠶᠡᠷᠦᠩᠬᠡᠢ ᠱᠦᠵᠢ᠎ᠶᠢᠨ ᠬᠡᠯᠡᠭᠰᠡᠨᠴᠢᠯᠡᠨ᠂ ᠪᠢ ᠰᠢᠶᠦᠢ᠍ᠩ ᠠᠨ᠎ᠤ ᠬᠥᠮᠥᠨ ᠪᠣᠯᠤᠭᠰᠠᠨ᠎ᠳᠠᠭᠠᠨ ᠣᠮᠣᠭᠰᠢᠵᠤ ᠪᠠᠢᠨ᠎ᠠ᠂ ᠡᠭᠦᠨ᠎ᠦ ᠵᠡᠷᠭᠡ᠎ᠳᠦ ᠰᠢᠶᠦᠢ᠍ᠩ ᠠᠨ ᠰᠢᠨ᠎ᠡ ᠲᠣᠭᠣᠷᠢᠭ᠋᠎ᠤᠨ ᠪᠠᠭ᠍ᠰᠢ ᠪᠣᠯᠤᠭᠰᠠᠨ᠎ᠤ ᠬᠤᠪᠢ᠎ᠳᠤ᠂ ᠬᠠᠷᠢᠭᠤᠴᠠᠯᠭ᠎ᠠ ᠬᠦᠨᠳᠦ ᠭᠡᠳᠡᠭ᠎ᠢ ᠭᠦᠨ ᠣᠢᠯᠠᠭᠠᠵᠤ ᠪᠠᠢᠨ᠎ᠠ》᠃ ᠸᠠᠩ ᠬᠤᠢ᠂ ᠶᠡᠷᠦᠩᠬᠡᠢ ᠱᠦᠵᠢ᠎ᠶᠢᠨ ᠱᠠᠭᠠᠷᠳᠠᠯᠭ᠎ᠠ ᠶᠣᠰᠣᠭᠠᠷ᠂ ᠪᠡᠭᠡᠵᠢᠩ᠎ᠦᠨ ᠳᠥᠷᠪᠡᠳᠦᠭᠡᠷ ᠳᠤᠮᠳᠠᠳᠤ ᠰᠤᠷᠭᠠᠭᠤᠯᠢ᠎ᠶᠢᠨ ᠰᠤᠷᠭᠠᠭᠤᠯᠢ ᠡᠷᠬᠢᠯᠡᠬᠦ ᠲᠤᠷᠰᠢᠯᠭ᠎ᠠ ᠠᠷᠭ᠎ᠠ ᠬᠢᠳᠡᠯ᠎ᠢ ᠰᠠᠢᠲᠤᠷ ᠠᠰᠢᠭ᠍ᠯᠠᠵᠤ᠂ ᠰᠢᠶᠦᠢ᠍ᠩ ᠠᠨ᠎ᠤ ᠬᠡᠦᠬᠡᠳ᠎ᠲᠦ ᠤᠯᠠᠨ ᠡᠰᠢᠲᠦ᠂ ᠰᠢᠯᠢᠳᠡᠭ ᠰᠤᠷᠭᠠᠨ ᠬᠥᠮᠦᠵᠢᠯ ᠬᠦᠷᠲᠡᠭᠡᠵᠦ᠂ ᠬᠡᠦᠬᠡᠳ᠎ᠦᠨ ᠪᠡᠶ᠎ᠡ ᠰᠡᠳᠬᠢᠴᠡ ᠵᠢᠨ ᠡᠷᠡᠭᠦᠯ ᠮᠡᠨᠳᠦ᠎ᠶᠢ ᠬᠠᠢᠷᠠᠯᠠᠨ ᠬᠠᠮᠠᠭᠠᠯᠠᠨ᠎ᠠ ᠭᠡᠪᠡ᠃

ᠶᠡᠷᠦᠩᠬᠡᠢ ᠱᠦᠵᠢ ᠰᠢ᠎ᠶᠢᠨ ᠫᠢᠩ ᠰᠢᠶᠦᠢ᠍ᠩ ᠠᠨ ᠰᠢᠨ᠎ᠡ ᠲᠣᠭᠣᠷᠢᠭ᠋᠎ᠤᠨ ᠪᠦᠲᠦᠭᠡᠨ ᠪᠠᠢᠭᠤᠯᠤᠯᠲᠠ ᠪᠠ ᠬᠥᠭᠵᠢᠯᠲᠡ᠎ᠶᠢᠨ ᠴᠢᠬᠤᠯᠠ ᠶᠡᠬᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠣᠭᠰᠠᠨ᠎ᠢ ᠭᠦᠢᠴᠡᠳ ᠨᠤᠲᠠᠯᠠᠬᠤ᠎ᠶᠢᠨ ᠬᠠᠮᠲᠤ ᠰᠢᠶᠦᠢ᠍ᠩ ᠠᠨ᠎ᠤ ᠰᠢᠨ᠎ᠡ ᠴᠠᠭ ᠦᠶ᠎ᠡ᠎ᠶᠢᠨ ᠰᠢᠨ᠎ᠡ ᠵᠢ ᠡᠭᠦᠳᠬᠦ ᠥᠨᠳᠥᠷᠯᠢᠭ᠎ᠢ ᠪᠦᠲᠦᠭᠡᠨ ᠪᠠᠢᠭᠤᠯᠬᠤ  ᠪᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠭᠯᠡᠯ᠎ᠢ ᠲᠣᠳᠣᠷᠬᠠᠢ ᠵᠢᠭᠠᠵᠤ ᠦᠭᠴᠤ᠂ ᠰᠡᠳᠬᠢᠯ᠎ᠢ ᠨᠢᠭᠡᠳᠬᠡᠨ ᠬᠦᠴᠦᠨ᠎ᠢ ᠬᠠᠮᠳᠤᠳᠬᠠᠪᠠ᠃

《ᠶᠡᠷᠦᠩᠬᠡᠢ ᠱᠦᠵᠢ ᠡᠷᠬᠡᠪᠰᠢ ᠰᠢᠨ᠎ᠡ ᠲᠣᠭᠣᠷᠢᠭ᠋᠎ᠤᠨ ᠴᠢᠳᠠᠮᠵᠢ᠎ᠶᠢᠨ ᠪᠠᠢᠷᠢ ᠲᠣᠭᠲᠠᠭᠠᠯᠲᠠ᠎ᠶᠢ ᠪᠠᠷᠢᠮᠲᠠᠯᠠᠬᠤ ᠵᠢ ᠴᠢᠬᠤᠯᠠᠴᠢᠯᠠᠵᠤ᠂ ᠪᠡᠭᠡᠵᠢᠩ᠎ᠦᠨ ᠨᠡᠢᠰᠯᠡᠯ᠎ᠦᠨ ᠪᠤᠰᠤ ᠦᠢᠯᠡᠳᠦᠯ ᠴᠢᠳᠠᠮᠵᠢ᠎ᠶᠢ ᠵᠠᠳᠠᠷᠠᠭᠤᠯᠤᠨ ᠲᠠᠷᠬᠠᠭᠠᠬᠤ ᠪᠠ ᠬᠦᠯᠢᠶᠡᠨ ᠠᠪᠬᠤ ᠬᠠᠮᠢᠶ᠎ᠠ ᠪᠦᠬᠦᠢ ᠠᠵᠢᠯ᠎ᠢ ᠨᠡᠩ ᠬᠦᠴᠦᠲᠡᠢ ᠡᠮᠬᠢ ᠵᠢᠷᠤᠮ᠎ᠲᠠᠢ ᠰᠠᠢᠲᠤᠷ ᠬᠢᠬᠦ ᠲᠤᠬᠠᠢ ᠪᠢᠳᠡᠨ᠎ᠢ ᠵᠢᠯᠤᠭᠤᠳᠪᠠ》᠃ ᠰᠢᠶᠦᠢ᠍ᠩ ᠠᠨ ᠰᠢᠨ᠎ᠡ ᠲᠣᠭᠣᠷᠢᠭ᠋᠎ᠤᠨ ᠬᠠᠮᠢᠶᠠᠷᠤᠯᠲᠠ᠎ᠶᠢᠨ ᠵᠥᠪᠯᠡᠯ᠎ᠦᠨ ᠳᠡᠳ᠋ ᠡᠷᠬᠢᠯᠡᠭᠴᠢ ᠢᠦᠢ ᠭᠦᠸᠧ ᠢ᠂ ᠣᠳᠣᠬᠢᠴᠢᠯᠠᠭᠰᠠᠨ ᠬᠤᠳᠠ᠎ᠶᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠪᠦᠲᠦᠭᠡᠨ ᠪᠠᠶ᠋ᠢᠭᠤᠯᠬᠤ ᠬᠠᠷᠠᠯᠲᠠ ᠡᠭᠦᠷᠭᠡ᠎ᠶᠢᠨ ᠲᠣᠭᠣᠷᠢᠨ᠎ᠳᠤ᠂ ᠬᠦᠯᠢᠶᠡᠨ ᠠᠪᠴᠦ ᠲᠠᠷᠬᠠᠭᠠᠬᠤ᠎ᠪᠠᠷ ᠠᠵᠤ ᠦᠢᠯᠡᠰ᠎ᠦᠨ ᠬᠥᠭᠵᠢᠯᠲᠡ᠎ᠶᠢ ᠲᠠᠢ᠍ᠢᠴᠢᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠬᠥᠲᠥᠯᠥᠨ ᠳᠠᠭᠠᠭᠤᠯᠵᠤ᠂ ᠬᠥᠮᠥᠨ ᠠᠮᠠ ᠪᠣᠯᠣᠨ ᠴᠢᠬᠤᠯᠠ ᠡᠯᠧᠮᠧᠨ᠋ᠲ᠎ᠦᠨ ᠡᠬᠢ ᠪᠠᠶᠠᠯᠢᠭ᠋᠎ᠤᠨ ᠬᠤᠷᠠᠮᠳᠤᠭᠤᠯᠤᠯ᠎ᠢ ᠲᠦᠷᠭᠡᠳᠬᠡᠵᠦ᠂ ᠰᠢᠶᠦᠢ᠍ᠩ ᠠᠨ ᠰᠢᠨ᠎ᠡ ᠲᠣᠭᠣᠷᠢᠭ᠋᠎ᠤᠨ ᠶᠡᠷᠦᠩᠬᠡᠢᠯᠡᠭᠰᠡᠨ ᠳᠠᠭᠠᠭᠠᠴᠠ᠎ᠶᠢᠨ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃

《ᠶᠡᠷᠦᠩᠬᠡᠢ ᠱᠦᠵᠢ ᠰᠢ᠎ᠶᠢᠨ ᠫᠢᠩ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠵᠦ᠂ ᠠᠷᠠᠳ᠎ᠤᠨ ᠠᠮᠢᠳᠤᠷᠠᠯ᠎ᠢ ᠬᠦᠴᠦ ᠲᠠᠯᠪᠢᠨ ᠪᠠᠲᠤᠯᠠᠨ ᠰᠠᠢᠵᠢᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ ᠮᠠᠨ᠎ᠤ ᠡᠮᠨᠡᠯᠭᠡ᠎ᠶᠢᠨ ᠠᠵᠢᠯᠲᠠᠳ᠎ᠲᠤ ᠠᠪᠴᠤ ᠬᠡᠯᠡᠪᠡᠯ᠂ ᠡᠮᠴᠢᠯᠡᠬᠡᠨ᠎ᠤ ᠦᠢᠯᠡᠴᠢᠯᠡᠭᠡ ᠪᠡᠷ ᠠᠷᠠᠳ᠎ᠤᠨ ᠠᠮᠢᠳᠤᠷᠠᠯ᠎ᠳᠤ ᠦᠢᠯᠡᠴᠢᠯᠡᠬᠦ ᠪᠣᠳᠠᠲᠤ ᠶᠠᠪᠤᠳᠠᠯ᠎ᠢ ᠰᠠᠢᠲᠤᠷ ᠬᠢᠵᠦ᠂ ᠨᠡᠩ ᠥᠨᠳᠥᠷ ᠪᠦᠲᠦᠮᠵᠢᠲᠡᠶ ᠣᠯᠠᠨ ᠨᠡᠶ᠋ᠢᠲᠡ᠎ᠶᠢᠨ ᠦᠢᠯᠡᠴᠢᠯᠡᠭᠡ᠎ᠪᠡᠷ ᠠᠷᠠᠳ ᠣᠯᠠᠨ᠎ᠳᠤ ᠠᠰᠢᠭ᠋ ᠬᠦᠷᠲᠡᠭᠡᠬᠦ ᠶᠠᠪᠤᠳᠠᠯ ᠪᠤᠯᠤᠨ᠎ᠠ》᠃ ᠰᠢᠶᠦᠢ᠍ᠩ ᠠᠨ᠎ᠤ ᠰᠢᠦᠸᠠᠨ ᠦ᠋ ᠡᠮᠨᠡᠯᠭᠡ᠎ᠶᠢᠨ ᠬᠣᠷᠢᠶ᠎ᠡ ᠵᠢᠨ ᠳᠠᠷᠤᠭ᠎ᠠ ᠯᠢ ᠵᠢᠶᠠ᠂ ᠠᠯᠪᠠᠨ᠎ᠡᠴᠡ ᠪᠠᠢᠭᠤᠯᠤᠭᠰᠠᠨ ᠡᠮᠨᠡᠯᠭᠡ᠎ᠶᠢᠨ ᠬᠣᠷᠢᠶ᠎ᠡ ᠵᠢᠨ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠤᠳᠤᠷᠢᠳᠤᠮᠵᠢ᠎ᠶᠢ ᠪᠠᠲᠤ ᠰᠠᠬᠢᠵᠤ᠂ ᠦᠢᠯᠡᠴᠢᠯᠡᠭᠡᠨ᠎ᠦ ᠴᠢᠳᠠᠪᠤᠷᠢ᠎ᠪᠠᠨ ᠦᠷᠭᠦᠯᠵᠢᠯᠡᠨ ᠳᠡᠭᠡᠭᠰᠢᠯᠡᠭᠦᠯᠵᠦ᠂ ᠴᠢᠨᠠᠷ ᠰᠠᠢᠲᠠᠢ ᠣᠨᠣᠰᠢᠯᠠᠨ ᠡᠮᠴᠢᠯᠡᠬᠦ᠎ᠪᠡᠷ ᠠᠷᠠᠳ ᠤᠯᠠᠨ᠎ᠳᠤ ᠨᠡᠩ ᠰᠠᠢᠲᠦᠷ ᠦᠢᠯᠡᠴᠢᠯᠡᠵᠦ᠂ 《ᠢᠷᠡᠭᠡᠳᠦᠢ᠎ᠶᠢᠨ ᠬᠤᠳᠠ》 ᠵᠢᠨ ᠴᠢᠨᠠᠷ ᠰᠠᠢᠲᠠᠢ ᠬᠥᠭᠵᠢᠯᠲᠡ᠎ᠳᠦ ᠡᠷᠡᠭᠦᠯ ᠡᠨᠭᠬᠡ᠎ᠶᠢᠨ ᠰᠠᠭᠤᠷᠢ᠎ᠶᠢ ᠪᠡᠬᠢᠵᠢᠭᠦᠯᠦᠨ᠎ᠡ ᠭᠡᠵᠦ ᠢᠯᠡᠳᠬᠡᠪᠡ᠃

ᠣᠳᠣᠬᠠᠨ᠎ᠳᠤ᠂ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠂ ᠴᠧᠩᠳᠥ᠋ ᠴᠦᠩᠴᠢᠩ ᠵᠡᠷᠭᠡ ᠬᠤᠳᠠ᠎ᠶ᠋ᠢᠨ ᠪᠦᠯᠦᠭ᠌ᠵᠢᠯ ᠪᠦᠳᠦᠭᠡᠨ ᠪᠠᠢᠭᠤᠯᠤᠯᠲᠠ᠎ᠪᠠᠨ ᠲᠦᠷᠭᠡᠳᠭᠡᠵᠦ᠍᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠪᠣᠯᠪᠠ᠃

ᠪᠡᠭᠡᠵᠢᠩ ᠬᠤᠳᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠥᠪᠯᠡᠯ᠂ ᠵᠦᠩ ᠭᠤᠸᠠᠨ ᠼᠦᠨ᠎ᠤ ᠬᠠᠮᠢᠶᠠᠷᠤᠯᠲᠠ᠎ᠶ᠋ᠢᠨ ᠵᠥᠪᠯᠡᠯ᠎ᠦᠨ ᠡᠷᠬᠢᠯᠡᠭ᠌ᠴᠢ ᠵᠠᠩ ᠵᠶ᠋ᠢ ᠬᠣᠩ ᠳ᠋ᠤ ᠠᠪᠴᠤ ᠬᠡᠯᠡᠪᠡᠯ᠂ ᠶᠡᠷᠦᠩᠬᠡᠢ ᠱᠦᠵᠢ ᠰᠢ ᠵᠢᠨ ᠫᠢᠩ᠎ᠤᠨ 《ᠱᠢᠶᠦ᠋ᠩ ᠠᠨ ᠤ᠋ ᠵᠦᠩ ᠭᠤᠸᠠᠨ ᠼᠦᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠷᠢᠶᠡᠯᠡᠩ᠎ᠢ ᠥᠨᠳᠥᠷ ᠲᠦᠪᠱᠢᠨ᠎ᠢᠶᠡᠷ ᠪᠦᠳᠦᠭᠡᠨ ᠪᠠᠢᠭᠤᠯᠵᠤ᠂ ᠨᠡᠩ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠣᠨᠳᠣᠣᠱᠢᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ》 ᠭᠡᠵᠦ ᠳᠤᠷᠠᠳᠤᠭᠰᠠᠨ ᠨᠢ ᠭᠦᠨ ᠰᠠᠭᠤᠭ᠍ᠳᠠᠯ ᠦᠯᠡᠳᠡᠭᠡᠵᠡᠢ᠃ 《ᠡᠨᠡ ᠨᠢ ᠠᠵᠤ ᠦᠢᠯᠡᠰ ᠪᠣᠯᠤᠨ ᠱᠢᠨ᠎ᠡ᠎ᠶ᠋ᠢ ᠡᠭᠦᠳᠬᠦ᠌ ᠡᠯᠧᠮᠧᠨ᠋ᠲ ᠲᠦᠷᠭᠡᠨ ᠲᠥᠪᠯᠡᠷᠡᠬᠦ᠌᠎ᠳᠦ ᠨᠡᠩ ᠤᠯᠠᠨ ᠠᠵᠠ ᠲᠣᠬᠢᠶᠠᠯ ᠠᠪᠴᠢᠷᠠᠬᠤ ᠪᠣᠯᠤᠨ᠎ᠠ》᠃ ᠵᠠᠩ ᠵᠢᠶ ᠬᠣᠩ᠂ ᠢᠷᠡᠭᠡᠳᠦᠶ᠎ᠳᠦ ᠣᠷᠣᠨ ᠪᠦᠰᠡ᠎ᠶ᠋ᠢᠨ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠬᠦ᠌᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠱᠢᠪᠲᠤᠯᠬᠤ᠎ᠶ᠋ᠢ ᠬᠠᠮᠲᠤᠷᠠᠨ ᠥᠷᠨᠢᠭᠦᠯᠬᠦ᠌ ᠵᠡᠷᠭᠡ ᠲᠠᠯ᠎ᠠ᠎ᠪᠠᠷ ᠨᠠᠩ ᠴᠢᠷᠮᠠᠢᠵᠤ᠂ ᠪᠡᠭᠡᠵᠢᠩ᠎ᠦᠨ ᠱᠢᠨ᠎ᠡ᠎ᠶ᠋ᠢ ᠡᠭᠦᠳᠬᠦ᠌ ᠭᠤᠯᠤᠮᠳᠠ ᠪᠠ ᠳᠠᠭᠠᠭᠤᠯᠤᠭ᠍ᠴᠢ᠎ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠵᠤ᠂ ᠪᠡᠭᠡᠵᠢᠩ ᠲᠢᠶᠠᠨᠵᠢᠨ ᠾᠧᠪᠧᠶ ᠭᠤᠷᠪᠠᠨ ᠭᠠᠵᠠᠷ᠎ᠤᠨ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃

ᠴᠦᠩᠴᠢᠩ ᠬᠤᠳᠠ᠎ᠶ᠋ᠢᠨ ᠯᠢᠶᠠᠩ ᠵᠢᠶᠠᠩ ᠱᠢᠨ᠎ᠡ ᠲᠣᠭᠣᠷᠢᠭ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠴᠢᠦᠢ ᠶᠠ ᠵᠢᠶᠦ᠋ᠨ᠂ ᠶᠡᠷᠦᠩᠬᠡᠢ ᠱᠦᠵᠢ ᠰᠢ ᠵᠢᠨ ᠫᠢᠩ ᠱᠢᠶᠥ᠋ᠩ ᠠᠨ ᠱᠢᠨ᠎ᠡ ᠲᠣᠭᠣᠷᠢᠭ᠎ᠲᠤ 《ᠱᠢᠨ᠎ᠡ ᠲᠣᠭᠣᠷᠢᠭ᠎ᠤᠨ ᠪᠣᠳᠠᠲᠤ ᠪᠠᠢᠳᠠᠯ᠎ᠳᠤ ᠨᠡᠢᠴᠡᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠤᠢᠵᠢᠭᠤᠯᠬᠤ ᠬᠡᠷᠡᠭᠳᠡᠢ》 ᠭᠡᠵᠦ᠍ ᠳᠤᠷᠠᠳᠪᠠ᠂ ᠡᠨᠡ ᠨᠢ ᠯᠢᠶᠠᠩ ᠵᠢᠶᠠᠩ ᠱᠢᠨ᠎ᠡ ᠲᠣᠭᠣᠷᠢᠭ᠎ᠤᠨ ᠴᠢᠨᠠᠷ ᠰᠠᠢᠲᠠᠢ ᠬᠥᠭ᠌ᠵᠢᠯᠲᠡ᠎ᠳᠦ ᠠᠳᠠᠯᠢᠬᠠᠨ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠃ ᠯᠢᠶᠠᠩ ᠵᠢᠶᠠᠩ ᠱᠢᠨ᠎ᠡ ᠲᠣᠭᠣᠷᠢᠭ᠎ᠨᠢ ᠰᠸᠴᠤᠸᠠᠨ᠎ᠤ ᠲᠢᠶᠠᠨ ᠹᠦ᠋ ᠱᠢᠨ᠎ᠡ ᠲᠣᠭᠣᠷᠢᠭ ᠵᠡᠷᠭᠡ ᠱᠢᠨ᠎ᠡ᠎ᠶ᠋ᠢ ᠡᠭᠦᠳᠬᠦ᠌ ᠨᠡᠭᠡᠭᠡᠯᠲᠡ᠎ᠶ᠋ᠢᠨ ᠲᠠᠪᠴᠠᠩ᠎ᠲᠠᠶ ᠠᠭᠤᠰᠤᠯᠴᠠᠨ ᠨᠡᠪᠲᠡᠷᠡᠯᠴᠡᠬᠦ᠌ ᠪᠠᠨ ᠭᠦᠨᠵᠡᠭᠡᠢᠷᠡᠭᠦᠯᠵᠦ᠍᠂ ᠴᠧᠩᠳᠥ᠋ ᠴᠦᠩᠴᠢᠩ ᠣᠷᠣᠨ᠎ᠤ ᠴᠢᠨᠠᠷ ᠰᠠᠢᠲᠠᠶ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠲᠦᠷᠭᠡᠳᠭᠡᠨ ᠪᠠᠢᠭᠤᠯᠤᠨ᠎ᠠ ᠭᠡᠵᠦ ᠢᠯᠡᠳᠬᠡᠪᠡ᠃

《ᠶᠡᠷᠦᠩᠬᠡᠢ ᠱᠦᠵᠢ ᠰᠢ ᠵᠢᠨ ᠫᠢᠩ ᠱᠢᠶᠥ᠋ᠩ ᠠᠨ ᠱᠢᠨ᠎ᠡ ᠲᠣᠭᠣᠷᠢᠭ᠎ᠤᠨ ᠬᠢᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠬᠦ᠌ ᠬᠦᠴᠦᠨ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠭ᠍ᠰᠠᠨ ᠪᠥᠭᠡᠳ ᠪᠠᠰᠠ ᠡᠯ᠎ᠡ ᠭᠠᠵᠠᠷ᠎ᠤᠨ ᠴᠢᠨᠠᠷ ᠰᠠᠢᠲᠠᠢ ᠬᠥᠭ᠌ᠵᠢᠯᠲᠡ᠎ᠳᠦ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ》᠃ ᠵᠢᠶᠠᠩᠰᠦ ᠮᠤᠵᠢ᠎ᠶ᠋ᠢᠨ ᠴᠠᠩᠵᠸᠦ ᠬᠣᠲᠠ᠎ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ᠎ᠶ᠋ᠢᠨ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠭᠠᠵᠠᠷ᠎ᠤᠨ ᠳᠠᠷᠤᠭ᠎ᠠ ᠵᠠᠩ ᠵᠢᠶᠦ᠋ᠨ᠂ ᠢᠷᠡᠭᠡᠳᠦᠶ᠎ᠳᠦ ᠴᠠᠩᠵᠸᠦ᠍᠎ᠶ᠋ᠢᠨ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ 《ᠲᠤᠯᠭᠠᠭᠤᠷᠢ》 ᠪᠣᠯᠬᠤ ᠦᠶ᠋ᠯᠡᠳᠦᠯ᠎ᠢᠶᠡᠨ ᠦᠷᠭᠦᠯᠵᠢᠯᠡᠨ ᠪᠠᠳᠠᠷᠠᠭᠤᠯᠵᠤ᠂ ᠠᠵᠤ ᠦᠶ᠋ᠯᠡᠰ᠎ᠢᠶᠡᠷ᠎ᠢᠶᠡᠨ ᠬᠠᠮᠵᠢᠯᠴᠠᠨ ᠱᠢᠨ᠎ᠡ᠎ᠶ᠋ᠢ ᠡᠭᠦᠳᠴᠦ᠍ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠨᠢᠭᠡ ᠴᠤᠭ᠍ᠴᠠᠵᠢᠭ᠍ᠰᠠᠨ ᠬᠥᠭ᠌ᠵᠢᠯᠲᠡ᠎ᠳᠦ ᠦᠶ᠋ᠯᠡᠴᠢᠯᠡᠵᠦ᠍᠂ ᠪᠥᠬᠥ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠡᠶ᠃

ᠨᠢᠭᠡ ᠬᠤᠪᠢ᠎ᠶ᠋ᠢᠨ ᠪᠠᠢᠷᠢᠯᠠᠭᠤᠯᠤᠯᠲᠠ᠂ ᠶᠢᠰᠦᠨ ᠬᠤᠪᠢ᠎ᠶ᠋ᠢᠨ ᠨᠠᠢᠳᠠᠪᠤᠷᠢᠵᠢᠭᠤᠯᠤᠯᠲᠠ᠃

《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠱᠢᠶᠥ᠋ᠩ ᠠᠨ ᠱᠢᠨ᠎ᠡ ᠲᠣᠭᠣᠷᠢᠭ᠎ᠤᠨ ᠪᠦᠳᠦᠭᠡᠨ ᠪᠠᠢᠭᠤᠯᠤᠯᠲᠠ ᠪᠠ ᠬᠥᠭ᠌ᠵᠢᠯᠲᠡ᠎ᠳᠦ ᠴᠢᠭ᠌ᠯᠡᠯ᠎ᠢ ᠲᠣᠭ᠍ᠲᠠᠭᠠᠵᠤ᠂ ᠵᠠᠮ᠎ᠢ ᠵᠢᠭᠠᠵᠤ ᠥᠭ᠌ᠪᠡ》᠃ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠵᠤᠷᠭᠠᠨ᠎ᠤ ᠳᠠᠷᠤᠭ᠎ᠠ ᠦ᠋ ᠱᠤ᠌ ᠯᠢᠨ᠂ 《ᠪᠢᠳᠡ ᠶᠡᠷᠦᠩᠬᠡᠢ ᠱᠦᠵᠢ᠎ᠶ᠋ᠢᠨ ᠱᠠᠭᠠᠷᠳᠠᠯᠭ᠎ᠠ᠎ᠶ᠋ᠢ ᠲᠡᠷᠡ ᠶᠣᠰᠣᠭᠠᠷ ᠨᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠥᠪ᠎ᠦᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠤᠳᠤᠷᠢᠳᠭᠤ ᠳᠤᠭᠤᠢᠯᠠᠩ᠎ᠤᠨ ᠠᠯᠪᠠᠨ ᠭᠡᠷ᠎ᠦᠨ ᠪᠣᠳᠠᠲᠠᠢ ᠠᠵᠢᠯ᠎ᠤᠨ ᠲᠤᠱᠢᠶᠠᠯ ᠬᠠᠷᠢᠭᠤᠴᠠᠯᠭ᠎ᠠ᠎ᠶ᠋ᠢ ᠦᠨᠡᠨ ᠬᠦ᠌ ᠰᠠᠢᠲᠤᠷ ᠡᠭᠦᠷᠭᠡᠯᠡᠵᠦ᠍᠂ ᠱᠢᠶᠦ᠋ᠩ ᠠᠨ ᠱᠢᠨ᠎ᠡ ᠲᠣᠭᠣᠷᠢᠭ᠎ᠤᠨ ᠦᠢᠯᠡᠳᠦᠯ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠵᠠᠳᠠᠷᠠᠭᠤᠯᠤᠨ ᠳᠠᠷᠬᠠᠭᠠᠭᠳᠠᠭᠰᠠᠨ ᠨᠢᠭᠡᠴᠢ᠎ᠶ᠋ᠢᠨ ᠨᠤᠳᠤᠭᠰᠢᠵᠤ ᠬᠥᠭ᠌ᠵᠢᠬᠦ᠌᠎ᠶ᠋ᠢ ᠶᠡᠬᠡ᠎ᠪᠡᠷ ᠳᠡᠮᠵᠢᠵᠦ᠍᠂ ᠱᠢᠨ᠎ᠡ ᠲᠣᠭᠣᠷᠢᠭ᠎ᠤᠨ ᠪᠦᠲᠦᠭᠡᠨ ᠪᠠᠢᠭᠤᠯᠤᠯᠲᠠ ᠪᠠ ᠦᠢᠯᠡᠳᠦᠯ ᠴᠢᠳᠠᠮᠵᠢ᠎ᠶ᠋ᠢ ᠲᠡᠭᠦᠯᠳᠡᠷᠵᠢᠬᠦᠯᠬᠦ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠦᠢᠯᠡᠰ ᠪᠠ ᠬᠥᠮᠦᠨ ᠠᠮᠠ᠎ᠶ᠋ᠢᠨ ᠲᠥᠪᠯᠡᠷᠡᠯ᠎ᠢ ᠠᠬᠢᠭᠤᠯᠵᠤ᠂ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠨᠡᠩ ᠶᠡᠬᠡ ᠡᠷᠴᠢᠮ᠎ᠢᠶᠡᠷ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠪᠦᠳᠦᠬᠡᠨ ᠪᠠᠢᠭᠤᠯᠬᠤ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠦᠯᠢᠭᠡᠷ ᠬᠡᠪ᠎ᠢ ᠴᠢᠷᠮᠠᠢᠨ ᠪᠤᠢ ᠪᠤᠯᠭᠠᠨ᠎ᠠ》 ᠭᠡᠪᠡ᠃

《ᠶᠡᠷᠦᠩᠬᠡᠢ ᠱᠦᠵᠢ ᠪᠢᠳᠡᠨ᠎ᠢ ᠲᠩᠷᠢ ᠨᠢ ᠴᠡᠯᠮᠡᠭ᠂ ᠭᠠᠵᠠᠷ ᠨᠢ ᠨᠣᠭᠣᠭᠠᠨ᠂ ᠤᠰᠤ ᠨᠢ ᠲᠤᠩᠭᠠᠯᠠᠭ ᠦᠵᠡᠰᠭᠦᠯᠡᠩᠲᠦ ᠰᠠᠢᠬᠠᠨ ᠱᠢᠶᠦ᠋ᠩ ᠠᠨ᠎ᠢ ᠪᠦᠲᠦᠭᠡᠨ ᠪᠠᠢᠭᠤᠯᠬᠤ᠎ᠶ᠋ᠢ ᠵᠣᠷᠢᠭ᠍ᠵᠢᠭᠤᠯᠪᠠ》᠃ ᠱᠢᠶᠥ᠋ᠩ ᠠᠨ ᠱᠢᠨ᠎ᠡ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶ᠎ᠠ᠎ᠶ᠋ᠢᠨ ᠤᠰᠤᠨ᠎ᠤ ᠠᠮᠢ ᠠᠬᠤᠢ ᠣᠷᠴᠢᠨ ᠲᠣᠭᠣᠷᠢᠨ ᠪᠣᠯᠤᠨ ᠪᠠᠢᠭᠠᠯᠢ᠎ᠶ᠋ᠢᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠬᠣᠶᠠᠳᠤᠭᠠᠷ ᠳᠡᠰ᠎ᠤᠨ ᠲᠤᠬᠠᠢᠯᠠᠭ᠍ᠰᠠᠨ ᠠᠵᠢᠯ᠎ᠢ ᠭᠣᠣᠯᠯᠠᠨ ᠡᠷᠬᠢᠯᠡᠭᠴᠢ ᠴᠢ ᠯᠢ ᠨᠠ᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠪᠠᠲᠤ ᠪᠤᠢ ᠪᠣᠯᠭᠠᠵᠤ᠂ ᠭᠦᠨᠵᠡᠭᠡᠢ ᠦᠢᠯᠡᠳᠦᠯᠭᠡᠵᠢᠭᠦᠯᠵᠦ᠍᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠴᠥᠬᠥᠷᠡᠰᠢ ᠦᠭᠡᠢ ᠴᠢᠷᠮᠠᠢᠬᠤ ᠡᠷᠴᠢ ᠵᠣᠷᠢᠭ᠎ᠢᠶᠠᠷ ᠱᠢᠶᠥ᠋ᠩ ᠠᠨ ᠱᠢᠨ᠎ᠡ ᠲᠣᠭᠣᠷᠢᠭ᠎ᠤᠨ ᠠᠮᠢ ᠠᠬᠤᠢ᠎ᠶ᠋ᠢᠨ ᠵᠠᠰᠠᠯᠲᠠ ᠪᠠ ᠬᠠᠮᠠᠭᠠᠯᠠᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠳᠠ ᠵᠢ ᠪᠠᠭᠠᠰᠭᠠᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠦᠰᠦᠯᠳᠡ ᠵᠢ ᠨᠡᠮᠡᠭ᠌ᠳᠡᠬᠦᠯᠬᠦ ᠵᠢ ᠴᠥᠬᠥᠷᠡᠰᠢ ᠦᠭᠡᠢ ᠪᠡᠷ ᠬᠠᠮᠵᠢᠯᠴᠠᠭᠤᠯᠤᠨ ᠠᠬᠢᠭᠤᠯᠵᠤ᠂ ᠪᠣᠬᠢᠷᠲᠤᠯ ᠦᠭᠡᠢ ᠬᠦᠭᠵᠢᠭᠰᠡᠨ ᠬᠤᠳᠠ᠎ᠶ᠋ᠢᠨ ᠦᠯᠢᠭᠡᠷ ᠬᠡᠪ᠎ᠢ ᠴᠢᠷᠮᠠᠢᠨ ᠪᠤᠢ ᠪᠤᠯᠭᠠᠨ᠎ᠠ ᠭᠡᠵᠦ᠍ ᠢᠯᠡᠳᠭᠡᠪᠡ᠃

ᠬᠦᠬᠦᠷᠭᠡ ᠳᠡᠭᠦᠵᠢᠩ ᠰᠡᠭᠦᠢᠯᠴᠡᠵᠦ᠂ ᠣᠩᠭᠣᠴᠠ ᠰᠠᠯ ᠰᠦᠯᠵᠢᠯᠳᠦᠨ᠎ᠡ᠃ ᠪᠢᠨ ᠬᠠᠢ᠎ᠶ᠋ᠢᠨ ᠵᠡᠭᠦᠨ ᠲᠠᠯ᠎ᠠ᠎ᠳᠤ ᠪᠠᠢᠭ᠎ᠠ ᠲᠢᠶᠠᠨᠵᠢᠨ ᠭᠠᠷᠠᠮ ᠪᠣᠯ ᠱᠢᠶᠦ᠋ᠩ ᠠᠨ ᠱᠢᠨ᠎ᠡ ᠲᠣᠭᠣᠷᠢᠭ ᠡᠴᠡ ᠬᠠᠮᠤᠭ᠎ᠤᠨ ᠤᠢᠷ᠎ᠠ ᠳᠠᠯᠠᠢ᠎ᠶ᠋ᠢᠨ ᠭᠠᠷᠠᠮ ᠪᠤᠯᠤᠨ᠎ᠠ᠃ 《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠪᠢᠳᠡᠨ᠎ᠢ ᠶᠡᠬᠡ ᠲᠠᠯ᠎ᠠ᠎ᠶ᠋ᠢᠨ ᠤᠬᠠᠮᠰᠠᠷ᠂ ᠬᠠᠷᠢᠭᠤᠴᠠᠯᠭᠠᠲᠤ ᠤᠬᠠᠮᠰᠠᠷ᠎ᠢᠶᠠᠨ ᠴᠢᠩᠭᠠᠳᠭᠠᠵᠤ᠂ ᠱᠢᠶᠦ᠋ᠩ ᠠᠨ ᠱᠢᠨ᠎ᠡ ᠲᠣᠭᠣᠷᠢᠭ᠎ᠲᠤ ᠦᠢᠯᠡᠴᠢᠯᠡᠬᠦ᠌᠎ᠶ᠋ᠢ ᠵᠣᠷᠢᠭ᠍ᠵᠢᠭᠤᠯᠪᠠ》᠃ ᠲᠢᠶᠠᠨᠵᠢᠨ ᠭᠠᠷᠠᠮ᠎ᠤᠨ ᠡᠵᠡᠩᠨᠡᠨ ᠪᠣᠷᠣᠯᠠᠭᠤᠯᠬᠤ ᠰᠦᠯᠵᠢᠶᠡᠨ᠎ᠦ ᠾᠸᠪᠸᠢ ᠵᠢᠨ ᠣᠷᠣᠨ ᠪᠦᠰᠡ᠎ᠶ᠋ᠢᠨ ᠳᠠᠭᠠᠭᠠᠮᠠᠯ ᠵᠤᠤ ᠱᠦᠸᠸ᠂ ᠪᠡᠭᠡᠵᠢᠩ᠂ ᠱᠢᠶᠦ᠋ᠩ ᠠᠨ ᠱᠢᠨ᠎ᠡ ᠲᠣᠭᠣᠷᠢᠭ ᠵᠡᠷᠭᠡ ᠭᠠᠵᠠᠷ᠎ᠤᠨ ᠠᠵᠤ ᠠᠬᠤᠢᠯᠠᠯ᠎ᠤᠨ ᠭᠠᠷᠠᠮ᠎ᠤᠨ ᠪᠠᠷᠠᠭᠠᠨ᠎ᠤ ᠭᠦᠢᠯᠭᠡᠭᠡ᠎ᠶ᠋ᠢᠨ ᠦᠢᠯᠡᠴᠢᠯᠡᠭᠡ᠎ᠶ᠋ᠢ ᠲᠠᠰᠤᠷᠠᠯᠳᠠ ᠦᠭᠡᠢ ᠱᠢᠯᠢᠳᠡᠭ᠌ᠵᠢᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠢ ᠪᠦᠳᠦᠭᠡᠨ ᠪᠠᠢᠭᠤᠯᠤᠯᠲᠠ᠂ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠲᠡᠮᠵᠢᠨ᠎ᠠ ᠭᠡᠪᠡ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 3 ᠰᠠᠷ᠎ᠠ᠎ᠶᠢᠨ 23᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号