ᠦᠪᠦᠷ ᠮᠤᠡᠭᠭᠤᠯ ᠤ᠋ᠨ ᠲᠠᠷᠢᠶᠠᠯᠠᠡᠭ ᠤ᠋ᠨ ᠦᠵᠡᠰᠭᠦᠯᠡᠡᠭ ᠤ᠋ᠨ ᠴᠤᠭᠯᠠᠭᠠᠨ 3 ᠰᠠᠷ᠎ᠠ ᠶ᠋ᠢᠨ 26 ᠤ᠋ ᠡᠳᠦᠷ ᠡᠬᠢᠯᠡᠨ᠎ᠡ
2026-03-25 09:33:13
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠩᠬᠢᠮ ᠡᠴᠡ ᠤᠢᠯᠠᠭᠠᠭᠰᠠᠨ ᠵᠢᠡᠷ᠂ ᠭᠤᠴᠢᠨ ᠨᠠᠶ᠋ᠮᠠᠳᠤᠭᠠᠷ ᠬᠤᠭᠤᠴᠠᠭᠠᠨ ᠤ᠋ ᠥᠪᠥᠷ ᠮᠣᠩᠭᠣᠯ ᠤ᠋ᠨ ᠲᠠᠷᠢᠶᠠᠯᠠᠩ ᠤ᠋ᠨ ᠦᠵᠡᠰᠭᠦᠯᠡᠩ ᠤ᠋ᠨ ᠴᠤᠭᠯᠠᠭᠠᠨ 3 ᠰᠠᠷ᠎ᠠ ᠶ᠋ᠢᠨ 26 ᠤ᠋ ᠡᠳᠦᠷ ᠬᠦᠬᠡᠬᠤᠲᠠ ᠳ᠋ᠡᠬᠢ ᠦᠪᠦᠷ ᠮᠤᠡᠭᠭᠤᠯ ᠤ᠋ᠨ ᠤᠯᠠᠨ ᠤᠯᠤᠰ ᠤ᠋ᠨ ᠬᠤᠷᠠᠯ ᠦᠵᠡᠰᠭᠦᠯᠡᠡᠭ ᠤ᠋ᠨ ᠲᠦᠪ ᠲᠦ᠍ ᠡᠬᠢᠯᠡᠵᠦ᠂ 28 ᠤ᠋ ᠡᠳᠦᠷ ᠪᠤᠯᠲᠠᠯ᠎ᠠ ᠶᠠᠪᠤᠭᠳᠠᠨ᠎ᠠ ᠃ ᠡᠭᠦᠨ ᠳ᠋ᠦ ᠠᠷᠪᠠᠨ ᠲᠠᠪᠤᠳᠤᠭᠠᠷ ᠬᠤᠭᠤᠴᠠᠭᠠᠨ ᠤ᠋ ᠥᠪᠥᠷ ᠮᠣᠩᠭᠣᠯ (ᠬᠠᠪᠤᠷ ᠤ᠋ᠨ ᠤᠯᠠᠷᠢᠯ) ᠤ᠋ᠨ ᠲᠠᠷᠢᠶᠠᠯᠠᠩ ᠤ᠋ᠨ ᠮᠠᠱᠢᠨ ᠲᠦᠬᠦᠭᠡᠷᠦᠮᠵᠢ ᠶ᠋ᠢᠨ ᠦᠵᠡᠰᠭᠦᠯᠡᠩ ᠤ᠋ᠨ ᠴᠤᠭᠯᠠᠭᠠᠨ᠂ ᠠᠷᠪᠠᠨ ᠨᠢᠭᠡᠳᠦᠭᠡᠷ ᠬᠤᠭᠤᠴᠠᠭᠠᠨ ᠤ᠋ ᠥᠪᠥᠷ ᠮᠣᠩᠭᠣᠯ ᠤ᠋ᠨ ᠣᠶ ᠱᠢᠭᠤᠶ ᠶ᠋ᠢᠨ ᠪᠦᠲᠦᠭᠡᠭ᠌ᠳᠡᠬᠦᠨ ᠤ᠋ ᠦᠵᠡᠰᠭᠦᠯᠡᠩ ᠤ᠋ᠨ ᠴᠤᠭᠯᠠᠭᠠᠨ᠂ ᠭᠤᠷᠪᠠᠳᠤᠭᠠᠷ ᠬᠤᠭᠤᠴᠠᠭᠠᠨ ᠤ᠋ ᠥᠪᠥᠷ ᠮᠣᠩᠭᠣᠯ ᠤ᠋ᠨ ᠲᠠᠷᠢᠶᠠᠯᠠᠩ ᠤ᠋ᠨ ᠲᠠᠯᠠᠪᠠᠶ ᠶ᠋ᠢᠨ ᠡᠵᠡᠳ ᠤ᠋ᠨ ᠶᠡᠬᠡ ᠬᠤᠷᠠᠯ ᠴᠦ᠍ ᠵᠡᠷᠭᠡ ᠪᠡᠷ ᠶᠠᠪᠤᠭᠳᠠᠬᠤ ᠪᠤᠯᠤᠨ᠎ᠠ᠃

ᠲᠣᠰ ᠬᠤᠭᠤᠴᠠᠭᠠᠨ ᠤ᠋ ᠲᠠᠷᠢᠶᠠᠯᠠᠩ ᠤ᠋ᠨ ᠦᠵᠡᠰᠭᠦᠯᠡᠩ ᠤ᠋ᠨ ᠴᠤᠭ᠍ᠯᠠᠭᠠᠨ ᠨᠢ 《ᠤᠶᠤᠨᠴᠢ ᠮᠠᠯ ᠠᠵᠤ ᠠᠬᠤᠢ ᠲᠠᠷᠢᠶᠠᠯᠠᠡᠭ ᠢ᠋ ᠬᠦᠭᠵᠢᠭᠦᠯᠵᠦ᠂ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠳᠡᠭᠡᠭᠰᠢᠯᠡᠭᠦᠯᠬᠦ》 ᠪᠡᠷ ᠭᠤᠤᠯ ᠰᠡᠳᠦᠪ ᠪᠤᠯᠭᠠᠨ ᠮᠠᠯ ᠠᠵᠤ ᠠᠬᠤᠶ ᠲᠠᠷᠢᠶᠠᠯᠠᠡᠭ ᠤ᠋ᠨ ᠣᠳᠣᠬᠢᠴᠢᠯᠠᠯᠲᠠ ᠶ᠋ᠢᠨ ᠱᠢᠨ᠎ᠡ ᠶ᠋ᠢ ᠡᠭᠦᠳᠦᠭ᠌ᠰᠡᠨ ᠦᠷ᠎ᠡ ᠪᠦᠲᠦᠭᠡᠯ ᠢ᠋ ᠪᠥᠬᠥ᠌ ᠲᠠᠯ᠎ᠠ ᠪᠠᠷ ᠳᠡᠯᠭᠡᠨ ᠦᠵᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠤ᠋ ᠮᠠᠯ ᠠᠵᠤ ᠠᠬᠤᠶ ᠲᠠᠷᠢᠶᠠᠯᠠᠡᠭ ᠤ᠋ᠨ ᠬᠡᠯᠪᠡᠷᠢ ᠵᠢ ᠬᠤᠪᠢᠷᠠᠭᠤᠯᠵᠤ ᠲᠠᠰ ᠳᠡᠪᠱᠢᠬᠦᠯᠬᠦ ᠳ᠋ᠤ ᠬᠥᠳᠡᠯᠭᠡᠬᠦ᠌ ᠡᠨᠧᠷᠭᠢ ᠬᠤᠷᠠᠮᠳᠤᠭᠤᠯᠤᠨ᠎ᠠ᠃ ᠦᠵᠡᠰᠭᠦᠯᠡᠩ ᠤ᠋ᠨ ᠴᠤᠭᠯᠠᠭᠠᠨ ᠤ᠋ ᠶᠡᠷᠦᠩᠬᠡᠶ ᠲᠠᠯᠠᠪᠠᠶ ᠨᠢ 5 ᠲᠦᠮᠡᠨ ᠲᠡᠭ᠌ᠰᠢ ᠳᠥᠷᠪᠡᠯᠵᠢᠨ ᠮᠧᠲ᠋ᠷ ᠲᠦ᠍ ᠬᠦᠷᠴᠦ᠍᠂ ᠪᠥᠬᠥ᠌ ᠤᠯᠤᠰ ᠤ᠋ᠨ 28 ᠮᠤᠵᠢ ᠬᠣᠲᠠ ᠣᠷᠣᠨ ᠤ᠋ 900 ᠭᠠᠷᠤᠶ ᠠᠵᠤ ᠠᠬᠤᠢᠯᠠᠯ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ᠂ ᠴᠠᠭ ᠠᠭᠤᠷ ᠤ᠋ᠨ ᠳᠠᠭᠠᠳᠭᠠᠯ ᠤ᠋ᠨ ᠺᠤᠮᠫᠠᠨᠢ ᠤᠷᠤᠯᠴᠠᠨ᠂ 1500 ᠭᠠᠷᠤᠶ ᠦᠵᠡᠭᠦᠯᠭᠡ ᠶ᠋ᠢᠨ ᠪᠠᠢᠷᠢ ᠲᠤᠬᠢᠷᠠᠭᠤᠯᠵᠠᠢ᠃ ᠦᠵᠡᠰᠭᠦᠯᠡᠩ ᠤ᠋ᠨ ᠴᠤᠭᠯᠠᠭᠠᠨ ᠳ᠋ᠦ ᠲᠠᠷᠢᠶᠠᠯᠠᠩ ᠤ᠋ᠨ ᠬᠡᠷᠡᠭ᠌ᠰᠡᠯ ᠤᠷᠭᠤᠮᠠᠯ ᠤ᠋ᠨ ᠬᠠᠮᠠᠭᠠᠯᠠᠯᠲᠠ᠂ ᠠᠷᠪᠢᠳᠠᠢ ᠤᠰᠤᠯᠠᠯᠲᠠ᠂ ᠣᠶᠤᠨᠴᠢ ᠲᠠᠷᠢᠶᠠᠯᠠᠩ᠂ ᠮᠠᠯ ᠠᠵᠤ ᠠᠬᠤᠶ ᠲᠠᠷᠢᠶᠠᠯᠠᠩ ᠤ᠋ᠨ ᠮᠠᠱᠢᠨ ᠲᠦᠬᠦᠬᠡᠷᠦᠮᠵᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠡᠳ᠋ ᠪᠣᠳᠠᠰ᠂ ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠥᠷᠥᠯ ᠲᠡᠮᠳᠡᠭ᠂ ᠴᠠᠭ ᠠᠭᠤᠷ ᠤ᠋ᠨ ᠦᠶ᠋ᠯᠡᠴᠢᠯᠡᠭᠡᠨ ᠤ᠋ ᠮᠥᠩᠭᠥᠨ ᠭᠦᠶ᠋ᠯᠭᠡᠭᠡᠨ ᠤ᠋ ᠳᠠᠭᠠᠳᠭᠠᠯ ᠵᠡᠷᠭᠡ 7 ᠶᠡᠬᠡ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ ᠲᠤᠬᠢᠷᠠᠭᠤᠯᠵᠤ᠂ 《ᠲᠠᠷᠢᠶᠠᠨ ᠭᠠᠵᠠᠷ》 ᠡᠴᠡ 《ᠬᠣᠭᠣᠯᠠᠨ ᠱᠢᠷᠡᠭᠡ》 ᠬᠦᠷᠲᠡᠯᠡᠬᠢ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠮᠡᠷᠭᠡᠵᠢᠯ ᠪᠣᠯᠤᠨ ᠲᠣᠨᠣᠭ᠍ᠯᠠᠯ ᠢ᠋ ᠲᠥᠪᠯᠡᠷᠡᠩᠭᠦᠶ ᠪᠡᠷ ᠳᠡᠯᠭᠡᠨ ᠦᠵᠡᠭᠦᠯᠬᠦ ᠪᠤᠯᠤᠨ᠎ᠠ᠃

ᠭᠤᠴᠢᠨ ᠨᠠᠶ᠋ᠮᠠᠳᠤᠭᠠᠷ ᠬᠤᠭᠤᠴᠠᠭᠠᠨ ᠤ᠋ ᠥᠪᠥᠷ ᠮᠣᠩᠭᠣᠯ ᠤ᠋ᠨ ᠲᠠᠷᠢᠶᠠᠯᠠᠩ ᠤ᠋ᠨ ᠦᠵᠡᠰᠭᠦᠯᠡᠩ ᠤ᠋ᠨ ᠴᠤᠭᠯᠠᠭᠠᠨ ᠲᠠᠢ ᠵᠡᠷᠬᠡ ᠪᠡᠷ ᠶᠠᠪᠤᠭᠳᠠᠬᠤ ᠭᠤᠷᠪᠠᠳᠤᠭᠠᠷ ᠬᠤᠭᠤᠴᠠᠭᠠᠨ ᠤ᠋ ᠥᠪᠥᠷ ᠮᠣᠩᠭᠣᠯ ᠤ᠋ᠨ ᠲᠠᠷᠢᠶᠠᠯᠠᠩ ᠤ᠋ᠨ ᠲᠠᠯᠠᠪᠠᠶ ᠶ᠋ᠢᠨ ᠡᠵᠡᠳ ᠤ᠋ᠨ ᠶᠡᠬᠡ ᠬᠤᠷᠠᠯ ᠵᠡᠷᠭᠡ ᠢᠵᠢ ᠪᠦᠷᠢᠳᠦᠭᠦᠯᠦᠭᠰᠡᠨ ᠠᠵᠢᠯᠯᠠᠭ᠎ᠠ ᠨᠢ ᠮᠠᠯ ᠠᠵᠤ ᠠᠬᠤᠢ ᠲᠠᠷᠢᠶᠠᠯᠠᠩ ᠤ᠋ᠨ ᠬᠦᠷᠢᠶᠡᠨ ᠤ᠋ ᠲᠤᠰᠭᠠᠶ ᠮᠡᠷᠭᠡᠵᠢᠯᠲᠡᠨ᠂ ᠡᠷᠳᠡᠮᠲᠡᠨ ᠵᠢᠴᠢ ᠠᠵᠤ ᠠᠬᠤᠢᠯᠠᠯ ᠤ᠋ᠨ ᠲᠥᠯᠥᠭᠡᠯᠡᠭ᠌ᠴᠢᠳ ᠢ᠋ ᠴᠤᠭ᠍ᠯᠠᠷᠠᠭᠤᠯᠵᠤ᠂ ᠣᠶᠤᠨᠴᠢ ᠲᠠᠷᠢᠶᠠᠯᠠᠩ᠂ ᠮᠦ᠍ ᠨᠢᠭᠡᠴᠢ ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠮᠡᠷᠭᠡᠵᠢᠯ᠂ ᠨᠡᠢᠭᠡᠮᠴᠢᠯᠡᠭ᠌ᠰᠡᠨ ᠦᠶ᠋ᠯᠡᠴᠢᠯᠡᠭᠡ ᠵᠡᠷᠭᠡ ᠵᠥᠪᠯᠡᠬᠦ᠌ ᠰᠡᠳᠦᠪ ᠤ᠋ᠨ ᠲᠣᠭᠣᠷᠢᠨ ᠳ᠋ᠤ ᠭᠦᠨᠵᠡᠭᠡᠶ ᠰᠣᠯᠢᠯᠴᠠᠭ᠎ᠠ ᠥᠷᠨᠢᠭᠦᠯᠵᠦ᠍᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡ ᠶ᠋ᠢ ᠬᠠᠮᠵᠢᠯᠴᠠᠭᠤᠯᠤᠨ ᠱᠢᠨ᠎ᠡ ᠶ᠋ᠢ ᠡᠭᠦᠳᠬᠦ᠌ ᠶ᠋ᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号