ᠬᠦᠬᠡᠬᠤᠳᠠ ᠶ᠋ᠢᠨ ᠳᠤᠭᠳᠠᠬᠤ ᠰᠢᠶᠠᠨ ᠤ᠋ ᠠᠷᠠᠳ ᠤ᠋ᠨ ᠵᠠᠰᠠᠭ ᠤ᠋ᠨ ᠤᠷᠳᠤᠨ ᠤᠢᠷ᠎ᠠ ᠳ᠋ᠤ ᠦᠪᠦᠷ ᠮᠤᠩᠭᠤᠯ ᠤ᠋ᠨ ᠳ᠋ᠠ ᠲᠠᠩ ᠤᠯᠠᠨ ᠤᠯᠤᠰ ᠤ᠋ᠨ ᠪᠦᠯᠦᠭᠯᠡᠯ ᠤ᠋ᠨ ᠳᠤᠭᠳᠠᠬᠤ ᠰᠢᠶᠠᠨ ᠤ᠋ ᠴᠠᠬᠢᠯᠭᠠᠨ ᠭᠠᠷᠭᠠᠬᠤ ᠬᠢᠵᠠᠭᠠᠷᠳᠦ ᠺᠤᠮᠫᠠᠨᠢ ᠲᠠᠢ ᠡᠨᠧᠷᠬᠢ ᠶ᠋ᠢᠨ ᠠᠷᠠᠯ ᠤ᠋ᠨ ᠠᠪᠴᠢᠮᠠᠯ ᠠᠭᠠᠷ ᠤ᠋ᠨ ᠲᠦᠷᠦᠯ ᠵᠦᠢᠯ ᠤ᠋ᠨ ᠭᠡᠷ᠎ᠠ ᠳᠤᠬᠢᠷᠠᠯᠴᠠᠬᠤ ᠶᠤᠰᠤᠯᠠᠯ ᠶᠠᠪᠤᠭᠤᠯᠵᠤ᠂ ᠤᠷᠤᠨ ᠨᠤᠳᠤᠭ ᠤ᠋ᠨ ᠡᠨᠧᠷᠬᠢ ᠶ᠋ᠢᠨ ᠦᠢᠯᠡᠰ ᠶ᠋ᠢᠡᠨ ᠪᠤᠬᠢᠷᠳᠦᠯ ᠦᠭᠡᠢ ᠳᠡᠢᠰᠢ ᠬᠡᠯᠪᠡᠷᠢ ᠶ᠋ᠢ ᠨᠢ ᠬᠤᠪᠢᠷᠠᠭᠤᠯᠬᠤ ᠲᠠᠯ᠎ᠠ ᠪᠡᠷ ᠰᠢᠨ᠎ᠠ ᠰᠢᠪᠳᠤᠯᠤᠯᠳᠠ ᠤᠯᠵᠠᠢ᠃
ᠤᠢᠯᠠᠭᠠᠭᠰᠠᠨ ᠶ᠋ᠢᠡᠷ᠂ ᠳ᠋ᠠ ᠲᠠᠩ ᠪᠦᠯᠦᠭᠯᠡᠯ ᠤ᠋ᠨ ᠳᠤᠭᠳᠠᠬᠤ ᠰᠢᠶᠠᠨ ᠤ᠋ ᠴᠠᠬᠢᠯᠭᠠᠨ ᠭᠠᠷᠭᠠᠬᠤ ᠬᠢᠵᠠᠭᠠᠷᠳᠦ ᠺᠤᠮᠫᠠᠨᠢ ᠨᠢ ᠡᠨᠡ ᠬᠦ᠌ ᠭᠤᠤᠯᠯᠠᠬᠤ ᠡᠨᠧᠷᠬᠢ ᠶ᠋ᠢᠨ ᠬᠦᠢᠰᠦ ᠪᠠᠢᠳᠠᠭ ᠶ᠋ᠢᠡᠷ ᠲᠤᠭᠳᠠᠬᠤ ᠰᠢᠶᠠᠨ ᠳ᠋ᠤ ᠡᠨᠧᠷᠬᠢ ᠶ᠋ᠢᠨ ᠦᠢᠯᠡᠰ ᠢ᠋ ᠬᠦᠭᠵᠢᠭᠦᠯᠬᠦ ᠦᠪᠡᠷᠮᠢᠴᠡ ᠳᠠᠪᠠᠭᠤᠯᠢᠭ ᠲᠠᠢ ᠪᠠᠢᠳᠠᠭ᠃ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠠᠮᠢᠳᠤ ᠪᠤᠳᠠᠰ ᠤ᠋ᠨ ᠡᠮ ᠡᠮᠨᠡᠯᠭᠡ ᠶ᠋ᠢᠨ ᠤᠨᠴᠠᠯᠢᠭᠳᠤ ᠠᠵᠤ ᠦᠢᠯᠡᠰ ᠤ᠋ᠨ ᠪᠦᠯᠦᠭᠵᠢᠯ ᠤ᠋ᠨ ᠰᠠᠭᠤᠷᠢᠰᠢᠬᠤ ᠤᠷᠤᠨ ᠪᠤᠯᠬᠤ ᠳᠤᠭᠳᠠᠬᠤ ᠠᠵᠤ ᠠᠬᠤᠢ ᠶ᠋ᠢᠨ ᠨᠡᠭᠡᠭᠡᠯᠳᠡ ᠶ᠋ᠢᠨ ᠲᠤᠭᠤᠷᠢᠭ ᠨᠢ ᠤᠳᠤᠬᠠᠨ ᠳ᠋ᠤ ᠨᠢᠭᠡᠨᠳᠡ ᠡᠨᠧᠷᠬᠢ ᠪᠠ ᠲᠡᠮᠦᠷᠯᠢᠭ ᠪᠤᠯᠪᠠᠰᠤᠷᠠᠭᠤᠯᠬᠤ᠂ ᠠᠮᠢᠳᠤ ᠪᠤᠳᠠᠰ ᠤ᠋ᠨ ᠦᠢᠯᠡᠳᠭᠡᠯ᠂ ᠰᠢᠨ᠎ᠠ ᠮᠠᠲᠧᠷᠢᠶᠠᠯ ᠵᠡᠷᠭᠡ ᠭᠤᠷᠪᠠᠨ ᠭᠤᠤᠯᠯᠠᠬᠤ ᠠᠵᠤ ᠦᠢᠯᠡᠰ ᠢ᠋ ᠠᠩᠬ᠎ᠠ ᠠᠯᠬᠤᠮ ᠪᠦᠷᠢᠯᠳᠦᠭᠦᠯᠵᠦ᠂ ᠠᠵᠤ ᠠᠬᠤᠢᠯᠠᠯ ᠤ᠋ᠨ ᠠᠪᠴᠢᠮᠠᠯ ᠠᠭᠠᠷ ᠵᠡᠷᠭᠡ ᠦᠨᠳᠦᠰᠦᠨ ᠡᠨᠧᠷᠬᠢ ᠶ᠋ᠢᠨ ᠬᠡᠷᠡᠭᠴᠡᠭᠡ ᠨᠢ ᠶᠠᠪᠤᠬᠤ ᠲᠤᠳᠤᠮ ᠪᠠᠴᠢᠮ ᠲᠤᠯᠭᠠᠮ ᠪᠤᠯᠪᠠ᠃ ᠡᠨᠡ ᠬᠦ᠌ ᠪᠠᠢᠳᠠᠯ ᠳ᠋ᠤ᠂ 《ᠮᠢᠩᠭᠠᠨ ᠳ᠋ᠦᠩᠰᠢᠭᠤᠷ ᠤ᠋ᠨ ᠳᠡᠰ ᠤ᠋ᠨ ᠬᠦᠷᠢᠶᠡᠯᠡᠩ ᠲᠤᠭᠤᠷᠢᠭ》 ᠢ᠋ ᠴᠤᠭᠴᠠᠯᠠᠬᠤ ᠬᠠᠷᠠᠯᠳᠠ ᠵᠤᠷᠢᠯᠳᠠ ᠪᠡᠷ᠂ ᠳᠤᠭᠳᠠᠬᠤ ᠰᠢᠶᠠᠨ ᠤ᠋ ᠠᠷᠠᠳ ᠤ᠋ᠨ ᠵᠠᠰᠠᠭ ᠤ᠋ᠨ ᠤᠷᠳᠤᠨ ᠪᠤᠯᠤᠨ ᠦᠪᠦᠷ ᠮᠤᠩᠭᠤᠯ ᠤ᠋ᠨ ᠳ᠋ᠠ ᠲᠠᠩ ᠤᠯᠠᠨ ᠤᠯᠤᠰ ᠤ᠋ᠨ ᠪᠦᠯᠦᠭᠯᠡᠯ ᠤ᠋ᠨ ᠳᠤᠭᠳᠠᠬᠤ ᠰᠢᠶᠠᠨ ᠤ᠋ ᠴᠠᠬᠢᠯᠭᠠᠨ ᠭᠠᠷᠭᠠᠬᠤ ᠬᠢᠵᠠᠭᠠᠷᠳᠦ ᠺᠤᠮᠫᠠᠨᠢ ᠵᠠᠰᠠᠭ ᠤ᠋ᠨ ᠤᠷᠳᠤᠨ ᠠᠵᠤ ᠠᠬᠤᠢᠯᠠᠯ ᠬᠠᠮᠳᠤᠷᠠᠨ ᠠᠵᠢᠯᠯᠠᠬᠤ ᠬᠡᠯᠪᠡᠷᠢ ᠪᠡᠷ ᠡᠨᠧᠷᠬᠢ ᠶ᠋ᠢᠨ ᠠᠷᠠᠯ ᠤ᠋ᠨ ᠠᠪᠴᠢᠮᠠᠯ ᠠᠭᠠᠷ ᠤ᠋ᠨ ᠲᠦᠷᠦᠯ ᠵᠦᠢᠯ ᠢ᠋ ᠠᠬᠢᠭᠤᠯᠵᠤ᠂ 《ᠡᠨᠧᠷᠬᠢ ᠶ᠋ᠢᠨ ᠠᠷᠠᠯ》 ᠤ᠋ᠨ ᠶᠡᠷᠦᠩᠬᠡᠢᠯᠡᠭᠰᠡᠨ ᠵᠢᠱ᠌ᠢᠶᠠ ᠦᠵᠡᠭᠦᠯᠬᠦ ᠢᠨᠵᠧᠨᠧᠷᠢᠩ ᠢ᠋ ᠴᠤᠭᠴᠠᠯᠠᠨ᠂ ᠨᠡᠭᠡᠭᠡᠯᠳᠡ ᠶ᠋ᠢᠨ ᠲᠤᠭᠤᠷᠢᠭ ᠲᠡᠬᠢ ᠠᠵᠤ ᠠᠬᠤᠢᠯᠠᠯ ᠤ᠋ᠨ ᠬᠢᠨ ᠳ᠋ᠤ ᠦᠪᠡᠷ ᠤ᠋ᠨ ᠦᠷᠳᠡᠭ ᠲᠤᠤᠷ᠎ᠠ᠂ ᠪᠠᠭ᠎ᠠ ᠨᠡᠭᠦᠷᠡᠰᠦᠳ᠋ᠦ᠋ᠷᠦᠭᠴᠢᠳᠤ ᠠᠪᠴᠢᠮᠠᠯ ᠠᠭᠠᠷ ᠬᠠᠩᠭᠠᠵᠤ᠂ ᠠᠵᠤ ᠠᠬᠤᠢᠯᠠᠯ ᠤ᠋ᠨ ᠡᠨᠧᠷᠬᠢ ᠬᠡᠷᠡᠭᠯᠡᠬᠦ ᠦᠪᠡᠷ ᠤ᠋ᠨ ᠦᠷᠳᠡᠭ ᠢ᠋ ᠪᠠᠭᠤᠷᠠᠭᠤᠯᠬᠤ ᠶ᠋ᠢᠨ ᠵᠡᠷᠭᠡ ᠪᠡᠷ ᠨᠡᠩ ᠤᠯᠠᠨ ᠴᠢᠨᠠᠷ ᠰᠠᠢᠳᠠᠢ ᠲᠦᠷᠦᠯ ᠵᠦᠢᠯ ᠢ᠋ ᠨᠡᠭᠡᠭᠡᠯᠳᠡ ᠶ᠋ᠢᠨ ᠲᠤᠭᠤᠷᠢᠭ ᠲᠤ᠌ ᠰᠠᠭᠤᠷᠢᠰᠢᠭᠤᠯᠬᠤ ᠪᠡᠷ ᠬᠦᠴᠦᠯᠡᠨ ᠴᠢᠷᠮᠠᠢᠪᠠ᠃
ᠲᠤᠰ ᠤᠳᠠᠭ᠎ᠠ ᠶ᠋ᠢᠨ ᠭᠡᠷ᠎ᠠ ᠳᠤᠬᠢᠷᠠᠯᠴᠠᠭᠰᠠᠨ ᠶᠠᠪᠤᠳᠠᠯ ᠨᠢ ᠳᠤᠭᠳᠠᠬᠤ ᠰᠢᠶᠠᠨ ᠤ᠋ ᠬᠢᠨ ᠰᠢᠨ᠎ᠠ ᠴᠢᠨᠠᠷ ᠤ᠋ᠨ ᠦᠢᠯᠡᠳᠪᠤᠷᠢᠯᠡᠯ ᠤ᠋ᠨ ᠬᠦᠴᠦᠨ ᠢ᠋ ᠬᠦᠭᠵᠢᠭᠦᠯᠬᠦ ᠲᠠᠯ᠎ᠠ ᠪᠡᠷ ᠵᠠᠩᠬᠢᠯᠠᠭ᠎ᠠ ᠶ᠋ᠢᠨ ᠨᠢᠭᠡ ᠠᠯᠬᠤᠮ ᠠᠯᠬᠤᠭᠰᠠᠨ ᠢ᠋ ᠬᠠᠷᠠᠭᠤᠯᠵᠤ ᠪᠠᠢᠨ᠎ᠠ᠃ ᠲᠤᠰ ᠰᠢᠶᠠᠨ ᠤ᠋ ᠬᠢᠨ 《ᠴᠠᠬᠢᠯᠭᠠᠨ ᠤ᠋ ᠦᠨ᠎ᠠ + ᠠᠪᠴᠢᠮᠠᠯ ᠠᠭᠠᠷ + ᠤᠰᠤᠨ ᠠᠭᠤᠷ + ᠪᠤᠬᠢᠷᠳᠦᠯ ᠦᠭᠡᠢ ᠴᠠᠬᠢᠯᠭᠠᠨ + ᠪᠤᠬᠢᠷ ᠤᠰᠤᠨ ᠤ᠋ ᠰᠢᠢᠳᠪᠤᠷᠢᠯᠡᠯᠳᠡ》 ᠴᠢᠬᠤᠯᠠ ᠬᠦᠴᠤᠨ ᠵᠦᠢᠯ ᠤ᠋ᠨ ᠦᠪᠡᠷ ᠤ᠋ᠨ ᠦᠷᠳᠡᠭ ᠤ᠋ᠨ ᠨᠡᠢᠯᠡᠮᠡᠯ ᠳᠠᠪᠠᠭᠤᠯᠢᠭ ᠢ᠋ ᠴᠤᠭᠴᠠᠯᠠᠬᠤ ᠪᠡᠷ ᠳᠠᠮᠵᠢᠨ ᠡᠬᠢ ᠪᠠᠶᠠᠯᠢᠭ ᠤ᠋ᠨ ᠳᠠᠪᠠᠭᠤᠯᠢᠭ ᠶ᠋ᠢᠡᠨ ᠠᠵᠤ ᠦᠢᠯᠡᠰ ᠤ᠋ᠨ ᠦᠷᠢᠰᠦᠯᠳᠦᠭᠡᠨ ᠤ᠋ ᠳᠠᠪᠠᠭᠤᠯᠢᠭ ᠪᠤᠯᠭᠠᠨ ᠬᠤᠪᠢᠷᠠᠭᠤᠯᠬᠤ ᠪᠡᠷ ᠴᠢᠷᠮᠠᠢᠵᠤ ᠪᠠᠢᠨ᠎ᠠ᠃