ᠤᠢᠷ᠎ᠠ᠎ᠳᠤ᠂ ᠰᠤᠷᠪᠤᠯᠵᠢᠯᠠᠬᠴᠢ ᠤᠯᠠᠭᠠᠨᠴᠠᠪ᠎ᠤᠨ ᠹᠧᠩᠵᠧᠨ ᠬᠤᠲᠠ ᠡᠴᠡ ᠤᠢᠯᠠᠭᠠᠭᠰᠠᠨ ᠵᠢᠡᠷ᠂ ᠹᠸᠡᠭᠵᠸᠨ ᠬᠣᠲᠠ ᠵᠢᠨ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ ᠪᠥᠬᠥ᠌ ᠲᠠᠯ᠎ᠠ᠎ᠪᠠᠷ ᠡᠬᠢᠯᠡᠵᠦ᠍᠂ ᠡᠯ᠎ᠡ ᠭᠠᠵᠠᠷ᠎ᠤᠨ ᠲᠠᠷᠢᠶᠠᠨ ᠦᠷ᠎ᠡ᠂ ᠬᠢᠮᠢ᠎ᠶ᠋ᠢᠨ ᠪᠣᠷᠲᠣᠭᠣᠷ᠂ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ᠎ᠦᠨ ᠬᠡᠷᠡᠭ᠌ᠰᠡᠯ᠎ᠦᠨ ᠨᠥᠭᠡᠴᠡ ᠭᠦᠶ᠋ᠴᠡᠳ ᠪᠠᠢᠵᠤ᠂ ᠲᠷᠠᠺᠲ᠋ᠣᠷ᠂ ᠦᠷ᠎ᠡ ᠰᠠᠴᠤᠬᠤ ᠮᠠᠱᠢᠨ ᠵᠡᠷᠭᠡ ᠲᠠᠷᠢᠶᠠᠯᠠᠩ᠎ᠤᠨ ᠮᠠᠱᠢᠨ ᠲᠥᠬᠥᠭᠡᠷᠦᠮᠵᠢ᠎ᠶ᠋ᠢ ᠭᠦᠶ᠋ᠴᠡᠳ ᠳᠣᠭᠢᠷᠠᠭᠤᠯᠤᠨ᠂ ᠵᠠᠬ᠎ᠠ ᠳᠡᠯᠭᠡᠭᠦᠷ᠎ᠦᠨ ᠬᠠᠩᠭᠠᠯᠭ᠎ᠠ ᠲᠣᠭ᠍ᠲᠠᠭᠤᠨ ᠪᠥᠭᠡᠳ ᠡᠮᠬᠢ ᠲᠢᠭᠯᠢᠮ᠎ᠲᠠᠶ ᠪᠠᠢᠵᠤ᠂ ᠡᠨᠡ ᠵᠢᠯ᠎ᠦᠨ ᠠᠮᠤ ᠪᠤᠳᠠᠭᠠᠨ᠎ᠤ ᠡᠯᠪᠡᠭ ᠬᠤᠷᠢᠶᠠᠬᠤ᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦᠰᠠᠭᠤᠷᠢ ᠵᠢ ᠪᠡᠬᠢᠵᠢᠭᠦᠯᠵᠦ ᠪᠤᠢ᠃
ᠹᠸᠡᠭᠵᠸᠨ ᠬᠣᠲᠠ᠎ᠶ᠋ᠢᠨ ᠲᠠᠷᠢᠶᠠᠯᠠᠩ᠎ᠤᠨ ᠮᠠᠱᠢᠨ ᠪᠣᠷᠣᠯᠠᠭᠤᠯᠬᠤ ᠭᠠᠵᠠᠷ᠎ᠲᠤ ᠡᠯ᠎ᠡ ᠲᠥᠷᠥᠯ᠎ᠦᠨ ᠬᠠᠪᠤᠷ᠎ᠤᠨ ᠲᠠᠷᠢᠶᠠᠯᠠᠭ᠎ᠠ᠎ᠶ᠋ᠢᠨ ᠮᠠᠱᠢᠨ᠎ᠢ ᠡᠮᠬᠢ ᠲᠠᠷᠠᠭ᠎ᠠ ᠲᠠᠢ ᠵᠢᠭᠰᠠᠭᠠᠵᠤ᠂ ᠲᠠᠷᠢᠶᠠᠴᠢᠳ᠎ᠤᠨ ᠵᠠᠷᠢᠮ ᠨᠢ ᠠᠰᠠᠭᠤᠨ ᠯᠠᠪᠯᠠᠵᠤ᠂ ᠵᠠᠷᠢᠮ ᠨᠢ ᠰᠢᠯᠢᠵᠦ ᠰᠣᠩᠭᠣᠨ᠂ ᠲᠠᠷᠢᠶᠠᠯᠠᠩ᠎ᠤᠨ ᠮᠠᠱᠢᠨ᠎ᠤ ᠵᠠᠬ᠎ᠠ ᠳᠡᠯᠭᠡᠭᠦᠷ ᠪᠣᠷᠣᠯᠠᠭᠤᠯᠭ᠎ᠠ ᠵᠢᠨ ᠬᠠᠯᠠᠮᠰᠢᠯ ᠦᠶ᠎ᠡ ᠪᠠᠨ ᠤᠭ᠍ᠲᠤᠵᠠᠢ᠃ ᠲᠠᠷᠢᠶᠠᠴᠢᠨ᠎ᠤ ᠰᠠᠨᠠᠭ᠎ᠠ ᠠᠮᠤᠷ ᠲᠠᠷᠢᠶᠠᠯᠠᠩ᠎ᠤᠨ ᠮᠠᠱᠢᠨ ᠬᠡᠷᠡᠭ᠌ᠯᠡᠬᠦ᠌᠂ ᠲᠠᠷᠢᠶᠠᠯᠠᠩ᠎ᠤᠨ ᠮᠠᠱᠢᠨ᠎ᠢ ᠰᠠᠢᠲᠤᠷ ᠬᠡᠷᠡᠭ᠌ᠯᠡᠬᠦ᠌᠎ᠶ᠋ᠢ ᠪᠠᠲᠤᠯᠠᠬᠤ᠎ᠶ᠋ᠢᠨ ᠲᠥᠯᠥᠭᠡ᠂ ᠲᠤᠬᠠᠶ᠎ᠶ᠋ᠢᠨ ᠭᠠᠵᠠᠷ᠎ᠤᠨ ᠲᠠᠷᠢᠶᠠᠯᠠᠩ᠎ᠤᠨ ᠮᠠᠱᠢᠨ ᠡᠵᠡᠩᠨᠡᠨ ᠪᠣᠷᠣᠯᠠᠭᠤᠯᠬᠤ ᠠᠵᠤ ᠠᠬᠤᠢᠯᠠᠯ ᠤᠷᠢᠳᠴᠢᠯᠠᠨ ᠪᠠᠷᠠᠭ᠎ᠠ ᠪᠠᠨ ᠪᠡᠯᠡᠳᠭᠡᠵᠦ᠍᠂ ᠦᠶ᠋ᠯᠡᠴᠢᠯᠡᠭᠡ᠎ᠪᠡᠨ ᠴᠢᠩᠭᠠᠳᠭᠠᠨ᠂ ᠬᠠᠪᠤᠷ᠎ᠤᠨ ᠲᠠᠷᠢᠶᠠᠯᠠᠭ᠎ᠠ᠎ᠶ᠋ᠢᠨ ᠬᠡᠷᠡᠭ᠌ᠴᠡᠭᠡ᠎ᠶ᠋ᠢ ᠪᠥᠬᠥ᠌ ᠬᠦᠴᠦᠨᠢᠶᠡᠷᠬᠠᠩᠭᠠᠵᠤ ᠪᠤᠢ᠃
ᠹᠸᠩ ᠯᠦᠩ ᠲᠠᠷᠢᠶᠠᠯᠠᠩ᠎ᠤᠨ ᠮᠠᠱᠢᠨ᠎ᠤ ᠺᠤᠮᠫᠠᠨᠢ ᠵᠢᠨ ᠬᠠᠷᠢᠭᠤᠴᠠᠯᠭᠠᠲᠠᠨ ᠳ᠋ᠦ᠋ ᠶᠠᠨ ᠬᠤᠢ᠄ 《ᠬᠠᠪᠤᠷ᠎ᠤᠨ ᠲᠠᠷᠢᠶᠠᠯᠠᠭ᠎ᠠ ᠤᠳᠠᠯ ᠦᠭᠡᠢ ᠡᠬᠢᠯᠡᠬᠦ ᠭᠡᠵᠤ ᠪᠠᠢᠭ᠎ᠠ ᠲᠤᠯᠠ ᠤᠳᠤ ᠲᠠᠷᠢᠶᠠᠯᠠᠩ᠎ᠤᠨ ᠮᠠᠱᠢᠨ᠎ᠤ ᠪᠣᠷᠣᠯᠠᠭᠤᠯᠭ᠎ᠠ ᠬᠦᠭᠵᠢᠶᠠᠨ ᠲᠠᠢ ᠪᠤᠯᠵᠠᠢ᠃ ᠪᠢᠳᠡ ᠡᠯ᠎ᠡ ᠲᠥᠷᠥᠯ᠎ᠦᠨ ᠲᠷᠠᠺᠲ᠋ᠣᠷ᠂ ᠦᠷ᠎ᠡ ᠰᠠᠴᠤᠬᠤ ᠮᠠᠱᠢᠨ ᠵᠡᠷᠭᠡ ᠲᠠᠷᠢᠶᠠᠯᠠᠩ᠎ᠤᠨ ᠮᠠᠱᠢᠨ ᠪᠠᠭᠠᠵᠢ᠎ᠶ᠋ᠢ ᠭᠦᠶ᠋ᠴᠡᠳ ᠪᠡᠯᠡᠳᠭᠡᠬᠦ᠌᠎ᠶ᠋ᠢᠨ ᠬᠠᠮᠲᠤ ᠮᠡᠷᠭᠡᠵᠢᠯ᠎ᠦᠨ ᠠᠵᠢᠯᠲᠠᠨ᠎ᠢ ᠲᠣᠬᠢᠷᠠᠭᠤᠯᠤᠨ᠂ ᠲᠠᠷᠢᠶᠠᠴᠢᠨ ᠡᠷᠦᠬᠡ᠎ᠵᠢᠨ ᠰᠣᠩᠭᠣᠬᠤ᠎ᠳᠤ ᠵᠢᠯᠣᠭᠣᠳᠣᠯᠭ᠎ᠠ ᠬᠢᠵᠦ᠂ ᠮᠠᠰᠢᠨ᠎ᠢ ᠠᠵᠢᠯᠯᠠᠭᠤᠯᠬᠤ ᠮᠡᠷᠭᠡᠵᠢᠯ ᠤ᠋ᠨ ᠪᠣᠯᠪᠠᠰᠤᠷᠠᠯ ᠬᠦᠷᠳᠡᠭᠡᠵᠤ᠂ ᠲᠠᠷᠢᠶᠠᠯᠠᠩ᠎ᠤᠨ ᠮᠠᠱᠢᠨ᠎ᠤ ᠴᠢᠳᠠᠮᠵᠢ ᠲᠣᠭ᠍ᠲᠠᠪᠤᠷᠢᠲᠠᠶ᠂ ᠦᠶ᠋ᠯᠡᠴᠢᠯᠡᠭᠡ ᠪᠦᠷᠢᠨ ᠪᠠᠢᠬᠤ᠎ᠶ᠋ᠢ ᠦᠨᠡᠨ ᠬᠦ᠌ ᠪᠠᠲᠤᠯᠠᠵᠤ᠂ ᠲᠠᠷᠢᠶᠠᠴᠢᠳ᠎ᠤᠨ ᠬᠠᠪᠤᠷ᠎ᠤᠨ ᠲᠠᠷᠢᠶᠠᠯᠠᠭ᠎ᠠ᠎ᠶ᠋ᠢ ᠤᠷᠤᠭ᠍ᠰᠢᠲᠠᠶ ᠥᠷᠨᠢᠭᠦᠯᠬᠦ᠌᠎ᠳᠦ ᠬᠦᠴᠦᠨ ᠨᠡᠮᠡᠷᠢᠯᠡᠵᠤ ᠪᠤᠢ》 ᠬᠡᠵᠤ ᠲᠠᠨᠢᠯᠴᠠᠭᠤᠯᠤᠯ᠎ᠠ᠃
ᠹᠸᠡᠭᠵᠸᠨ ᠬᠣᠲᠠ᠎ᠶ᠋ᠢᠨ ᠨᠠᠨᠴᠸᠡᠭ ᠲᠣᠭᠣᠷᠢᠭ᠎ᠤᠨ ᠳ᠋ᠦᠩ ᠶᠤᠸᠠᠨ ᠲᠣᠰᠭᠣᠨ᠎ᠤ ᠲᠠᠷᠢᠶᠠᠯᠠᠩ᠎ᠤᠨ ᠬᠡᠷᠡᠭᠰᠡᠯ ᠡᠵᠡᠩᠨᠡᠨ ᠪᠣᠷᠣᠯᠠᠭᠤᠯᠬᠤ ᠳᠡᠯᠭᠡᠭᠦᠷ᠎ᠲᠦ ᠬᠢᠮᠢ᠎ᠶ᠋ᠢᠨ ᠪᠣᠷᠲᠣᠭᠣᠷ᠂ ᠲᠠᠷᠢᠶᠠᠨ ᠦᠷ᠎ᠠ᠂ ᠰᠦᠯᠢᠶᠣᠣ ᠪᠦᠷᠬᠦᠪᠴᠢ ᠵᠡᠷᠭᠡ ᠵᠢ ᠡᠮᠭᠢ ᠴᠡᠭᠴᠡ ᠲᠠᠢ ᠲᠠᠯᠪᠢᠵᠤ᠂ ᠲᠠᠷᠢᠶᠠᠴᠢᠳ ᠠᠷᠤ ᠠᠷᠤ ᠡᠴᠡ ᠪᠠᠨ ᠴᠤᠪᠤᠷᠠᠵᠤ᠂ ᠬᠢᠮᠢ ᠵᠢᠨ ᠪᠤᠷᠳᠤᠭᠤᠷ᠂ ᠲᠠᠷᠢᠶᠠᠨ ᠦᠷ᠎ᠠ ᠵᠡᠷᠭᠡ ᠲᠠᠷᠢᠶᠠᠯᠠᠡᠭ ᠤ᠋ᠨ ᠬᠡᠷᠡᠭᠰᠡᠯ ᠢ᠋ ᠰᠤᠡᠭᠭᠤᠨ ᠶᠠᠭᠠᠷᠠᠨ᠎ᠠ᠃
ᠲᠠᠷᠢᠶᠠᠴᠢᠨ ᠶᠢᠨ ᠵᠦᠩ ᠵᠦᠩ᠄《ᠬᠠᠪᠤᠷ᠎ᠤᠨ ᠲᠠᠷᠢᠶᠠᠯᠠᠭ᠎ᠠ ᠤᠳᠠᠯ ᠦᠭᠡᠢ ᠡᠬᠢᠯᠡᠨ᠎ᠡ᠂ ᠡᠨᠡ ᠬᠡᠳᠦᠨ ᠡᠳᠦᠷ ᠪᠢ ᠲᠤᠰᠭᠠᠢᠯᠠᠨ ᠲᠠᠷᠢᠶᠠᠯᠠᠩ᠎ᠤᠨ ᠬᠡᠷᠡᠭ᠌ᠰᠡᠯ ᠬᠤᠳᠠᠯᠳᠤᠨ ᠠᠪᠬᠤ᠎ᠪᠠᠷ ᠢᠷᠡᠭᠡᠳ᠂ ᠬᠠᠪᠤᠷ᠎ᠤᠨ ᠲᠠᠷᠢᠶᠠᠯᠠᠭ᠎ᠠ᠎ᠳᠤ ᠬᠡᠷᠡᠭ᠌ᠰᠡᠬᠦ᠌ ᠪᠤᠷᠳᠤᠭᠤᠷ᠎ᠢᠶᠠᠨ ᠪᠡᠯᠡᠳᠭᠡᠵᠤ ᠪᠤᠢ᠃ ᠡᠨᠡ ᠵᠢᠯ ᠪᠠᠰᠠ ᠱᠢᠨᠵᠢᠯᠡᠬᠦ᠌ ᠤᠬᠠᠭᠠᠨᠴᠢ᠎ᠪᠠᠷ ᠪᠤᠷᠳᠤᠭᠤᠷ ᠣᠷᠣᠭᠤᠯᠬᠤ᠎ᠪᠠᠷ ᠳᠠᠮᠵᠢᠭᠤᠯᠤᠨ᠂ ᠲᠠᠷᠢᠶᠠᠨ ᠭᠠᠵᠠᠷᠵᠢᠡᠨ ᠱᠢᠮᠡᠵᠢᠭᠦᠯᠦᠨ᠂ ᠲᠠᠷᠢᠶ᠎ᠠ᠎ᠪᠠᠨ ᠰᠠᠢ᠌ᠲᠤᠷ ᠲᠠᠷᠢᠵᠤ᠂ ᠠᠮᠤ ᠪᠤᠳᠠᠭ᠎ᠠ ᠪᠠᠨ ᠡᠯᠪᠡᠭ ᠬᠤᠷᠢᠶᠠᠬᠤ᠎ᠪᠠᠷ ᠴᠢᠷᠮᠠᠢᠨ᠎ᠠ》 ᠬᠡᠵᠤ ᠰᠤᠷᠪᠤᠯᠵᠢᠯᠠᠭᠴᠢ᠎ᠳᠤ ᠶᠠᠷᠢᠪᠠ᠃
ᠲᠠᠷᠢᠶᠠᠯᠠᠩ᠎ᠤᠨ ᠬᠡᠷᠡᠭ᠌ᠰᠡᠯ᠎ᠦᠨ ᠬᠠᠩᠭᠠᠯᠭ᠎ᠠ ᠭᠦᠢᠴᠡᠳ ᠡᠰᠡᠬᠦ᠌᠂ ᠶᠠᠰᠤ ᠴᠢᠨᠠᠷ ᠰᠠᠢ᠌ᠨ ᠡᠰᠡᠬᠦ᠌ ᠨᠢ ᠬᠠᠪᠤᠷ᠎ᠤᠨ ᠲᠠᠷᠢᠶᠠᠯᠠᠭ᠎ᠠ᠎ᠶ᠋ᠢᠨ ᠦᠷ᠎ᠡ ᠪᠦᠲᠦᠮᠵᠢᠲᠡᠶ ᠱᠢᠭᠤᠳ ᠬᠣᠯᠪᠣᠭ᠍ᠳᠠᠨ᠎ᠠ᠃ ᠡᠯ᠎ᠡ ᠭᠠᠵᠠᠷ᠎ᠤᠨ ᠲᠠᠷᠢᠶᠠᠯᠠᠩ᠎ᠤᠨ ᠬᠡᠷᠡᠭ᠌ᠰᠡᠯ ᠡᠵᠡᠩᠨᠡᠵᠦ ᠪᠠᠢᠭ᠎ᠠ ᠡᠷᠦᠬᠡ ᠨᠤᠬᠦᠳ ᠤᠷᠢᠳᠴᠢᠯᠠᠨ ᠲᠥᠯᠥᠪᠵᠢᠭᠦᠯᠵᠦ᠍᠂ ᠭᠦᠶ᠋ᠴᠡᠳ ᠨᠥᠭᠡᠴᠡᠯᠡᠨ᠂ ᠦᠶ᠋ᠯᠡᠳᠬᠦᠨ᠎ᠦ ᠶᠠᠰᠤ ᠴᠢᠨᠠᠷ᠎ᠢ ᠴᠢᠩᠭ᠎ᠠ ᠡᠵᠡᠮᠳᠡᠵᠦ᠍᠂ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠤᠨ᠂ ᠥᠷᠭᠡᠨ ᠣᠯᠠᠨ ᠲᠠᠷᠢᠶᠠᠴᠢᠳ ᠲᠦ᠍ ᠰᠠᠢᠳᠤᠷ ᠦᠶ᠋ᠯᠡᠴᠢᠯᠡᠵᠦ ᠪᠤᠢ᠃
ᠯᠢ ᠯᠢ ᠲᠠᠷᠢᠶᠠᠯᠠᠩ᠎ᠤᠨ ᠬᠡᠷᠡᠭ᠌ᠰᠡᠯ᠎ᠦᠨ ᠳᠡᠯᠭᠡᠭᠦᠷ᠎ᠦᠨ ᠬᠠᠷᠢᠭᠤᠴᠠᠯᠭᠠᠲᠠᠨ ᡁᠢ ᠯᠢ ᠯᠢ᠄《ᠣᠳᠣ ᠶᠠᠭ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠦᠨ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠵᠤ᠂ ᠲᠠᠷᠢᠶᠠᠯᠠᠩ᠎ᠤᠨ ᠬᠡᠷᠡᠭ᠌ᠰᠡᠯ᠎ᠦᠨ ᠪᠣᠷᠣᠯᠠᠭᠤᠯᠭ᠎ᠠ ᠭᠦᠭᠵᠢᠶᠠᠨ ᠲᠠᠢ ᠪᠤᠯᠤᠯ᠎ᠠ᠃ ᠪᠢᠳᠡ 1200 ᠭᠠᠷᠤᠶ ᠲᠣᠨ ᠬᠢᠮᠢ᠎ᠶ᠋ᠢᠨ ᠪᠣᠷᠲᠣᠭᠣᠷ᠂ 100 ᠭᠠᠷᠤᠶ ᠲᠣᠨ ᠦᠷ᠎ᠡ᠂ 50 ᠭᠠᠷᠤᠶ ᠲᠣᠨ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ᠎ᠤᠨ ᠬᠡᠷᠡᠭ᠌ᠰᠡᠯ᠎ᠢ ᠨᠥᠭᠡᠴᠡᠯᠡᠵᠦ᠍᠂ ᠶᠠᠰᠤ ᠴᠢᠨᠠᠷ᠎ᠤᠨ ᠪᠣᠭᠣᠮᠲᠠ᠎ᠶ᠋ᠢ ᠴᠢᠩᠭ᠎ᠠ ᠰᠠᠬᠢᠬᠤ᠎ᠶ᠋ᠢᠨ ᠬᠠᠮᠲᠤ ᠲᠠᠷᠢᠶᠠᠴᠢᠳ ᠲᠦ᠍ ᠱᠢᠨᠵᠢᠯᠡᠬᠦ᠌ ᠤᠬᠠᠭᠠᠨᠴᠢ᠎ᠪᠠᠷ ᠪᠣᠷᠲᠣᠭᠣᠷ ᠣᠷᠣᠭᠤᠯᠬᠤ ᠰᠠᠨᠠᠭᠤᠯᠭ᠎ᠠ ᠬᠠᠩᠭᠠᠵᠤ᠂ ᠲᠠᠷᠢᠶᠠᠯᠠᠩ᠎ᠦᠨ ᠬᠡᠷᠡᠭ᠌ᠰᠡᠯ᠎ᠦᠨ ᠬᠠᠩᠭᠠᠯᠭ᠎ᠠ ᠭᠦᠶ᠋ᠴᠡᠳ᠂ ᠦᠨ᠎ᠡ ᠬᠠᠩᠰᠢ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠵᠤ᠂ ᠬᠠᠪᠤᠷ᠎ᠤᠨ ᠲᠠᠷᠢᠶᠠᠯᠠᠭ᠎ᠠ᠎ᠳᠦ ᠪᠥᠬᠥ᠌ ᠬᠦᠴᠦᠨᠢᠶᠡᠷᠦᠶ᠋ᠯᠡᠴᠢᠯᠡᠵᠤ ᠪᠤᠢ》 ᠬᠡᠵᠤ ᠰᠤᠷᠪᠤᠯᠵᠢᠯᠠᠭᠴᠢ᠎ᠳᠤ ᠲᠠᠨᠢᠯᠴᠠᠭᠤᠯᠪᠠ᠃