ᠬᠠᠪᠤᠷ᠎ᠤᠨ ᠬᠦᠢᠲᠡᠨ ᠬᠠᠷᠠᠬᠠᠨ ᠠᠷᠢᠯᠤᠭᠠᠳᠥᠢ ᠪᠠᠢᠬᠤ ᠳ᠋ᠤ᠂ ᠲᠦᠩᠯᠢᠶᠣᠣ ᠬᠤᠳᠠ᠎ᠶᠢᠨ ᠺᠠᠢᠯᠤ ᠰᠢᠶᠠᠨ᠎ᠤ ᠯᠠᠵᠤᠤ ᠵᠢᠨ ᠴᠢᠬᠢ ᠪᠣᠢᠵᠢᠭᠤᠯᠬᠤ ᠰᠠᠭᠤᠷᠢᠨ᠎ᠳᠤ ᠬᠥᠮᠥᠰ ᠬᠦᠷ ᠬᠥᠭᠵᠢᠶᠡᠨ᠎ᠲᠠᠢ ᠠᠵᠢᠯᠯᠠᠵᠤ ᠶᠠᠭᠠᠷᠠᠯᠳᠤᠨ᠎ᠠ᠃ ᠡᠮᠦᠨᠡᠭᠡᠨ ᠰᠤᠷᠪᠤᠯᠵᠢᠯᠠᠭᠴᠢ ᠺᠠᠢᠯᠤ ᠰᠢᠶᠠᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠲᠥᠪ᠎ᠦᠨ ᠴᠢᠬᠢ ᠪᠣᠢᠵᠢᠭᠤᠯᠬᠤ ᠬᠦᠯᠡᠮᠵᠢᠨ᠎ᠳᠦ ᠣᠷᠣᠬᠤ ᠳ᠋ᠤ᠂ ᠬᠥᠮᠥᠨ᠎ᠦ ᠬᠦᠴᠦ᠎ᠪᠡᠷ ᠴᠢᠬᠢ ᠪᠣᠢᠵᠢᠭᠤᠯᠬᠤ ᠠᠵᠢᠯ ᠶᠠᠬ ᠡᠮᠬᠢ ᠲᠢᠭᠯᠢᠮ᠎ᠲᠠᠢ ᠶᠠᠪᠤᠭᠳᠠᠵᠤ᠂ ᠬᠥᠮᠥᠰ ᠰᠢᠷᠣᠢ ᠬᠣᠯᠢᠬᠤ᠂ ᠲᠠᠪᠠᠭᠯᠠᠨ ᠰᠠᠪᠠᠯᠠᠬᠤ᠂ ᠦᠷ᠎ᠡ ᠰᠠᠴᠤᠬᠤ᠂ ᠪᠦᠷᠬᠦᠪᠴᠢ ᠳᠠᠷᠤᠬᠤ᠂ ᠤᠰᠤᠯᠠᠬᠤ ᠵᠡᠷᠭᠡ ᠭᠣᠭᠴᠣᠭ᠎ᠠ᠎ᠶᠢ ᠨᠠᠷᠢᠨ ᠨᠢᠮᠪᠠᠢ ᠬᠥᠢᠴᠡᠳᠭᠡᠨ᠂ ᠦᠨᠳᠦᠰᠦᠨ᠎ᠤ ᠰᠢᠰᠲᠧᠮ ᠨᠢ ᠬᠥᠭᠵᠢᠭᠰᠡᠨ᠂ ᠭᠡᠮ᠎ᠢ ᠡᠰᠡᠷᠭᠦᠴᠡᠬᠦ ᠴᠢᠳᠠᠪᠤᠷᠢ ᠨᠢ ᠴᠢᠩᠭ᠎ᠠ᠂ ᠡᠳᠡᠭᠡᠷᠡᠯᠲᠡ᠎ᠶᠢᠨ ᠨᠤᠷᠮ᠎ᠠ᠎ᠨᠢ ᠥᠨᠳᠥᠷ ᠰᠢᠯᠢᠳᠡᠭ ᠴᠢᠬᠢᠪᠣᠢᠵᠢᠭᠤᠯᠬᠤᠶᠢ ᠪᠠᠲᠤᠯᠠᠵᠤ᠂ ᠪᠦᠬᠦ ᠰᠢᠶᠠᠨ᠎ᠤ ᠤᠯᠠᠭᠠᠨ ᠯᠠᠵᠤᠤ᠎ᠶᠢ ᠪᠠᠷᠢᠮᠵᠢᠶᠠᠵᠢᠭᠤᠯᠤᠨ ᠲᠠᠷᠢᠬᠤ᠎ᠳᠤ ᠪᠠᠲᠤ ᠪᠡᠬᠢ ᠮᠡᠷᠭᠡᠵᠢᠯ᠎ᠦᠨ ᠲᠤᠯᠭᠠᠭᠤᠷᠢᠯᠠᠯ ᠪᠠ ᠦᠷ᠎ᠡ ᠴᠢᠬᠢ᠎ᠶᠢᠨ ᠪᠠᠲᠤᠯᠠᠭᠠᠬᠠᠩᠭᠠᠬᠤ ᠳ᠋ᠤ ᠰᠠᠭᠤᠷᠢ ᠲᠠᠯᠪᠢᠨ᠎ᠠ᠃
ᠺᠠᠢᠯᠤ ᠰᠢᠶᠠᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠲᠥᠪ᠎ᠦᠨ ᠮᠡᠷᠭᠡᠵᠢᠯᠲᠡᠨ ᠸᠠᠩ ᠶᠠᠨ᠄《ᠡᠨᠡ ᠵᠢᠯ᠎ᠤᠨ ᠤᠯᠠᠭᠠᠨ ᠯᠠᠵᠤᠤ᠎ᠶᠢᠨ ᠴᠢᠬᠢ ᠪᠣᠢᠵᠢᠭᠤᠯᠬᠤ ᠠᠵᠢᠯ ᠥᠩᠭᠡᠷᠡᠭᠰᠡᠨ᠎ᠦ ᠬᠢ᠎ᠲᠠᠢ ᠠᠳᠠᠯᠢ ᠦᠭᠡᠢ᠂ ᠲᠠᠪᠠᠭ᠎ᠤᠨ ᠴᠢᠬᠢ ᠵᠢᠨ ᠰᠠᠭᠤᠷᠢ ᠵᠢ ᠤᠤᠯ᠎ᠤᠨ 200 ᠭᠠᠷᠤᠢ ᠪᠠᠢᠬᠰᠠᠨ᠎ᠠᠴᠠ 128 ᠪᠤᠯᠭᠠᠨ ᠪᠠᠭᠠᠰᠬᠠᠯᠠ᠂ ᠢᠩᠭᠢᠵᠤ ᠪᠤᠢᠵᠢᠭᠤᠯᠤᠬᠰᠠᠨ ᠴᠢᠬᠢ ᠨᠠᠩ ᠢᠳᠡᠷᠡᠭᠦᠨ᠂ ᠭᠡᠮ᠎ᠢ ᠡᠰᠡᠷᠭᠦᠴᠡᠬᠦ ᠴᠢᠳᠠᠪᠤᠷᠢ ᠨᠢ ᠨᠠᠩ ᠰᠠᠢᠨ ᠪᠠᠢᠵᠤ᠂ ᠴᠢᠬᠢᠯᠡᠬᠦ ᠬᠤᠭᠤᠴᠠᠭ᠎ᠠ᠎ᠶᠢ ᠪᠣᠭᠣᠨᠢᠰᠬᠠᠨ᠂ ᠡᠳᠡᠭᠡᠷᠡᠯᠲᠡ᠎ᠶᠢᠨ ᠨᠣᠷᠮ᠎ᠠ᠎ᠶᠢ ᠳᠡᠭᠡᠭᠰᠢᠯᠡᠭᠦᠯᠵᠤ᠂ ᠤᠯᠠᠭᠠᠨ ᠯᠠᠵᠤᠤ᠎ᠶᠢᠨ ᠥᠨᠳᠥᠷ ᠤᠨᠠᠯᠲᠠ ᠵᠢ ᠪᠠᠳᠤᠯᠠᠵᠤ ᠳᠡᠢᠯᠥᠨᠡ》 ᠭᠡᠵᠤ ᠰᠤᠷᠪᠤᠯᠵᠢᠯᠠᠭᠴᠢ᠎ᠳᠤ ᠲᠠᠨᠢᠯᠴᠠᠭᠤᠯᠪᠠ᠃
ᠡᠨᠡ ᠵᠢᠯ᠂ ᠺᠠᠢᠯᠤ ᠰᠢᠶᠠᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠲᠥᠪ 《ᠲᠠᠷᠢᠶᠠᠴᠢᠳ᠎ᠲᠤ ᠬᠢᠵᠦ ᠦᠵᠡᠭᠦᠯᠦᠨ᠂ ᠲᠠᠷᠢᠶᠠᠴᠢᠳ᠎ᠢ ᠳᠠᠭᠠᠭᠤᠯᠤᠨ ᠬᠢᠵᠦ᠂ ᠲᠠᠷᠢᠶᠠᠴᠢᠳ᠎ᠢ ᠲᠠᠢᠴᠢᠯᠠᠨ ᠤᠷᠤᠯᠭ᠎ᠠ ᠵᠢ ᠨᠢ ᠨᠡᠮᠡᠭᠳᠡᠭᠦᠯᠦᠨ᠎ᠠ》 ᠭᠡᠬᠥ ᠵᠤᠷᠢᠯᠲᠠ ᠪᠡᠷ ᠲᠦᠭᠦᠬᠡᠢ ᠮᠠᠲᠧᠷᠢᠶᠠᠯ᠎ᠤᠨ ᠯᠠᠵᠤᠤ᠎ᠶᠢᠨ ᠡᠭᠥᠯᠳᠡᠷ᠂ ᠥᠩᠭᠡᠨᠦ ᠡᠳ᠋᠎ᠦᠨ ᠯᠠᠵᠤᠤ᠎ᠶᠢᠨ ᠡᠭᠥᠯᠳᠡᠷ ᠵᠡᠷᠭᠡ ᠣᠯᠠᠨ ᠡᠭᠥᠯᠳᠡᠷᠢ ᠪᠠᠭᠲᠠᠭᠠᠭᠰᠠᠨ 50 ᠡᠭᠥᠯᠳᠡᠷᠢ ᠣᠷᠣᠭᠤᠯᠤᠨ ᠠᠪᠴᠢᠷᠠᠭᠠᠳ᠂ ᠤᠯᠠᠭᠠᠨ ᠯᠠᠵᠤᠤ᠎ᠶᠢᠨ ᠰᠠᠭᠤᠷᠢᠨ᠎ᠳᠤ ᠲᠠᠷᠢᠶ᠎ᠠ ᠦᠵᠡᠵᠦ ᠦᠷ᠎ᠡ ᠰᠣᠩᠭᠣᠬᠤ ᠲᠠᠪᠴᠠᠩ ᠪᠠᠢᠭᠤᠯᠵᠤ᠂ ᠲᠠᠷᠢᠶᠠᠴᠢᠨ ᠡᠷᠦᠬᠡ᠎ᠶᠢᠨ ᠲᠤᠬᠠᠢ᠎ᠶᠢᠨ ᠭᠠᠵᠠᠷ᠎ᠲᠦ ᠲᠣᠭᠣᠷᠢᠨ ᠦᠵᠡᠵᠦ ᠦᠷ᠎ᠡ ᠰᠣᠩᠭᠣᠬᠤ᠎ᠳᠤ ᠳᠥᠭᠥᠮ ᠦᠵᠡᠭᠦᠯᠥᠨ᠂ ᠺᠠᠢᠯᠤ ᠰᠢᠶᠠᠨ᠎ᠤ ᠯᠠᠵᠤᠤ᠎ᠶᠢᠨ ᠡᠭᠥᠯᠳᠡᠷᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ ᠤᠯᠠᠭᠠᠨ ᠯᠠᠵᠤᠤ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠪᠡᠷ ᠲᠥᠯᠥᠪᠯᠡᠪᠠ᠃
ᠺᠠᠢᠯᠤ ᠰᠢᠶᠠᠨ ᠬᠥᠮᠥᠨ᠎ᠦ ᠬᠦᠴᠦ᠎ᠪᠡᠷ ᠯᠠᠵᠤᠤ ᠵᠢᠨ ᠴᠢᠬᠢ ᠪᠣᠢᠵᠢᠭᠤᠯᠬᠤ᠎ᠠᠴᠠ ᠭᠠᠳᠠᠨ᠎ᠠ᠂ ᠮᠠᠰᠢᠨ ᠵᠢᠡᠷ ᠴᠢᠬᠢ ᠪᠣᠢᠵᠢᠭᠤᠯᠬᠤ ᠨᠢ ᠴᠤ᠌ ᠴᠢᠬᠤᠯᠠ ᠦᠢᠯᠡᠳᠦᠯ ᠦᠵᠡᠭᠦᠯᠵᠦ ᠪᠠᠢᠨ᠎ᠠ᠃ ᠮᠠᠰᠢᠨ ᠵᠢᠡᠷ ᠴᠢᠬᠢ ᠪᠣᠢᠵᠢᠭᠤᠯᠬᠤ ᠨᠢ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ ᠪᠠᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠬᠠᠪᠤᠷ᠎ᠤᠨ ᠲᠠᠷᠢᠶᠠᠯᠠᠭ᠎ᠠ》᠎ᠳ᠋ᠤ ᠤᠯᠭᠤᠬᠰᠠᠨ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠦᠨ᠎ᠡ᠃
ᠲᠦᠩᠯᠢᠶᠣᠣ ᠬᠤᠳᠠ᠎ᠶᠢᠨ ᠱᠧᠩ ᠶᠤᠧᠠᠨ ᠠᠮᠢ ᠠᠬᠤᠢ᠎ᠶᠢᠨ ᠲᠠᠷᠢᠶᠠᠯᠠᠩ᠎ᠤᠨ ᠬᠢᠵᠠᠭᠠᠷᠲᠤ ᠺᠣᠮᠫᠠᠨᠢ᠎ᠳᠤ ᠠᠦ᠋ᠲ᠋ᠣ᠋ ᠴᠢᠬᠢ ᠪᠣᠢᠵᠢᠭᠤᠯᠬᠤ ᠦᠢᠯᠡᠳᠪᠦᠷᠢᠯᠡᠯ᠎ᠦᠨ ᠱᠤᠭᠤᠮ ᠥᠨᠳᠥᠷ ᠪᠦᠲᠦᠮᠵᠢᠲᠡᠢ ᠠᠵᠢᠯᠯᠠᠨ᠂ ᠦᠢᠯᠡᠳᠪᠦᠷᠢᠵᠢᠭᠥᠯᠵᠤ ᠪᠠᠷᠢᠮᠵᠢᠶᠠᠵᠢᠭᠤᠯᠤᠭᠰᠠᠨ ᠴᠢᠬᠢ ᠪᠣᠢᠵᠢᠭᠤᠯᠬᠤ ᠶᠠᠪᠤᠴᠠ ᠨᠢ ᠦᠷ᠎ᠡ᠎ᠶᠢᠨ ᠴᠢᠬᠢ᠎ᠶᠢ ᠨᠡᠩ ᠰᠢᠯᠢᠳᠡᠭ᠂ ᠥᠪᠡᠷ᠎ᠦᠨ ᠦᠷᠳᠡᠭ᠎ᠢ ᠨᠡᠩ ᠳᠣᠣᠷ᠎ᠠ᠂ ᠦᠷ᠎ᠡ ᠠᠰᠢᠭ᠋᠎ᠢ ᠨᠡᠩ ᠥᠨᠳᠥᠷ ᠪᠣᠯᠭᠠᠵᠠᠢ᠃
ᠲᠦᠩᠯᠢᠶᠣᠣ ᠬᠤᠳᠠ᠎ᠶᠢᠨ ᠱᠧᠩ ᠶᠤᠧᠠᠨ ᠠᠮᠢ ᠠᠬᠤᠢ᠎ᠶᠢᠨ ᠲᠠᠷᠢᠶᠠᠯᠠᠩ᠎ᠤᠨ ᠬᠢᠵᠠᠭᠠᠷᠲᠤ ᠺᠣᠮᠫᠠᠨᠢ᠎ᠶᠢᠨ ᠪᠣᠷᠤᠯᠠᠭᠤᠯᠭ᠎ᠠ᠎ᠶᠢᠨ ᠳᠠᠭᠠᠭᠠᠮᠠᠯ ᠵᠢᠩ ᠱᠦᠨ᠄《ᠴᠢᠬᠢ ᠪᠣᠢᠵᠢᠭᠤᠯᠬᠤ᠎ᠠᠴᠠ ᠳᠠᠷᠢᠶᠠᠨ ᠳ᠋ᠤ ᠰᠠᠭᠤᠯᠭᠠᠬᠤ ᠬᠦᠷᠲᠡᠯ᠎ᠡ᠂ ᠪᠢᠳᠡ ᠰᠢᠮ᠎ᠡ ᠪᠤᠷᠳᠤᠭᠤᠷ ᠲᠠᠢ ᠰᠢᠷᠤᠢ ᠵᠢ ᠬᠤᠯᠢᠵᠤ ᠬᠡᠷᠡᠭᠯᠡᠨ᠂ ᠲᠣᠭᠲᠠᠭᠰᠠᠨ ᠳᠤᠯᠠᠭᠠᠨ᠂ ᠴᠢᠭᠢᠭ᠎ᠤᠨ ᠬᠡᠮᠵᠢᠶ᠎ᠡ ᠵᠢ ᠡᠵᠡᠮᠳᠡᠨ ᠪᠠᠳᠤᠯᠠᠵᠤ᠂ ᠯᠠᠵᠤᠤ᠎ᠶᠢᠨ ᠴᠢᠬᠢ᠎ᠶᠢᠨ ᠡᠳᠡᠭᠡᠷᠡᠯᠲᠡ᠎ᠶᠢᠨ ᠨᠣᠷᠮ᠎ᠠ᠎ᠶᠢ ᠳᠡᠭᠡᠭᠰᠢᠯᠡᠭᠦᠯᠥᠨ᠂ ᠲᠠᠷᠢᠶᠠᠴᠢᠳ᠎ᠤᠨ ᠤᠨᠠᠯᠲᠠ ᠵᠢ ᠨᠡᠮᠡᠭᠳᠡᠭᠦᠯᠵᠦ ᠣᠷᠣᠯᠭ᠎ᠠ᠎ᠪᠠᠨ ᠨᠡᠮᠡᠭᠳᠡᠭᠦᠯᠬᠦ᠎ᠳᠦ ᠪᠠᠲᠤ ᠪᠠᠲᠤᠯᠠᠭ᠎ᠠ ᠬᠠᠩᠭᠠᠵᠤ ᠪᠠᠢᠨ᠎ᠠ》 ᠭᠡᠵᠦ ᠰᠤᠷᠪᠤᠯᠵᠢᠯᠠᠭᠴᠢ᠎ᠳᠤ ᠬᠡᠯᠡᠵᠤ ᠪᠠᠢᠯ᠎ᠠ᠃
ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠲᠤᠰ ᠺᠣᠮᠫᠠᠨᠢ ᠨᠢᠭᠡᠨᠲᠡ ᠺᠠᠢᠯᠤ ᠰᠢᠶᠠᠨ ᠵᠢᠴᠢ ᠡᠷᠬᠢᠨ ᠲᠣᠭᠣᠷᠢᠨ᠎ᠤ ᠬᠣᠰᠢᠭᠤ ᠰᠢᠶᠠᠨ᠎ᠤ 10 ᠲᠦᠮᠡ ᠰᠢᠬᠠᠮ ᠳᠠᠪᠠᠬ ᠤᠯᠠᠭᠠᠨ ᠯᠠᠵᠤᠤ᠎ᠶᠢᠨ ᠴᠢᠬᠢ ᠪᠣᠢᠵᠢᠭᠤᠯᠬᠤ ᠵᠠᠬᠢᠶᠠᠯᠠᠭ᠎ᠠ᠎ᠶᠢ ᠲᠤᠰᠴᠤ ᠂ 3 ᠰᠠᠷ᠎ᠠ᠎ᠶᠢᠨ 10 ᠤ᠋ ᠡᠳᠦᠷ᠎ᠡᠴᠡ ᠳᠠᠷᠢᠵᠤ ᠡᠭᠢᠯᠡᠭᠡᠳ ᠤᠳᠤ ᠨᠢᠭᠡᠨᠳᠡ ᠲᠠᠷᠢᠵᠤ ᠲᠠᠭᠤᠰᠴᠠᠢ ᠃ ᠣᠳᠣᠬᠠᠨ᠎ᠳᠤ ᠲᠤᠰ ᠠᠵᠤ ᠠᠬᠤᠢᠯᠠᠯ ᠪᠠᠰᠠ ᠦᠷᠭᠦᠯᠵᠢᠯᠡᠨ ᠵᠠᠬᠢᠶᠠᠯᠠᠭ᠎ᠠ ᠲᠤᠰᠴᠥ ᠪᠠᠢᠨ᠎ᠠ᠃
ᠺᠠᠢᠯᠤ ᠰᠢᠶᠠᠨ ᠳᠤᠮᠳᠠᠳᠤ ᠤᠯᠤᠰ᠎ᠤᠨ ᠢᠳᠡᠰᠢᠨ ᠨᠣᠭᠣᠭᠠᠨ᠎ᠤ ᠭᠦᠢᠯᠭᠡᠭᠡᠨ᠎ᠦ ᠨᠡᠢᠭᠡᠮᠯᠢᠭ᠎ᠡᠴᠡ ᠤᠯᠭᠤᠬᠰᠠᠨ 《 ᠳᠤᠮᠳᠠᠳᠤ ᠤᠯᠤᠰ᠎ᠤᠨ ᠬᠠᠳᠠᠭᠠᠬᠰᠠᠨ ᠤᠯᠠᠭᠠᠨ ᠯᠠᠵᠤᠤ ᠵᠢᠨ ᠬᠤᠳᠠ 》 ᠵᠢᠨ ᠴᠣᠯᠠ ᠲᠠᠢ ᠪᠦᠭᠡᠳ ᠤᠯᠤᠰ᠎ᠤᠨ ᠲᠡᠰ᠎ᠤᠨ ᠭᠠᠳᠠᠭᠠᠳᠤ᠎ᠳᠤ ᠭᠠᠷᠭᠠᠬᠤ ᠤᠯᠠᠭᠠᠨ ᠯᠠᠵᠤᠤ ᠵᠢᠨ ᠶᠠᠰᠤ ᠴᠢᠨᠠᠷ᠎ᠤᠨ ᠠᠮᠤᠷ ᠲᠦᠪᠰᠢᠨ᠎ᠦ ᠵᠢᠱ᠌ᠢᠶ᠎ᠡ ᠦᠵᠡᠭᠦᠯᠬᠦ ᠣᠷᠣᠨ ᠪᠠᠢᠵᠤ᠂ ᠪᠦᠬᠦ ᠰᠢᠶᠠᠨ᠎ᠤ ᠤᠯᠠᠭᠠᠨ ᠯᠠᠵᠤᠤ ᠵᠢᠨ ᠵᠢᠯ ᠳᠤᠮᠳᠠᠴᠢ᠎ᠶᠢᠨ ᠲᠠᠷᠢᠬᠤ ᠲᠠᠯᠠᠪᠠᠢ ᠨᠢ 60 ᠲᠦᠮᠡᠨ ᠮᠦ᠍᠂ ᠤᠨᠠᠯᠲᠠ ᠨᠢ 30 ᠳ᠋ᠦᠩᠰᠢᠭᠤᠷ ᠵᠢᠩ᠎ᠳᠦ ᠬᠦᠷᠴᠥ ᠪᠤᠢ᠃ ᠣᠳᠣᠬᠠᠨ᠎ᠳᠤ 6 ᠲᠦᠮᠡ ᠭᠠᠷᠤᠢ ᠲᠠᠷᠢᠮᠠᠯ᠎ᠤᠨ ᠡᠷᠦᠬᠡ᠂ 3000 ᠭᠠᠷᠤᠢ ᠯᠠᠵᠤᠤ᠎ᠶᠢᠨ ᠥᠨ᠎ᠡ ᠵᠠᠰᠠᠬᠴᠢ᠂ 18 ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠯᠠᠯ᠂ 120 ᠭᠠᠷᠤᠢ ᠲᠠᠷᠢᠮᠠᠯ᠎ᠤᠨ ᠲᠤᠰᠬᠠᠢ ᠬᠤᠷᠰᠢᠶ᠎ᠠ᠂ 20 ᠭᠠᠳᠠᠭᠠᠳᠤ ᠭᠠᠷᠭᠠᠯᠲᠠ᠎ᠶᠢᠨ ᠠᠵᠤ ᠠᠬᠤᠢᠯᠠᠯ ᠤᠯᠠᠭᠠᠨ ᠯᠠᠵᠤᠤ᠎ᠶᠢᠨ ᠠᠵᠤ ᠦᠢᠯᠡᠰ᠎ᠦᠨ ᠬᠡᠯᠬᠢᠶᠡᠨ᠎ᠳᠦ ᠢᠳᠡᠪᠬᠢᠲᠡᠢ ᠤᠷᠤᠯᠴᠠᠨ᠂ ᠪᠦᠬᠦ ᠰᠢᠶᠠᠨ᠎ᠤ 5 ᠲᠦᠮᠡ ᠭᠠᠷᠤᠢ ᠬᠥᠮᠥᠨ ᠠᠵᠤ ᠦᠢᠯᠡᠰ᠎ᠦᠨ ᠬᠡᠯᠬᠢᠶ᠎ᠡ ᠵᠢ ᠲᠥᠰᠢᠭᠯᠡᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠵᠤ ᠪᠠᠢᠨ᠎ᠠ᠃ ᠰᠠᠢᠨ ᠡᠭᠦᠯᠳᠡᠷ᠎ᠢ ᠪᠣᠢᠵᠢᠭᠤᠯᠬᠤ᠎ᠠᠴᠠ ᠬᠡᠪᠴᠢᠶᠡᠵᠢᠭᠦᠯᠦᠨ ᠲᠠᠷᠢᠬᠤ ᠬᠦᠷᠲᠡᠯ᠎ᠡ᠂ ᠨᠠᠷᠢᠯᠢᠭ᠋ ᠡᠳ᠋ᠰᠢᠭᠥᠯᠬᠦᠠᠴᠠ ᠭᠠᠳᠠᠭᠠᠳᠤ᠎ᠳᠤ ᠭᠠᠷᠭᠠᠬᠤ ᠬᠦᠷᠲᠡᠯ᠎ᠡ᠂ ᠺᠠᠢᠯᠤ ᠰᠢᠶᠠᠨ ᠤᠯᠠᠭᠠᠨ ᠯᠠᠵᠤᠤ᠎ᠶᠢᠨ ᠪᠦᠬᠦ ᠬᠡᠯᠬᠢᠶᠡᠨ᠎ᠤ ᠠᠵᠤ ᠦᠢᠯᠡᠰ᠎ᠦᠨ ᠰᠢᠰᠲ᠋ᠧᠮ᠎ᠢ ᠪᠠᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠥ ᠪᠠᠢᠨ᠎ᠠ᠃