ᠤᠢᠷ᠎ᠠ᠎ᠳᠤ᠂ ᠱᠢᠯᠢ᠎ᠶ᠋ᠢᠨ ᠭᠤᠤᠯ ᠠᠢᠮᠠᠭ ᠲᠦᠬᠦᠭᠡᠷᠦᠮᠵᠢᠲᠦ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠬᠠᠢ ᠰᠠᠨᠠᠯ ᠰᠣᠯᠢᠯᠴᠠᠬᠤ ᠬᠤᠷᠠᠯᠬᠤᠷᠠᠯᠳᠤᠭᠤᠯᠤᠨ᠂ ᠱᠢᠯᠢᠡᠭᠬᠣᠲᠠ᠂ ᠲᠠᠢᠪᠤᠰᠧ ᠬᠣᠱᠢᠭᠤ᠂ ᠱᠢᠯᠤᠭᠤᠨ ᠬᠥᠪᠡᠭᠡᠲᠦ ᠴᠠᠭᠠᠨ ᠬᠣᠱᠢᠭᠤ᠂ ᠳᠣᠯᠣᠨ ᠨᠤᠤᠷ ᠱᠢᠶᠠᠨ᠂ ᠰᠥᠨᠢᠳ ᠪᠠᠷᠠᠭᠤᠨ ᠬᠣᠱᠢᠭᠤ ᠵᠡᠷᠭᠡ ᠬᠣᠱᠢᠭᠤ ᠱᠢᠶᠠᠨ ᠬᠣᠲᠠ ᠬᠢᠭᠡᠳ ᠲᠤᠰ ᠠᠢᠮᠠᠭ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠰᠠᠯᠠᠭ᠎ᠠ ᠮᠥᠴᠢᠷ᠎ᠦᠨ ᠲᠥᠯᠥᠭᠡᠯᠡᠭ᠌ᠴᠢᠳ ᠬᠠᠮᠳᠤ ᠪᠡᠷ ᠲᠦᠬᠦᠭᠡᠷᠦᠮᠵᠢᠲᠦ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ ᠲᠤᠬᠠᠢ ᠰᠠᠨᠠᠯ ᠵᠢᠡᠨ ᠰᠤᠯᠢᠯᠴᠠᠵᠠᠢ᠃
ᠬᠤᠷᠠᠯ᠎ᠠᠴᠠ ᠡᠮᠦᠨ᠎ᠡ᠂ ᠬᠤᠷᠠᠯ᠎ᠳᠤ ᠣᠷᠣᠯᠴᠠᠭ᠍ᠰᠠᠳ ᠱᠢᠯᠤᠭᠤᠨ ᠬᠥᠪᠡᠭᠡᠲᠦ ᠴᠠᠭᠠᠨ ᠬᠣᠱᠢᠭᠤ᠂ ᠲᠠᠢᠪᠤᠰᠧ ᠬᠣᠱᠢᠭᠤᠨ᠎ᠤ ᠲᠥᠬᠦᠭᠡᠷᠦᠮᠵᠢᠲᠦ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩᠢᠲᠣᠭᠣᠷᠢᠨ ᠦᠵᠡᠵᠦ᠍᠂ ᠦᠢᠯᠡᠳᠪᠦᠷᠢᠯᠡᠯ᠎ᠦᠨ ᠬᠠᠮᠢᠶᠠᠷᠤᠯᠲᠠ᠎ᠶ᠋ᠢᠨ ᠵᠠᠭ᠍ᠪᠤᠷ᠂ ᠮᠡᠷᠭᠡᠵᠢᠯ᠎ᠦᠨ ᠬᠡᠷᠡᠭ᠌ᠯᠡᠭᠡ᠎ᠶ᠋ᠢ ᠳᠡᠯᠭᠡᠷᠡᠭᠦᠯᠬᠦ᠌ ᠵᠢᠴᠢ ᠲᠠᠷᠢᠶᠠᠯᠠᠩ᠎ᠢ ᠳᠠᠢᠴᠢᠯᠠᠬᠤ ᠲᠣᠭ᠍ᠲᠠᠴᠠ ᠵᠡᠷᠭᠡ ᠲᠠᠯ᠎ᠠ᠎ᠶ᠋ᠢᠨ ᠲᠤᠷᠱᠢᠯᠭ᠎ᠠ ᠬᠢᠳᠡᠯ᠎ᠢ ᠪᠠᠢᠴᠠᠭᠠᠨ ᠰᠤᠳᠤᠯᠪᠠ᠃
ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠮᠢᠩᠭᠠᠲᠤ ᠪᠠᠯᠭᠠᠰᠤᠨ᠎ᠤ ᠭᠦᠵᠡᠯᠵᠡᠭᠡᠨ᠎ᠡ ᠵᠢᠨ ᠬᠦᠷᠢᠶᠡᠯᠡᠩ᠎ᠳᠦ ᠬᠦᠷᠪᠡᠯ᠂ ᠭᠠᠳᠠᠨᠠᠬᠢ ᠠᠭᠠᠷ᠎ᠤᠨ ᠳᠤᠯᠠᠭᠠᠨ ᠲᠡᠭ᠎ᠡᠴᠡ ᠳᠣᠷᠣᠭ᠍ᠰᠢ ᠠᠷᠪᠠᠨ ᠬᠡᠳᠦᠨ ᠭᠷᠠᠳᠦ᠋ᠰ ᠪᠠᠢᠬᠤ᠎ᠳᠤ᠂ ᠤᠶᠤᠨᠲᠤ ᠬᠦᠯᠡᠮᠵᠢᠨ᠎ᠳᠤ ᠬᠠᠷᠢᠨ ᠬᠣᠷᠢᠨ ᠬᠡᠳᠦᠨ ᠭᠷᠠᠳᠦ᠋ᠰ᠎ᠦᠨ ᠲᠣᠭ᠍ᠲᠠᠮᠠᠯ ᠳᠤᠯᠠᠭᠠᠨ᠎ᠢ ᠪᠠᠲᠤᠯᠠᠵᠤ᠂ ᠭᠦᠵᠡᠯᠵᠡᠭᠡᠨ᠎ᠡ᠎ᠶ᠋ᠢᠨ ᠤᠷᠭᠤᠯᠲᠠᠳᠤᠮᠠᠰᠢ ᠲᠤᠬᠢᠷᠠᠭᠰᠠᠨ ᠪᠠᠢᠪᠠ᠃ 2.63 ᠲᠦᠮᠡᠨ ᠲᠡᠭ᠌ᠰᠢ ᠳᠥᠷᠪᠡᠯᠵᠢᠨ ᠮᠸᠲᠷ ᠲᠠᠯᠠᠪᠠᠢᠪᠦᠬᠦᠢ ᠲᠤᠰ ᠬᠦᠷᠢᠶᠡᠯᠡᠩ ᠲᠣᠭᠣᠷᠢᠭ᠎ᠲᠤ ᠵᠥᠪᠬᠡᠨ 2 ᠮᠡᠷᠭᠡᠵᠢᠯ᠎ᠦᠨ ᠠᠵᠢᠯᠳᠠᠨ ᠪᠠᠢᠪᠠᠯ ᠣᠷᠴᠢᠨ ᠲᠣᠭᠣᠷᠢᠨ᠎ᠤ ᠡᠵᠡᠮᠱᠢᠯ ᠲᠤᠬᠢᠷᠠᠭᠤᠯᠭ᠎ᠠ᠎ᠶ᠋ᠢᠨ ᠱᠢᠰᠲ᠋ᠧᠮ᠎ᠢᠶᠡᠷ ᠲᠠᠮᠵᠢᠨ᠂ ᠭᠡᠷᠡᠯ᠂ ᠳᠤᠯᠠᠭᠠᠨ᠂ ᠴᠢᠭᠢᠭ᠎ᠦᠨ ᠬᠡᠮᠵᠢᠢ᠎ᠡ ᠵᠢᠴᠢ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠥᠳᠭᠡᠴᠡ᠎ᠶ᠋ᠢ ᠣᠨᠣᠪᠴᠢᠲᠠᠢ ᠡᠵᠡᠮᠳᠡᠵᠦ᠍ ᠴᠢᠳᠠᠬᠤ ᠠᠵᠢ᠃ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠯᠢᠦᠶ ᠸᠧ ᠴᠤᠸᠠᠨ ᠭᠦᠵᠡᠯᠵᠡᠭᠡᠨ᠎ᠡ᠎ᠶ᠋ᠢᠨ ᠬᠦᠷᠢᠶᠡᠯᠡᠩ᠎ᠦᠨ ᠭᠦᠶ᠋ᠴᠡᠳᠭᠡᠭ᠌ᠴᠢ ᠶᠡᠷᠦᠩᠬᠡᠶ ᠳᠠᠭᠠᠭᠠᠮᠠᠯ ᠵᠢᠢ ᠱᠸᠡᠭ ᠰᠢᠶᠠᠨ᠎ᠤ ᠲᠠᠨᠢᠯᠴᠠᠭᠤᠯᠬᠤ᠎ᠪᠡᠷ᠂ ᠲᠤᠰ ᠬᠦᠷᠢᠶᠡᠯᠡᠩ ᠪᠣᠰᠣᠭ᠎ᠠ ᠴᠣᠭ᠍ᠴᠠᠲᠤ ᠲᠠᠷᠢᠮᠠᠯ᠎ᠤᠨ ᠵᠠᠭ᠍ᠪᠤᠷ᠎ᠢ ᠬᠡᠷᠡᠭ᠌ᠯᠡᠵᠦ᠍᠂ ᠤᠯᠠᠮᠵᠢᠯᠠᠯᠲᠤ ᠲᠠᠷᠢᠶᠠᠯᠡᠡᠭᠤᠨ ᠭᠠᠵᠠᠷ ᠰᠢᠷᠤᠢ ᠵᠢ ᠠᠰᠢᠬᠯᠠᠬᠤ ᠪᠦᠲᠦᠮᠵᠢ ᠵᠢ 60% ᠪᠠᠷ ᠳᠡᠭᠡᠭ᠌ᠰᠢᠯᠡᠭᠦᠯᠵᠦ᠍᠂ ᠮᠥ᠍ ᠪᠦᠷᠢᠳᠦ 1.6 ᠲᠦᠮᠡᠨ ᠰᠠᠭᠤᠷᠢ᠎ᠠᠴᠠ ᠳᠡᠭᠡᠭ᠌ᠰᠢ ᠤᠷᠭᠤᠮᠠᠯ ᠰᠠᠭᠤᠯᠭᠠᠵᠤ᠂ ᠭᠠᠷᠤᠯᠲᠠ ᠪᠠ ᠠᠵᠤ ᠠᠬᠤᠶ᠎ᠶ᠋ᠢᠨ ᠦᠷ᠎ᠡ ᠠᠱᠢᠭ᠎ᠤᠨ ᠬᠤᠤᠰ ᠨᠡᠮᠡᠭ᠌ᠳᠡᠯ᠎ᠢ ᠪᠡᠶᠡᠯᠡᠭᠦᠯᠦᠭᠰᠡᠨ ᠪᠠᠢᠨ᠎ᠠ᠃
ᠲᠠᠢᠪᠤᠰᠧ ᠬᠣᠱᠢᠭᠤᠨ᠎ᠤ ᠤᠳᠤ ᠦᠶ᠎ᠡ᠎ᠶ᠋ᠢᠨ ᠲᠦᠬᠦᠭᠡᠷᠤᠮᠵᠢᠳᠤ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠤᠨ ᠬᠦᠯᠡᠮᠵᠢᠨ᠎ᠳᠦ ᠢᠩᠲᠣᠣᠷ᠎ᠤᠨ ᠠᠮᠳᠠᠳᠤ ᠲᠦᠪᠡᠳ ᠬᠠᠰᠢ᠂ ᠣᠷᠬᠣᠳᠠᠢ ᠵᠢᠮᠢᠰ᠂ ᠵᠢᠮᠢᠰ᠎ᠤᠨ ᠠᠮᠳᠠᠳᠤ ᠯᠠᠵᠤᠤ᠂ ᠲᠥᠪᠡᠳ ᠬᠠᠰᠢ ᠵᠡᠷᠭᠡ ᠵᠢᠮᠢᠰ ᠢᠳᠡᠱᠢᠨ ᠨᠣᠭᠣᠭ᠎ᠠ ᠢᠳᠡᠷᠡᠭᠦᠨ ᠤᠷᠭᠤᠵᠤ ᠪᠠᠢᠪᠠ᠃ ᠲᠣᠰ ᠲᠥᠷᠥᠯ ᠵᠦᠶ᠋ᠯ᠎ᠤᠨ ᠲᠦᠷᠦᠬᠦᠦ ᠬᠤᠭᠤᠴᠠᠭᠠᠨ᠎ᠤ ᠪᠦᠲᠦᠭᠡᠨ ᠪᠠᠢᠭᠤᠯᠤᠯᠳᠠ ᠨᠢ 450 ᠮᠥ᠍ ᠭᠠᠵᠠᠷ ᠡᠵᠡᠯᠡᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ 5800 ᠲᠦᠮᠡᠨ ᠲᠥᠭᠥᠷᠢᠭ ᠲᠦ᠍ ᠬᠦᠷᠴᠦ᠂ 《EPC + O》 ᠪᠥᠬᠥ᠌ ᠴᠤᠪᠤᠷᠠᠯ᠎ᠤᠨ ᠨᠠᠢᠳᠠᠨ ᠬᠠᠮᠢᠶᠠᠷᠤᠭᠤᠯᠬᠤ ᠵᠠᠭ᠍ᠪᠤᠷ᠎ᠢ ᠠᠡᠭᠬ᠎ᠠ ᠬᠡᠷᠡᠭ᠌ᠯᠡᠵᠡᠢ᠃ ᠢᠯᠴᠢ ᠬᠠᠳᠠᠭᠠᠯᠠᠬᠤ ᠨᠡᠷᠡᠨ᠎ᠦ ᠬᠡᠷᠡᠯ᠎ᠦᠨ ᠬᠦᠯᠡᠮᠵᠢ ᠵᠢ 50 ᠰᠠᠭᠤᠷᠢ ᠪᠠᠢᠭᠤᠯᠤᠨ᠂ ᠬᠥᠮᠥᠷᠭᠡᠯᠡᠨ ᠬᠠᠳᠠᠭᠠᠯᠠᠬᠤ᠂ ᠢᠯᠭᠠᠬᠤ᠂ ᠴᠢᠬᠢ ᠪᠣᠢᠵᠢᠭᠤᠯᠬᠤ᠂ ᠠᠯᠪᠠᠯᠠᠬᠤ ᠵᠡᠷᠭᠡ ᠲᠤᠰᠠᠯᠠᠬᠤ ᠳᠦᠬᠦᠭᠡᠷᠦᠮᠵᠢ᠎ᠶ᠋ᠢ 1000 ᠭᠠᠷᠤᠶ ᠲᠡᠭ᠌ᠰᠢ ᠳᠥᠷᠪᠡᠯᠵᠢᠨ ᠮᠧᠲ᠋ᠷ ᠢᠵᠢ ᠪᠥᠷᠢᠳᠦᠭᠦᠯᠦᠨ ᠪᠥᠲᠥᠭᠡᠨ ᠪᠠᠢᠭᠤᠯᠤᠭ᠍ᠰᠠᠨ ᠪᠥᠭᠡᠳ ᠲᠣᠮᠣ ᠳ᠋ᠠᠢᠲ᠋ᠠ᠎ᠶ᠋ᠢᠨ ᠬᠣᠯᠪᠣᠭᠠᠲᠤ ᠰᠦᠯᠵᠢᠶ᠎ᠡ᠂ ᠣᠶᠤᠨᠴᠢᠯᠠᠭᠰᠠᠨ ᠤᠰᠤ ᠪᠣᠷᠲᠣᠭᠣᠷ᠎ᠤᠨ ᠰᠢᠰᠲᠸᠮ᠂ ᠳᠤᠯᠠᠭᠠᠨ᠎ᠢ ᠡᠵᠡᠮᠳᠡᠬᠦ᠌ ᠵᠡᠷᠭᠡ ᠣᠲᠣ ᠦᠶ᠎ᠡ᠎ᠶ᠋ᠢᠨ ᠲᠣᠨᠣᠭ ᠲᠥᠬᠥᠭᠡᠷᠦᠮᠵᠢ᠎ᠶ᠋ᠢᠨ ᠮᠡᠷᠭᠡᠵᠢᠯ᠎ᠢ ᠪᠤᠳᠠᠳᠠᠢᠵᠢᠭᠤᠯᠤᠨ ᠠᠰᠢᠭᠯᠠᠵᠠᠢ᠃
ᠲᠠᠢᠪᠤᠰᠧ ᠬᠣᠱᠢᠭᠤᠨ᠎ᠤ ᠭᠡᠷᠡᠮᠳᠤ ᠲᠣᠰᠭᠣᠨ᠎ᠤ ᠣᠳᠣ ᠦᠶ᠎ᠡ᠎ᠶ᠋ᠢᠨ ᠲᠥᠬᠦᠭᠡᠷᠦᠮᠵᠢᠲᠦ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠦᠨ ᠬᠠᠷᠢᠭᠤᠴᠠᠯᠭᠠᠲᠠᠨ ᠸᠠᠩ ᠸᠧᠨ ᡁᠢ᠄《ᠤᠶᠤᠨᠲᠤ ᠲᠥᠬᠥᠭᠡᠷᠦᠮᠵᠢ᠎ᠶ᠋ᠢ ᠢᠵᠢ ᠪᠦᠷᠢᠳᠦᠭᠦᠯᠪᠡᠯ ᠡᠪᠦᠯ᠎ᠦᠨ ᠤᠯᠠᠷᠢᠯ᠎ᠤᠨ ᠤᠨᠠᠯᠲᠠ ᠵᠢ ᠲᠤᠭᠲᠠᠪᠤᠷᠢᠵᠢᠭᠤᠯᠬᠤ᠎ᠨᠢ ᠲᠡᠢᠮᠦ ᠬᠦᠴᠢᠷ ᠶᠠᠪᠤᠳᠠᠯ ᠪᠢᠰᠢ ᠪᠣᠯᠵᠤ᠂ ᠬᠥᠮᠦᠨ᠎ᠦ ᠬᠦᠴᠦ᠍᠎ᠶ᠋ᠢ ᠠᠷᠪᠢᠯᠠᠬᠤ᠎ᠪᠠᠷ ᠪᠠᠷᠠᠬᠤ ᠦᠭᠡᠢ ᠪᠠᠰᠠ ᠤᠨᠠᠯᠲᠠ᠎ᠶ᠋ᠢ ᠲᠣᠭ᠍ᠲᠠᠭᠤᠨ ᠪᠣᠯᠭᠠᠨ᠎ᠠ》ᠭᠡᠵᠦ ᠲᠠᠨᠢᠯᠴᠠᠭᠤᠯᠤᠯ᠎ᠠ᠃
ᠱᠢᠯᠢ᠎ᠶ᠋ᠢᠨ ᠭᠤᠤᠯ ᠠᠢᠮᠠᠭ ᠬᠣᠢᠱᠢᠳᠠ ᠣᠷᠣᠨ ᠪᠦᠰᠡ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ ᠬᠡᠪᠴᠢᠶᠡᠵᠢᠭᠦᠯᠦᠨ ᠪᠠᠢᠷᠢᠱᠢᠭᠤᠯᠬᠤ᠂ ᠪᠠᠷᠢᠮᠵᠢᠶᠠᠵᠢᠭᠤᠯᠤᠨ ᠦᠶ᠋ᠯᠡᠳᠪᠦᠷᠢᠯᠡᠬᠦ᠌᠂ ᠤᠶᠤᠨᠴᠢᠯᠠᠭᠰᠠᠨ ᠴᠢᠳᠠᠮᠵᠢ ᠣᠯᠭᠣᠬᠤ᠎ᠶ᠋ᠢ ᠪᠠᠷᠢᠮᠲᠠᠯᠠᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ᠂ ᠥᠷᠲᠡᠭ᠎ᠦᠨ ᠬᠡᠯᠬᠢᠶ᠎ᠡ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠲᠦᠬᠦᠭᠡᠷᠤᠮᠵᠢᠳᠤ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠴᠢᠩᠭ᠎ᠠ ᠬᠦᠴᠦᠲᠡᠶ ᠠᠵᠤ ᠦᠶ᠋ᠯᠡᠰ᠎ᠦᠨ ᠲᠤᠯᠭᠠᠭᠤᠷᠢᠯᠠᠯ ᠬᠠᠩᠭᠠᠬᠤ ᠪᠤᠯᠤᠨ᠎ᠠ᠃