ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ ᠤ᠋ ᠪᠠᠲᠤᠯᠠᠭ᠎ᠠ ᠵᠢᠨ ᠲᠤᠪᠴᠢᠶ᠎ᠠ ᠡᠴᠠ ᠤᠢ᠍ᠢᠯᠠᠭᠠᠭ᠍ᠰᠠᠠ ᠶ᠋ᠢᠡᠷ᠂ ᠦᠨᠲᠤᠰᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠪᠡᠯᠡ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠤᠯᠠᠮ ᠨᠢᠬᠡ ᠠᠯᠬᠤᠮ ᠳᠡᠭᠡᠭ᠌ᠰᠢᠯᠡᠭᠦᠯᠵᠦ᠍᠂ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠳᠡᠮᠵᠢᠬᠦ᠌᠎ᠶ᠋ᠢᠨ ᠲᠥᠯᠥᠭᠡ᠂ ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠂ ᠬᠥᠬᠡᠬᠣᠲᠠ ᠬᠣᠶᠠᠷ ᠱᠠᠲᠤᠨ᠎ᠤ ᠡᠮᠴᠢᠯᠡᠬᠡᠨ ᠤ᠋ ᠪᠠᠲᠤᠯᠠᠭ᠎ᠠ ᠵᠢᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠍᠂ ᠬᠥᠬᠡᠬᠣᠲᠠ ᠣᠷᠣᠨ᠎ᠤ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠦᠨᠲᠤᠰᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠤᠷᠢᠳᠴᠢᠯᠠᠨ ᠥᠭ᠌ᠬᠦ ᠪᠡᠯᠡ ᠮᠥᠩᠭᠥ᠎ᠶ᠋ᠢ 2 ᠳ᠋ᠦᠩᠱᠢᠭᠤᠷ ᠲᠥᠭᠥᠷᠢᠭ ᠲᠥᠪᠯᠡᠷᠡᠭᠦᠯᠦᠨ ᠪᠠᠭᠤᠯᠭᠠᠵᠤ᠂ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠡᠪᠡᠳᠴᠢᠨ ᠦᠵᠡᠭᠦᠯᠵᠦ᠍ ᠣᠨᠣᠱᠢᠯᠠᠨ ᠡᠮᠨᠡᠬᠦ᠌ ᠪᠡᠯᠡ ᠮᠥᠩᠭᠥ᠎ᠶ᠋ᠢ ᠣᠷᠣᠯᠠᠨ ᠥᠭ᠌ᠬᠦ ᠳᠠᠷᠤᠯᠲᠠ᠎ᠶ᠋ᠢ ᠪᠦᠲᠦᠮᠵᠢᠲᠡᠢ ᠬᠥᠩᠭᠡᠷᠡᠭᠦᠯᠪᠡ᠃
ᠣᠢᠯᠠᠭᠠᠭ᠍ᠰᠠᠨ᠎ᠢᠶᠠᠷ᠂ ᠲᠣᠰ ᠤᠳᠠᠭ᠎ᠠ ᠱᠢᠯᠵᠢᠭᠦᠯᠦᠨ ᠥᠭ᠌ᠭᠦᠭ᠌ᠰᠡᠨ ᠦᠨᠲᠤᠰᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠤᠷᠢᠳᠴᠢᠯᠠᠨ ᠥᠭ᠌ᠬᠦ ᠮᠥᠩᠭᠥ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠣᠷᠢᠶ᠎ᠠ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ ᠵᠡᠷᠭᠡ 17 ᠡᠮᠴᠢᠯᠡᠭᠡᠨ᠎ᠦ ᠪᠠᠢᠭᠤᠯᠤᠮᠵᠢ᠎ᠳᠤ ᠬᠣᠯᠪᠣᠭ᠍ᠳᠠᠵᠤ᠂ ᠱᠢᠨᠵᠢᠯᠡᠬᠦ᠌ ᠤᠬᠠᠭᠠᠨᠴᠢ᠎ᠪᠠᠷ ᠲᠥᠰᠦᠭᠡᠯᠡᠨ ᠪᠤᠳᠤᠬᠤ᠂ ᠲᠣᠭ᠍ᠲᠠᠭᠠᠯ ᠶᠣᠰᠣᠭᠠᠷ ᠱᠢᠯᠵᠢᠭᠦᠯᠦᠨ ᠥᠭ᠌ᠬᠦ᠎ᠶ᠋ᠢ ᠪᠠᠷᠢᠮᠲᠠᠯᠠᠨ᠂ ᠪᠠᠯᠠ ᠮᠥᠩᠭᠥ᠎ᠶ᠋ᠢ ᠱᠢᠭᠤᠳ ᠡᠮᠴᠢᠯᠡᠭᠡᠨ᠎ᠦ ᠪᠠᠢᠭᠤᠯᠤᠮᠵᠢ᠎ᠳᠤ ᠬᠦᠷᠭᠡᠬᠦ᠌᠎ᠶ᠋ᠢ ᠦᠨᠡᠨ ᠬᠦ᠌ ᠪᠠᠲᠤᠯᠠᠵᠤ᠂ ᠡᠮ ᠡᠮᠨᠡᠯᠭᠡ᠎ᠶ᠋ᠢᠨ ᠠᠵᠢᠯ ᠲᠥᠷᠥᠯ᠎ᠦᠨ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠣᠷᠢᠶ᠎ᠠ ᠵᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠢᠯᠡᠷᠬᠡᠢᠯᠡᠬᠦ᠌᠎ᠳᠡᠭᠡᠨ᠂ ᠦᠨᠲᠤᠰᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠪᠠᠯᠠ ᠮᠥᠩᠭᠥ᠎ᠶ᠋ᠢ ᠴᠠᠭ ᠲᠤᠬᠠᠶ᠎ᠳᠤᠨᠢ ᠨᠠᠢᠳᠠᠪᠤᠷᠢᠵᠢᠭᠤᠯᠤᠬᠰᠠᠨ ᠨᠢ ᠡᠵᠡᠩᠨᠡᠯᠲᠡ᠎ᠶ᠋ᠢᠨ ᠣᠷᠣᠯᠠᠨ ᠥᠭ᠌ᠬᠦ ᠪᠠᠯᠠ ᠮᠥᠩᠭᠥ᠎ᠶ᠋ᠢᠨ ᠳᠠᠷᠤᠯᠲᠠ᠎ᠶ᠋ᠢ ᠪᠦᠲᠦᠮᠵᠢᠲᠡᠶ ᠨᠠᠮᠳᠠᠭᠤᠯᠵᠤ᠂ ᠪᠠᠯᠠ ᠮᠥᠩᠭᠥ᠎ᠶ᠋ᠢᠨ ᠡᠷᠭᠢᠯᠲᠡ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠂ ᠡᠮᠴᠢᠯᠡᠭᠡᠨ᠎ᠦ ᠪᠠᠢᠭᠤᠯᠤᠮᠵᠢ᠎ᠶ᠋ᠢ ᠡᠮᠴᠢᠯᠡᠭᠡᠨ᠎ᠦ ᠦᠶ᠋ᠯᠡᠴᠢᠯᠡᠭᠡ᠎ᠶ᠋ᠢ ᠳᠡᠭᠡᠭ᠌ᠰᠢᠯᠡᠭᠦᠯᠬᠦ᠌᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ ᠪᠠ ᠶᠠᠰᠤ ᠴᠢᠨᠠᠷ᠎ᠤᠨ ᠠᠮᠤᠷ ᠲᠦᠪᠱᠢᠨ᠎ᠦ ᠬᠠᠮᠢᠶᠠᠷᠤᠯᠲᠠ᠎ᠳᠤ ᠨᠠᠩ ᠠᠩᠬᠠᠷᠤᠯ ᠵᠢᠡᠨ ᠲᠥᠪᠯᠡᠷᠡᠭᠦᠯᠦᠨ ᠣᠷᠣᠯᠴᠠᠬᠤ ᠵᠢ ᠠᠬᠢᠭᠤᠯᠵᠦ᠂ ᠣᠯᠠᠨ ᠲᠦᠮᠡᠨ᠎ᠦ ᠡᠪᠡᠳᠴᠢᠨ ᠦᠵᠡᠭᠦᠯᠬᠦ᠌ ᠥᠩᠭᠡᠷᠡᠯᠲᠡ᠎ᠶ᠋ᠢ ᠦᠷᠭᠦᠯᠵᠢᠯᠡᠨ ᠰᠠᠢᠵᠢᠷᠠᠭᠤᠯᠬᠤ᠂ ᠡᠮ ᠡᠮᠨᠡᠯᠭᠡ᠎ᠶ᠋ᠢᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠨᠡᠮᠡᠭ᠌ᠳᠡᠭᠦᠯᠬᠦ᠌᠎ᠳᠦ ᠬᠦᠴᠦᠲᠡᠶ ᠲᠤᠯᠭᠠᠭᠤᠷᠢᠯᠠᠯ ᠬᠠᠩᠭᠠᠪᠠ ᠭᠡᠵᠡᠶ᠃
ᠣᠢᠷ᠎ᠠ᠎ᠶ᠋ᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ ᠵᠢᠨ ᠰᠠᠯᠠᠭ᠎ᠠ ᠮᠥᠴᠢᠷ᠎ᠦᠳ ᠦᠨᠲᠤᠰᠤᠨ ᠡᠮ ᠡᠮᠨᠡᠯᠬᠡ ᠵᠢᠨ ᠲᠠᠭᠠᠳᠬᠠᠯ ᠤ᠋ᠨ ᠲᠣᠭᠠᠴᠠᠭ᠎ᠠ ᠬᠢᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 《ᠵᠢᠯ᠎ᠦᠨ ᠡᠬᠢᠨ᠎ᠳᠦ ᠤᠷᠢᠳᠴᠢᠯᠠᠨ ᠥᠭ᠌ᠬᠦ᠂ ᠡᠳᠦᠷ᠎ᠢᠶᠡᠷ ᠳᠠᠷᠤᠶ ᠳ᠋ᠤᠨᠢ ᠰᠠᠯᠭᠠᠨ ᠥᠭ᠌ᠬᠦ᠂ ᠰᠠᠷ᠎ᠠ᠎ᠪᠠᠷ ᠳ᠋ᠦᠩᠨᠡᠨ ᠪᠤᠳᠤᠬᠤ᠂ ᠣᠨ ᠶ᠋ᠢᠡᠷ ᠢᠯᠭᠠᠷᠠᠭᠤᠯᠤᠨ ᠪᠤᠳᠤᠬᠤ》 ᠰᠠᠭᠤᠷᠢ ᠮᠥᠩᠭᠥ᠎ᠶ᠋ᠢᠨ ᠳ᠋ᠦᠩᠨᠡᠨ ᠪᠤᠳᠤᠬᠤ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠤᠷᠢᠳᠴᠢᠯᠠᠨ ᠥᠭ᠌ᠬᠦ ᠮᠥᠩᠭᠥ᠌᠂ DIP ᠡᠷᠭᠢᠯᠲᠡ᠎ᠶ᠋ᠢᠨ ᠮᠥᠩᠭᠥ᠌᠂ ᠡᠮ᠎ᠦᠨ ᠵᠦᠶ᠋ᠯᠡᠰ᠎ᠦᠨ ᠬᠣᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ ᠲᠣᠭ᠍ᠲᠠᠭᠠᠨ ᠬᠤᠳᠠᠯᠳᠤᠨ ᠠᠪᠬᠤ᠎ᠶ᠋ᠢ ᠣᠷᠣᠯᠠᠨ ᠥᠭ᠌ᠬᠦ ᠪᠠᠯᠠ ᠮᠥᠩᠭᠥ᠌ ᠵᠡᠷᠭᠡ ᠳᠡᠮᠵᠢᠬᠦ᠌ ᠠᠷᠭ᠎ᠠ ᠬᠡᠮᠵᠢᠶ᠎ᠡ᠎ᠶ᠋ᠢ ᠨᠢᠭᠡᠳᠦᠯᠲᠡᠶ ᠲᠥᠯᠥᠪᠯᠡᠨ ᠨᠠᠢᠳᠠᠪᠤᠷᠢᠵᠢᠭᠤᠯᠵᠤ᠂ ᠪᠥᠬᠥ᠌ ᠶᠠᠪᠤᠴᠠ ᠵᠢᠨ ᠪᠠᠯᠠ ᠮᠥᠩᠭᠥ᠎ᠶ᠋ᠢᠨ ᠪᠠᠲᠤᠯᠠᠭ᠎ᠠ᠎ᠶ᠋ᠢᠨ ᠲᠤᠯᠭᠠᠭᠤᠷᠢᠯᠠᠯ᠎ᠢ ᠪᠦᠷᠢᠯᠳᠦᠭᠦᠯᠪᠠ᠃