ᠳᠡᠯᠡᠬᠡᠶ ᠢ᠋ᠢᠨ ᠴᠠᠭ ᠠᠭᠤᠷ ᠤ᠋ᠨ ᠡᠳᠦᠷ ᠤ᠋ᠨ ᠥᠪᠥᠷ ᠮᠣᠩᠭᠣᠯ ᠤ᠋ᠨ ᠭᠤᠤᠯ ᠲᠠᠯᠠᠪᠤᠷ ᠤ᠋ᠨ ᠠᠵᠢᠯᠯᠠᠭ᠎ᠠ ᠶᠠᠪᠤᠭᠳᠠᠪᠠ
2026-03-25 09:40:10
ᠵᠣᠬᠢᠶᠠᠭ᠍ᠴᠢ᠄
ᠦᠨᠢᠷ ᠰᠠᠷᠭᠠᠢ
ᠣᠩᠱᠢᠭ᠍ᠰᠠᠨ ᠣᠳᠠᠭ᠎ᠠ᠄
★★★☆☆

3 ᠰᠠᠷ᠎ᠠ ᠢ᠋ᠢᠨ 23 ᠤ᠋ ᠡᠳᠦᠷ ᠪᠤᠯ ᠳᠡᠯᠡᠬᠡᠢ ᠢ᠋ᠢᠨ ᠴᠠᠭ ᠠᠭᠤᠷ ᠤ᠋ᠨ ᠡᠳᠦᠷ ᠪᠤᠯᠤᠨ᠎ᠠ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ 《ᠥᠨᠥᠳᠦᠷ ᠤ᠋ᠨ ᠴᠠᠭ ᠠᠭᠤᠷ ᠢ᠋ ᠠᠵᠢᠭᠯᠠᠨ ᠰᠢᠨᠵᠢᠵᠤ ᠮᠠᠷᠭᠠᠰᠢ ᠢ᠋ᠢᠨ ᠬᠡᠷ ᠣᠷᠣᠨ ᠢ᠋ᠢᠡᠨ ᠰᠠᠬᠢᠨ ᠬᠠᠮᠠᠭᠠᠯᠠᠨ᠎ᠠ》 ᠭᠡᠬᠦ ᠲᠡᠯᠡᠬᠡᠢ ᠢ᠋ᠢᠨ ᠴᠠᠭ ᠠᠭᠤᠷ ᠤ᠋ᠨ ᠡᠳᠦᠷ ᠤ᠋ᠨ ᠭᠤᠤᠯ ᠰᠡᠳᠦᠪ ᠤ᠋ᠨ ᠲᠣᠭᠣᠷᠢᠨ ᠳ᠋ᠤ ᠥᠪᠥᠷ ᠮᠣᠩᠭᠣᠯ ᠤ᠋ᠨ ᠭᠤᠤᠯ ᠲᠠᠯᠠᠪᠤᠷ ᠤ᠋ᠨ ᠠᠵᠢᠯᠯᠠᠭ᠎ᠠ ᠢ᠋ᠢ ᠦᠷᠨᠢᠭᠦᠯᠪᠠ᠃

ᠭᠤᠤᠯ ᠲᠠᠯᠠᠪᠤᠷ ᠤ᠋ᠨ ᠠᠵᠢᠯᠯᠠᠭ᠎ᠠ ᠳ᠋ᠤ ᠱᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌᠂ ᠪᠡᠶᠡᠴᠢᠯᠡᠨ ᠣᠢᠯᠠᠭᠠᠬᠤ᠂ ᠬᠠᠷᠢᠯᠴᠠᠨ ᠦᠶ᠋ᠯᠡᠳᠦᠯᠴᠡᠬᠦ᠌ ᠢ᠋ᠢ ᠨᠢᠭᠡ ᠴᠣᠭ᠍ᠴᠠᠵᠢᠭᠤᠯᠵᠤ᠂ ᠬᠥᠬᠡᠬᠣᠲᠠ ᠢ᠋ᠢᠨ ᠴᠦᠨ ᠯᠧᠢ ᠪᠠᠭ᠎ᠠ ᠰᠤᠷᠭᠠᠭᠤᠯᠢ ᠢ᠋ᠢᠨ 200 ᠭᠠᠷᠤᠶ ᠪᠠᠭ᠍ᠰᠢ ᠰᠣᠷᠣᠭ᠍ᠴᠢ ᠵᠢᠴᠢ ᠨᠡᠢᠭᠡᠮ ᠤ᠋ᠨ ᠣᠯᠠᠨ ᠨᠡᠢᠲᠡ ᠢ᠋ᠢᠨ ᠬᠢᠨ ᠤᠷᠤᠯᠴᠠᠵᠠᠢ᠃ ᠰᠤᠷᠤᠭᠴᠢᠳ ᠴᠠᠭ ᠠᠭᠤᠷ ᠤ᠋ᠨ ᠠᠵᠢᠭ᠍ᠯᠠᠨ ᠬᠡᠮᠵᠢᠬᠦ᠌ ᠬᠡᠮᠵᠢᠭᠦᠷᠯᠢᠭ ᠢ᠋ ᠤᠢᠷ᠎ᠠ ᠵᠠᠢ ᠡᠴᠡ ᠤᠢᠯᠠᠭᠠᠨ᠂ ᠴᠠᠭ ᠠᠭᠤᠷ ᠤ᠋ᠨ ᠮᠡᠳᠡᠯᠭᠡ ᠢ᠋ᠢᠨ ᠠᠰᠠᠭᠤᠯᠲᠠ ᠢ᠋ᠢ ᠵᠠᠪᠳᠤᠨ ᠬᠠᠷᠢᠭᠤᠯᠵᠤ᠂ ᠱᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠲᠤᠷᠱᠢᠯᠲᠠ ᠢ᠋ᠢᠨ ᠦᠵᠡᠭᠦᠯᠭᠡ ᠳ᠋ᠤ ᠢᠳᠡᠪᠬᠢᠯᠡᠨ ᠣᠷᠣᠯᠴᠠᠵᠤ᠂ ᠴᠠᠭ ᠠᠭᠤᠷ ᠤ᠋ᠨ ᠠᠵᠢᠭ᠍ᠯᠠᠯᠲᠠ ᠢ᠋ᠢᠨ ᠲᠠᠯᠠᠪᠠᠶ᠂ ᠴᠠᠭ ᠠᠭᠤᠷ ᠤ᠋ᠨ ᠬᠣᠷᠢᠶ᠎ᠠ᠂ ᠴᠠᠭ ᠠᠭᠤᠷ ᠤ᠋ᠨ ᠤᠷᠢᠳᠴᠢᠯᠠᠭ᠍ᠰᠠᠨ ᠮᠡᠳᠡᠭᠡ ᠢ᠋ᠢᠨ ᠨᠡᠪᠲᠡᠷᠡᠭᠦᠯᠭᠡ ᠢ᠋ᠢᠨ ᠲᠠᠰᠤᠭ ᠲᠦ᠍ ᠬᠦᠷᠴᠦ᠍᠂ ᠴᠠᠭ ᠠᠭᠤᠷ ᠢ᠋ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠵᠦ᠍ ᠰᠡᠷᠡᠮᠵᠢᠯᠡᠭᠦᠯᠬᠦ᠌ ᠪᠦᠬᠦ᠌ ᠶᠠᠪᠤᠴᠠ ᠢ᠋ᠢ ᠪᠡᠶᠡᠴᠢᠯᠡᠨ ᠣᠢᠯᠠᠭᠠᠬᠰᠠᠨ ᠪᠠᠢᠨ᠎ᠠ᠃

ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠲᠣᠰ ᠤᠳᠠᠭ᠎ᠠ ᠵᠢᠨ ᠭᠤᠤᠯ ᠰᠡᠳᠦᠪᠲᠦ ᠠᠵᠢᠯᠯᠠᠭ᠎ᠠ ᠪᠡᠷ ᠳᠠᠮᠵᠢᠨ ᠭᠦᠨ ᠨᠢᠭᠤᠴᠠᠭᠠᠶ ᠴᠠᠭ ᠠᠭᠤᠷ ᠤ᠋ᠨ ᠱᠢᠨᠵᠢᠯᠡᠬᠦ᠌ ᠤᠬᠠᠭᠠᠨ ᠢ᠋ ᠣᠯᠠᠨ ᠨᠡᠢᠲᠡ ᠢ᠋ᠢᠨ ᠠᠮᠠᠷᠬᠠᠨ ᠣᠢᠯᠠᠭᠠᠬᠤ ᠮᠡᠳᠡᠯᠭᠡ ᠪᠣᠯᠭᠠᠨ ᠬᠤᠪᠢᠷᠠᠭᠤᠯᠵᠤ᠂ ᠴᠠᠭ ᠠᠭᠤᠷ ᠬᠢᠭᠡᠳ ᠣᠯᠠᠨ ᠨᠡᠢᠲᠡ ᠢ᠋ᠢᠨ ᠬᠣᠭᠣᠷᠣᠨᠳᠣᠬᠢ ᠵᠠᠶ ᠢ᠋ᠢ ᠣᠢᠷᠠᠲᠤᠭᠤᠯᠤᠨ᠂ ᠴᠠᠭ ᠠᠭᠤᠷ ᠢ᠋ ᠬᠠᠯᠠᠮᠵᠢᠯᠠᠬᠤ᠂ ᠴᠠᠭ ᠠᠭᠤᠷ ᠢ᠋ ᠣᠢᠯᠠᠭᠠᠬᠤ᠂ ᠴᠠᠭ ᠠᠭᠤᠷ ᠢ᠋ ᠬᠡᠷᠡᠭ᠌ᠯᠡᠬᠦ ᠰᠠᠢᠨ ᠰᠠᠢᠬᠠᠨ ᠠᠭᠤᠷ ᠠᠮᠢᠰᠭᠤᠯ ᠢ᠋ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号