ᠪᠦᠬᠦ ᠣᠷᠣᠨ᠎ᠤ ᠠᠵᠢᠯᠴᠢᠨ᠎ᠤ ᠡᠪᠯᠡᠯ ᠤᠨ ᠣᠶᠤᠨᠲᠤ ᠤᠯᠠᠭ᠎ᠠ ᠥᠷᠲᠡᠭᠡ᠎ᠶᠢᠨ ᠵᠢᠷᠤᠮᠵᠢᠭ᠍ᠰᠠᠨ ᠡᠵᠡᠩᠨᠡᠯᠲᠡ᠎ᠶᠢᠨ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠤᠨ᠂ ᠤᠯᠠᠭ᠎ᠠ ᠥᠷᠲᠡᠭᠡᠨ᠎ᠦ ᠬᠠᠮᠢᠶᠠᠷᠤᠭ᠍ᠴᠢ᠎ᠶᠢᠨ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠳᠠᠪᠲᠠᠨ ᠪᠣᠯᠪᠠᠰᠤᠷᠠᠭᠤᠯᠵᠤ᠂ ᠠᠵᠢᠯᠴᠢᠨ᠎ᠤ ᠡᠪᠯᠡᠯ᠎ᠦᠨ ᠤᠯᠠᠭ᠎ᠠ ᠥᠷᠲᠡᠭᠡᠨ᠎ᠦ 《ᠠᠵᠢᠯᠲᠠᠨ ᠠᠵᠢᠯᠴᠢᠨ᠎ᠳᠤ ᠦᠢᠯᠡᠴᠢᠯᠡᠬᠦ᠂ ᠬᠥᠮᠥᠰ᠎ᠦᠨ ᠰᠡᠳᠬᠢᠯ᠎ᠢ ᠨᠢᠭ᠍ᠲᠠᠷᠠᠭᠤᠯᠬᠤ 》 ᠡᠮᠦᠨ᠎ᠡ ᠹᠷᠣᠨᠲ᠎ᠤᠨ ᠦᠢᠯᠡᠳᠦᠯ᠎ᠢ ᠭᠦᠢᠴᠡᠳ ᠪᠠᠳᠠᠷᠠᠭᠤᠯᠬᠤ ᠢ᠋ᠢᠨ ᠲᠦᠯᠦᠭᠡ ᠤᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠸᠢᠳᠢᠣ᠋ ᠢ᠋ᠢᠨ ᠠᠷᠭ᠎ᠠ ᠮᠠᠶᠢᠭ᠋᠎ᠢᠶᠠᠷ ᠪᠥᠬᠥ ᠣᠷᠣᠨ᠎ᠤ ᠠᠵᠢᠯᠴᠢᠨ᠎ᠤ ᠡᠪᠯᠡᠯ᠎ᠦᠨ ᠣᠶᠤᠨᠲᠤ ᠤᠯᠠᠭ᠎ᠠ ᠥᠷᠲᠡᠭᠡ᠎ᠶᠢᠨ ᠬᠠᠮᠢᠶᠠᠷᠤᠭ᠍ᠴᠢ᠎ᠳᠤ ᠪᠣᠯᠪᠠᠰᠤᠷᠠᠯ ᠦᠷᠨᠢᠭᠦᠯᠪᠠ᠃
ᠲᠤᠰ ᠤᠳᠠᠭ᠎ᠠ᠎ᠶᠢᠨ ᠪᠣᠯᠪᠠᠰᠤᠷᠠᠯ ᠨᠢ ᠰᠦᠯᠵᠢᠶᠡᠨ ᠳᠡᠭᠡᠷᠡᠬᠢ ᠳᠥᠭᠥᠮ ᠳᠥᠲᠡ ᠥᠨᠳᠥᠷ ᠪᠦᠲᠦᠮᠵᠢᠲᠡᠢ ᠳᠠᠪᠠᠭᠤᠯᠢᠭ᠋᠎ᠲᠤ ᠰᠠᠭᠤᠷᠢᠯᠠᠵᠤ᠂ ᠣᠶᠤᠨᠲᠤ ᠤᠯᠠᠭ᠎ᠠ ᠥᠷᠲᠡᠭᠡᠨ᠎ᠦ ᠡᠵᠡᠩᠨᠡᠯᠲᠡ ᠬᠠᠮᠢᠶᠠᠷᠤᠯᠲᠠ᠎ᠶᠢᠨ ᠳᠤᠮᠳᠠᠬᠢ ᠡᠪᠡᠷᠰᠢᠶᠡᠯ᠂ ᠬᠦᠴᠢᠷ ᠠᠰᠠᠭᠤᠳᠠᠯ᠎ᠲᠠᠢ ᠨᠢᠭ᠍ᠲᠠ ᠤᠶᠠᠯᠳᠤᠭᠤᠯᠵᠤ᠂ ᠪᠣᠳᠠᠲᠠᠢ ᠦᠢᠯᠡᠲᠦᠯᠭᠡ ᠢ᠋ᠢᠨ ᠵᠢᠯᠤᠭᠣᠳᠬᠤ ᠴᠢᠨᠠᠷ ᠪᠣᠯᠣᠨ ᠠᠵᠢᠯ᠎ᠤᠨ ᠬᠠᠨᠳᠤᠯᠭᠠᠲᠤ ᠴᠢᠨᠠᠷ᠎ᠢ ᠬᠠᠮᠲᠤ ᠳ᠋ᠤᠨᠢ ᠬᠠᠷᠠᠭᠠᠯᠵᠠᠵᠤ᠂ 《ᠬᠡᠷᠡᠭᠴᠡᠭᠡ ᠶᠣᠰᠣᠭᠠᠷ ᠪᠤᠯᠪᠠᠰᠤᠷᠠᠯ ᠬᠦᠷᠳᠡᠭᠡᠵᠦ᠂ ᠤᠨᠢᠨ ᠳᠡᠭᠡᠷ᠎ᠡ ᠨᠢ ᠬᠦᠴᠦᠨ ᠣᠯᠭᠣᠬᠤ》 ᠶ᠋ᠢ ᠦᠨᠡᠨᠬᠦ ᠪᠡᠶᠡᠯᠡᠭᠦᠯᠪᠡ᠃
ᠪᠣᠯᠪᠠᠰᠤᠷᠠᠯ᠎ᠤᠨ ᠶᠠᠪᠤᠴᠠ᠎ᠳᠤ᠂ ᠮᠡᠷᠭᠡᠵᠢᠯ᠎ᠦᠨ ᠠᠵᠢᠯᠲᠠᠳ ᠣᠶᠤᠨᠴᠢᠯᠠᠭᠰᠠᠨ ᠤᠯᠠᠭ᠎ᠠ ᠥᠷᠲᠡᠭᠡᠨ᠎ᠦ ᠲᠠᠪᠴᠠᠩ᠎ᠤᠨ ᠬᠡᠷᠡᠭᠯᠡᠬᠦ ᠠᠷᠭ᠎ᠠ᠎ᠶᠢᠨ ᠲᠤᠬᠠᠢ ᠨᠠᠷᠢᠨ ᠨᠢᠮᠪᠠᠢ ᠲᠠᠢᠯᠤᠮᠵᠢ ᠬᠢᠵᠦ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠠᠮᠢᠳᠤᠯᠢᠭ᠋ ᠦᠵᠡᠭᠦᠯᠭᠡ ᠬᠢᠵᠦ᠂ ᠲᠠᠪᠴᠠᠩ᠎ᠤᠨ ᠭᠣᠣᠯᠯᠠᠬᠤ ᠴᠢᠳᠠᠮᠵᠢ᠂ ᠠᠵᠢᠯᠯᠠᠬᠤ ᠶᠠᠪᠤᠴᠠ ᠵᠢᠴᠢ ᠪᠠᠢᠩᠭᠤ ᠲᠣᠬᠢᠶᠠᠯᠳᠤᠬᠤ ᠠᠰᠠᠭᠤᠳᠠᠯ᠎ᠢ ᠰᠢᠢᠳᠪᠦᠷᠢᠯᠡᠬᠦ ᠤᠷ᠎ᠠ ᠮᠡᠷᠭᠡᠵᠢᠯ᠎ᠢ ᠭᠣᠣᠯᠳᠠᠯᠭᠠᠲᠠᠢᠵᠠᠳᠠᠯᠵᠤ᠂ ᠭᠦᠨᠵᠡᠭᠡᠢ ᠪᠥᠭᠡᠳ ᠣᠢᠯᠠᠭᠠᠮᠵᠢᠲᠠᠢ ᠶᠠᠷᠢᠵᠦ᠂ ᠪᠣᠯᠪᠠᠰᠤᠷᠠᠯ᠎ᠳᠤ ᠣᠷᠣᠯᠴᠠᠭᠰᠠᠳ᠎ᠢ ᠬᠠᠪᠰᠤᠷᠤᠨ ᠮᠡᠳᠡᠯᠭᠡ᠎ᠶᠢᠨ ᠴᠡᠭ᠎ᠢ ᠲᠦᠷᠭᠡᠨ ᠨᠡᠪᠲᠡᠷᠡᠲᠡᠯ᠎ᠡ ᠣᠢᠯᠠᠭᠠᠭᠤᠯᠵᠤ᠂ ᠪᠣᠳᠠᠲᠠᠢ ᠦᠢᠯᠡᠲᠦᠯᠭᠡ ᠢ᠋ᠢᠨ ᠤᠷ᠎ᠠ ᠮᠡᠷᠭᠡᠵᠢᠯ ᠢ ᠡᠵᠡᠮᠰᠢᠭᠦᠯᠪᠡ᠃ ᠮᠠᠳᠠᠭ ᠲᠠᠢ ᠠᠰᠠᠭᠤᠳᠠᠯ᠎ᠢ ᠲᠠᠢᠯᠪᠤᠷᠢᠯᠠᠨ ᠰᠣᠯᠢᠯᠴᠠᠬᠤ ᠭᠣᠭᠴᠣᠭ᠎ᠠ᠎ᠳᠤ᠂ ᠪᠣᠯᠪᠠᠰᠤᠷᠠᠯ᠎ᠳᠤ ᠣᠷᠣᠯᠴᠠᠭᠰᠠᠳ᠂ ᠰᠠᠨᠠᠭᠠᠴᠢᠯᠠᠭ᠎ᠠ ᠡᠴᠡ᠎ᠪᠠᠨ ᠡᠳᠦᠷ ᠳᠤᠳᠤᠮ᠎ᠤᠨ ᠠᠵᠢᠯ᠎ᠤᠨ ᠳᠤᠮᠳᠠᠬᠢ ᠲᠤᠷᠰᠢᠯᠭ᠎ᠠ ᠠᠷᠭ᠎ᠠ᠎ᠪᠠᠨ ᠬᠤᠪᠢᠶᠠᠯᠴᠠᠨ᠂ 《 ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ ᠬᠠᠮᠲᠤ ᠪᠠᠷ ᠳᠡᠭᠡᠭᠰᠢᠯᠡᠭᠦ 》 ᠬᠠᠷᠠᠯᠲᠠ᠎ᠶᠢ ᠪᠡᠶᠡᠯᠡᠭᠦᠯᠵᠡᠢ᠃
ᠲᠤᠰ ᠤᠳᠠᠭᠠᠨ ᠤ ᠰᠦᠯᠵᠢᠶᠡᠨ᠎ᠦ ᠪᠣᠯᠪᠠᠰᠤᠷᠠᠯ ᠨᠢ ᠣᠷᠣᠨ ᠪᠦᠰᠡ᠎ᠶᠢᠨ ᠬᠢᠵᠠᠭᠠᠷᠯᠠᠯ᠂ ᠠᠵᠢᠯᠲᠠᠨ ᠢ ᠲᠥᠪᠯᠡᠷᠡᠭᠦᠯᠬᠦ᠎ᠳᠦ ᠬᠦᠴᠢᠷ ᠵᠡᠷᠭᠡ ᠬᠦᠴᠢᠷ ᠠᠰᠠᠭᠤᠳᠠᠯ᠎ᠢ ᠪᠦᠲᠦᠮᠵᠢᠲᠡᠶ᠎ᠪᠡᠷ ᠰᠢᠢᠳᠪᠦᠷᠢᠯᠡᠵᠦ ᠴᠢᠳᠠᠭᠰᠠᠨ᠎ᠢᠶᠠᠷ ᠪᠠᠷᠠᠬᠤ ᠦᠭᠡᠢ᠂ ᠨᠡᠩ ᠴᠤ᠌ ᠳᠥᠭᠥᠮ ᠳᠥᠲᠡ ᠥᠨᠳᠥᠷ ᠪᠦᠲᠦᠮᠵᠢᠲᠡᠢ᠂ ᠬᠣᠯᠪᠣᠯᠳᠤᠨ ᠨᠡᠪᠲᠡᠷᠡᠯᠴᠡᠬᠦ ᠰᠤᠷᠤᠯᠴᠠᠯᠭ᠎ᠠ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠪᠦᠬᠦ ᠣᠷᠣᠨ ᠤ ᠠᠵᠢᠯᠴᠢᠨ᠎ᠤ ᠡᠪᠯᠡᠯ᠎ᠦᠨ ᠣᠶᠤᠨᠲᠤ ᠤᠯᠠᠭ᠎ᠠ ᠥᠷᠲᠡᠭᠡᠨ᠎ᠦ ᠬᠠᠮᠢᠶᠠᠷᠤᠭ᠍ᠴᠢ᠎ᠶᠢᠨ ᠡᠩᠨᠡᠭᠡᠨ ᠦ ᠲᠤᠬᠠᠢᠯᠠᠭᠰᠠᠨ ᠠᠵᠢᠯ᠎ᠤᠨ ᠬᠡᠪ ᠪᠣᠯᠪᠠᠰᠤᠷᠠᠯ ᠪᠣᠯᠣᠨ ᠪᠣᠳᠠᠲᠠᠢ ᠪᠣᠯᠪᠠᠰᠤᠷᠠᠯ᠎ᠤᠨ ᠴᠢᠳᠠᠪᠤᠷᠢ ᠶᠢ ᠴᠢᠨᠠᠭᠰᠢᠳᠠ ᠳᠠᠪᠲᠠᠨ ᠪᠣᠯᠪᠠᠰᠤᠷᠠᠭᠤᠯᠵᠤ᠂ ᠪᠦᠬᠦ ᠣᠷᠣᠨ᠎ᠤ ᠠᠵᠢᠯᠴᠢᠨ᠎ᠤ ᠡᠪᠯᠡᠯ᠎ᠦᠨ ᠣᠶᠤᠨᠲᠤ ᠤᠯᠠᠭ᠎ᠠ ᠥᠷᠲᠡᠭᠡᠨ᠎ᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠠᠵᠢᠯᠲᠠᠨ ᠠᠵᠢᠯᠴᠢᠨ ᠲᠦᠮᠡᠨ᠎ᠳᠦ ᠨᠡᠩ ᠰᠠᠢᠲᠤᠷ ᠦᠢᠯᠡᠴᠢᠯᠡᠬᠦ᠎ᠳᠦ ᠪᠠᠲᠤ ᠪᠡᠬᠢ ᠰᠠᠭᠤᠷᠢ᠎ᠶᠢ ᠲᠠᠯᠪᠢᠵᠤ ᠥᠭᠴᠡᠢ᠃
ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠦᠷᠭᠦᠯᠵᠢᠯᠡᠨ ᠠᠵᠢᠯᠲᠠᠨ ᠠᠵᠢᠯᠴᠢᠨ᠎ᠤ ᠪᠠᠴᠢᠮᠲᠠᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠤᠨ᠂ ᠤᠯᠠᠭ᠎ᠠ ᠥᠷᠲᠡᠭᠡᠨ᠎ᠦ ᠠᠵᠢᠯ᠎ᠤᠨ ᠵᠢᠯᠣᠭᠣᠳᠤᠯᠭ᠎ᠠ᠎ᠶᠢ ᠴᠢᠩᠭᠠᠳᠬᠠᠵᠤ᠂ ᠤᠯᠠᠭ᠎ᠠ ᠥᠷᠲᠡᠭᠡᠨ᠎ᠦ ᠦᠢᠯᠡᠴᠢᠯᠡᠭᠡᠨ ᠦ ᠰᠢᠰᠲ᠋ᠸᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠣᠳᠠᠲᠠᠢ ᠠᠵᠢᠯᠯᠠᠬᠤ᠎ᠪᠠᠷ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ᠂ ᠦᠢᠯᠡᠴᠢᠯᠡᠭᠡ᠎ᠪᠡᠷ ᠠᠷᠠᠳ᠎ᠤᠨ ᠰᠡᠳᠬᠢᠯ ᠢ ᠳᠤᠯᠠᠭᠠᠴᠠᠭᠤᠯᠵᠤ᠂ ᠠᠵᠢᠯᠲᠠᠨ ᠠᠵᠢᠯᠴᠢᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠦᠨᠡᠨᠬᠦ ᠨᠡᠮᠡᠭᠳᠡᠭᠦᠯᠵᠦ᠂ ᠠᠵᠢᠯᠴᠢᠨ᠎ᠤ ᠡᠪᠯᠡᠯ᠎ᠤᠨ ᠬᠠᠢᠷ᠎ᠠ ᠬᠠᠯᠠᠮᠵᠢ ᠵᠢ ᠠᠵᠢᠯᠲᠠᠨ ᠠᠵᠢᠯᠴᠢᠨ᠎ᠤ ᠳᠡᠷᠭᠡᠳᠡ ᠰᠢᠭᠤᠳ ᠬᠦᠷᠭᠡᠬᠦ ᠪᠤᠯᠤᠨ᠎ᠡ᠃