2026 ᠣᠨ᠎ᠤ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠵᠠᠯᠠᠭᠤᠴᠤᠳ ᠪᠠᠭᠠᠴᠤᠳ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ 21᠎ᠤ᠋ ᠡᠳᠦᠷ ᠭᠤᠸᠠᠩᠳᠦ᠋ᠩ ᠮᠤᠵᠢ᠎ᠶ᠋ᠢᠨ ᠳ᠋ᠦᠩ ᠭᠤᠸᠠᠨ ᠬᠣᠲᠠ᠎ᠶ᠋ᠢᠨ ᠳ᠋ᠦᠩ ᠭᠤᠸᠠᠨ ᠳᠤᠮᠳᠠᠳᠤ ᠰᠤᠷᠭᠠᠭᠤᠯᠢ᠎ᠳᠤ ᠡᠬᠢᠯᠡᠪᠡ᠃ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ 《ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠵᠠᠯᠠᠭᠤᠴᠤᠳ ᠪᠠᠭᠠᠴᠤᠳ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭᠠᠨ᠎ᠤ ᠲᠥᠯᠥᠪᠯᠡᠭᠡ》 ᠵᠢᠴᠢ ᠱᠢᠨᠵᠢᠯᠡᠬᠦ᠌ ᠤᠬᠠᠭᠠᠨ᠎ᠤ ᠮᠡᠳᠡᠯᠬᠡ᠎ᠵᠢ ᠲᠦᠭᠡᠮᠡᠯᠵᠢᠭᠦᠯᠬᠦ᠌ ᠱᠢᠨᠵᠢᠯᠡᠬᠦ᠌ ᠤᠬᠠᠭᠠᠨ ᠤ᠋ ᠰᠢᠨ᠎ᠡ ᠵᠢ ᠡᠭᠦᠳᠬᠦ᠂ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌ ᠵᠡᠷᠭᠡ 8 ᠲᠥᠷᠥᠯ᠎ᠦᠨ 120 ᠭᠠᠷᠤᠶ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠢ ᠨᠡᠢᠲᠡᠯᠡᠪᠡ᠃
ᠲᠤᠬᠠᠶ᠎ᠶ᠋ᠢᠨ ᠲᠠᠯᠠᠪᠠᠶ᠎ᠳᠤ ᠪᠠᠰᠠ 2025 ᠣᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠦᠨ ᠦᠷ᠎ᠡ ᠪᠦᠲᠦᠭᠡᠯ᠎ᠢ ᠡᠷᠭᠢᠴᠡᠭᠦᠯᠪᠡ᠃ ᠥᠩᠭᠡᠷᠡᠭ᠌ᠰᠡᠨ ᠨᠢᠭᠡ ᠵᠢᠯ᠎ᠳᠦ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ 300 ᠭᠠᠷᠤᠶ ᠰᠤᠷᠭᠠᠭᠤᠯᠢ᠂ 120 ᠭᠠᠷᠤᠶ ᠨᠡᠢᠭᠡᠮ᠎ᠦᠨ ᠵᠣᠬᠢᠶᠠᠨ ᠪᠠᠢᠭᠤᠯᠤᠯᠲᠠ ᠪᠠ ᠨᠡᠢᠲᠡ᠎ᠶ᠋ᠢᠨ ᠠᠰᠠᠷᠠᠮᠵᠢ᠎ᠶ᠋ᠢᠨ ᠪᠠᠢᠭᠤᠯᠤᠮᠵᠢ ᠠᠵᠢᠯᠯᠠᠭ᠎ᠠ᠎ᠳᠤ ᠣᠷᠣᠯᠴᠠᠵᠤ᠂ ᠪᠥᠬᠥ᠌ ᠵᠢᠯ᠎ᠳᠦ ᠰᠦᠯᠵᠢᠶᠡᠨ ᠳᠡᠭᠡᠷ᠎ᠡ ᠪᠠ ᠳᠤᠬᠠᠢ᠎ᠶᠢᠨ ᠳᠠᠯᠠᠪᠠᠢ᠎ᠳᠦ ᠨᠡᠢᠲᠡ 157 ᠲᠦᠮᠡᠨ ᠬᠥᠮᠦᠨ ᠣᠷᠣᠯᠴᠠᠭ᠍ᠰᠠᠨ ᠪᠠᠢᠨ᠎ᠠ᠃
ᠲᠤᠰ ᠡᠳᠦᠷ᠎ᠦᠨ ᠠᠵᠢᠯᠯᠠᠭ᠎ᠠ᠎ᠳᠤ᠂ ᠳᠣᠲᠣᠷ᠎ᠠ ᠭᠠᠵᠠᠷ ᠪᠣᠯᠤᠨ ᠱᠢᠶᠠᠩᠭᠠᠩ ᠣᠣᠮᠧᠨ᠎ᠦ ᠵᠠᠯᠠᠭᠤᠴᠤᠳ ᠪᠠᠭᠠᠴᠤᠳ᠎ᠤᠨ ᠲᠥᠯᠥᠭᠡᠯᠡᠭ᠌ᠴᠢ ᠬᠠᠮᠲᠤ ᠪᠠᠷ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ᠎ᠶ᠋ᠢᠨ ᠭᠣᠣᠯ ᠰᠡᠳᠦᠪᠲᠦ ᠳᠠᠭᠤᠤ 《ᠪᠢᠳᠡ ᠪᠣᠯ ᠬᠠᠢᠷ᠎ᠠ᠎ᠶ᠋ᠢᠨ ᠭᠠᠯ》 ᠢ᠋ ᠳᠠᠭᠤᠯᠠᠪᠠ᠃ ᠠᠵᠢᠯᠯᠠᠭ᠎ᠠ᠎ᠳᠤ ᠪᠠᠰᠠ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠤᠨ ᠲᠣᠭᠣᠷᠢᠨ ᠦᠵᠡᠬᠦ᠌ ᠪᠠ ᠲᠣᠭᠣᠷᠢᠨ ᠠᠢᠯᠴᠢᠯᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠭᠤᠸᠠᠩᠳᠦ᠋ᠩ ᠱᠢᠶᠠᠩᠭᠠᠩ ᠣᠣᠮᠧᠨ᠎ᠦ ᠵᠠᠯᠠᠭᠤᠴᠤᠳ ᠪᠠᠭᠠᠴᠤᠳ vivo ᠪᠥᠬᠥ᠌ ᠪᠥᠮᠪᠥᠷᠴᠡᠭ᠎ᠦᠨ ᠶᠡᠷᠦᠩᠬᠡᠶ ᠬᠡᠯᠲᠡᠰ᠂ ᠳ᠋ᠦᠩ ᠭᠤᠸᠠᠨ᠎ᠳᠡᠬᠢ ᠬᠤ᠌ ᠮᠧᠨᠤ ᠲᠡᠯᠡᠶ᠎ᠶ᠋ᠢᠨ ᠪᠠᠢᠯᠳᠤᠭᠠᠨ᠎ᠤ ᠮᠦᠽᠧᠶ ᠵᠡᠷᠭᠡ ᠭᠠᠵᠠᠷ᠎ᠲᠤ ᠬᠦᠷᠴᠦ᠍ ᠲᠣᠭᠣᠷᠢᠨ ᠦᠵᠡᠵᠦ᠍᠂ ᠤᠯᠤᠰ ᠬᠡᠷ᠎ᠦᠨ ᠬᠠᠢᠷ᠎ᠠ ᠰᠡᠳᠭᠢᠯᠭᠡ ᠪᠠᠨ ᠭᠦᠨᠵᠡᠭᠡᠢᠷᠡᠭᠦᠯᠦᠨ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠥᠷᠨᠢᠨ ᠬᠥᠭ᠌ᠵᠢᠭᠰᠡᠨ ᠱᠢᠨ᠎ᠡ ᠳᠦᠷᠰᠦ ᠪᠠᠢᠳᠠᠯ᠎ᠢ ᠣᠢᠯᠠᠭᠠᠪᠠ᠃
ᠭᠤᠸᠠᠩᠳᠦ᠋ᠩ ᠮᠤᠵᠢ᠎ᠶ᠋ᠢᠨ ᠰᠦᠩ ᠴᠢᠩ ᠯᠢᠩ ᠰᠠᠭᠤᠷᠢ ᠮᠥᠩᠭᠥᠨ᠎ᠦ ᠨᠡᠢᠭᠡᠮᠯᠢᠭ᠎ᠦᠨ ᠲᠡᠷᠢᠭᠦᠯᠡᠭ᠌ᠴᠢ ᠴᠧᠩ ᠫᠢᠩ᠂ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠨᠢ ᠭᠤᠸᠠᠩᠳᠦ᠋ᠩ ᠱᠢᠶᠠᠩᠭᠠᠩ ᠣᠣᠮᠧᠨ᠎ᠦ ᠵᠠᠯᠠᠭᠤᠴᠤᠳ ᠪᠠᠭᠠᠴᠤᠳ᠎ᠤᠨ ᠰᠣᠯᠢᠯᠴᠠᠭ᠎ᠠ᠂ ᠶᠠᠪᠤᠯᠴᠠᠭ᠎ᠠ᠂ ᠠᠭᠤᠰᠤᠯᠴᠠᠯ᠎ᠢ ᠠᠬᠢᠭᠤᠯᠬᠤ ᠳᠤᠭᠤᠷᠢᠨ᠎ᠳᠦ᠂ ᠵᠠᠯᠠᠭᠤᠴᠤᠳ ᠪᠠᠭᠠᠴᠤᠳ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠤᠨ᠎ᠠ᠃ ᠠᠵᠢᠯᠯᠠᠭ᠎ᠠ᠎ᠳᠤ ᠣᠷᠣᠯᠴᠠᠭ᠍ᠰᠠᠨ ᠰᠤᠷᠤᠭ᠍ᠴᠢᠳ ᠤᠯᠤᠰ᠎ᠢᠶᠠᠨ ᠬᠠᠢᠷᠠᠯᠠᠬᠤ ᠱᠢᠶᠠᠩᠭᠠᠩ᠎ᠢᠶᠠᠨ ᠬᠠᠢᠷᠠᠯᠠᠬᠤ ᠣᠣᠮᠧᠨ᠎ᠢᠶᠡᠨ ᠬᠠᠢᠷᠠᠯᠠᠬᠤ ᠱᠢᠯᠢᠳᠡᠭ ᠤᠯᠠᠮᠵᠢᠯᠠᠯ᠎ᠢᠶᠠᠨ ᠵᠠᠯᠭᠠᠮᠵᠢᠯᠠᠵᠤ᠂ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠳᠤᠮᠳᠠ ᠬᠠᠢᠷ᠎ᠠ ᠬᠠᠯᠠᠮᠵᠢ ᠵᠢ ᠳᠠᠮᠵᠢᠭᠤᠯᠵᠤ᠂ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠰᠣᠯᠢᠯᠴᠠᠭ᠎ᠠ ᠶᠠᠪᠤᠯᠴᠠᠭ᠎ᠠ ᠳᠤᠮᠳᠠ ᠬᠠᠷᠠᠭ᠎ᠠ᠎ᠪᠠᠨ ᠳᠡᠯᠡᠵᠦ᠂ ᠮᠡᠳᠡᠯᠭᠡ ᠮᠡᠳᠡᠴᠡ᠎ᠪᠡᠨ ᠨᠡᠮᠡᠭ᠌ᠳᠡᠭᠦᠯᠵᠦ᠍᠂ ᠨᠥᠬᠥᠷᠯᠡᠯ᠎ᠢᠶᠡᠨ ᠵᠤᠵᠠᠭᠠᠳᠭᠠᠬᠤ᠎ᠶ᠋ᠢ ᠬᠦᠰᠡᠵᠦ᠍ ᠪᠠᠢᠨ᠎ᠠ ᠭᠡᠪᠡ᠃
ᠣᠣᠮᠧᠨ᠎ᠦ ᠬᠥᠳᠡᠯᠮᠦᠷᠢᠴᠢᠨ᠎ᠦ ᠳᠤᠮᠳᠠᠳᠤ ᠰᠤᠷᠭᠠᠭᠤᠯᠢ᠎ᠶᠢᠨ ᠰᠤ᠌ ᠬᠤᠤ ᠯᠢᠨ᠎ᠤ ᠦᠵᠡᠬᠦ ᠪᠡᠷ᠂ ᠭᠤᠸᠠᠩᠳᠦ᠋ᠩ ᠱᠢᠶᠠᠩᠭᠠᠩ ᠣᠣᠮᠧᠨ ᠭᠤᠷᠪᠠᠨ ᠭᠠᠵᠠᠷ᠎ᠤᠨ ᠵᠠᠯᠠᠭᠤᠴᠤᠳ᠎ᠲᠠᠶ ᠬᠠᠮᠲᠤ ᠪᠠᠷ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ᠎ᠳᠤ ᠣᠷᠣᠯᠴᠠᠬᠤ ᠨᠢ ᠮᠠᠰᠢ ᠶᠡᠬᠡ ᠠᠴᠢ ᠬᠣᠯᠪᠣᠭ᠍ᠳᠠᠯ᠎ᠲᠠᠶ ᠶᠤᠮ᠂ ᠳᠣᠲᠣᠷ᠎ᠠ ᠭᠠᠵᠠᠷ᠂ ᠱᠢᠶᠠᠩᠭᠠᠩ᠎ᠤᠨ ᠵᠠᠯᠠᠭᠤᠴᠤᠳ ᠪᠠᠭᠠᠴᠤᠳ᠎ᠲᠠᠶ ᠰᠣᠯᠢᠯᠴᠠᠭ᠎ᠠ᠎ᠪᠠᠨ ᠨᠡᠮᠡᠭ᠌ᠳᠡᠭᠦᠯᠵᠦ᠍ ᠴᠢᠳᠠᠬᠤ᠎ᠪᠠᠷ ᠪᠠᠷᠠᠬᠤ ᠦᠭᠡᠢ ᠪᠠᠰᠠ ᠵᠢᠵᠢᠭ ᠰᠠᠵᠢᠭ ᠶᠠᠪᠤᠳᠠᠯ ᠡᠴᠡ ᠬᠦᠴᠦᠨ ᠬᠤᠷᠠᠮᠳᠤᠭᠤᠯᠵᠤ᠂ ᠢᠷᠡᠭᠡᠳᠦᠢ᠎ᠳᠦ ᠨᠡᠢᠭᠡᠮ᠎ᠳᠦ ᠨᠡᠩ ᠶᠡᠬᠡ ᠨᠡᠢᠲᠡ᠎ᠶ᠋ᠢᠨ ᠠᠰᠠᠷᠠᠮᠵᠢ᠎ᠶ᠋ᠢᠨ ᠬᠦᠴᠦᠨ ᠨᠡᠮᠡᠷᠢᠯᠡᠬᠦ᠌ ᠪᠣᠯᠤᠨ᠎ᠠ᠃
ᠳ᠋ᠦᠩ ᠭᠤᠸᠠᠨ ᠳᠤᠮᠳᠠᠳᠤ ᠰᠤᠷᠭᠠᠭᠤᠯᠢ᠎ᠶ᠋ᠢᠨ ᠥᠨᠳᠥᠷ ᠳᠤᠮᠳᠠᠳᠤ᠎ᠶ᠋ᠢᠨ ᠬᠣᠶᠠᠳᠤᠭᠠᠷ ᠣᠨ᠎ᠤ ᠰᠤᠷᠤᠭ᠍ᠴᠢ ᠯᠢᠦ ᠺᠸ ᠳ᠋ᠠ᠂ ᠲᠤᠰ ᠤᠳᠠᠭ᠎ᠠ᠎ᠶ᠋ᠢᠨ ᠠᠵᠢᠯᠯᠠᠭ᠎ᠠ᠎ᠳᠤ ᠭᠤᠸᠠᠩᠳᠦ᠋ᠩ ᠱᠢᠶᠠᠩᠭᠠᠩ ᠣᠣᠮᠧᠨ ᠭᠤᠷᠪᠠᠨ ᠭᠠᠵᠠᠷ᠎ᠤᠨ ᠵᠠᠯᠠᠭᠤᠴᠤᠳ᠎ᠢ ᠤᠷᠢᠵᠤ ᠳ᠋ᠦᠩ ᠭᠤᠸ᠎ᠠ᠎ᠨᠢ ᠲᠣᠭᠣᠷᠢᠨ ᠦᠵᠡᠭᠦᠯᠪᠡ᠂ ᠲᠤᠰ ᠭᠠᠵᠠᠷ᠎ᠤᠨ ᠬᠥᠮᠦᠨ ᠪᠣᠯᠤᠭ᠍ᠰᠠᠨ᠎ᠤ ᠬᠤᠪᠢ᠎ᠳᠤ ᠮᠠᠰᠢ ᠣᠮᠣᠭ᠍ᠰᠢᠵᠤ ᠪᠠᠢᠨ᠎ᠠ᠃ 《ᠱᠢᠶᠠᠩᠭᠠᠩ ᠣᠣᠮᠧᠨ᠎ᠦ ᠵᠠᠯᠠᠭᠤᠴᠤᠳ ᠳᠣᠲᠣᠷ᠎ᠠ ᠭᠠᠵᠠᠷ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠥᠭ᠌ᠵᠢᠯᠲᠡ᠎ᠶ᠋ᠢ ᠱᠢᠭᠤᠳ ᠣᠢᠯᠠᠭᠠᠵᠤ ᠪᠣᠯᠬᠤ ᠪᠥᠭᠡᠳ ᠪᠠᠰᠠ ᠮᠦᠽᠧᠢ᠂ ᠳᠤᠷᠠᠰᠭᠠᠯ᠎ᠤᠨ ᠣᠷᠳᠣᠨ᠎ᠳᠤ ᠲᠡᠦᠬᠡ᠎ᠶ᠋ᠢ ᠲᠠᠬᠢᠨ ᠡᠷᠭᠢᠴᠡᠭᠦᠯᠵᠦ᠍᠂ ᠭᠤᠸᠠᠩᠳᠦ᠋ᠩ ᠱᠢᠶᠠᠩᠭᠠᠩ ᠣᠣᠮᠧᠨ ᠭᠤᠷᠪᠠᠨ ᠭᠠᠵᠠᠷ᠎ᠤᠨ ᠴᠢᠰᠤ ᠮᠢᠬᠠᠨ᠎ᠤ ᠪᠠᠷᠢᠯᠳᠤᠯᠭ᠎ᠠ᠎ᠵᠢᠨ ᠬᠠᠢᠷ᠎ᠠ ᠰᠡᠳᠭᠢᠯᠭᠡ᠎ᠶ᠋ᠢ ᠣᠢᠯᠠᠭᠠᠵᠤ ᠪᠣᠯᠤᠨ᠎ᠠ》 ᠭᠡᠪᠡ᠃
ᠲᠣᠰ ᠤᠳᠠᠭᠠᠨ᠎ᠤ ᠠᠵᠢᠯᠯᠠᠭ᠎ᠠ᠎ᠶ᠋ᠢ ᠳᠤᠮᠳᠠᠳᠤ ᠤᠯᠤᠰ᠎ᠤᠨ ᠰᠥᠩ ᠴᠢᠩ ᠯᠢᠩ ᠰᠠᠭᠤᠷᠢ ᠮᠥᠩᠭᠥᠨ᠎ᠦ ᠨᠡᠢᠭᠡᠮᠯᠢᠭ᠎ᠡᠴᠡ ᠭᠤᠤᠯᠯᠠᠨ ᠡᠷᠭᠢᠯᠡᠵᠦ᠍᠂ ᠭᠤᠸᠠᠩᠳᠦ᠋ᠩ ᠮᠤᠵᠢ᠎ᠶ᠋ᠢᠨ ᠰᠥᠩ ᠴᠢᠩ ᠯᠢᠩ ᠰᠠᠭᠤᠷᠢ ᠮᠥᠩᠭᠥᠨ᠎ᠦ ᠨᠡᠢᠭᠡᠮᠯᠢᠭ᠂ ᠱᠢᠶᠠᠩᠭᠠᠩ᠎ᠤᠨ ᠰᠥᠩ ᠴᠢᠩ ᠯᠢᠩ ᠰᠠᠭᠤᠷᠢ ᠮᠥᠩᠭᠥᠨ᠎ᠦ ᠨᠡᠢᠭᠡᠮᠯᠢᠭ᠂ ᠣᠣᠮᠧᠨ᠎ᠦ ᠰᠠᠭᠤᠷᠢ ᠮᠥᠩᠭᠥᠨ᠎ᠦ ᠨᠡᠢᠭᠡᠮᠯᠢᠭ ᠬᠠᠮᠲᠤᠷᠠᠨ ᠭᠤᠤᠯᠯᠠᠨ ᠡᠷᠭᠢᠯᠡᠪᠡ᠃ ᠠᠵᠢᠯᠯᠠᠭ᠎ᠠ᠎ᠶ᠋ᠢ ᠭᠤᠤᠯᠯᠠᠨ ᠡᠷᠭᠢᠯᠡᠭ᠌ᠰᠡᠨ ᠨᠢᠭᠡᠴᠢ᠂ ᠭᠤᠸᠠᠩᠳᠦ᠋ᠩ ᠱᠢᠶᠠᠩᠭᠠᠩ ᠣᠣᠮᠧᠨ᠎ᠦ ᠡᠯ᠎ᠡ ᠡᠲᠡᠭᠡᠳ᠎ᠦᠨ ᠬᠥᠮᠦᠰ᠂ ᠲᠤᠮᠤ ᠪᠤᠯᠤᠩ᠎ᠤᠨ ᠣᠷᠣᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠪᠠᠢᠭᠤᠯᠤᠮᠵᠢ᠂ ᠵᠠᠯᠠᠭᠤᠴᠤᠳ ᠪᠠᠭᠠᠴᠤᠳ᠎ᠤᠨ ᠲᠥᠯᠥᠭᠡᠯᠡᠭ᠌ᠴᠢ ᠵᠡᠷᠭᠡ 300 ᠭᠠᠷᠤᠶ ᠬᠥᠮᠦᠨ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠪᠠ᠃
(ᠱᠢᠨᠬᠤᠸᠠ ᠬᠤᠷᠢᠶ᠎ᠠ᠎ᠶᠢᠨ ᠭᠤᠸᠠᠩᠵᠧᠦ᠍᠎ᠶ᠋ᠢᠨ 3 ᠰᠠᠷ᠎ᠠ᠎ᠶ᠋ᠢᠨ 22᠎ᠤ᠋ᠨ ᠴᠠᠬᠢᠯᠭᠠᠨ ᠮᠡᠳᠡᠭᠡ)