ᠬᠡᠯᠪᠡᠷᠢᠴᠢ ᠦᠵᠡᠯ᠎ᠢ ᠴᠢᠨᠠᠭᠰᠢᠳᠠ ᠴᠡᠭᠴᠡᠯᠡᠨ ᠵᠠᠰᠠᠵᠤ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠶᠢᠨ ᠰᠤᠷᠭᠠᠨ ᠬᠥᠮᠦᠵᠢᠯ᠎ᠦᠨ ᠪᠤᠰᠤ ᠵᠢᠭᠠᠨ ᠰᠤᠷᠭᠠᠯᠲᠠ᠎ᠶᠢᠨ ᠳᠠᠷᠤᠭᠠᠰᠤ᠎ᠶᠢ ᠬᠥᠩᠭᠡᠷᠡᠭᠦᠯᠬᠦ᠎ᠶᠢᠨ ᠲᠦᠯᠦᠬᠡ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠣᠢᠷ᠎ᠠ᠎ᠳᠤ 《2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠡᠢᠭᠡᠮ᠎ᠦᠨ ᠬᠡᠷᠡᠭ ᠶᠠᠪᠤᠳᠠᠯ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ ᠴᠠᠭᠠᠨ ᠲᠠᠩᠰᠠ》 (ᠳᠣᠷᠣᠭ᠍ᠰᠢ 《ᠴᠠᠭᠠᠨ ᠲᠠᠩᠰᠠ》 ᠭᠡᠵᠦ ᠲᠣᠪᠴᠢᠯᠠᠨ᠎ᠠ) ᠵᠢ ᠠᠯᠪᠠᠨ ᠶᠣᠰᠣᠭᠠᠷ ᠨᠡᠢᠲᠡᠯᠡᠵᠦ᠂ ᠰᠤᠷᠭᠠᠭᠤᠯᠢ ᠳ᠋ᠤ ᠣᠷᠣᠬᠤ ᠵᠥᠪᠰᠢᠶᠡᠷᠡᠯ᠎ᠢ ᠴᠢᠩᠳᠠᠯᠠᠬᠤ᠂ ᠶᠠᠪᠤᠴᠠ᠎ᠶᠢ ᠵᠢᠷᠤᠮᠵᠢᠭᠤᠯᠬᠤ᠂ ᠬᠢᠨᠠᠯᠲᠠ ᠲᠠᠯᠪᠢᠯᠳᠠ᠎ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠦ ᠠᠵᠢᠯᠯᠠᠭ᠎ᠠ᠎ᠳᠤ ᠰᠢᠨ᠎ᠡ ᠲᠣᠭᠲᠠᠭᠠᠯ ᠭᠠᠷᠭᠠᠵᠤ᠂ ᠰᠤᠷᠭᠠᠭᠤᠯᠢ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠡᠮᠬᠢ ᠵᠢᠷᠤᠮ᠎ᠢ ᠦᠨᠡᠨ ᠬᠦ᠌ ᠪᠠᠲᠤᠯᠠᠬᠤ ᠪᠡᠷ ᠪᠠᠢᠨ᠎ᠠ᠃
《ᠴᠠᠭᠠᠨ ᠲᠠᠩᠰᠠ》 ᠵᠢᠨ ᠳᠦᠷᠢᠮ᠎ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠠ᠋ᠴᠠ ᠳᠤᠮᠳᠠᠳᠤ ᠪᠠᠭ᠎ᠠ ᠰᠤᠷᠭᠠᠭᠤᠯᠢ ᠪᠠ ᠪᠠᠭ᠍ᠰᠢ᠎ᠶᠢᠨ ᠨᠡᠢᠭᠡᠮ᠎ᠦᠨ ᠬᠡᠷᠡᠭ ᠶᠠᠪᠤᠳᠠᠯ᠎ᠳᠤ ᠬᠣᠯᠪᠣᠭᠳᠠᠭᠰᠠᠨ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ ᠵᠦᠢᠯᠡᠰ᠎ᠢ ᠪᠥᠬᠥ ᠲᠠᠯ᠎ᠠ᠎ᠪᠠᠷ ᠰᠢᠯᠤᠭᠤᠳᠬᠠᠵᠤ᠂ ᠲᠣᠳᠣᠷᠬᠠᠢ ᠳᠠᠩᠰᠠᠨ᠎ᠳᠤ ᠣᠷᠣᠭᠤᠯᠤᠭᠰᠠᠨ ᠦᠭᠡᠢ ᠵᠦᠢᠯᠡᠰ᠎ᠢ ᠵᠠᠷᠴᠢᠮ ᠳᠡᠭᠡᠷ᠎ᠡ ᠪᠡᠨ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠵᠤ ᠪᠣᠯᠬᠤ ᠦᠭᠡᠢ᠃ ᠲᠣᠳᠣᠷᠬᠠᠢ ᠳᠠᠩᠰᠠᠨ᠎ᠳᠤ ᠤᠷᠤᠭᠤᠯᠤᠭᠰᠠᠨ ᠠᠳᠠᠯᠢ ᠨᠢᠭᠡᠨ ᠤᠴᠢᠷ ᠶᠠᠪᠤᠳᠠᠯ ᠢ᠋ ᠨᠢᠭᠡ ᠵᠢᠯ᠎ᠦᠨ ᠳᠣᠲᠣᠷ᠎ᠠ ᠠᠳᠠᠯᠢ ᠨᠢᠭᠡᠨ ᠰᠤᠷᠭᠠᠭᠤᠯᠢ ᠳᠤ ᠨᠢᠭᠡ ᠯᠡ ᠤᠳᠠᠭ᠎ᠠ ᠥᠷᠨᠢᠭᠦᠯᠬᠦ ᠶ᠋ᠢ ᠵᠥᠪᠰᠢᠶᠡᠷᠡᠨ᠎ᠡ᠂ ᠳᠠᠬᠢᠨ ᠳᠠᠪᠲᠠᠨ ᠰᠤᠷᠭᠠᠭᠤᠯᠢ᠎ᠳᠤ ᠣᠷᠣᠭᠤᠯᠬᠤ ᠶ᠋ᠢ ᠴᠢᠩᠭ᠎ᠠ ᠴᠠᠭᠠᠵᠠᠯᠠᠨ᠎ᠠ; ᠰᠤᠷᠭᠠᠭᠤᠯᠢ ᠨᠢᠭᠡᠪᠦᠷᠢ᠎ᠶᠢᠨ ᠰᠤᠷᠤᠯᠭ᠎ᠠ᠎ᠶᠢᠨ ᠬᠤᠭᠤᠴᠠᠭ᠎ᠠ ᠪᠦᠷᠢ᠎ᠶᠢᠨ ᠰᠤᠷᠭᠠᠭᠤᠯᠢ᠎ᠶᠢᠨ ᠬᠦᠷᠢᠶᠡᠨ᠎ᠳᠦ ᠣᠷᠤᠭᠤᠯᠬᠤ ᠡᠯ᠎ᠡ ᠲᠥᠷᠥᠯ ᠦᠨ ᠠᠵᠢᠯᠯᠠᠭ᠎ᠠ᠎ᠶᠢᠨ ᠶᠡᠷᠦᠩᠬᠡᠢ ᠬᠡᠮᠵᠢᠶ᠎ᠡ ᠶᠢ 6 ᠤᠳᠠᠭ᠎ᠠ᠎ᠠᠴᠠ ᠬᠡᠲᠦᠷᠡᠭᠦᠯᠬᠦ ᠦᠬᠡᠢ ᠪᠠᠢᠵᠤ᠂ ᠬᠡᠪ ᠦᠨ ᠵᠢᠭᠠᠨ ᠰᠤᠷᠭᠠᠯᠲᠠ ᠳᠤ ᠦᠵᠡᠭᠦᠯᠬᠦ ᠬᠠᠷᠰᠢᠯᠠᠯ᠎ᠢ ᠡᠬᠢ ᠡᠭᠦᠰᠦᠯ᠎ᠡᠴᠡ ᠨᠢ ᠪᠠᠭᠠᠰᠬᠠᠨ᠎ᠠ ᠬᠡᠵᠦ ᠳᠤᠳᠤᠷᠬᠠᠢ ᠱᠠᠭᠠᠷᠳᠠᠪᠠ᠃
ᠠᠵᠢᠯᠯᠠᠭ᠎ᠠ᠎ᠨᠢ ᠪᠠᠭ᠍ᠰᠢ ᠨᠠᠷ ᠲᠤ᠌ ᠳᠠᠷᠤᠭᠠᠰᠤ ᠪᠣᠯᠬᠤ᠎ᠠᠴᠠ ᠵᠠᠢᠯᠠᠰᠬᠢᠬᠦ᠎ᠶᠢᠨ ᠲᠥᠯᠥᠭᠡ᠂ 《ᠴᠠᠭᠠᠨ ᠳᠠᠩᠰᠠ》 ᠨᠢ ᠰᠠᠢᠨ ᠳᠤᠷ᠎ᠠ᠎ᠠᠴᠠ᠎ᠪᠠᠨ ᠣᠷᠣᠯᠴᠠᠬᠤ ᠵᠠᠷᠴᠢᠮ᠎ᠢ ᠴᠢᠬᠤᠯᠠᠴᠢᠯᠠᠵᠤ᠂ ᠠᠯᠪᠠᠳᠠᠯᠭ᠎ᠠ ᠪᠠᠷ ᠱᠠᠭᠠᠷᠳᠠᠬᠤ ᠵᠢ ᠬᠤᠷᠢᠭᠯᠠᠵᠤ᠂ ᠨᠡᠷᠡᠰ᠎ᠦᠨ ᠵᠢᠭ᠍ᠰᠠᠭᠠᠯᠲᠠ᠎ᠪᠠᠷ ᠬᠢᠨᠠᠨ ᠰᠢᠯᠭᠠᠬᠤ ᠪᠤᠶᠤ ᠱᠠᠲᠤ ᠱᠠᠲᠤ ᠪᠠᠷ ᠰᠢᠯᠢᠨ ᠰᠣᠩᠭᠣᠬᠤ᠎ᠶᠢ ᠴᠠᠭᠠᠵᠠᠯᠠᠬᠤ᠎ᠶᠢᠨ ᠬᠠᠮᠲᠤ ᠠᠵᠢᠯᠯᠠᠭ᠎ᠠ᠎ᠶᠢᠨ ᠶᠠᠪᠤᠴᠠ᠎ᠶᠢ ᠳᠥᠭᠥᠮᠴᠢᠯᠡᠵᠦ᠂ ᠬᠣᠯᠪᠣᠭᠳᠠᠯ ᠪᠦᠬᠦᠢ ᠠᠵᠢᠯᠯᠠᠭ᠎ᠠ᠎ᠵᠢᠨ ᠰᠢᠯᠢᠳᠡᠭ᠎ᠢ ᠰᠢᠯᠭᠠᠷᠠᠭᠤᠯᠬᠤ᠂ ᠲᠡᠷᠢᠭᠦᠨ᠎ᠦ ᠬᠢ᠎ᠶᠢ ᠰᠢᠯᠭᠠᠷᠠᠭᠤᠯᠬᠤ᠂ ᠬᠢᠨᠠᠨ ᠰᠢᠯᠭᠠᠵᠤ ᠦᠨᠡᠯᠡᠬᠦ᠎ᠲᠠᠢ ᠬᠣᠯᠪᠣᠭᠳᠠᠭᠤᠯᠬᠤ᠎ᠶᠢ ᠴᠢᠩᠭ᠎ᠠ ᠴᠠᠭᠠᠵᠠᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ᠄ 《ᠳᠠᠷᠤᠭᠠᠰᠤ ᠶᠢ ᠬᠦᠩᠬᠡᠷᠡᠬᠦᠯᠬᠦ᠎ᠶᠢᠨ ᠵᠠᠩᠭᠢᠯᠠᠭ᠎ᠠ ᠨᠢ ᠪᠠᠭ᠍ᠰᠢ ᠨᠠᠷ᠎ᠢ ᠵᠢᠭᠠᠨ ᠰᠤᠷᠭᠠᠯᠲᠠ᠎ᠶᠢᠨ ᠲᠤᠬᠠᠢᠯᠠᠭᠰᠠᠨ ᠠᠵᠢᠯ᠎ᠳ᠋ᠠᠭᠠᠨ ᠦᠨᠡᠨᠬᠦ ᠰᠢᠮᠳᠠᠵᠤ᠂ ᠬᠡᠯᠪᠡᠷᠢᠴᠢ ᠦᠵᠡᠯ᠎ᠤᠨ ᠨᠦᠯᠦᠭᠡ᠎ᠠᠴᠠ ᠵᠠᠢᠯᠠᠰᠬᠢᠬᠦ ᠵᠢᠨ ᠲᠦᠯᠦᠬᠡ ᠶᠤᠮ 》 ᠭᠡᠵᠡᠢ᠃
ᠲᠥᠷᠥ᠎ᠶᠢᠨ ᠪᠣᠳᠣᠯᠭ᠎ᠠ ᠶᠢ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ ᠥᠪᠥᠷ ᠮᠣᠩᠭᠣᠯ ᠡᠯ᠎ᠡ ᠭᠠᠵᠠᠷ᠎ᠤᠨ ᠬᠢᠨ ᠨᠡᠢᠭᠡᠮ᠎ᠦᠨ ᠬᠡᠷᠡᠭ ᠶᠠᠪᠤᠳᠠᠯ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠎ᠶᠢ ᠵᠥᠪᠰᠢᠶᠡᠷᠡᠬᠦ ᠪᠠ ᠮᠡᠳᠡᠭᠦᠯᠦᠨ ᠬᠢᠨᠠᠭᠤᠯᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠪᠣᠶ ᠪᠦᠬᠦᠢ ᠬᠡᠷᠡᠭ ᠶᠠᠪᠤᠳᠠᠯ᠎ᠢ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠢᠶᠡᠷ ᠬᠢᠨᠠᠨ ᠬᠠᠷᠭᠤᠭᠤᠯᠵᠤ ᠳᠠᠩᠰᠠᠯᠠᠭᠤᠯᠤᠭᠰᠠᠨ ᠤ ᠳᠠᠷᠠᠭ᠎ᠠ ᠰᠠᠶᠢ ᠬᠡᠷᠡᠭᠵᠢᠭᠦᠯᠵᠦ ᠪᠣᠯᠣᠨ᠎ᠠ ᠭᠡᠵᠦ ᠱᠠᠭᠠᠷᠳᠠᠪᠠ ᠃