ᠲᠥᠯ᠎ᠤᠨ ᠳᠠᠭᠤᠨ ᠳ᠋ᠤ ᠲᠦᠯᠵᠢᠬᠦ ᠬᠠᠪᠤᠷ ᠲᠥᠪᠬᠢᠨᠡᠭᠦᠨ
2026-03-25 10:25:27
ᠵᠣᠬᠢᠶᠠᠭ᠍ᠴᠢ᠄
ᠪᠠᠶᠠᠨᠳᠠᠯᠠᠢ ᠪᠠᠶᠠᠷᠲᠤ
ᠣᠩᠱᠢᠭ᠍ᠰᠠᠨ ᠣᠳᠠᠭ᠎ᠠ᠄
★★★☆☆

ᠦᠸ᠋ᠱᠢᠨ ᠬᠣᠱᠢᠭᠤ ᠨᠢ ᠣᠷᠳᠣᠰ᠎ᠤᠨ ᠨᠠᠷᠢᠨ ᠨᠣᠣᠰᠣᠲᠤ ᠬᠣᠨᠢᠨ᠎ᠤ ᠭᠣᠸ᠋ᠯ ᠭᠠᠷᠤᠯᠲᠠ᠎ᠶ᠋ᠢᠨ ᠣᠷᠣᠨ ᠪᠣᠯᠤᠭ᠍ᠰᠠᠨ᠎ᠬᠠᠭᠠᠰ ᠵᠠᠭᠤᠨ᠎ᠦ ᠲᠤᠷᠰᠢ ᠨᠠᠷᠢᠨ ᠨᠣᠸ᠋ᠰᠣᠲᠤ ᠬᠣᠨᠢᠨ᠎ᠤ ᠡᠭᠦᠯᠳᠡᠷ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠤᠯᠤᠰ ᠳᠠᠶᠠᠭᠠᠷ᠎ᠲᠤ ᠠᠯᠳᠠᠷ ᠨᠡᠷ᠎ᠡ᠎ᠪᠡᠨ ᠳᠠᠭᠤᠷᠢᠰᠤᠭᠤᠯᠤᠭ᠍ᠰᠠᠨ ᠪᠢᠯᠡ᠃


640.jpg


ᠡᠨᠡ ᠬᠠᠪᠤᠷ ᠦᠤᠰᠢᠨ ᠬᠣᠱᠢᠭᠤ 60 ᠭᠠᠷᠤᠶ ᠲᠦᠮᠡᠨ ᠨᠠᠷᠢᠨ ᠨᠣᠣᠰᠣᠲᠤ ᠬᠣᠨᠢᠨ᠎ᠠᠴᠠ 90 ᠭᠠᠷᠤᠶ ᠲᠦᠮᠡᠨ ᠲᠥᠯ ᠲᠤᠰᠴᠤ᠌᠂ ᠲᠥᠯ᠎ᠤᠨ ᠤᠨᠳᠤᠷᠤᠯᠲᠠ᠎ᠶ᠋ᠢᠨ ᠨᠣᠷᠮ᠎ᠠ ᠨᠢ 98%᠎ᠳᠤ ᠬᠥᠷᠪᠡ᠃ ᠦᠸ᠋ᠱᠢᠨ ᠬᠣᠱᠢᠭᠤ ᠬᠠᠪᠤᠷ᠎ᠤᠨ ᠲᠥᠯ ᠲᠤᠰᠭᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠣᠶᠤᠨᠲᠤ ᠳᠤᠯᠠᠭᠠᠨ ᠬᠠᠱᠢᠶ᠎ᠠ ᠪᠠᠢᠭᠤᠯᠬᠤ᠂ ᠱᠢᠨᠵᠢᠯᠡᠬᠦ᠌ ᠤᠬᠠᠭᠠᠨᠴᠢ᠎ᠪᠠᠷ ᠠᠷᠠᠴᠢᠯᠠᠨ ᠲᠡᠵᠢᠭᠡᠬᠦ᠌᠂ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠡᠮᠦᠨ᠎ᠡ ᠹᠷᠣᠨᠲ᠎ᠲᠤ ᠭᠦᠨᠵᠡᠭᠡᠢᠷᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠮᠠᠯᠵᠢᠬᠤ ᠦᠶ᠋ᠯᠡᠳᠪᠦᠷᠢᠯᠡᠯ᠎ᠦᠨ ᠠᠮᠤᠷ ᠲᠦᠪᠱᠢᠨ᠎ᠢ ᠪᠥᠬᠥ᠌ ᠬᠦᠴᠦᠨ᠎ᠢᠶᠡᠷ ᠪᠠᠲᠤᠯᠠᠭ᠍ᠰᠠᠨ ᠪᠠᠢᠨ᠎ᠠ᠃


640 (1).jpg


2025 ᠣᠨ᠎ᠳᠤ ᠪᠦᠬᠦ᠌ ᠬᠣᠱᠢᠭᠤᠨ᠎ᠤ ᠨᠠᠷᠢᠨ ᠨᠣᠸ᠋ᠰᠣᠲᠤ ᠬᠣᠨᠢᠨ᠎ᠤ ᠲᠣᠭ᠎ᠠ ᠲᠣᠯᠣᠭᠠᠶ 120 ᠲᠦᠮᠡ ᠬᠦᠷᠴᠦ᠍᠂ 60 ᠲᠦᠮᠡᠨ ᠬᠣᠨᠢ᠎ᠶ᠋ᠢ ᠨᠢᠳᠤᠯᠭᠠᠨ᠎ᠳᠤ ᠤᠷᠤᠭᠤᠯᠵᠤ᠂ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠲᠡᠶ ᠠᠬᠢᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠵᠦ᠍ ᠴᠢᠳᠠᠭ᠍ᠰᠠᠨ ᠪᠠᠢᠨ᠎ᠠ᠃


640 (2).jpg




ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号