ᠬᠠᠷᠠᠮᠥ᠋ᠷᠡᠨ ᠮᠤᠵᠢ᠎ᠶᠢᠨ ᠠᠷᠠᠳ᠎ᠤᠨ
ᠵᠠᠰᠠᠭ᠎ᠤᠨ ᠣᠷᠳᠣᠨ《ᠬᠠᠷᠠᠮᠥ᠋ᠷᠡᠨ ᠮᠤᠵᠢ᠎ᠶᠢᠨ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ
ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠥᠲᠥᠯᠪᠦᠷᠢ》ᠵᠢ ᠣᠢᠷ᠎ᠠ᠎ᠳᠤ ᠳᠠᠷᠤᠮᠠᠯᠯᠠᠨ ᠲᠠᠷᠬᠠᠭᠠᠪᠠ᠃
ᠡᠨᠡᠬᠦ ᠬᠦᠲᠦᠯᠪᠦᠷᠢ᠎ᠳᠡᠭᠡᠨ ᠲᠤᠰ ᠮᠤᠵᠢ᠎ᠶᠢᠨ ᠬᠠᠷᠢᠶᠠᠲᠦ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ᠎ᠶᠢᠨ
ᠪᠠᠢᠷᠢ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠬᠡᠷᠡᠭᠵᠢᠭᠦᠯᠵᠦ᠂ 8 ᠬᠥᠮᠥᠨ᠎ᠦ ᠪᠠᠢᠷᠢ ᠵᠢ ᠠᠯᠬᠤᠮ ᠠᠯᠬᠤᠮ᠎ᠢᠶᠠᠷ ᠦᠭᠡᠢᠰᠭᠡᠨ᠎ᠡ ᠭᠡᠵᠡᠢ᠃
ᠤᠯᠤᠰ᠎ᠠᠴᠠ ᠨᠢᠭᠡᠨᠲᠡ ᠬᠣᠯᠪᠣᠭᠳᠠᠯ ᠪᠦᠬᠦᠢ
ᠲᠥᠷᠥ᠎ᠶᠢᠨ ᠪᠣᠳᠣᠯᠭ᠎ᠠ ᠨᠡᠢᠲᠡᠯᠡᠵᠦ ᠪᠠᠢᠷᠢ᠎ᠶᠢᠨ ᠨᠦᠭᠦᠴᠡᠯ ᠠᠨᠠᠢ ᠪᠠᠢᠬᠤ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ
ᠪᠤᠢ
2024 ᠣᠨ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ
ᠵᠥᠪᠯᠡᠯ ᠵᠡᠷᠭᠡ ᠰᠠᠯᠠᠭ᠎ᠠ ᠮᠥᠴᠢᠷ 《ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ᠎ᠶᠢᠨ ᠪᠠᠢᠷᠢ᠎ᠶᠢᠨ ᠪᠦᠲᠦᠭᠡᠨ
ᠪᠠᠢᠭᠤᠯᠤᠯᠲᠠ᠎ᠶᠢ ᠴᠢᠩᠭᠠᠳᠬᠠᠬᠤ ᠲᠤᠬᠠᠢ ᠵᠢᠯᠤᠭᠣᠳᠬᠤ ᠰᠠᠨᠠᠯ》᠎ᠢ ᠨᠡᠢᠲᠡᠯᠡᠵᠦ 《ᠰᠢᠨ᠎ᠡ᠎ᠪᠡᠷ ᠪᠠᠶ᠋ᠢᠭᠤᠯᠬᠤ ᠪᠠᠢᠷᠢ᠎ᠶᠢᠨ ᠭᠡᠷ᠎ᠢ ᠵᠢᠩᠬᠢᠨᠢ ᠠᠩᠭᠢ᠎ᠶᠢᠨ ᠰᠣᠷᠣᠭ᠍ᠴᠢ
ᠵᠢᠨ ᠳᠥᠷᠪᠡᠨ ᠬᠥᠮᠥᠨ᠎ᠦ ᠪᠠᠢᠷᠢ᠂ ᠠᠰᠫᠢᠷᠠᠨᠲ᠎ᠤᠨ ᠬᠣᠶᠠᠷ ᠬᠥᠮᠥᠨ᠎ᠦ ᠪᠠᠢᠷᠢ᠂ ᠳ᠋ᠣᠺᠲ᠋ᠣᠷᠠᠨᠲ᠎ᠤᠨ ᠭᠠᠭᠴᠠ
ᠬᠥᠮᠥᠨ᠎ᠦ ᠪᠠᠢᠷᠢ ᠵᠢᠨ ᠪᠠᠷᠢᠮᠵᠢᠶ᠎ᠠ᠎ᠪᠠᠷ ᠯᠠᠪᠯᠠᠯᠲᠠ ᠪᠣᠯᠭᠠᠵᠤ ᠲᠥᠯᠥᠪᠵᠢᠭᠦᠯᠦᠨ ᠪᠦᠲᠦᠭᠡᠨ ᠪᠠᠶ᠋ᠢᠭᠤᠯᠬᠤ᠎ᠶᠢ
ᠵᠣᠷᠢᠭ᠍ᠵᠢᠭᠤᠯᠤᠨ᠎ᠠ》 ᠭᠡᠵᠦ ᠳᠤᠷᠠᠳᠤᠨ ᠭᠠᠷᠭᠠᠵᠠᠢ᠃
ᠱᠠᠨ ᠰᠢ ᠮᠤᠵᠢ᠂ ᠭᠤᠸᠠᠩᠳᠦ᠋ᠩ ᠮᠤᠵᠢ
ᠪᠠᠰᠠ ᠶᠡᠬᠡ ᠳᠡᠭᠡᠳᠦ ᠰᠤᠷᠭᠠᠭᠤᠯᠢ᠎ᠶᠢᠨ ᠪᠠᠢᠷᠢ᠎ᠶᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠲᠣᠭᠲᠠᠭᠠᠯ ᠨᠡᠢᠲᠡᠯᠡᠪᠡ
《ᠱᠠᠨ ᠰᠢ ᠮᠤᠵᠢ᠎ᠶᠢᠨ ᠶᠡᠬᠡ ᠳᠡᠭᠡᠳᠦ
ᠰᠤᠷᠭᠠᠭᠤᠯᠢ᠎ᠶᠢᠨ ᠰᠣᠷᠣᠭ᠍ᠴᠢ᠎ᠶᠢᠨ ᠪᠠᠢᠷᠢ᠎ᠶᠢᠨ ᠪᠦᠲᠦᠭᠡᠨ ᠪᠠᠢᠭᠤᠯᠤᠯᠲᠠ᠎ᠶᠢᠨ ᠲᠥᠰᠥᠯ》 ᠳ᠋ᠤ᠂ 5 ᠵᠢᠯ᠎ᠦᠨ
ᠳᠣᠲᠣᠷ᠎ᠠ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ᠎ᠶᠢᠨ ᠪᠠᠢᠷᠢ᠎ᠶᠢᠨ ᠬᠠᠩᠭᠠᠯᠭ᠎ᠠ ᠬᠡᠷᠡᠭᠴᠡᠭᠡ᠎ᠶᠢᠨ
ᠵᠥᠷᠢᠴᠡᠯ᠎ᠢ ᠦᠨᠳᠦᠰᠦᠨ᠎ᠳᠡᠭᠡᠨ ᠨᠠᠮᠳᠠᠭᠤᠯᠵᠤ᠂ ᠪᠥᠬᠥ ᠮᠤᠵᠢ᠎ᠶᠢᠨ ᠬᠡᠪᠴᠢᠶᠡᠨ᠎ᠳᠡᠬᠢ ᠶᠡᠬᠡ ᠳᠡᠭᠡᠳᠦ ᠰᠤᠷᠭᠠᠭᠤᠯᠢ᠎ᠶᠢᠨ
ᠵᠢᠩᠬᠢᠨᠢ ᠠᠩᠭᠢ᠎ᠶᠢᠨ ᠰᠣᠷᠣᠭ᠍ᠴᠢ᠎ᠶᠢᠨ 8 ᠬᠥᠮᠥᠨ᠎ᠦ
ᠪᠠᠢᠷᠢ᠎ᠶᠢ ᠠᠯᠬᠤᠮ ᠠᠯᠬᠤᠮ᠎ᠢᠶᠠᠷ ᠦᠭᠡᠢᠰᠭᠡᠵᠦ᠂ ᠵᠢᠩᠬᠢᠨᠢ ᠠᠩᠭᠢ᠎ᠶᠢᠨ ᠰᠣᠷᠣᠭ᠍ᠴᠢ᠎ᠶᠢᠨ 6 ᠬᠥᠮᠥᠨ᠎ᠦ ᠪᠠᠢᠷᠢ᠂
ᠠᠰᠫᠢᠷᠠᠨᠲ ᠪᠠ ᠳ᠋ᠣᠺᠲ᠋ᠣᠷᠠᠨᠲ᠎ᠤᠨ 4 ᠬᠥᠮᠥᠨ᠎ᠦ ᠪᠠᠢᠷᠢ ᠵᠢᠨ ᠡᠵᠡᠯᠡᠬᠦ ᠬᠠᠷᠢᠴᠠᠯ᠎ᠢ ᠢᠯᠡᠳᠲᠡ ᠪᠠᠭᠤᠷᠠᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃
《ᠭᠤᠸᠠᠩᠳᠦ᠋ᠩ ᠮᠤᠵᠢ᠎ᠶᠢᠨ ᠶᠡᠬᠡ ᠳᠡᠭᠡᠳᠦ
ᠰᠤᠷᠭᠠᠭᠤᠯᠢ᠎ᠶᠢᠨ ᠰᠣᠷᠣᠭ᠍ᠴᠢ᠎ᠶᠢᠨ ᠪᠠᠢᠷᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠬᠡᠷᠡᠭᠵᠢᠭᠦᠯᠬᠦ
ᠲᠥᠰᠥᠯ (2024—2028 ᠣᠨ)》᠎ᠳᠤ᠂ ᠰᠢᠨ᠎ᠡ᠎ᠪᠡᠷ ᠪᠠᠶ᠋ᠢᠭᠤᠯᠬᠤ ᠪᠠᠢᠷᠢ᠎ᠶᠢᠨ ᠭᠡᠷ᠎ᠢ 《ᠵᠢᠩᠬᠢᠨᠢ ᠠᠩᠭᠢ᠎ᠶᠢᠨ ᠰᠣᠷᠣᠭ᠍ᠴᠢ᠎ᠶᠢᠨ ᠳᠥᠷᠪᠡᠨ ᠬᠥᠮᠥᠨ᠎ᠦ ᠪᠠᠢᠷᠢ᠂ ᠠᠰᠫᠢᠷᠠᠨᠲ᠎ᠤᠨ
ᠬᠣᠶᠠᠷ ᠬᠥᠮᠥᠨ᠎ᠦ ᠪᠠᠢᠷᠢ᠂ ᠳ᠋ᠣᠺᠲ᠋ᠣᠷᠠᠨᠲ᠎ᠤᠨ ᠭᠠᠭᠴᠠ ᠬᠥᠮᠥᠨ᠎ᠦ ᠪᠠᠢᠷᠢ᠎ᠶᠢᠨ ᠪᠠᠷᠢᠮᠵᠢᠶ᠎ᠠ᠎ᠳᠤ ᠬᠦᠷᠭᠡᠵᠦ
ᠲᠥᠯᠥᠪᠵᠢᠭᠦᠯᠦᠨ ᠪᠦᠲᠦᠭᠡᠨ ᠪᠠᠢᠭᠤᠯᠤᠨ᠎ᠠ》 ᠭᠡᠵᠦ ᠳᠤᠷᠠᠳᠤᠨ ᠭᠠᠷᠭᠠᠵᠠᠢ᠃
ᠢᠷᠡᠯᠲᠡ᠄ ᠰᠢᠨᠬᠤᠸᠠ
ᠬᠤᠷᠢᠶ᠎ᠠ