ᠣᠢᠷ᠎ᠠ᠎ᠳᠤ᠂ ᠰᠤᠷᠭᠠᠨ ᠬᠥᠮᠦᠵᠢᠯ ᠦᠨ ᠶᠠᠮᠤᠨ ᠨᠠᠢ᠍ᠮᠠᠳᠤᠭᠠᠷ ᠬᠤᠭᠤᠴᠠᠭᠠᠨ᠎ᠤ ᠮᠤᠵᠢ ᠶᠢᠨ ᠬᠠᠷᠢᠶ᠎ᠠ ᠶᠡᠬᠡ ᠳᠡᠭᠡᠳᠦ ᠰᠤᠷᠭᠠᠭᠤᠯᠢ ᠶᠢᠨ ᠤᠨᠤᠴᠠᠳᠠᠢ ᠬᠠᠪᠰᠤᠷᠤᠨ ᠲᠡᠳᠬᠦᠬᠦ ᠨᠡᠢᠲᠡᠯᠢᠭ ᠲᠦᠷᠦᠯ ᠵᠦᠢᠯ᠎ᠢ ᠰᠣᠩᠭᠣᠨ ᠭᠠᠷᠭᠠᠭᠰᠠᠨ ᠦᠷ᠎ᠡ ᠳ᠋ᠦᠩ ᠢ ᠨᠡᠢᠳᠡᠯᠡᠵᠦ᠂ ᠪᠥᠬᠥ ᠤᠯᠤᠰ᠎ᠤᠨ 66 ᠲᠥᠷᠥᠯ ᠵᠦᠢᠯ᠎ᠦᠨ ᠳᠣᠲᠣᠷ᠎ᠠ ᠮᠠᠨ ᠤ ᠣᠷᠣᠨ ᠤ 4 ᠶᠡᠬᠡ ᠳᠡᠭᠡᠳᠦ ᠰᠤᠷᠭᠠᠭᠤᠯᠢ᠎ᠶᠢᠨ ᠨᠡᠢᠲᠡᠯᠢᠭ ᠲᠥᠷᠥᠯ ᠵᠦᠢᠯ ᠠᠮᠵᠢᠯᠲᠠ᠎ᠲᠠᠢ ᠰᠣᠩᠭᠣᠭᠳᠠᠪᠠ᠃
ᠡᠬᠦᠨ ᠳ᠋ᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ 《ᠨᠠᠮ᠎ᠤᠨ ᠪᠠᠢᠭᠤᠯᠤᠯᠲᠠ ᠪᠡᠷ ᠬᠦᠳᠦᠯᠦᠮᠵᠢ ᠪᠤᠯᠭᠠᠵᠤ᠂ ᠰᠣᠶᠣᠯ ᠵᠢᠭᠤᠯᠴᠢᠯᠠᠯ ᠵᠢᠡᠷ ᠬᠦᠰᠡᠯ ᠵᠡᠭᠦᠳᠦ᠎ᠪᠡᠨ ᠳᠡᠷᠬᠡᠯᠰᠢᠬᠦᠯᠦᠶᠡ — ᠲᠡᠦᠬᠡ ᠪᠠ ᠵᠢᠭᠤᠯᠴᠢᠯᠠᠯ᠎ᠤᠨ ᠰᠣᠶᠣᠯ ᠤᠨ ᠳᠡᠭᠡᠳᠦ ᠰᠤᠷᠭᠠᠭᠤᠯᠢ᠎ᠶᠢᠨ ᠵᠢᠭᠤᠯᠴᠢᠯᠠᠯ᠎ᠤᠨ ᠤᠬᠠᠭᠠᠨ ᠤ ᠰᠠᠯᠪᠤᠷᠢ᠎ᠶᠢᠨ ᠠᠵᠤ ᠦᠢᠯᠡᠰ ᠢᠶᠡᠷ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠳᠡᠮᠵᠢᠬᠦ ᠦᠢᠯᠡᠳᠦᠯᠭᠡ᠎ᠶᠢᠨ ᠰᠦᠪᠡᠭᠴᠢᠯᠡᠯᠲᠡ》᠂ ᠥᠪᠥᠷ ᠮᠣᠩᠭᠣᠯ ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠵᠢᠨ《ᠬᠠᠶᠠᠭᠳᠠᠮᠠᠯᠪᠤᠳᠠᠰ ᠢ ᠡᠷᠳᠡᠨᠢ ᠪᠣᠯᠭᠠᠨ ᠬᠤᠪᠢᠷᠠᠭᠤᠯᠵᠤ᠂ ᠮᠠᠯ᠎ᠤᠨ ᠠᠰᠢᠭ᠋ ᠰᠢᠮᠡᠲᠠᠷᠢᠶᠠᠯᠠᠩ ᠤᠨ ᠪᠦᠲᠦᠭᠡᠭᠳᠡᠬᠦᠨ ᠦ ᠰᠠᠭᠤᠷᠢᠨ ᠤ᠋ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ》᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠥᠩ ᠰᠢᠮᠡᠯᠢᠭ ᠬᠡᠭᠡᠷ᠎ᠡ ᠲᠠᠯ᠎ᠠ ᠳ᠋ᠤ ᠦᠨᠳᠦᠰᠦᠯᠡᠬᠦᠯᠵᠦ ᠡᠷᠲᠡᠨ ᠦ ᠰᠢᠶᠠᠨ ᠢ ᠬᠦᠭᠵᠢᠬᠦᠯᠦᠨ ᠮᠠᠨᠳᠤᠭᠤᠯᠬᠤ ᠳ᠋ᠤ ᠬᠦᠴᠦᠨ ᠤᠯᠭᠤᠨ᠎ᠠ — ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠠᠮᠢ ᠠᠬᠤᠢ᠎ᠶᠢᠨ ᠰᠢᠰᠲᠧᠮ᠎ᠢ ᠪᠠᠶ᠋ᠢᠭᠤᠯᠬᠤ ᠦᠶᠦᠸᠠᠨᠤ ᠦᠢᠯᠡᠳᠦᠯᠭᠡ 》᠂ ᠥᠪᠥᠷ ᠮᠣᠩᠭᠣᠯ᠎ᠤᠨ ᠮᠠᠰᠢᠨ ᠴᠠᠬᠢᠯᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ 《ᠰᠠᠯᠬᠢ ᠬᠡᠷᠡᠯ ᠵᠢᠡᠷ ᠮᠠᠯᠴᠢᠨ ᠠᠢᠯᠢ ᠳᠤᠯᠠᠭᠠᠴᠠᠭᠤᠯᠵᠤ᠂ ᠲᠠᠯ᠎ᠠ ᠨᠤᠲᠤᠭ᠎ᠤᠨ ᠵᠠᠮ ᠢ ᠴᠠᠬᠢᠯᠭᠠᠨ᠎ᠢᠶᠠᠷ ᠭᠡᠷᠡᠯᠲᠦᠭᠦᠯᠦᠨ᠎ᠡ — ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ ᠦᠢᠯᠡᠳᠦᠯᠭᠡ》 ᠵᠡᠷᠬᠡ ᠲᠦᠷᠦᠯ ᠵᠦᠢᠯ ᠰᠤᠩᠭᠤᠭᠳᠠᠪᠠ᠃
ᠳᠤᠰ ᠤᠳᠠᠭ᠎ᠠ ᠵᠢᠨ ᠰᠤᠩᠭᠤᠭᠳᠠᠭᠰᠠᠨ 4 ᠲᠦᠷᠦᠯ ᠵᠦᠢᠯ ᠨᠢ ᠵᠢᠩᠬᠢᠨᠢ ᠠᠩᠬᠢ ᠵᠢᠨ ᠶᠡᠬᠡ ᠳᠡᠬᠡᠳᠤ ᠰᠤᠷᠭᠠᠭᠤᠯᠢ ᠪᠠ ᠳᠡᠬᠡᠳᠤ ᠵᠡᠷᠬᠡ ᠵᠢᠨ ᠠᠵᠢᠯ ᠮᠡᠷᠬᠡᠵᠢᠯ᠎ᠤᠨ ᠰᠤᠷᠭᠠᠭᠤᠯᠢ ᠵᠢ ᠬᠠᠮᠤᠷᠴᠤ᠂ ᠡᠯ᠎ᠡ ᠶᠡᠬᠡ ᠳᠡᠬᠡᠳᠤ ᠰᠤᠷᠭᠠᠭᠤᠯᠢ ᠨᠢ ᠳᠡᠬᠡᠳᠤ ᠬᠡᠮᠵᠢᠶᠡᠨ᠎ᠤ ᠤᠯᠤᠰ ᠲᠦᠷᠦ ᠵᠢᠨ ᠤᠬᠠᠮᠰᠠᠷ ᠪᠠ ᠪᠠᠳᠤ ᠴᠢᠩᠭ᠎ᠠ ᠬᠠᠷᠢᠭᠤᠴᠠᠯᠭ᠎ᠠ ᠪᠡᠷ ᠶᠡᠷᠦᠩᠬᠡᠢ ᠱᠦᠵᠢ ᠰᠢ᠎ᠶᠢᠨ ᠫᠢᠩ ᠪᠣᠯᠣᠨ ᠨᠠᠮ ᠤᠨ ᠲᠥᠪ ᠬᠣᠷᠢᠶ᠎ᠠ᠎ᠠᠴᠠ ᠥᠪᠥᠷ ᠮᠣᠩᠭᠣᠯ ᠳᠤ ᠣᠯᠭᠣᠭᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠲᠦᠭᠡᠨ ᠪᠠᠶ᠋ᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠂ ᠣᠨᠴᠠᠭᠠᠢᠯᠠᠨ 《ᠤᠯᠤᠰ ᠤᠨ ᠴᠢᠬᠤᠯᠠ ᠮᠠᠯ ᠤᠨ ᠠᠰᠢᠭ᠋ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠎ᠤ ᠦᠢᠯᠡᠳᠪᠦᠷᠢᠯᠡᠯ ᠤᠨ ᠰᠠᠭᠤᠷᠢᠨ》 ᠤ᠋ ᠪᠦᠲᠦᠭᠡᠨ ᠪᠠᠢᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠤᠮᠠᠷᠠᠲᠤ ᠬᠢᠯᠢ᠎ᠶᠢᠨ ᠣᠨᠴᠠᠯᠢᠭ ᠪᠦᠬᠦᠢ ᠤᠨᠤᠴᠠᠳᠠᠢ ᠬᠠᠪᠰᠤᠷᠤᠨ ᠲᠡᠳᠬᠦᠬᠦ ᠰᠢᠨ᠎ᠡ ᠠᠷᠭ᠎ᠠ ᠵᠠᠮ ᠢ ᠬᠠᠢᠨ ᠰᠦᠪᠡᠭᠴᠢᠯᠡᠪᠡ᠃
ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ᠎ᠦᠨ ᠲᠢᠩᠬᠢᠮ᠎ᠤᠨ ᠬᠢᠨ ᠲᠣᠰ ᠤᠳᠠᠭᠠᠨ᠎ᠤ ᠨᠡᠢᠲᠡᠯᠢᠭ ᠵᠢᠱ᠌ᠢᠶ᠎ᠡ᠎ᠪᠡᠷ ᠦᠨᠡᠯᠡᠭᠳᠡᠭᠰᠡᠨ ᠲᠥᠷᠥᠯ ᠵᠦᠢᠯ᠎ᠢᠶᠡᠷ ᠲᠣᠬᠢᠶᠠᠯ ᠪᠣᠯᠭᠠᠨ᠂ ᠶᠡᠬᠡ ᠳᠡᠭᠡᠳᠦ ᠰᠤᠷᠭᠠᠭᠤᠯᠢ ᠶᠢᠨ ᠤᠨᠤᠴᠠᠳᠠᠢ ᠬᠠᠪᠰᠤᠷᠤᠨ ᠲᠡᠳᠬᠦᠬᠦ ᠠᠵᠢᠯ᠎ᠢ ᠵᠢᠯᠤᠭᠣᠳᠬᠤ ᠪᠠ ᠳᠡᠮᠵᠢᠬᠦ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠨᠡᠢᠲᠡᠯᠢᠭ ᠵᠢᠱ᠌ᠢᠶ᠎ᠡ᠎ᠪᠡᠷ ᠬᠦᠳᠦᠯᠦᠨ ᠳᠠᠭᠠᠭᠤᠯᠬᠤ᠂ ᠵᠢᠱ᠌ᠢᠶ᠎ᠡ ᠦᠵᠡᠭᠦᠯᠦᠨ ᠳᠠᠢᠴᠢᠯᠠᠬᠤ᠎ᠪᠠᠷ ᠳᠠᠮᠵᠢᠭᠤᠯᠤᠨ᠂ ᠪᠥᠬᠥ ᠣᠷᠣᠨ᠎ᠤ ᠶᠡᠬᠡ ᠳᠡᠭᠡᠳᠦ ᠰᠤᠷᠭᠠᠭᠤᠯᠢ᠎ᠨᠤᠭᠤᠳ᠎ᠤᠨ ᠬᠠᠷᠢᠯᠴᠠᠨ ᠰᠤᠷᠤᠯᠴᠠᠵᠤ ᠲᠣᠯᠢ ᠪᠣᠯᠭᠠᠬᠤ ᠵᠢ ᠬᠥᠲᠥᠯᠥᠨ ᠵᠢᠯᠤᠭᠣᠳᠴᠤ᠂ ᠬᠠᠪᠰᠤᠷᠤᠨ ᠲᠡᠳᠬᠦᠬᠦ ᠠᠷᠭ᠎ᠠ ᠮᠠᠶᠢᠭ᠋ ᠪᠠ ᠠᠷᠭ᠎ᠠ ᠪᠠᠷᠢᠯ ᠤᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ᠎ᠶᠢ ᠡᠭᠦᠳᠴᠦ᠂ ᠣᠨᠴᠠᠯᠢᠭ᠍ᠲᠤ ᠲᠤᠷᠰᠢᠯᠭ᠎ᠠ ᠪᠠ ᠠᠷᠭ᠎ᠠ ᠬᠢᠳᠡᠯ ᠢ ᠦᠷᠭᠦᠯᠵᠢᠯᠡᠨ ᠠᠭᠤᠳᠠᠯᠵᠤ᠂ ᠳᠡᠭᠡᠳᠦ ᠰᠤᠷᠭᠠᠭᠤᠯᠢ᠎ᠶᠢᠨ ᠴᠢᠳᠠᠪᠤᠷᠢᠲᠠᠨ᠎ᠤ ᠳᠠᠪᠠᠭᠤᠯᠢᠭ᠋᠂ ᠰᠢᠨᠵᠢᠯᠡᠬᠦ ᠤᠬᠠᠭᠠᠨ ᠤ ᠰᠤᠳᠤᠯᠭᠠᠨ᠎ᠤ ᠳᠠᠪᠠᠭᠤᠯᠢᠭ᠋᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠦᠪᠦᠷ ᠮᠤᠩᠭᠤᠯ᠎ᠤᠨ ᠠᠵᠤ ᠠᠬᠤᠢ ᠨᠡᠢᠬᠡᠮ᠎ᠤᠨ ᠬᠦᠭᠵᠢᠯᠳᠡ ᠳ᠋ᠤ ᠰᠤᠷᠭᠠᠨ ᠬᠥᠮᠦᠵᠢᠯ ᠦᠨ ᠣᠶᠤᠨ ᠤᠬᠠᠭᠠᠨ ᠪᠠ ᠬᠦᠴᠦᠨ ᠴᠢᠳᠠᠯ᠎ᠢ ᠨᠡᠮᠡᠷᠢᠯᠡᠨ᠎ᠡ᠃