ᠦᠪᠦᠷ ᠮᠤᠩᠭᠤᠯ ᠬᠠᠮ ᠠᠷᠭ᠎ᠠ ᠬᠡᠮᠵᠢᠶ᠎ᠡ ᠠᠪᠴᠤ᠌ ᠵᠡᠮᠳᠡᠭ ᠬᠡᠥᠬᠡᠳ᠎ᠤᠨ ᠴᠢᠨᠠᠷ ᠰᠠᠢᠲᠠᠶ ᠰᠤᠷᠭᠠᠨ ᠬᠥᠮᠦᠵᠢᠯ ᠭᠥᠷᠳᠡᠬᠦ᠌᠎ᠳᠦ ᠪᠠᠲᠤᠯᠠᠭ᠎ᠠ ᠬᠠᠩᠭᠠᠵᠦ ᠪᠤᠢ
2026-03-26 10:00:13
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ ᠥᠩᠭᠡᠷᠡᠭ᠌ᠰᠡᠨ ᠨᠢᠭᠡ ᠵᠢᠯ ᠳ᠋ᠤ᠂ ᠥᠪᠥᠷ ᠮᠣᠩᠭᠣᠯ᠎ᠤᠨ ᠵᠡᠮᠳᠡᠭ᠌ᠴᠦᠳ ᠎ᠦᠨ ᠬᠣᠯᠪᠣᠭ᠎ᠠ ᠵᠡᠮᠳᠡᠭ᠌ᠴᠦᠳ ᠎ᠦᠨ ᠰᠤᠷᠭᠠᠨ ᠬᠥᠮᠦᠵᠢᠯ᠎ᠦᠨ ᠬᠦᠷᠢᠶ᠎ᠠ ᠴᠠᠷᠠᠭᠠᠨ᠎ᠳᠦ ᠦᠷᠭᠦᠯᠵᠢᠯᠡᠨ ᠬᠦᠴᠦᠯᠡᠵᠦ᠍᠂ ᠰᠡᠳᠭᠢᠯ᠎ᠢ ᠳᠤᠯᠠᠭᠠᠴᠠᠭᠤᠯᠬᠤ ᠠᠯᠢ ᠤᠯᠠᠨ ᠠᠷᠭ᠎ᠠ ᠬᠡᠮᠵᠢᠶ᠎ᠡ ᠠᠪᠴᠤ᠌᠂ ᠵᠡᠮᠳᠡᠭ ᠬᠡᠥᠬᠡᠳ᠎ᠦᠨ ᠰᠤᠷᠭᠠᠨ ᠬᠥᠮᠦᠵᠢᠯ ᠬᠦᠷᠳᠡᠬᠦ᠌ ᠎ᠳᠦ ᠰᠠᠢ᠌ᠨ ᠰᠠᠢᠬᠠᠨ ᠨᠥᠬᠥᠴᠡᠯ ᠪᠦᠷᠢᠯᠳᠦᠭᠦᠯᠬᠦ ᠵᠢ ᠠᠬᠢᠭᠤᠯᠪᠠ᠃

ᠪᠠᠯᠠ ᠮᠥᠩᠭᠥ᠎ᠶ᠋ᠢᠨ ᠳᠡᠮᠵᠢᠯᠭᠡ᠎ᠶ᠋ᠢᠨ ᠲᠠᠯ᠎ᠠ᠎ᠪᠠᠷ᠂ ᠥᠪᠥᠷ ᠮᠣᠩᠭᠣᠯ 306 ᠲᠦᠮᠡᠨ ᠲᠥᠭᠥᠷᠢᠭ᠎ᠣᠷᠣᠭᠤᠯᠵᠤ᠂ ᠵᠡᠮᠳᠡᠭ ᠬᠡᠥᠬᠡᠳ ᠎ᠤᠨ ᠰᠤᠷᠭᠠᠭᠤᠯᠢ ᠎ᠶᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ ᠎ᠦᠨ ᠬᠥᠭ᠌ᠵᠢᠯᠲᠡ᠂ ᠵᠡᠮᠳᠡᠭ ᠤᠶᠤᠲᠠᠳ ᠎ᠢ ᠲᠡᠳᠬᠦᠨ ᠲᠤᠰᠠᠯᠠᠬᠤ᠎ᠳᠤ ᠲᠤᠰᠭᠠᠶ ᠬᠡᠷᠡᠭ᠌ᠯᠡᠪᠡ᠃ ᠦᠪᠦᠷ ᠮᠤᠩᠭᠤᠯ ᠎ᠤᠨ ᠵᠡᠮᠳᠡᠭᠴᠤᠳ ᠎ᠤᠨ ᠬᠤᠯᠪᠤᠭ᠎ᠠ ᠰᠤᠷᠭᠠᠨ ᠬᠥᠮᠦᠵᠢᠯ ᠎ᠦᠨ ᠰᠠᠯᠠᠭ᠎ᠠ ᠮᠥᠴᠢᠷ ᠲᠠᠢ ᠬᠠᠮᠵᠢᠯᠴᠠᠵᠦ ᠲᠤᠰᠠᠯᠠᠬᠤ ᠪᠠᠭᠠᠵᠢ ᠬᠡᠷᠡᠭ᠌ᠰᠡᠯ᠎ᠢ ᠰᠤᠷᠭᠠᠭᠤᠯᠢ᠎ᠶ᠋ᠢᠨ ᠬᠦᠷᠢᠶᠡᠨ ᠎ᠳᠦ ᠣᠷᠣᠭᠤᠯᠬᠤ ᠢᠨᠵᠧᠨᠧᠷᠢᠩ ᠎ᠢ ᠥᠷᠨᠢᠭᠦᠯᠵᠦ᠍᠂ ᠵᠡᠮᠳᠡᠭ ᠰᠤᠷᠤᠭ᠍ᠴᠢᠳ᠎ᠲᠤ ᠦᠢᠯᠡᠴᠢᠯᠡᠨ ᠲᠦᠬᠦᠮ ᠦᠵᠡᠭᠦᠯᠪᠡ᠃ ᠡᠭᠦᠨ ᠎ᠡᠴᠡ ᠭᠠᠳᠠᠨ᠎ᠠ᠂ ᠪᠥᠬᠥ᠌ ᠣᠷᠣᠨ ᠎ᠤ ᠠᠩᠬᠠᠳᠤᠭᠠᠷ ᠬᠤᠭᠤᠴᠠᠭᠠᠨ ᠎ᠤ ᠤᠯᠤᠰ ᠎ᠤᠨ ᠨᠡᠢᠳᠡᠮ ᠬᠡᠷᠡᠭ᠌ᠯᠡᠬᠦ᠌ ᠬᠠᠷᠠᠭ᠎ᠠ ᠠᠯᠳᠠᠭ᠍ᠰᠠᠳ ᠎ᠤᠨ ᠥᠰᠥᠭ ᠪᠢᠴᠢᠭ ᠪᠠ ᠨᠡᠢᠳᠡᠮ ᠬᠡᠷᠡᠭ᠌ᠯᠡᠬᠦ᠌ ᠳᠣᠬᠢᠶᠠᠨ᠎ᠤ ᠬᠡᠯᠡᠨ᠎ᠦ ᠤᠷᠤᠯᠳᠤᠭᠠᠨ ᠎ᠢ ᠵᠣᠬᠢᠶᠠᠨ ᠪᠠᠢᠭᠤᠯᠬᠤ᠎ᠶ᠋ᠢᠨ ᠬᠠᠮᠲᠤ ᠱᠢᠯᠢᠳᠡᠭ ᠎ᠢ ᠨᠢ ᠰᠣᠩᠭᠣᠵᠤ ᠪᠥᠬᠥ᠌ ᠤᠯᠤᠰ᠎ᠤᠨ ᠤᠷᠤᠯᠳᠤᠭᠠᠨ᠎ᠳᠤ ᠣᠷᠣᠯᠴᠠᠭᠤᠯᠵᠤ᠂ ᠵᠡᠮᠳᠡᠭ ᠰᠤᠷᠤᠭ᠍ᠴᠢᠳ ᠎ᠤᠨ ᠤᠯᠤᠰ᠎ᠤᠨ ᠨᠡᠢᠲᠡᠮ ᠬᠡᠷᠡᠭᠯᠡᠬᠦ ᠬᠠᠷᠠᠭ᠎ᠠ ᠠᠯᠳᠠᠭ᠍ᠰᠠᠳ᠎ᠤᠨ ᠥᠰᠥᠭ ᠪᠢᠴᠢᠭ ᠪᠠ ᠳᠣᠬᠢᠶᠠᠨ ᠎ᠤ ᠬᠡᠯᠡ᠎ᠶ᠋ᠢ ᠰᠤᠷᠤᠯᠴᠠᠬᠤ᠌ ᠬᠠᠯᠠᠭᠤᠨ ᠰᠡᠳᠭᠢᠯᠭᠡ᠎ᠶ᠋ᠢ ᠬᠥᠭ᠌ᠵᠢᠭᠡᠪᠡ᠃ ᠥᠪᠥᠷ ᠮᠣᠩᠭᠣᠯ ᠎ᠤᠨ ᠵᠡᠮᠳᠡᠭ᠌ᠴᠦᠳ᠎ᠦᠨ ᠬᠣᠯᠪᠣᠭ᠎ᠠ ᠪᠠᠰᠠ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠯᠦᠭᠡ ᠲᠣᠭ᠎ᠠ ᠪᠠᠷᠢᠮᠲᠠ ᠎ᠶ᠋ᠢ ᠬᠠᠮᠲᠤ ᠎ᠪᠠᠷ ᠡᠳ᠋ᠯᠡᠬᠦ᠌ ᠲᠣᠭ᠍ᠲᠠᠴᠠ ᠎ᠶ᠋ᠢ ᠪᠠᠢᠭᠤᠯᠤᠨ ᠪᠦᠷᠢᠨᠱᠢᠭᠦᠯᠵᠦ᠍᠂ ᠵᠡᠮᠳᠡᠭ ᠰᠤᠷᠤᠭ᠍ᠴᠢᠳ ᠎ᠤᠨ ᠰᠤᠷᠭᠠᠨ ᠬᠥᠮᠦᠵᠢᠯ ᠎ᠦᠨ ᠬᠡᠷᠡᠭ᠌ᠴᠡᠭᠡ ᠱᠠᠭᠠᠷᠳᠠᠯᠭ᠎ᠠ ᠎ᠶ᠋ᠢ ᠣᠨᠣᠪᠴᠢᠲᠠᠶ ᠡᠵᠡᠮᠱᠢᠪᠡ᠃ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠦᠯᠦᠪᠵᠢᠬᠦᠯᠭᠡ ᠎ᠶᠢᠨ ᠬᠤᠭᠤᠴᠠᠭᠠᠨ᠎ᠳᠤ  ᠦᠪᠦᠷ ᠮᠤᠩᠭᠤᠯ ᠎ᠤᠨ 1881 ᠰᠠᠭᠤᠷᠢ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ ᠠᠩᠬᠢ ᠲᠠᠭᠠᠵᠦ ᠰᠤᠷᠤᠯᠴᠠᠬᠤ ᠵᠡᠮᠳᠡᠭ ᠰᠣᠷᠣᠭ᠍ᠴᠢ᠎ᠵᠢ ᠬᠦᠯᠢᠶᠡᠨ ᠠᠪᠴᠦ᠂ ᠰᠤᠷᠭᠠᠭᠤᠯᠢ᠎ᠶᠢᠨ ᠨᠠᠰᠤᠨ ᠡᠴᠡ ᠡᠮᠦᠨᠡᠬᠢ ᠵᠡᠮᠳᠡᠭ ᠬᠡᠦᠬᠡᠳ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ ᠎ᠳᠤ ᠣᠷᠣᠬᠰᠠᠨ ᠨᠣᠷᠮ᠎ᠠ 97% ᠳ᠋ᠤ ᠬᠦᠷᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号