《ᠳᠤᠮᠳᠠᠳᠤ ᠤᠯᠤᠰ ᠤ᠋ᠨ ᠦᠢᠯᠡᠳᠭᠡᠯ》 ᠦᠪᠤᠷ ᠮᠤᠩᠭᠤᠯ ᠵᠢᠡᠷ ᠲᠠᠮᠵᠢᠨ ᠲᠠᠯᠠᠬᠡᠢ ᠎ᠳ᠋ᠡᠬᠢᠨ ᠳ᠋ᠤ ᠲᠦᠬᠡᠨ᠎ᠠ
2026-03-26 09:12:16
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠮᠠᠨ ᠤ᠋ ᠤᠷᠤᠨ ᠵᠢᠡᠷ ᠲᠠᠮᠵᠢᠨ ᠬᠢᠯᠢ ᠪᠡᠷ ᠣᠷᠣᠵᠤ ᠭᠠᠷᠤᠬᠰᠠᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠬᠡ ᠵᠢᠨ ᠡᠵᠡᠯᠡᠬᠦ ᠬᠠᠷᠢᠴᠠᠯ 47.5% ᠎ᠳᠤ ᠬᠥᠷᠴᠤ ᠱᠢᠨ᠎ᠡ ᠲᠡᠮᠳᠡᠭ᠌ᠯᠡᠯ ᠢ᠋ ᠡᠭᠦᠳᠪᠡ


ᠡᠨᠡ ᠵᠢᠯ ᠤ᠋ᠨ 1 ᠰᠠᠷ᠎ᠠ ᠵᠢᠨ 11 ᠤ᠋ ᠡᠳᠦᠷ᠂ ᠡᠷᠢᠶᠡᠨ ᠬᠣᠲᠠ ᠵᠢᠨ ᠲᠡᠮᠦᠷ ᠵᠠᠮ ᠤ᠋ᠨ ᠬᠢᠯᠢ ᠵᠢᠨ ᠪᠣᠭᠣᠮᠲᠠ ᠵᠢᠨ 《ᠣᠷᠣᠰ — ᠸᠧᠶ ᠽᠢ ᠪᠠᠯᠭᠠᠰᠤ》 ᠵᠢᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ ᠱᠢᠨ᠎ᠡ ᠱᠤᠭᠤᠮ ᠨᠡᠪᠲᠡᠷᠡᠪᠡ᠃ ᠡᠢᠨ ᠬᠦ᠌  ᠲᠣᠰ ᠬᠢᠯᠢ ᠵᠢᠨ ᠪᠣᠭᠣᠮᠲᠠ ᠵᠢᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ ᠠᠶᠠᠯᠠᠯ ᠤ᠋ᠨ ᠱᠤᠭᠤᠮ 75 ᠵᠤᠷᠪᠤᠰ ᠪᠣᠯᠵᠤ ᠨᠡᠮᠡᠭ᠌ᠳᠡᠨ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠳ᠋ᠤ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠨᠡᠮᠡᠷᠢᠯᠡᠭ᠌ᠰᠡᠨ ᠪᠠᠢᠨ᠎ᠠ᠃

ᠡᠨᠡ ᠵᠢᠯ ᠤ᠋ᠨ 1 ᠰᠠᠷ᠎ᠠ ᠵᠢᠨ 23 ᠤ᠋ ᠡᠳᠦᠷ᠂ ᠮᠠᠨᠵᠤᠤᠷ ᠤ᠋ᠨ ᠤᠯᠠᠨ ᠤᠯᠤᠰ ᠤ᠋ᠨ ᠴᠢᠩᠭᠡᠯᠢᠭ ᠤ᠋ᠨ ᠲᠠᠯᠠᠪᠠᠢ ᠳ᠋ᠤ ᠮᠠᠱᠢᠨ ᠮᠧᠬᠠᠨᠢᠭ ᠬᠦᠩᠭᠢᠨᠡᠨ᠂ ᠪᠤᠴᠠᠬᠤ ᠡᠭᠡᠯᠵᠢ ᠵᠢᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ ᠠᠴᠢᠶ᠎ᠠ ᠰᠣᠯᠢᠬᠤ ᠠᠵᠢᠯ ᠢ᠋ ᠲᠦᠪᠬᠢᠨᠡᠬᠦᠯᠵᠤ᠂ ᠮᠠᠨᠵᠤᠤᠷ ᠪᠣᠭᠣᠮᠲᠠ ᠵᠢᠨ ᠠᠵᠢᠯᠲᠠᠨ ᠪᠠᠢᠴᠠᠭᠠᠨ ᠱᠢᠯᠭᠠᠬᠤ ᠲᠥᠬᠥᠭᠡᠷᠦᠮᠵᠢ ᠪᠡᠷ ᠵᠢᠡᠨ ᠴᠢᠩᠭᠡᠯᠢᠭ ᠤ᠋ᠨ ᠪᠠᠷᠠᠭ᠎ᠠ ᠵᠢ ᠲᠤᠬᠠᠶ ᠵᠢᠨ ᠭᠠᠵᠠᠷ ᠲᠤᠨᠢ ᠪᠠᠢᠴᠠᠭᠠᠨ ᠱᠢᠯᠭᠠᠵᠤ ᠶᠠᠭᠠᠷᠠᠨ᠎ᠠ᠃

ᠥᠪᠥᠷ ᠮᠣᠩᠭᠣᠯ ᠪᠣᠯ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ ᠳᠤᠮᠳᠠ ᠱᠤᠭᠤᠮ ᠪᠠ ᠵᠡᠭᠦᠨ ᠱᠤᠭᠤᠮ ᠤ᠋ᠨ ᠴᠢᠬᠤᠯᠠ ᠵᠠᠩᠭᠢᠯᠠᠭ᠎ᠠ ᠵᠢᠨ ᠴᠡᠭ ᠪᠣᠯᠤᠨ᠎ᠠ᠃ ᠬᠠᠮᠤᠭ ᠤ᠋ᠨ ᠱᠢᠨ᠎ᠡ ᠲᠣᠭ᠎ᠠ ᠪᠠᠷᠢᠮᠲᠠ ᠳ᠋ᠤ ᠢᠯᠡᠷᠡᠭᠦᠯᠦᠭ᠌ᠰᠡᠨ ᠵᠢᠡᠷ᠂ 2025 ᠣᠨ ᠳ᠋ᠤ ᠮᠠᠨ ᠤ᠋ ᠤᠷᠤᠨ ᠵᠢᠡᠷ ᠲᠠᠮᠵᠢᠨ ᠬᠢᠯᠢ ᠪᠡᠷ ᠣᠷᠣᠵᠤ ᠭᠠᠷᠤᠬᠰᠠᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ 8612 ᠴᠤᠪᠤᠭ᠎ᠠ ᠳ᠋ᠤ ᠬᠦᠷᠴᠤ᠂ ᠪᠥᠬᠥ᠌ ᠤᠯᠤᠰ ᠤ᠋ᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ 47.5% ᠵᠢ ᠡᠵᠡᠯᠡᠨ᠂ ᠶᠡᠷᠦᠩᠬᠡᠶ ᠬᠡᠮᠵᠢᠶ᠎ᠡ ᠪᠠ ᠡᠵᠡᠯᠡᠬᠦ᠌ ᠬᠠᠷᠢᠴᠠᠯ ᠨᠢ ᠴᠥᠮ ᠲᠡᠦᠬᠡ ᠵᠢᠨ ᠱᠢᠨ᠎ᠡ ᠲᠡᠮᠳᠡᠭ᠌ᠯᠡᠯ ᠢ᠋ ᠡᠭᠦᠳᠴᠠᠢ᠃

《ᠥᠩᠭᠡᠷᠡᠭ᠌ᠰᠡᠨ ᠳ᠋ᠤ ᠭᠠᠷ ᠭᠦᠶ᠋ᠴᠡᠳᠭᠡᠯ ᠬᠢᠬᠦ ᠡᠴᠡ ᠠᠪᠤᠭᠠᠳ ᠪᠣᠭᠣᠮᠲᠠ ᠪᠠᠷ ᠥᠩᠭᠡᠷᠡᠬᠦ᠌ ᠪᠤᠯᠳᠠᠯ᠎ᠠ ᠪᠠᠷᠤᠭ ᠨᠢᠭᠡ ᠡᠳᠦᠷ ᠬᠡᠷᠡᠭ᠌ᠰᠡᠵᠤ ᠪᠠᠢᠭᠰᠠᠨ᠂ ᠣᠲᠣ ᠨᠢᠭᠡ ᠬᠣᠶᠠᠷ ᠴᠠᠭ ᠲᠠᠢ ᠪᠤᠯ ᠪᠦᠬᠦ ᠶᠠᠪᠤᠴᠠ ᠵᠢ ᠲᠠᠭᠤᠰᠬᠠᠴᠢᠬᠠᠨ᠎ᠠ》 ᠬᠡᠵᠤ ᠮᠠᠨᠵᠤᠤᠷ ᠤ᠋ᠨ ᠰᠸᠨ ᠹᠦ᠋ ᠣᠯᠠᠨ ᠤᠯᠤᠰ ᠤ᠋ᠨ ᠪᠠᠷᠠᠭᠠᠨ ᠤ᠋ ᠭᠦᠶ᠋ᠯᠭᠡᠭᠡ ᠵᠢᠨ ᠠᠳᠠᠯ ᠦᠶ᠋ᠯᠡᠰ ᠤ᠋ᠨ ᠬᠢᠵᠠᠭᠠᠷᠲᠤ ᠺᠣᠮᠫᠠᠨᠢ ᠵᠢᠨ ᠬᠡᠷᠡᠭ ᠮᠡᠳᠡᠭ᠌ᠴᠢᠳ ᠤ᠋ᠨ ᠳᠠᠷᠤᠭ᠎ᠠ ᠮᠸᠩ ᠯᠢᠨ ᠶᠠᠷᠢᠨ᠎ᠠ᠃ ᠲᠡᠷᠡ ᠮᠠᠨᠵᠤᠤᠷ ᠬᠢᠯᠢ ᠵᠢᠨ ᠪᠣᠭᠣᠮᠲᠠ ᠳ᠋ᠤ ᠵᠢᠮᠢᠰ ᠢᠳᠡᠱᠢᠨ ᠨᠣᠭᠣᠭ᠎ᠠ ᠵᠢᠨ ᠭᠠᠳᠠᠭᠠᠳᠤ ᠭᠠᠷᠭᠠᠯᠲᠠ ᠵᠢᠨ ᠲᠤᠬᠠᠢᠯᠠᠭ᠍ᠰᠠᠨ ᠠᠵᠢᠯ ᠢ᠋ ᠡᠷᠬᠢᠯᠡᠭᠡᠳ 30 ᠭᠠᠷᠤᠶ ᠵᠢᠯ ᠤ᠋ᠨ ᠨᠢᠭᠤᠷ ᠦᠵᠡᠵᠤ᠂ ᠬᠢᠯᠢ ᠵᠢᠨ ᠪᠣᠭᠣᠮᠲᠠ ᠵᠢᠨ ᠬᠥᠭ᠌ᠵᠢᠯᠲᠡ ᠬᠤᠪᠢᠷᠠᠯᠲᠠ ᠵᠢ ᠨᠢᠳᠤ ᠪᠡᠷ ᠵᠢᠡᠨ ᠦᠵᠡᠵᠤ ᠪᠡᠶ᠎ᠠ ᠪᠡᠷ ᠵᠢᠡᠨ ᠠᠰᠢᠭ ᠢ᠋ ᠨᠢ ᠬᠦᠷᠳᠡᠭᠰᠡᠨ ᠨᠢᠭᠡᠨ ᠪᠤᠯᠬᠤ ᠶᠤᠮ᠃ ᠣᠢᠷ᠎ᠠ ᠵᠢᠨ 10 ᠵᠢᠯ ᠤ᠋ᠨ ᠲᠤᠷᠰᠢ᠂ ᠪᠣᠭᠣᠮᠲᠠ ᠪᠠᠷ ᠥᠩᠭᠡᠷᠡᠭᠦᠯᠬᠦ᠌ ᠠᠷᠭ᠎ᠠ ᠬᠡᠮᠵᠢᠶ᠎ᠡ ᠵᠢ ᠱᠢᠯᠢᠳᠡᠭ᠌ᠵᠢᠭᠦᠯᠬᠦ᠌ ᠪᠠ ᠳᠤᠮᠳᠠᠳᠤ ᠣᠷᠣᠰ ᠤ᠋ᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋ 《ᠰᠠᠭᠠᠳ ᠦᠭᠡᠶ ᠨᠡᠪᠲᠡᠷᠡᠬᠦ᠌ ᠵᠠᠮ》 ᠤ᠋ᠨ ᠨᠡᠪᠲᠡᠷᠡᠬᠦ᠌ ᠵᠢ ᠳᠠᠭᠠᠯᠳᠤᠨ ᠮᠠᠨᠵᠤᠤᠷ ᠪᠣᠭᠣᠮᠲᠠ ᠡᠴᠡ ᠵᠢᠮᠢᠰ ᠢᠳᠡᠱᠢᠨ ᠨᠣᠭᠣᠭ᠎ᠠ ᠵᠡᠷᠭᠡ ᠲᠠᠷᠢᠶᠠᠯᠠᠩ ᠤ᠋ᠨ ᠪᠦᠲᠦᠭᠡᠭ᠌ᠳᠡᠬᠦᠨ ᠳ᠋ᠤ ᠤᠷᠢᠳ ᠵᠢᠡᠷ ᠬᠠᠭᠤᠳᠠᠰᠤ ᠬᠢᠨᠠᠬᠤ᠂ ᠪᠠᠢᠴᠠᠭᠠᠨ ᠱᠢᠯᠭᠠᠬᠤ᠂ ᠬᠠᠭᠤᠳᠠᠰᠤ ᠪᠠᠷᠢᠮᠲᠠ ᠵᠢ ᠳᠥᠭᠥᠮᠴᠢᠯᠡᠬᠦ᠌ ᠵᠡᠷᠭᠡ ᠲᠦᠷᠢᠮ ᠢ᠋ ᠬᠡᠷᠡᠭᠵᠢᠬᠦᠯᠵᠤ᠂ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠬᠤ ᠲᠤᠬᠠᠢᠯᠠᠭ᠍ᠰᠠᠨ ᠠᠵᠢᠯ ᠢ᠋ ᠭᠦᠢᠴᠡᠳᠭᠡᠬᠦ᠌ ᠪᠠ ᠪᠣᠭᠣᠮᠲᠠ ᠪᠠᠷ ᠥᠩᠭᠡᠷᠡᠭᠦᠯᠬᠦ᠌ ᠴᠠᠭ ᠢ᠋ ᠢᠯᠡᠷᠬᠡᠶ ᠪᠣᠭᠣᠨᠢᠰᠭᠠᠭ᠍ᠰᠠᠨ ᠶᠤᠮ᠃

《ᠬᠦᠬᠡᠬᠤᠳᠠ ᠪᠤᠭᠤᠮᠳᠠ 〈ᠠᠷᠪᠠᠨ ᠳᠥᠷᠪᠡᠳᠦᠭᠡᠷ ᠲᠠᠪᠤᠨ ᠵᠢᠯ〉 ᠳ᠋ᠤ ᠲᠣᠨᠣᠭ ᠲᠥᠬᠥᠭᠡᠷᠦᠮᠵᠢ ᠵᠢ ᠢᠳᠡᠪᠬᠢᠲᠡᠶ ᠨᠠᠮᠠᠨ ᠲᠣᠬᠢᠷᠠᠭᠤᠯᠵᠤ᠂ ᠣᠳᠣᠬᠠᠨ ᠳ᠋ᠤ ᠬᠠᠷᠢᠶ᠎ᠠ ᠣᠷᠣᠨ ᠤ᠋ ᠲᠡᠷᠭᠡ ᠬᠥᠰᠭᠡ ᠵᠢ ᠪᠠᠢᠴᠠᠭᠠᠬᠤ᠂ ᠡᠳ᠋ ᠪᠠᠷᠠᠭ᠎ᠠ ᠵᠢ ᠪᠠᠢᠴᠠᠭᠠᠬᠤ᠂ ᠭᠠᠯᠲᠤ ᠲᠡᠷᠭᠡ ᠵᠢ ᠪᠠᠢᠴᠠᠭᠠᠬᠤ ᠵᠢᠴᠢ ᠠᠴᠢᠶ᠎ᠠ ᠲᠡᠭᠡᠭᠡᠰᠢ᠂ ᠱᠢᠤᠳᠠᠨ ᠤ᠋ ᠲᠦᠷᠭᠡᠨ ᠬᠦᠷᠭᠡᠯᠲᠡ ᠵᠢ ᠪᠠᠢᠴᠠᠭᠠᠬᠤ ᠲᠥᠬᠥᠭᠡᠷᠦᠮᠵᠢ ᠨᠢᠭᠡᠨᠲᠡ 33 ᠰᠠᠭᠤᠷᠢ ᠳ᠋ᠤ ᠬᠦᠷᠴᠦ᠍᠂ ᠲᠥᠬᠥᠭᠡᠷᠦᠮᠵᠢ ᠵᠢᠨ ᠲᠣᠭ᠎ᠠ ᠬᠡᠮᠵᠢᠶ᠎ᠡ ᠪᠡᠷ ᠪᠥᠬᠥ᠌ ᠤᠯᠤᠰ ᠤ᠋ᠨ ᠬᠢᠯᠢ ᠵᠢᠨ ᠪᠣᠭᠣᠮᠲᠠ ᠵᠢᠨ ᠡᠮᠦᠨ᠎ᠡ ᠡᠩᠨᠡᠭᠡᠨ ᠳ᠋ᠤ ᠤᠷᠤᠪᠠ᠃ ᠡᠷᠢᠶᠡᠨ ᠬᠢᠯᠢ ᠵᠢᠨ ᠪᠣᠭᠣᠮᠲᠠ ᠵᠢᠨ ᠪᠠᠷᠠᠭᠠᠨ ᠤ᠋ ᠬᠢᠨᠠᠯᠲᠠ ᠬᠠᠮᠢᠶᠠᠷᠤᠯᠲᠠ ᠵᠢᠨ ᠠᠵᠢᠯ ᠳᠤᠮᠳᠠ ᠵᠢᠯᠣᠭᠣᠴᠢ ᠥᠬᠡᠶ ᠨᠢᠰᠭᠡᠯ ᠢ᠋ ᠲᠤᠷᠱᠢᠨ ᠬᠡᠷᠡᠭ᠌ᠯᠡᠵᠦ᠍ ᠪᠠᠷᠠᠭᠠᠨ ᠤ᠋ ᠲᠠᠯᠠᠪᠠᠢ ᠪᠤᠯᠤᠨ ᠥᠷᠲᠡᠭᠡ ᠴᠡᠭ ᠲᠸ᠋ ᠲᠣᠭᠣᠷᠢᠨ ᠪᠠᠢᠴᠠᠭᠠᠯᠲᠠ ᠬᠢᠵᠤ᠂ ᠬᠢᠨᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠶᠡᠬᠡ ᠪᠡᠷ ᠳᠡᠭᠡᠭ᠌ᠰᠢᠯᠡᠭᠦᠯᠪᠡ᠃ ᠪᠠᠰᠠ 〈AI ᠬᠢᠨᠠᠨ ᠡᠵᠡᠮᠳᠡᠬᠦᠷ〉 ᠵᠢᠡᠷ ᠪᠣᠭᠣᠮᠲᠠ ᠵᠢᠨ ᠠᠵᠢᠯᠲᠠᠨ ᠢ᠋ ᠬᠠᠪᠰᠤᠷᠤᠨ ᠴᠢᠡᠭᠭᠡᠯᠢᠭ ᠤ᠋ᠨ ᠪᠠᠢᠴᠠᠭᠠᠯᠳᠠ ᠵᠢᠨ ᠲᠤᠬᠠᠶ ᠵᠢᠨ ᠲᠠᠯᠠᠪᠤᠷ ᠲᠦ᠍ ᠬᠢᠨᠠᠯᠲᠠ ᠲᠠᠯᠪᠢᠵᠤ᠂ ᠪᠣᠭᠣᠮᠲᠠ ᠵᠢᠨ ᠬᠢᠨᠠᠨ ᠡᠵᠡᠮᠳᠡᠬᠦ᠌ ᠬᠠᠷᠠᠭᠠᠰᠤ ᠵᠢ ᠤᠯᠠᠮ ᠨᠢᠭᠡ ᠠᠯᠬᠤᠮ ᠥᠷᠭᠡᠳᠭᠡᠨ᠂ ᠠᠵᠢᠯ ᠤ᠋ᠨ ᠦᠷ᠎ᠡ ᠪᠦᠲᠦᠮᠵᠢ ᠵᠢ ᠮᠦᠨ ᠶᠡᠬᠡ ᠪᠡᠷ ᠳᠡᠭᠡᠭ᠌ᠰᠢᠯᠡᠭᠦᠯᠪᠡ》 ᠬᠡᠵᠤ ᠬᠦᠬᠡᠬᠤᠳᠠ ᠪᠤᠭᠤᠮᠳᠠ ᠵᠢᠨ ᠶᠡᠷᠤᠡᠭᠭᠡᠢᠯᠡᠭᠰᠡᠨ ᠲᠤᠬᠠᠢᠯᠠᠬᠰᠠᠨ ᠠᠵᠢᠯ ᠤ᠋ᠨ ᠭᠠᠵᠠᠷ ᠤ᠋ᠨ ᠲᠡᠳ᠋ ᠲᠠᠷᠤᠭ᠎ᠠ ᠯᠢᠦ ᠷᠦᠨ ᠹᠦ ᠲᠠᠨᠢᠯᠴᠠᠭᠤᠯᠤᠨ᠎ᠠ᠃

ᠥᠪᠥᠷ ᠮᠣᠩᠭᠣᠯ ᠮᠠᠨ ᠤ᠋ ᠤᠯᠤᠰ ᠤ᠋ᠨ ᠤᠮᠠᠷᠠᠳᠤ ᠵᠢᠨ ᠭᠤᠷᠪᠠᠨ ᠤᠷᠤᠨ ᠢ᠋ ᠰᠤᠨᠳᠠᠯᠠᠵᠤ᠂ ᠳᠣᠲᠣᠭᠠᠳᠤ ᠳ᠋ᠠᠭᠠᠨ ᠨᠠᠢ᠍ᠮᠠᠨ ᠮᠤᠵᠢ ᠣᠷᠣᠨ ᠲᠠᠶ ᠵᠠᠯᠭᠠᠯᠳᠤᠨ᠂ ᠭᠠᠳᠠᠭ᠍ᠰᠢ ᠪᠠᠨ ᠤᠷᠤᠰ ᠮᠣᠩᠭᠣᠯ ᠲᠠᠶ ᠬᠢᠯᠢᠯᠡᠵᠤ᠂ ᠦᠪᠡᠷᠮᠢᠴᠠ ᠣᠷᠣᠨ ᠪᠠᠢᠷᠢ ᠵᠢᠨ ᠳᠠᠪᠠᠭᠤᠯᠢᠭ ᠲᠠᠢ ᠶᠤᠮ᠃ ᠮᠠᠨ ᠤ᠋ ᠤᠷᠤᠨ ᠰᠠᠭᠤᠷᠢ ᠲᠥᠬᠥᠭᠡᠷᠦᠮᠵᠢ ᠵᠢ ᠲᠠᠰ ᠳᠡᠪᠱᠢᠭᠦᠯᠬᠦ᠌᠂ ᠠᠵᠤ ᠦᠶ᠋ᠯᠡᠰ ᠢ᠋ ᠠᠭᠤᠰᠤᠯᠴᠠᠭᠤᠯᠤᠨ ᠬᠦᠭᠵᠢᠬᠦᠯᠵᠤ ᠱᠢᠨ᠎ᠡ ᠵᠢ ᠡᠭᠦᠳᠬᠦ᠌᠂ ᠣᠯᠠᠨ ᠤᠯᠤᠰ ᠤ᠋ᠨ ᠬᠠᠮᠲᠤᠷᠠᠯᠴᠠᠭ᠎ᠠ ᠵᠢ ᠭᠦᠨᠵᠡᠭᠡᠢᠷᠡᠭᠦᠯᠬᠦ᠌ ᠪᠠ ᠲᠥᠷᠥ ᠵᠢᠨ ᠪᠣᠳᠣᠯᠭ᠎ᠠ ᠵᠢᠨ ᠲᠣᠭ᠍ᠲᠠᠴᠠ ᠵᠢ ᠲᠡᠭᠦᠯᠳᠡᠷᠵᠢᠭᠦᠯᠬᠦ᠌ ᠵᠡᠷᠬᠡ ᠴᠢᠩᠭ᠎ᠠ ᠬᠦᠴᠦᠳᠠᠢ ᠠᠷᠭ᠎ᠠ ᠬᠡᠮᠵᠢᠶ᠎ᠠ ᠪᠡᠷ ᠳᠡᠮᠵᠢᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ ᠭᠤᠤᠯ ᠨᠡᠪᠲᠡᠷᠡᠬᠦ᠌ ᠵᠠᠮ ᠤ᠋ᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ ᠭᠠᠳᠠᠭᠠᠳᠤ ᠠᠷᠠᠯᠵᠢᠶᠠᠨ ᠤ᠋ ᠬᠡᠪᠴᠢᠶ᠎ᠡ ᠵᠢ ᠲᠠᠰᠤᠷᠠᠯᠲᠠ ᠥᠬᠡᠶ ᠥᠷᠭᠡᠳᠭᠡᠭᠰᠡᠨ ᠪᠦᠬᠡᠳ ᠭᠠᠳᠠᠭᠠᠳᠤ ᠭᠠᠷᠭᠠᠯᠳᠠ ᠵᠢᠨ ᠪᠠᠷᠠᠭ᠎ᠠ ᠲᠠᠸᠠᠷ ᠤ᠋ᠨ ᠪᠦᠲᠦᠴᠡ ᠵᠢᠨ ᠲᠠᠰᠤᠷᠠᠯᠲᠠ ᠥᠬᠡᠶ ᠱᠢᠯᠢᠳᠡᠭ᠌ᠵᠢᠬᠦ᠌ ᠵᠢ ᠳᠠᠢᠴᠢᠯᠠᠵᠤ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢᠨ ᠪᠥᠲᠥᠭᠡᠨ ᠪᠠᠢᠭᠤᠯᠤᠯᠲᠠ ᠳ᠋ᠤ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃

2013 ᠣᠨ ᠳ᠋ᠤ ᠮᠠᠨ ᠤ᠋ ᠤᠷᠤᠨ ᠵᠢᠡᠷ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢ ᠨᠡᠪᠲᠡᠷᠡᠬᠦᠯᠦᠭ᠌ᠰᠡᠨ ᠡᠴᠡ ᠨᠠᠭᠠᠰᠢ᠂ 《ᠨᠢᠭᠡ ᠪᠦᠰᠡ ᠨᠢᠭᠡ ᠵᠠᠮ》 ᠢ᠋ ᠬᠠᠮᠲᠤ ᠪᠠᠷ ᠪᠦᠲᠦᠭᠡᠨ ᠪᠠᠢᠭᠤᠯᠬᠤ ᠰᠠᠨᠠᠭᠠᠴᠢᠯᠠᠭ᠎ᠠ ᠵᠢᠨ ᠠᠬᠢᠭᠤᠯᠤᠯ ᠳᠣᠣᠷ᠎ᠠ ᠡᠷᠢᠶᠡᠨ ᠬᠤᠲᠠ ᠵᠢᠨ ᠲᠡᠮᠦᠷ ᠵᠠᠮ ᠤ᠋ᠨ ᠬᠢᠯᠢ ᠵᠢᠨ ᠪᠣᠭᠣᠮᠲᠠ ᠪᠤᠯᠤᠨ ᠮᠠᠨᠵᠤᠤᠷ ᠤ᠋ᠨ ᠲᠡᠮᠦᠷ ᠵᠠᠮ ᠤ᠋ᠨ ᠬᠢᠯᠢ ᠵᠢᠨ ᠪᠣᠭᠣᠮᠲᠠ ᠪᠠᠷ ᠲᠠᠮᠵᠢᠨ ᠬᠢᠯᠢ ᠪᠡᠷ ᠤᠷᠤᠵᠤ ᠭᠠᠷᠤᠭᠰᠠᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ ᠬᠡᠮᠵᠢᠶ᠎ᠡ ᠪᠠ ᠲᠠᠪᠳᠠᠮᠵᠢ ᠤᠳᠠᠭ᠎ᠠ ᠨᠢ ᠵᠢᠯ ᠡᠴᠡ ᠵᠢᠯ ᠨᠡᠮᠡᠭᠳᠡᠵᠤ᠂ 2025 ᠣᠨ ᠤ᠋ ᠰᠡᠭᠦᠯᠴᠢ ᠪᠣᠯᠬᠤ ᠳ᠋ᠤ ᠡᠨᠡ ᠬᠤᠶᠠᠷ ᠬᠢᠯᠢ ᠵᠢᠨ ᠪᠣᠭᠣᠮᠲᠠ ᠪᠡᠷ ᠲᠠᠮᠵᠢᠨ ᠬᠢᠯᠢ ᠪᠡᠷ ᠤᠷᠤᠵᠤ ᠭᠠᠷᠤᠭᠰᠠᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠲᠤᠰ ᠲᠤᠰ 2.1 ᠲᠦᠮᠡᠨ ᠴᠤᠪᠤᠭ᠎ᠠ ᠪᠠ 3 ᠲᠦᠮᠡᠨ ᠴᠤᠪᠤᠭ᠎ᠠ ᠵᠢ ᠳᠠᠪᠠᠪᠠ᠃ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ ᠲᠡᠭᠡᠭᠡᠪᠤᠷᠢ ᠵᠢᠨ ᠡᠳ᠋ ᠪᠠᠷᠠᠭ᠎ᠠ ᠴᠸ᠋ ᠡᠬᠢᠨ ᠤ᠋ ᠦᠶ᠎ᠠ ᠳ᠋ᠡᠬᠡᠨ ᠲᠡᠮᠦᠷᠯᠢᠭ᠂ ᠬᠢᠮᠢ ᠵᠢᠨ ᠠᠵᠤ ᠦᠢᠯᠡᠳᠪᠦᠷᠢ ᠵᠢᠨ ᠦᠢᠯᠡᠳᠬᠦᠨ᠂ ᠬᠤᠪᠴᠠᠰᠤ ᠬᠤᠨᠠᠷ ᠵᠡᠷᠭᠡ ᠤᠯᠠᠮᠵᠢᠯᠠᠯᠲᠤ ᠡᠳ᠋ ᠪᠠᠷᠠᠭ᠎ᠠ ᠪᠡᠷ ᠭᠤᠤᠯᠯᠠᠵᠤ ᠪᠠᠢᠭᠰᠠᠨ ᠡᠴᠡ ᠪᠠᠨ ᠠᠭᠠᠵᠢᠮ ᠵᠢᠡᠷ ᠳᠡᠰ ᠳᠡᠪᠱᠢᠬᠡᠳ ᠱᠢᠨ᠎ᠡ ᠡᠨᠧᠷᠭᠢ ᠵᠢᠨ ᠮᠠᠱᠢᠨ ᠲᠡᠷᠭᠡ᠂ ᠭᠡᠷ ᠤ᠋ᠨ ᠴᠠᠬᠢᠯᠭᠠᠨ ᠬᠡᠷᠡᠭ᠌ᠰᠡᠯ᠂ ᠡᠯᠧᠺᠲ᠋ᠷᠣᠨ ᠦᠢᠯᠡᠳᠬᠦᠨ᠂ ᠮᠠᠱᠢᠨ ᠲᠡᠷᠭᠡᠨ ᠤ᠋ ᠰᠡᠯᠪᠢᠭ ᠲᠤᠨᠤᠭ ᠮᠡᠳᠤ ᠵᠢᠨ ᠥᠨᠳᠥᠷ ᠨᠡᠮᠡᠯᠲᠡ ᠦᠷᠳᠡᠭ ᠪᠦᠬᠦᠢ ᠦᠢᠯᠡᠳᠬᠦᠨ ᠵᠢᠡᠷ ᠭᠤᠤᠯᠯᠠᠬᠤ ᠪᠤᠯᠵᠠᠢ᠃ ᠡᠨᠡ ᠬᠦ᠌ ᠬᠤᠪᠢᠷᠠᠯᠲᠠ ᠨᠢ 《ᠳᠤᠮᠳᠠᠳᠤ ᠤᠯᠤᠰ ᠤ᠋ᠨ ᠦᠢᠯᠡᠳᠭᠡᠯ》 ᠤ᠋ᠨ ᠰᠢᠯᠢᠳᠡᠭ ᠰᠠᠢᠨ ᠶᠠᠰᠤ ᠴᠢᠨᠠᠷ ᠪᠣᠯᠤᠨ ᠱᠢᠨ᠎ᠡ ᠵᠢ ᠡᠭᠦᠳᠬᠦ᠌ ᠴᠢᠳᠠᠪᠤᠷᠢ ᠵᠢ ᠬᠦᠢᠴᠡᠳ ᠬᠠᠷᠠᠭᠤᠯᠵᠤ᠂ ᠡᠷᠢᠶᠡᠨ ᠬᠤᠲᠠ ᠵᠢᠨ ᠲᠡᠮᠦᠷ ᠵᠠᠮ ᠤ᠋ᠨ ᠬᠢᠯᠢ ᠵᠢᠨ ᠪᠣᠭᠣᠮᠲᠠ ᠪᠤᠯᠤᠨ ᠮᠠᠨᠵᠤᠤᠷ ᠤ᠋ᠨ ᠲᠡᠮᠦᠷ ᠵᠠᠮ ᠤ᠋ᠨ ᠬᠢᠯᠢ ᠵᠢᠨ ᠪᠣᠭᠣᠮᠲᠠ ᠴᠦ᠍ 《ᠳᠤᠮᠳᠠᠳᠤ ᠤᠯᠤᠰ ᠤ᠋ᠨ ᠦᠢᠯᠡᠳᠭᠡᠯ》 ᠤ᠋ᠨ ᠳᠡᠯᠡᠬᠡᠢ ᠳ᠋ᠤ ᠲᠦᠬᠡᠬᠦ ᠴᠢᠬᠤᠯᠠ ᠨᠡᠪᠳᠡᠷᠡᠬᠦ ᠵᠠᠮ ᠪᠤᠯᠵᠠᠢ᠃

ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠨᠢ ᠮᠠᠨ ᠤ᠋ ᠤᠷᠤᠨ ᠤ᠋ ᠭᠠᠳᠠᠭᠠᠳᠤ ᠠᠷᠠᠯᠵᠢᠶᠠᠨ ᠤ᠋ ᠬᠦᠭᠵᠢᠯᠳᠡ ᠵᠢ ᠴᠦ᠍ ᠶᠡᠬᠡ ᠪᠡᠷ ᠨᠦᠯᠦᠬᠡᠯᠡᠨ ᠲᠠᠢᠴᠢᠯᠠᠵᠤ᠂ ᠪᠦᠬᠦ ᠤᠷᠤᠨ ᠤ᠋ ᠪᠠᠷᠠᠭ᠎ᠠ ᠲᠠᠸᠠᠷ ᠤ᠋ᠨ ᠠᠷᠠᠯᠵᠢᠶᠡᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠶᠡᠷᠦᠩᠬᠡᠶ ᠬᠡᠮᠵᠢᠶ᠎ᠡ 2018 ᠣᠨ ᠳ᠋ᠤ ᠠᠩᠬ᠎ᠠ ᠤᠳᠠᠭ᠎ᠠ 1000 ᠳ᠋ᠦᠩᠱᠢᠭᠤᠷ ᠲᠥᠭᠥᠷᠢᠭ ᠤ᠋ᠨ ᠪᠣᠭᠣᠮᠲᠠ ᠵᠢ ᠳᠠᠪᠠᠨ᠂ 2024 ᠣᠨ ᠳ᠋ᠤ 2000 ᠳ᠋ᠦᠩᠱᠢᠭᠤᠷ ᠲᠥᠭᠥᠷᠢᠭ ᠤ᠋ᠨ ᠶᠡᠬᠡ ᠪᠤᠭᠤᠮᠳᠠ ᠵᠢ ᠲᠠᠪᠠᠵᠤ᠂ 2025 ᠣᠨ ᠳ᠋ᠤ 2206.7 ᠳ᠋ᠦᠩᠱᠢᠭᠤᠷ ᠲᠥᠭᠥᠷᠢᠭ ᠲᠦ᠍ ᠬᠦᠷᠴᠡᠶ᠃ ᠡᠬᠦᠨ ᠤ᠋ ᠬᠠᠮᠳᠤ ᠭᠠᠳᠠᠭᠠᠳᠤ ᠭᠠᠷᠭᠠᠯᠳᠠ ᠵᠢᠨ ᠪᠠᠷᠠᠭ᠎ᠠ ᠲᠠᠸᠠᠷ ᠤ᠋ᠨ ᠪᠦᠲᠦᠴᠡ ᠴᠦ᠍ ᠲᠠᠰᠤᠷᠠᠯᠲᠠ ᠦᠭᠡᠢ ᠱᠢᠯᠢᠳᠡᠭ᠌ᠵᠢᠵᠤ᠂ ᠨᠢᠳᠤᠨᠤᠨ ᠮᠠᠱᠢᠨ ᠴᠠᠬᠢᠯᠭᠠᠨ ᠤ᠋ ᠦᠶ᠋ᠯᠡᠳᠬᠦᠨ᠂ ᠲᠠᠷᠢᠶᠠᠯᠠᠩ ᠤ᠋ᠨ ᠪᠦᠲᠦᠭᠡᠭ᠌ᠳᠡᠬᠦᠨ᠂ ᠣᠷᠭᠠᠨᠢᠭ ᠬᠢᠮᠢ ᠵᠢᠨ ᠦᠶ᠋ᠯᠡᠳᠬᠦᠨ᠂ ᠪᠣᠯᠣᠳ ᠮᠠᠲ᠋ᠧᠷᠢᠶᠠᠯ᠂ ᠬᠥᠳᠡᠯᠮᠦᠷᠢ ᠬᠦᠴᠦ ᠨᠢᠭ᠍ᠲᠠᠷᠬᠠᠰᠠᠨ ᠬᠡᠯᠪᠡᠷᠢ ᠵᠢᠨ ᠦᠶ᠋ᠯᠡᠳᠬᠦᠨ ᠨᠢ ᠥᠪᠥᠷ ᠮᠣᠩᠭᠣᠯ ᠤ᠋ᠨ ᠭᠠᠳᠠᠭᠠᠳᠤ ᠭᠠᠷᠭᠠᠯᠳᠠ ᠵᠢᠨ ᠭᠤᠤᠯ ᠪᠠᠷᠠᠭ᠎ᠠ ᠲᠠᠸᠠᠷ ᠪᠣᠯᠵᠤ᠂ ᠭᠠᠳᠠᠭᠠᠳᠤ ᠭᠠᠷᠭᠠᠯᠳᠠ ᠵᠢᠨ ᠬᠡᠮᠵᠢᠶ᠎ᠠ ᠨᠢ 575.4 ᠳ᠋ᠦᠩᠱᠢᠭᠤᠷ ᠲᠥᠭᠥᠷᠢᠭ ᠲᠦ᠍ ᠬᠦᠷᠴᠦ᠍᠂ ᠪᠥᠬᠥ᠌ ᠣᠷᠣᠨ ᠤ᠋ ᠭᠠᠳᠠᠭᠠᠳᠤ ᠠᠷᠠᠯᠵᠢᠶᠠᠨ ᠤ᠋ ᠭᠠᠳᠠᠭᠠᠳᠤ ᠭᠠᠷᠭᠠᠯᠳᠠ ᠵᠢᠨ ᠶᠡᠷᠦᠩᠬᠡᠶ ᠬᠡᠮᠵᠢᠶᠠᠨ ᠤ᠋ 64% ᠵᠢ ᠡᠵᠡᠯᠡᠪᠡ᠃

ᠡᠷᠢᠶᠡᠨ ᠬᠤᠳᠠ ᠵᠢᠨ ᠳᠡᠮᠤᠷ ᠵᠠᠮ ᠤ᠋ᠨ ᠬᠢᠯᠢ ᠵᠢᠨ ᠪᠣᠭᠣᠮᠲᠠ ᠪᠣᠯ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ 《ᠳᠤᠮᠳᠠ ᠱᠤᠭᠤᠮ》 ᠤ᠋ᠨ ᠴᠤᠷ ᠤ᠋ᠨ ᠭᠠᠭ᠍ᠴᠠ ᠬᠢᠯᠢ ᠪᠡᠷ ᠣᠷᠣᠵᠤ ᠭᠠᠷᠬᠤ ᠬᠢᠯᠢ ᠵᠢᠨ ᠪᠣᠭᠣᠮᠲᠠ ᠪᠠᠢᠵᠤ᠂ ᠮᠠᠨᠵᠤᠤᠷ ᠤ᠋ᠨ ᠳᠡᠮᠤᠷ ᠵᠠᠮ ᠤ᠋ᠨ ᠬᠢᠯᠢ ᠵᠢᠨ ᠪᠣᠭᠣᠮᠲᠠ ᠪᠣᠯ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ 《ᠵᠡᠭᠦᠨ ᠱᠤᠭᠤᠮ》 ᠤ᠋ᠨ ᠴᠢᠬᠤᠯᠠ ᠵᠠᠡᠭᠭᠢᠯᠠᠭ᠎ᠠ ᠵᠢᠨ ᠬᠢᠯᠢ ᠵᠢᠨ ᠪᠣᠭᠣᠮᠲᠠ ᠪᠣᠯᠤᠨ᠎ᠠ᠃ ᠬᠠᠮᠤᠭ ᠤ᠋ᠨ ᠱᠢᠨ᠎ᠡ ᠲᠣᠭ᠎ᠠ ᠪᠠᠷᠢᠮᠲᠠ ᠳ᠋ᠤ ᠢᠯᠡᠷᠡᠭᠦᠯᠦᠭ᠌ᠰᠡᠨ ᠵᠢᠡᠷ᠂ 2025 ᠣᠨ ᠳ᠋ᠤ ᠡᠷᠢᠶᠡᠨ ᠬᠤᠳᠠ ᠵᠢᠨ ᠳᠡᠮᠤᠷ ᠵᠠᠮ ᠤ᠋ᠨ ᠬᠢᠯᠢ ᠵᠢᠨ ᠪᠣᠭᠣᠮᠲᠠ ᠪᠡᠷ ᠦᠩᠬᠡᠷᠡᠭᠰᠡᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ ᠪᠠᠷᠠᠭ᠎ᠠ ᠲᠠᠸᠠᠷ ᠤ᠋ᠨ ᠲᠠᠬᠡᠬᠡᠪᠤᠷᠢ ᠵᠢᠨ ᠬᠡᠮᠵᠢᠶ᠎ᠡ 500 ᠲᠦᠮᠡᠨ ᠲᠤᠨ ᠢ᠋ ᠲᠠᠪᠠᠵᠤ᠂ ᠮᠠᠨᠵᠤᠤᠷ ᠤ᠋ᠨ ᠳᠡᠮᠤᠷ ᠵᠠᠮ ᠤ᠋ᠨ ᠬᠢᠯᠢ ᠵᠢᠨ ᠪᠣᠭᠣᠮᠲᠠ ᠪᠡᠷ ᠦᠩᠬᠡᠷᠡᠭᠰᠡᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ ᠪᠠᠷᠠᠭ᠎ᠠ ᠲᠠᠸᠠᠷ ᠤ᠋ᠨ ᠲᠠᠬᠡᠬᠡᠪᠤᠷᠢ ᠵᠢᠨ ᠬᠡᠮᠵᠢᠶ᠎ᠡ 2000 ᠲᠦᠮᠡᠨ ᠲᠤᠨ ᠤ᠋ ᠪᠤᠭᠤᠮᠳᠠ ᠵᠢ ᠲᠠᠪᠠᠪᠠ᠃

ᠲᠦᠷᠪᠡᠯᠵᠢᠯᠡᠭᠰᠡᠨ ᠴᠢᠩᠬᠡᠯᠢᠭ ᠢ᠋ ᠲᠦᠬᠦᠷᠳᠡᠯ᠎ᠠ ᠠᠴᠢᠭᠰᠠᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠦᠪᠤᠷ ᠮᠤᠩᠭᠤᠯ ᠤ᠋ᠨ ᠲᠠᠯ᠎ᠠ ᠨᠤᠳᠤᠭ ᠵᠢᠡᠷ ᠤᠭᠤᠬᠢᠯᠠᠨ ᠲᠠᠪᠬᠢᠨ᠎ᠠ᠃ ᠡᠨᠡ ᠵᠢᠯ ᠮᠠᠨ ᠤ᠋ ᠤᠷᠤᠨ ᠦᠪᠡᠷᠳᠡᠬᠡᠨ ᠵᠠᠰᠠᠬᠤ ᠤᠷᠤᠨ ᠤ᠋ ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠬᠡᠯ ᠳ᠋ᠤ ᠲᠤᠷᠠᠳᠤᠭᠰᠠᠨ ᠶᠤᠰᠤᠭᠠᠷ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ ᠵᠠᠩᠬᠢᠯᠠᠭ᠎ᠠ ᠵᠢᠨ ᠴᠡᠭ ᠤ᠋ᠨ ᠬᠤᠳᠠ ᠪᠤᠯᠬᠤ ᠬᠦᠬᠡᠬᠤᠳᠠ ᠪᠠ ᠤᠯᠠᠭᠠᠨᠴᠠᠪ ᠵᠢᠴᠢ ᠴᠢᠬᠤᠯᠠ ᠰᠠᠭᠤᠷᠢᠨ ᠪᠤᠯᠬᠤ ᠮᠠᠨᠵᠤᠤᠷ ᠰᠠᠭᠤᠷᠢᠨ ᠤ᠋ ᠪᠦᠳᠦᠬᠡᠨ ᠪᠠᠢᠭᠤᠯᠤᠯᠳᠠ ᠵᠢ ᠲᠦᠷᠬᠡᠳᠬᠡᠨ ᠠᠬᠢᠭᠤᠯᠵᠤ᠂ 《ᠲᠤᠮᠳᠠᠳᠤ ᠤᠯᠤᠰ ᠤ᠋ᠨ ᠦᠢᠯᠡᠳᠭᠡᠯ》 ᠤ᠋ᠨ ᠲᠠᠯᠠᠬᠡᠢ ᠵᠢᠨ ᠵᠠᠬ᠎ᠠ ᠲᠠᠯᠬᠡᠬᠦᠷ ᠲᠦ᠍ ᠰᠢᠯᠤᠭᠤᠬᠠᠨ ᠴᠡᠷᠢᠭᠯᠡᠬᠦ ᠳ᠋ᠤ ᠨᠡᠩ ᠲᠦᠬᠦᠮ ᠲᠦᠳᠡ᠂ ᠨᠡᠩ ᠪᠦᠷᠢᠨ ᠬᠦᠢᠴᠡᠳ᠂ ᠨᠡᠩ ᠰᠢᠯᠢᠳᠡᠭ ᠰᠠᠢᠨ ᠨᠦᠬᠦᠴᠡᠯ ᠢ᠋ ᠬᠠᠩᠭᠠᠬᠤ ᠪᠡᠷ ᠬᠦᠴᠦᠯᠡᠨ ᠴᠢᠷᠮᠡᠢᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号