ᠦᠵᠡᠰᠬᠦᠯᠡᠩᠳᠤ ᠰᠠᠢᠬᠠᠨ ᠬᠥᠳᠡᠭᠡ ᠲᠣᠰᠭᠣᠨ ᠢ᠋ ᠳᠡᠰ ᠳᠡᠪᠰᠢᠭᠦᠯᠬᠦ ᠠᠵᠢᠯᠯᠠᠭ᠎ᠠ — ᠬᠦᠳᠡᠬᠡ ᠲᠤᠰᠬᠤᠨ ᠤ᠋ ᠵᠠᠰᠠᠮᠠᠯ ᠵᠠᠮ ᠵᠢᠡᠷ ᠬᠦᠭᠵᠢᠯ ᠮᠠᠨᠳᠤᠯ ᠤ᠋ᠨ ᠬᠦᠴᠦᠨ ᠢ᠋ ᠤᠨᠳᠤᠷᠤᠭᠤᠯᠤᠨ᠎ᠠ
2026-03-26 09:28:50
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

— ᠦᠪᠤᠷ ᠮᠤᠩᠭᠤᠯ ᠤ᠋ᠨ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠤ᠋ᠨ ᠪᠦᠳᠦᠬᠡᠨ ᠪᠠᠢᠭᠤᠯᠤᠯᠳᠠ ᠵᠢᠨ ᠲᠤᠬᠠᠢ ᠪᠠᠷᠠᠯᠠᠯ⑥


ᠦᠪᠦᠷ ᠮᠤᠡᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠠᠬᠡᠬᠡᠪᠤᠷᠢ ᠵᠢᠨ ᠲᠢᠩᠬᠢᠮ᠂ ᠡᠳ᠋ ᠤ᠋ᠨ ᠵᠠᠰᠠᠭ ᠤ᠋ᠨ ᠲᠢᠩᠬᠢᠮ ᠪᠤᠯᠤᠨ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠨ᠎ᠡ ᠨᠢᠭᠡ ᠡᠭᠡᠯᠵᠢ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠲᠡᠰ ᠲᠡᠪᠰᠢᠬᠦᠯᠬᠦ ᠠᠵᠢᠯᠯᠠᠭᠠᠨ ᠤ᠋ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠡᠨᠡ ᠵᠢᠯ ᠡᠴᠡ ᠡᠬᠢᠯᠡᠨ ᠪᠦᠬᠦ ᠤᠷᠤᠨ ᠳ᠋ᠤ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠢ᠋ ᠳᠡᠰ ᠳᠡᠪᠰᠢᠭᠦᠯᠬᠦ ᠨᠢ᠋ᠮᠠᠨ ᠶᠡᠬᠡ ᠠᠵᠢᠯᠯᠠᠭ᠎ᠠ ᠢ᠋ᠢ ᠬᠡᠷᠡᠭᠵᠢᠬᠦᠯᠵᠤ᠂ 2035 ᠤᠨ ᠪᠤᠯᠬᠤ ᠳ᠋ᠤ《ᠳᠥᠷᠪᠡᠨ ᠰᠠᠢᠨ ᠬᠥᠳᠡᠭᠡ ᠲᠣᠰᠭᠣᠨ ᠤ᠋ ᠵᠠᠰᠠᠮᠠᠯ ᠵᠠᠮ》 ᠤ᠋ᠨ ᠴᠢᠨᠠᠷ ᠰᠠᠢᠲᠠᠶ ᠬᠥᠭ᠌ᠵᠢᠯᠲᠡ ᠢ᠋ᠢᠨ ᠪᠠᠢᠷᠢᠱᠢᠯ ᠢ᠋ ᠦᠨᠳᠦᠰᠦᠨ ᠳ᠋ᠡᠭᠡᠨ ᠪᠦᠷᠢᠯᠳᠦᠭᠦᠯᠵᠦ᠍᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ᠋ ᠣᠳᠣᠬᠢᠴᠢᠯᠠᠯᠳᠠ ᠵᠢᠨ ᠬᠡᠷᠡᠭ᠌ᠴᠡᠭᠡ ᠢ᠋ᠢ ᠦᠨᠳᠦᠰᠦᠨ ᠳ᠋ᠡᠭᠡᠨ ᠬᠠᠩᠭᠠᠬᠤ ᠪᠡᠷ ᠪᠤᠢ᠃

ᠦᠵᠡᠰᠬᠦᠯᠡᠩᠳᠤ ᠰᠠᠢᠬᠠᠨ ᠬᠥᠳᠡᠭᠡ ᠲᠣᠰᠭᠣᠨ ᠢ᠋ ᠳᠡᠰ ᠳᠡᠪᠰᠢᠭᠦᠯᠬᠦ ᠠᠵᠢᠯᠯᠠᠭ᠎ᠠ ᠪᠤᠯ ᠮᠠᠨ ᠤ᠋ ᠤᠷᠤᠨ ᠤ᠋ ᠱᠢᠨ᠎ᠡ ᠨᠢᠭᠡ ᠡᠭᠡᠯᠵᠢ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠳᠡᠰ ᠳᠡᠪᠰᠢᠭᠦᠯᠬᠦ ᠨᠢ᠋ᠮᠠᠨ ᠶᠡᠬᠡ ᠠᠵᠢᠯᠯᠠᠭ᠎ᠠ ᠵᠢᠨ ᠨᠢᠬᠡ ᠪᠠᠢᠵᠤ᠂ ᠵᠠᠰᠠᠮᠠᠯ ᠵᠠᠮ ᠤ᠋ᠨ ᠰᠠᠭᠤᠷᠢ ᠲᠦᠬᠦᠭᠡᠷᠦᠮᠵᠢ ᠢ᠋ᠢ ᠳᠡᠰ ᠳᠡᠪᠰᠢᠭᠦᠯᠬᠦ᠂ ᠴᠢᠳᠠᠮᠵᠢ ᠢ᠋ᠢ ᠦᠷᠭᠡᠳᠬᠡᠬᠦ᠂ ᠲᠦᠷᠦᠯ ᠲᠡᠮᠳᠡᠭ ᠢ᠋ ᠡᠭᠦᠳᠬᠦ ᠵᠡᠷᠭᠡ ᠪᠡᠷ ᠳᠠᠮᠵᠢᠨ ᠮᠠᠯᠵᠢᠬᠤ ᠲᠠᠷᠢᠶᠠᠯᠠᠬᠤ ᠣᠷᠣᠨ ᠤ᠋ ᠠᠮᠢ ᠠᠬᠤᠢ᠂ ᠰᠣᠶᠣᠯ ᠵᠢᠭᠤᠯᠴᠢᠯᠠᠯ ᠪᠤᠯᠤᠨ ᠠᠵᠤ ᠦᠢᠯᠡᠰ ᠢ᠋ ᠨᠢᠭᠡ ᠴᠣᠭ᠍ᠴᠠᠵᠢᠭᠤᠯᠤᠨ ᠬᠦᠭᠵᠢᠭᠦᠯᠬᠦ ᠪᠤᠯᠤᠨ᠎ᠠ᠃

ᠤᠢᠷ᠎ᠠ ᠳ᠋ᠤ ᠱᠢᠯᠢ ᠢ᠋ᠢᠨ ᠭᠤᠤᠯ ᠠᠢᠮᠠᠭ ᠤ᠋ᠨ ᠪᠠᠷᠠᠭᠤᠨ ᠦᠵᠦᠮᠦᠴᠢᠨ ᠬᠣᠱᠢᠭᠤ 99 ᠨᠣᠮᠧᠷᠲᠤ ᠲᠠᠯ᠎ᠠ ᠨᠤᠲᠤᠭ ᠤ᠋ᠨ ᠵᠢᠭᠤᠯᠴᠢᠯᠠᠯ ᠤ᠋ᠨ ᠵᠠᠰᠠᠮᠠᠯ ᠵᠠᠮ ᠢ᠋ ᠦᠷᠭᠦᠯᠵᠢᠯᠡᠨ ᠳᠡᠰ ᠳᠡᠪᠰᠢᠭᠦᠯᠬᠦ ᠢᠨᠵᠧᠨᠧᠷᠢᠩ ᠢ᠋ ᠪᠥᠬᠥ᠌ ᠲᠠᠯ᠎ᠠ ᠪᠡᠷ ᠡᠬᠢᠯᠡᠭᠦᠯᠵᠦ᠍᠂ ᠵᠠᠰᠠᠮᠠᠯ ᠵᠠᠮ ᠢ᠋ ᠰᠣᠶᠣᠯ ᠵᠢᠭᠤᠯᠴᠢᠯᠠᠯ ᠲᠠᠢ ᠬᠦᠨᠵᠡᠭᠡᠢ ᠠᠭᠤᠰᠤᠯᠴᠠᠭᠤᠯᠤᠨ᠂ ᠵᠠᠮ ᠳᠠᠭᠠᠤ ᠢ᠋ᠢᠨ ᠡᠵᠡᠩᠨᠡᠯᠲᠡ ᠢ᠋ᠢᠨ ᠭᠤᠤᠯ ᠴᠣᠭ᠍ᠴᠠ ᠢ᠋ᠢᠨ ᠬᠥᠭ᠌ᠵᠢᠯᠲᠡ ᠢ᠋ᠢ ᠳᠠᠢᠴᠢᠯᠠᠵᠤ᠂ ᠬᠠᠮᠤᠭ ᠤ᠋ᠨ ᠭᠣᠶᠣ ᠲᠠᠯ᠎ᠠ ᠨᠤᠲᠤᠭ ᠤ᠋ᠨ ᠵᠠᠰᠠᠮᠠᠯ ᠵᠠᠮ ᠤ᠋ᠨ ᠬᠡᠪ ᠳᠠᠭᠤᠷᠢᠶᠠᠯ ᠢ᠋ ᠪᠤᠢ ᠪᠤᠯᠭᠠᠵᠤ ᠪᠠᠢᠨ᠎ᠠ᠃ ᠮᠠᠨ ᠤ᠋ ᠤᠷᠤᠨ ᠪᠠᠰᠠ ᠲᠦᠩᠯᠢᠶᠣᠤ ᠢ᠋ᠢᠨ G111᠂ ᠤᠯᠠᠭᠠᠨᠬᠠᠳᠠ ᠢ᠋ᠢᠨ S530 ᠵᠡᠷᠭᠡ 6 ᠵᠤᠷᠪᠤᠰ ᠨᠡᠢᠲᠡ 408 ᠺᠢᠯᠣᠮᠧᠲ᠋ᠷ ᠤᠷᠲᠤ ᠵᠢᠭᠤᠯᠴᠢᠯᠠᠯ ᠤ᠋ᠨ ᠵᠠᠰᠠᠮᠠᠯ ᠵᠠᠮ ᠤ᠋ᠨ ᠪᠠᠷᠢᠯᠭ᠎ᠠ ᠢ᠋ᠢ ᠡᠬᠢᠯᠡᠭᠦᠯᠵᠡᠢ᠃

ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠲᠠ ᠢ᠋ᠢ ᠭᠦᠨᠵᠡᠭᠡᠢᠷᠡᠭᠦᠯᠬᠦ ᠪᠤᠯ ᠱᠢᠨ᠎ᠡ ᠨᠢᠭᠡ ᠡᠭᠡᠯᠵᠢ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠲᠡᠰ ᠲᠡᠪᠰᠢᠬᠦᠯᠬᠦ ᠠᠵᠢᠯᠯᠠᠭ᠎ᠠ ᠢ᠋ᠢᠨ ᠴᠢᠬᠤᠯᠠ ᠠᠭᠤᠯᠭ᠎ᠠ ᠶᠤᠮ᠃ ᠮᠠᠨ ᠤ᠋ ᠤᠷᠤᠨ 《ᠰᠠᠭᠠᠳ ᠦᠭᠡᠢ᠂ ᠠᠮᠤᠷ ᠲᠦᠪᠰᠢᠨ᠂ ᠦᠶᠦᠭ ᠲᠠᠭᠠᠯᠠᠮᠵᠢᠲᠠᠶ ᠂ ᠭᠣᠶᠣ ᠰᠠᠢᠬᠠᠨ》 ᠢ᠋ᠢᠡᠷ ᠤᠳᠤᠷᠢᠳᠤᠮᠵᠢ ᠪᠣᠯᠭᠠᠵᠤ᠂ 600 ᠺᠢᠯᠣᠮᠧᠲ᠋ᠷ ᠤ᠋ᠨ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠤ᠋ ᠵᠠᠰᠠᠮᠠᠯ ᠵᠠᠮ ᠢ᠋ ᠪᠥᠲᠥᠭᠡᠨ ᠪᠠᠢᠭᠤᠯᠬᠤ ᠪᠡᠷ ᠪᠤᠢ᠃ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠰᠣᠶᠣᠯ ᠤ᠋ᠨ ᠪᠠᠢᠭᠤᠯᠤᠯᠲᠠ ᠢ᠋ᠢ ᠠᠬᠢᠭᠤᠯᠵᠤ᠂ 99 ᠨᠣᠮᠧᠷᠲᠤ ᠮᠡᠳᠤ ᠵᠢᠨ ᠵᠢᠭᠤᠯᠴᠢᠯᠠᠯ ᠤ᠋ᠨ ᠵᠠᠰᠠᠮᠠᠯ ᠵᠠᠮ᠂ ᠬᠤᠪᠢᠰᠭᠠᠯ ᠤ᠋ᠨ ᠵᠢᠭᠤᠯᠴᠢᠯᠠᠯ ᠤ᠋ᠨ ᠵᠠᠰᠠᠮᠠᠯ ᠵᠠᠮ᠂ ᠠᠮᠢ ᠠᠬᠤᠢ ᠢ᠋ᠢᠨ ᠵᠠᠰᠠᠮᠠᠯ ᠵᠠᠮ ᠵᠡᠷᠭᠡ ᠲᠦᠷᠦᠯ ᠲᠡᠮᠳᠡᠭᠲᠤ ᠵᠠᠰᠠᠮᠠᠯ ᠵᠠᠮ  ᠢ᠋ 700 ᠺᠢᠯᠣᠮᠧᠲᠷ ᠪᠠᠢᠭᠤᠯᠵᠤ᠂ 《ᠳᠦᠷᠪᠡᠨ ᠰᠠᠢᠨ ᠬᠥᠳᠡᠭᠡ ᠲᠣᠰᠭᠣᠨ ᠤ᠋ ᠵᠠᠰᠠᠮᠠᠯ ᠵᠠᠮ》 ᠤ᠋ᠨ ᠰᠣᠶᠣᠯ ᠤ᠋ᠨ ᠪᠠᠢᠭᠤᠯᠤᠯᠲᠠ ᠢ᠋ᠢᠨ ᠠᠭᠤᠯᠤᠭ᠍ᠳᠠᠬᠤᠨ ᠪᠠ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠶᠠᠮᠤᠨ ᠤ᠋ 《ᠮᠠᠨ ᠤ᠋ ᠭᠡᠷ ᠤ᠋ᠨ ᠡᠭᠦᠳᠡᠨ ᠳ᠋ᠡᠬᠢ ᠲᠡᠷᠡ ᠵᠠᠮ》᠂ 《ᠠᠷᠪᠠᠨ ᠬᠠᠮᠤᠭ ᠤ᠋ᠨ ᠭᠤᠶᠤ ᠬᠥᠳᠡᠭᠡ ᠲᠣᠰᠭᠣᠨ ᠤ᠋ ᠵᠠᠰᠠᠮᠠᠯ ᠵᠠᠮ》 ᠢ᠋ ᠱᠢᠯᠭᠠᠷᠠᠭᠤᠯᠬᠤ ᠠᠵᠢᠯ ᠳ᠋ᠤ ᠢᠳᠡᠪᠬᠢᠲᠡᠢ ᠣᠷᠣᠯᠴᠠᠵᠤ᠂ ᠬᠠᠮᠤᠭ ᠤ᠋ᠨ ᠭᠤᠶᠤ ᠲᠠᠯ᠎ᠠ ᠨᠤᠲᠤᠭ ᠤ᠋ᠨ ᠵᠠᠰᠠᠮᠠᠯ ᠵᠠᠮ ᠤ᠋ᠨ 《ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠤ᠋ᠨ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ ᠲᠦᠷᠦᠯ ᠲᠡᠮᠳᠡᠭ ᠢ᠋ ᠪᠤᠢ ᠪᠣᠯᠭᠠᠬᠤ ᠪᠡᠷ ᠪᠤᠢ᠃

ᠪᠠᠶᠠᠨᠨᠠᠭᠤᠷ ᠬᠤᠲᠠ ᠢ᠋ᠢᠨ ᠤᠷᠠᠳ ᠤ᠋ᠨ ᠳᠤᠮᠳᠠᠳᠤ ᠬᠣᠱᠢᠭᠤ G335 ᠵᠠᠰᠠᠮᠠᠯ ᠵᠠᠮ ᠵᠡᠷᠭᠡ 80 ᠺᠢᠯᠣᠮᠧᠲ᠋ᠷ ᠬᠢᠯᠢ ᠢ᠋ᠢᠨ ᠬᠠᠮᠠᠭᠠᠯᠠᠯᠲᠠ ᠢ᠋ᠢᠨ ᠵᠠᠰᠠᠮᠠᠯ ᠵᠠᠮ ᠤ᠋ᠨ ᠤᠷᠴᠢᠨ ᠨᠦᠬᠦᠴᠡᠯ ᠢ᠋ ᠴᠡᠭᠴᠡᠯᠡᠬᠦ ᠠᠵᠢᠯᠯᠠᠭ᠎ᠠ ᠥᠷᠨᠢᠭᠦᠯᠵᠦ᠍᠂ ᠬᠣᠭ ᠨᠣᠪᠰᠢ ᠢ᠋ᠢ ᠴᠡᠪᠡᠷᠯᠡᠬᠦ᠂ ᠤᠷᠭᠤᠮᠠᠯ ᠤ᠋ᠨ ᠬᠤᠴᠢᠯᠭ᠎ᠠ ᠢ᠋ᠢ ᠰᠡᠷᠭᠦᠭᠡᠬᠦ᠌ ᠪᠠ ᠡᠯᠡᠰᠦᠷᠬᠡᠭᠵᠢᠯ ᠢ᠋ ᠰᠡᠷᠭᠡᠢᠯᠡᠬᠦ ᠤᠷᠭᠤᠮᠠᠯ ᠳᠠᠷᠢᠬᠤ ᠵᠡᠷᠭᠡ ᠠᠵᠢᠯ ᠢ᠋ ᠠᠬᠢᠭᠤᠯᠵᠤ ᠪᠠᠢᠨ᠎ᠠ; ᠠᠯᠠᠱᠠ ᠠᠢᠮᠠᠭ ᠤ᠋ᠨ ᠤᠯᠠᠭᠠᠨᠪᠤᠬ᠎ᠠ ᠵᠢᠱ᠌ᠢᠶ᠎ᠡ ᠦᠵᠡᠭᠦᠯᠬᠦ᠌ ᠲᠣᠭᠣᠷᠢᠭ 48 ᠺᠢᠯᠣᠮᠧᠲ᠋ᠷ ᠵᠠᠰᠠᠮᠠᠯ ᠵᠠᠮ ᠤ᠋ᠨ ᠠᠮᠢ ᠠᠬᠤᠶ ᠢ᠋ᠢ ᠵᠠᠰᠠᠨ ᠰᠡᠷᠭᠦᠭᠡᠬᠦ᠌ ᠠᠵᠢᠯ ᠢ᠋ ᠡᠬᠢᠯᠡᠬᠦᠯᠵᠤ᠂ 《ᠮᠠᠱᠢᠨ ᠢ᠋ᠢᠡᠷ ᠱᠦᠭᠦᠷᠳᠡᠬᠦ᠌ + ᠬᠥᠮᠦᠨ ᠤ᠋ ᠬᠦᠴᠦ᠍》 ᠢ᠋ᠢ ᠬᠡᠷᠡᠭ᠌ᠯᠡᠨ᠂ ᠵᠠᠮ ᠳᠠᠭᠠᠤ ᠢ᠋ᠢᠨ ᠡᠯᠡᠰᠦᠷᠬᠡᠭ᠌ᠵᠢᠯ ᠢ᠋ ᠵᠠᠰᠠᠵᠤ ᠠᠮᠢ ᠠᠬᠤᠶ ᠢ᠋ᠢᠨ ᠵᠢᠱ᠌ᠢᠶ᠎ᠡ ᠦᠵᠡᠭᠦᠯᠬᠦ᠌ ᠵᠠᠰᠠᠮᠠᠯ ᠵᠠᠮ ᠢ᠋ ᠪᠠᠢᠭᠤᠯᠵᠤ ᠪᠠᠢᠨ᠎ᠠ  ᠁

ᠮᠠᠨ ᠤ᠋ ᠤᠷᠤᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠣᠷᠴᠢᠨ ᠨᠦᠬᠦᠴᠡᠯ ᠢ᠋ ᠴᠡᠭᠴᠡᠯᠡᠬᠦ᠂ ᠨᠣᠭᠣᠭᠠᠷᠠᠭᠤᠯᠬᠤ ᠪᠠ ᠭᠤᠶᠤᠵᠢᠭᠤᠯᠬᠤ ᠢ᠋ᠢ ᠦᠷᠭᠦᠯᠵᠢᠯᠡᠨ ᠠᠬᠢᠭᠤᠯᠵᠤ᠂ ᠵᠠᠰᠠᠮᠠᠯ ᠵᠠᠮ ᠤ᠋ᠨ ᠪᠠᠷᠢᠯᠭ᠎ᠠ ᠢ᠋ᠢᠨ ᠡᠵᠡᠮᠳᠡᠬᠦ᠌ ᠲᠣᠭᠣᠷᠢᠭ ᠲᠡᠬᠢ ᠳᠦᠷᠢᠮ ᠲᠣᠭ᠍ᠲᠠᠭᠠᠯ ᠡᠴᠡ ᠵᠥᠷᠢᠴᠡᠭ᠌ᠰᠡᠨ ᠪᠠᠷᠢᠯᠭ᠎ᠠ᠂ ᠲᠣᠭ᠍ᠲᠠᠭᠠᠯ ᠡᠴᠡ ᠵᠥᠷᠢᠴᠡᠨ ᠵᠠᠮ ᠡᠵᠡᠯᠡᠬᠦ᠌ ᠵᠡᠷᠭᠡ ᠢ᠋ᠢ ᠴᠡᠪᠡᠷᠯᠡᠬᠦ ᠠᠵᠢᠯ ᠢ᠋ ᠥᠷᠨᠢᠭᠦᠯᠵᠤ᠂ 2000 ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠣᠷᠴᠢᠨ ᠨᠦᠬᠦᠴᠡᠯ ᠢ᠋ ᠴᠡᠭ᠌ᠴᠡᠯᠡᠨ ᠵᠠᠰᠠᠵᠤ ᠳᠡᠭᠡᠭ᠌ᠰᠢᠯᠡᠭᠦᠯᠦᠨ᠎ᠡ᠃ ᠤᠷᠭᠤᠮᠠᠯ ᠤ᠋ᠨ ᠬᠤᠴᠢᠯᠭ᠎ᠠ ᠢ᠋ᠢ ᠠᠶᠠᠨᠳᠠᠭᠠᠨ ᠰᠡᠷᠭᠦᠭᠡᠬᠦ᠌᠂ ᠵᠣᠬᠢᠬᠤ ᠬᠡᠮᠵᠢᠶ᠎ᠡ ᠪᠡᠷ ᠮᠣᠳᠣ ᠲᠠᠷᠢᠵᠤ ᠡᠪᠡᠰᠦ ᠲᠠᠷᠢᠬᠤ ᠵᠡᠷᠭᠡ ᠠᠷᠭ᠎ᠠ ᠬᠡᠯᠪᠡᠷᠢ ᠪᠡᠷ ᠳᠠᠮᠵᠢᠨ ᠭᠤᠤᠯᠳᠠᠯᠭ᠎ᠠ ᠲᠠᠢ ᠵᠠᠮ ᠱᠤᠭᠤᠮ ᠤ᠋ᠨ ᠠᠮᠢ ᠠᠬᠤᠶ ᠣᠷᠴᠢᠨ ᠲᠣᠭᠣᠷᠢᠨ ᠢ᠋ ᠰᠡᠷᠭᠦᠭᠡᠬᠦ᠌ ᠪᠠ ᠡᠬᠢ ᠪᠠᠶᠠᠯᠢᠭ ᠢ᠋ ᠠᠷᠪᠢᠯᠡᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ ᠢ᠋ᠢ ᠴᠢᠩᠭᠠᠳᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠳ᠋ᠠᠬᠢ ᠲᠣᠰᠭᠣᠨ ᠪᠠᠯᠭᠠᠰᠤ ᠢ᠋ᠢᠨ ᠭᠤᠤᠯ ᠵᠠᠮ ᠢ᠋ ᠤᠰᠤ ᠭᠠᠳᠠᠭ᠍ᠰᠢᠯᠠᠭᠤᠯᠬᠤ ᠰᠤᠪᠠᠭ᠂ ᠬᠣᠭᠣᠯᠠᠶ ᠱᠤᠭᠤᠮ᠂ ᠶᠠᠪᠠᠭᠠᠨ ᠬᠥᠮᠦᠨ ᠤ᠋ ᠵᠠᠮ ᠵᠡᠷᠭᠡ ᠲᠠᠢ ᠵᠣᠯᠭᠠᠭᠤᠯᠬᠤ ᠢ᠋ᠢ ᠴᠢᠩᠭᠠᠳᠭᠠᠵᠤ᠂ ᠨᠥᠬᠥᠴᠡᠯ ᠪᠦᠷᠢᠯᠳᠦᠭᠦᠯᠦᠭ᠌ᠰᠡᠨ ᠵᠠᠮ ᠤ᠋ᠨ ᠬᠡᠰᠡᠭ ᠲᠦ᠍ ᠵᠠᠮ ᠪᠠ ᠤᠷᠤᠨ ᠰᠠᠭᠤᠴᠠ ᠢ᠋ᠢ ᠰᠠᠯᠭᠠᠬᠤ᠂ ᠵᠠᠮ ᠪᠠ ᠲᠠᠷᠢᠶ᠎ᠠ ᠢ᠋ᠢ ᠰᠠᠯᠭᠠᠬᠤ ᠪᠤᠯᠤᠨ᠎ᠠ᠃

ᠪᠤᠭᠤᠲᠤ ᠬᠤᠲᠠ ᠢ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤ ᠪᠠᠲᠤᠬᠠᠭᠠᠯᠭ᠎ᠠ — ᠡᠯ ᠳ᠋ᠤ ᠬᠤᠤ᠎ᠬᠦᠷᠬᠦ 14 ᠺᠢᠯᠣᠮᠧᠲ᠋ᠷ ᠤ᠋ᠨ ᠲᠡᠦᠬᠡ ᠰᠣᠶᠣᠯ ᠢᠷᠭᠡᠨᠱᠢᠯ ᠤ᠋ᠨ ᠵᠠᠰᠠᠮᠠᠯ ᠵᠠᠮ ᠢ᠋ 3 ᠰᠠᠷ᠎ᠠ ᠳ᠋ᠤ ᠠᠵᠢᠯ ᠡᠬᠢᠯᠡᠭᠦᠯᠵᠤ᠂ ᠴᠢᠩ ᠤᠯᠤᠰ ᠤ᠋ᠨ ᠡᠷᠲᠡᠨ ᠤ᠋ ᠤᠯᠠᠭ᠎ᠠ ᠥᠷᠲᠡᠭᠡ ᠬᠢᠭᠡᠳ ᠬᠤᠪᠢᠰᠭᠠᠯ ᠤ᠋ᠨ ᠬᠠᠭᠤᠴᠢᠨ ᠪᠠᠭᠤᠷᠢ ᠢ᠋ᠢ ᠬᠣᠯᠪᠣᠵᠤ᠂ ᠮᠣᠩᠭᠣᠯ ᠶᠤᠸᠠᠨ ᠤ᠋ ᠰᠣᠶᠣᠯ ᠤ᠋ᠨ ᠢᠯᠡᠷᠬᠡᠢᠯᠡᠯ ᠪᠠ ᠪᠢᠴᠢᠯ ᠤᠯᠠᠭ᠎ᠠ ᠥᠷᠲᠡᠭᠡ ᠢ᠋ᠢ ᠳᠡᠯᠭᠡᠨ ᠦᠵᠡᠭᠦᠯᠬᠦ᠌ ᠴᠡᠭ ᠭᠠᠷᠭᠠᠨ᠂ 《ᠲᠠᠯ᠎ᠠ ᠨᠤᠲᠤᠭ ᠤ᠋ᠨ ᠤᠯᠠᠭ᠎ᠠ ᠥᠷᠲᠡᠭᠡ》 ᠢ᠋ᠢᠨ ᠰᠤᠳᠤᠯᠤᠨ ᠰᠤᠷᠤᠯᠴᠠᠬᠤ ᠱᠤᠭᠤᠮ ᠢ᠋ ᠨᠡᠭᠡᠭᠡᠨ ᠬᠥᠭ᠌ᠵᠢᠭᠦᠯᠬᠦ ᠪᠡᠷ ᠪᠤᠢ; ᠣᠷᠳᠣᠰ ᠬᠤᠲᠠ ᠢ᠋ᠢᠨ ᠦᠦᠱᠢᠨ ᠬᠣᠱᠢᠭᠤ ᠰᠢᠷᠠᠠᠤᠰᠤᠨ ᠡᠷᠲᠡᠨ ᠤ᠋ ᠵᠠᠮ ᠤ᠋ᠨ ᠰᠣᠶᠣᠯ ᠢᠷᠭᠡᠨᠱᠢᠯ ᠤ᠋ᠨ ᠵᠠᠰᠠᠮᠠᠯ ᠵᠠᠮ ᠢ᠋ ᠪᠠᠷᠢᠯᠭ᠎ᠠ ᠡᠬᠢᠯᠡᠭᠦᠯᠵᠦ᠍᠂ ᠪᠣᠷᠣᠲᠣᠬᠣᠶ ᠢ᠋ᠢᠨ ᠡᠷᠲᠡᠨ ᠤ᠋ ᠲᠣᠰᠭᠣᠨ ᠬᠢᠭᠡᠳ ᠡᠷᠲᠡᠨ ᠤ᠋ ᠪᠠᠭᠤᠷᠢ ᠢ᠋ᠢ ᠬᠣᠯᠪᠣᠨ ᠲᠡᠦᠬᠡ ᠰᠣᠶᠣᠯ ᠤ᠋ᠨ ᠦᠵᠡᠭᠦᠯᠭᠡ ᠢ᠋ᠢᠨ ᠬᠡᠷᠡᠮ ᠢ᠋ ᠨᠠᠮᠠᠨ ᠪᠠᠢᠭᠤᠯᠵᠤ᠂ 《ᠪᠣᠷᠣᠲᠣᠬᠣᠶ ᠢ᠋ᠢᠨ ᠪᠣᠯᠪᠠᠰᠤᠨ》 ᠤ᠋ ᠰᠤᠳᠤᠯᠤᠨ ᠰᠤᠷᠤᠯᠴᠠᠬᠤ ᠱᠤᠭᠤᠮ ᠢ᠋ ᠪᠣᠶ ᠪᠣᠯᠭᠠᠵᠤ ᠪᠠᠢᠨ᠎ᠠ; ᠱᠢᠯᠢ ᠢ᠋ᠢᠨ ᠭᠤᠤᠯ ᠠᠢᠮᠠᠭ ᠤ᠋ᠨ ᠰᠥᠨᠢᠳ ᠪᠠᠷᠠᠭᠤᠨ ᠬᠣᠱᠢᠭᠤ ᠬᠦᠷᠳᠤ ᠢ᠋ᠢᠨ ᠬᠣᠱᠢᠭᠤ — ᠪᠠᠶᠠᠨ ᠴᠡᠭᠡᠯ ᠬᠦᠷᠬᠦ ᠲᠡᠦᠬᠡᠨ ᠵᠠᠮ ᠤ᠋ᠨ ᠪᠠᠢᠭᠤᠯᠤᠯᠳᠠ ᠵᠢ 5 ᠰᠠᠷ᠎ᠠ ᠳ᠋ᠤ ᠠᠵᠢᠯ ᠡᠬᠢᠯᠡᠭᠦᠯᠤᠨ᠂ ᠬᠢᠯᠢ ᠬᠢᠵᠠᠭᠠᠷ ᠤ᠋ᠨ ᠰᠣᠶᠣᠯ ᠬᠢᠭᠡᠳ ᠮᠠᠯᠴᠢᠨ ᠠᠢᠯ ᠤ᠋ᠨ ᠵᠢᠭᠤᠯᠴᠢᠯᠠᠯ ᠤ᠋ᠨ ᠡᠬᠢ ᠪᠠᠶᠠᠯᠢᠭ ᠢ᠋ ᠬᠤᠯᠪᠤᠵᠤ᠂ ᠰᠣᠶᠣᠯ ᠢ᠋ᠢᠡᠷ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠢ᠋ᠢ ᠠᠬᠢᠭᠤᠯᠬᠤ ᠪᠡᠷ ᠲᠦᠯᠦᠪᠯᠡᠵᠤ ᠪᠠᠢᠨ᠎ᠠ  ᠁

ᠲᠡᠦᠬᠡ ᠰᠣᠶᠣᠯ ᠢᠷᠭᠡᠨᠱᠢᠯ ᠢ᠋ ᠬᠠᠷᠠᠭᠤᠯᠤᠭᠰᠠᠨ ᠬᠥᠳᠡᠭᠡ ᠲᠣᠰᠭᠣᠨ ᠤ᠋ ᠵᠠᠰᠠᠮᠠᠯ ᠵᠠᠮ ᠢ᠋ ᠴᠣᠭ᠍ᠴᠠᠯᠠᠬᠤ ᠪᠤᠯ ᠦᠵᠡᠰᠬᠦᠯᠡᠩᠳᠤ ᠰᠠᠢᠬᠠᠨ ᠬᠥᠳᠡᠭᠡ ᠲᠣᠰᠭᠣᠨ ᠢ᠋ ᠳᠡᠰ ᠳᠡᠪᠰᠢᠭᠦᠯᠬᠦ ᠠᠵᠢᠯᠯᠠᠭ᠎ᠠ ᠢ᠋ᠢᠨ ᠴᠢᠬᠤᠯᠠ ᠠᠭᠤᠯᠭ᠎ᠠ ᠶᠤᠮ᠃ ᠮᠠᠨ ᠤ᠋ ᠤᠷᠤᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠭᠠᠵᠠᠷ ᠵᠦᠶ ᠢ᠋ᠢᠨ ᠣᠷᠴᠢᠨ ᠲᠣᠭᠣᠷᠢᠨ᠂ ᠲᠡᠦᠬᠡ ᠢ᠋ᠢᠨ ᠳᠦᠷᠰᠦ ᠪᠠᠢᠳᠠᠯ᠂ ᠬᠥᠮᠦᠨ ᠰᠤᠶᠤᠯ ᠤ᠋ᠨ ᠦᠵᠡᠮᠵᠢ᠂ ᠡᠷᠲᠡᠨ ᠤ᠋ ᠠᠢᠯ ᠲᠣᠰᠭᠣᠨ ᠤ᠋ ᠬᠠᠮᠠᠭᠠᠯᠠᠯᠲᠠ ᠵᠡᠷᠭᠡ ᠯᠤᠭᠡ ᠣᠷᠭᠠᠨᠢᠭ ᠢ᠋ᠢᠡᠷ ᠤᠶᠠᠯᠳᠤᠭᠤᠯᠬᠤ ᠢ᠋ᠢ ᠰᠠᠨᠠᠭᠠᠴᠢᠯᠠᠵᠤ᠂ ᠡᠷᠲᠡᠨ ᠤ᠋ ᠬᠥᠭᠥᠷᠭᠡ᠂ ᠡᠷᠲᠡᠨ ᠤ᠋ ᠵᠠᠮ᠂ ᠡᠷᠲᠡᠨ ᠤ᠋ ᠤᠯᠠᠭ᠎ᠠ ᠥᠷᠲᠡᠭᠡ ᠵᠡᠷᠭᠡ ᠵᠠᠮ ᠬᠠᠷᠢᠯᠴᠠᠭᠠᠨ ᠤ᠋ ᠲᠡᠦᠬᠡ ᠢ᠋ᠢᠨ ᠦᠯᠡᠳᠡᠭ᠌ᠳᠡᠯ ᠢ᠋ ᠢᠯᠡᠷᠡᠭᠦᠯᠦᠨ ᠮᠡᠳᠡᠭᠦᠯᠬᠦ᠌ ᠪᠠ ᠬᠠᠮᠠᠭᠠᠯᠠᠬᠤ ᠡᠷᠴᠢᠮ ᠢ᠋ ᠴᠢᠩᠭᠠᠷᠠᠭᠤᠯᠵᠤ᠂ ᠱᠢᠯᠢᠳᠡᠭ ᠵᠠᠰᠠᠮᠠᠯ ᠵᠠᠮ ᠤ᠋ᠨ ᠰᠣᠶᠣᠯ ᠢ᠋ ᠤᠯᠠᠮᠵᠢᠯᠠᠨ ᠵᠠᠯᠭᠠᠮᠵᠢᠯᠠᠬᠤ ᠪᠠ ᠱᠢᠨ᠎ᠡ ᠢ᠋ᠢ ᠡᠭᠦᠳᠬᠦ᠌ ᠢ᠋ᠢ ᠠᠬᠢᠭᠤᠯᠤᠨ᠎ᠠ᠃ ᠲᠡᠦᠬᠡ ᠰᠣᠶᠣᠯ ᠤ᠋ᠨ ᠬᠥᠳᠡᠭᠡ ᠲᠣᠰᠭᠣᠨ ᠤ᠋ ᠵᠠᠰᠠᠮᠠᠯ ᠵᠠᠮ ᠢ᠋ 10 ᠵᠤᠷᠪᠤᠰ ᠪᠠᠢᠭᠤᠯᠵᠤ᠂ ᠬᠥᠳᠡᠭᠡ ᠲᠣᠰᠭᠣᠨ ᠤ᠋ ᠰᠣᠶᠣᠯ ᠵᠢᠭᠤᠯᠴᠢᠯᠠᠯ ᠤ᠋ᠨ ᠬᠥᠭ᠌ᠵᠢᠯᠲᠡ ᠲᠡᠶ ᠤᠶᠠᠯᠳᠤᠭᠤᠯᠤᠨ᠂ ᠵᠠᠮ ᠳᠠᠭᠠᠤ ᠲᠡᠦᠬᠡ ᠰᠣᠶᠣᠯ ᠤ᠋ᠨ ᠢᠯᠡᠷᠬᠡᠢᠯᠡᠯᠲᠦ ᠫᠠᠢᠰᠠ᠂ ᠰᠣᠶᠣᠯ ᠤ᠋ᠨ ᠦᠵᠡᠭᠦᠯᠭᠡ ᠢ᠋ᠢᠨ ᠬᠡᠷᠡᠮ ᠪᠤᠶᠤ ᠪᠢᠴᠢᠯ ᠬᠡᠯᠪᠡᠷᠢ ᠢ᠋ᠢᠨ ᠮᠦᠽᠧᠶ ᠪᠠᠢᠭᠤᠯᠵᠤ᠂ ᠲᠡᠦᠬᠡ ᠰᠣᠶᠣᠯ ᠬᠥᠮᠦᠨ ᠰᠣᠶᠣᠯ ᠤ᠋ᠨ ᠵᠠᠰᠠᠮᠠᠯ ᠵᠠᠮ ᠤ᠋ᠨ ᠰᠤᠳᠤᠯᠤᠨ ᠰᠤᠷᠤᠯᠴᠠᠬᠤ ᠱᠤᠭᠤᠮ ᠢ᠋ ᠨᠡᠭᠡᠭᠡᠨ ᠬᠥᠭ᠌ᠵᠢᠭᠦᠯᠵᠦ᠍᠂ ᠵᠠᠰᠠᠮᠠᠯ ᠵᠠᠮ ᠤ᠋ᠨ ᠰᠣᠶᠣᠯ ᠢ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ 《ᠵᠥᠭᠡᠯᠡᠨ ᠪᠣᠳᠠᠲᠤ ᠬᠦᠴᠦᠨ》 ᠪᠣᠯᠭᠠᠨ ᠬᠤᠪᠢᠷᠠᠭᠤᠯᠬᠤ ᠪᠡᠷ ᠪᠤᠢ᠃

《ᠦᠵᠡᠰᠬᠦᠯᠡᠩᠳᠤ ᠰᠠᠢᠬᠠᠨ ᠬᠥᠳᠡᠭᠡ ᠲᠣᠰᠭᠣᠨ ᠢ᠋ ᠳᠡᠰ ᠳᠡᠪᠰᠢᠭᠦᠯᠬᠦ ᠠᠵᠢᠯᠯᠠᠭ᠎ᠠ ᠪᠣᠯ ᠮᠠᠨ ᠤ᠋ ᠡᠨᠡ ᠵᠢᠯ ᠤ᠋ᠨ ᠭᠤᠤᠯᠳᠠᠯᠭ᠎ᠠ ᠲᠠᠢ ᠡᠭᠦᠷᠭᠡ ᠪᠤᠯᠤᠨ᠎ᠠ᠃ ᠪᠢᠳᠡ ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌᠂ ᠣᠷᠴᠢᠨ ᠲᠣᠭᠣᠷᠢᠨ ᠢ᠋ ᠴᠡᠪᠡᠷᠰᠢᠭᠦᠯᠬᠦ᠂ ᠲᠡᠤᠬᠡ ᠰᠣᠶᠣᠯ ᠢᠷᠭᠡᠨᠱᠢᠯ ᠤ᠋ᠨ ᠵᠠᠰᠠᠮᠠᠯ ᠵᠠᠮ ᠢ᠋ ᠴᠤᠭᠴᠠᠯᠠᠬᠤ ᠲᠠᠯ᠎ᠠ ᠪᠡᠷ ᠬᠦᠴᠦᠯᠡᠨ ᠠᠵᠢᠯᠯᠠᠵᠤ᠂ ᠣᠯᠠᠨ ᠲᠦᠮᠡᠨ ᠤ᠋ ᠬᠦᠷᠲᠡᠮᠵᠢ ᠢ᠋ᠢᠨ ᠲᠥᠷᠥᠭ᠌ᠳᠡᠯ᠂ ᠠᠮᠤᠷ ᠲᠦᠪᠱᠢᠨ ᠤ᠋ ᠲᠥᠷᠥᠭ᠌ᠳᠡᠯ ᠪᠠ ᠵᠢᠷᠭᠠᠯᠲᠤ ᠲᠥᠷᠥᠭ᠌ᠳᠡᠯ ᠢ᠋ ᠨᠡᠮᠡᠭᠳᠡᠬᠦᠯᠵᠤ᠂ ᠵᠠᠰᠠᠮᠠᠯ ᠵᠠᠮ ᠢ᠋ᠢᠡᠷ ᠭᠠᠴᠠᠭ᠎ᠠ ᠲᠣᠰᠭᠣᠨ ᠢ᠋ ᠬᠦᠭᠵᠢᠭᠦᠯᠬᠦ᠂ ᠵᠠᠰᠠᠮᠠᠯ ᠵᠠᠮ ᠢ᠋ᠢᠡᠷ ᠵᠢᠭᠤᠯᠴᠢᠯᠠᠯ ᠢ᠋ ᠠᠬᠢᠭᠤᠯᠬᠤ᠂ ᠵᠠᠰᠠᠮᠠᠯ ᠵᠠᠮ ᠢ᠋ᠢᠡᠷ ᠠᠷᠠᠳ ᠢ᠋ ᠪᠠᠶᠠᠵᠢᠭᠤᠯᠬᠤ ᠢ᠋ᠢ ᠪᠠᠶᠠᠯᠠᠭᠦᠯᠦᠨ᠎ᠠ》  ᠭᠡᠵᠤ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠤ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠠᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号