ᠠᠯᠠᠱᠠ ᠳᠡᠭᠡᠳᠦ ᠰᠢᠨ᠎ᠡ ᠮᠡᠷᠭᠡᠵᠢᠯ᠎ᠦᠨ ᠬᠦᠷᠢᠶᠡᠯᠡᠡᠭ ᠲᠣᠭᠣᠷᠢᠭ᠋ ᠰᠢᠨᠵᠢᠯᠡᠭᠡ ᠮᠡᠷᠭᠡᠵᠢᠯ᠎ᠦᠨ ᠰᠢᠨ᠎ᠡ ᠡᠭᠦᠳᠬᠦ᠎ᠪᠡᠷ ᠠᠵᠤ ᠦᠢᠯᠡᠰ᠎ᠦᠨ ᠬᠦᠭᠵᠢᠯᠲᠡ ᠵᠢ ᠬᠦᠲᠦᠯᠦᠨ ᠲᠠᠭᠠᠭᠤᠯᠤᠨ᠎ᠠ
2026-03-26 16:35:44
ᠵᠣᠬᠢᠶᠠᠭ᠍ᠴᠢ᠄
​ᠯᠢᠦ ᠬᠤᠩ ᠵᠠᠩ ᠵᠣᠣ ᠰᠢᠶᠣᠣ ᠯᠢ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 10 ᠎ᠤ᠋ ᠡᠳᠦᠷ᠂ ᠠᠯᠠᠱᠠ ᠠᠢᠮᠠᠭ᠎ᠤᠨ ᠠᠯᠠᠱᠠ ᠳᠡᠭᠡᠳᠦ ᠰᠢᠨ᠎ᠡ ᠮᠡᠷᠭᠡᠵᠢᠯ᠎ᠦᠨ ᠬᠦᠷᠢᠶᠡᠯᠡᠡᠭ ᠲᠣᠭᠣᠷᠢᠭ᠋᠎ᠤᠨ ᠥᠪᠥᠷ ᠮᠣᠩᠭᠣᠯ᠎ᠤᠨ ᠱᠠ ᠵᠧᠦ ᠬᠢᠮᠢ᠎ᠶᠢᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠰᠢᠨᠵᠢᠯᠡᠨ ᠰᠢᠯᠭᠠᠬᠤ ᠲᠠᠰᠤᠭ᠎ᠲᠤ᠂ ᠠᠵᠢᠯᠲᠠᠳ ᠦᠢᠯᠡᠳᠬᠦᠨ᠎ᠢ ᠰᠢᠯᠭᠠᠨ ᠪᠠᠢᠴᠠᠭᠠᠬᠤ᠂ ᠤᠷ᠎ᠠ ᠮᠡᠷᠭᠡᠵᠢᠯ᠎ᠢ ᠰᠢᠯᠢᠳᠡᠭᠵᠢᠭᠦᠯᠬᠦ ᠪᠠ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠠᠵᠢᠯ᠎ᠢ ᠪᠠᠴᠢᠮ ᠶᠠᠭᠠᠷᠠᠯᠲᠠᠢ ᠡᠮᠬᠢ ᠳᠢᠭ᠌ᠯᠢᠮ᠎ᠲᠠᠢ ᠥᠷᠨᠢᠭᠦᠯᠵᠦ᠂ ᠨᠠᠷᠢᠨ ᠬᠢᠨᠠᠮᠠᠭᠠᠢ ᠰᠤᠳᠤᠯᠤᠨ ᠨᠡᠭᠡᠭᠡᠬᠦ ᠪᠠ ᠤᠨᠢᠨ ᠳᠡᠭᠡᠷ᠎ᠡ ᠨᠢ ᠰᠢᠯᠭᠠᠨ ᠪᠠᠢᠴᠠᠭᠠᠬᠤ᠎ᠪᠠᠷ ᠦᠢᠯᠡᠳᠬᠦᠨ᠎ᠦ ᠶᠠᠰᠤ ᠴᠢᠨᠠᠷ᠎ᠢ ᠳᠡᠭᠡᠭᠰᠢᠯᠡᠭᠦᠯᠬᠦ᠂ ᠮᠡᠷᠭᠡᠵᠢᠯ᠎ᠤᠨ ᠲᠡᠰ ᠳᠡᠪᠰᠢᠯᠳᠡ᠎ᠳᠦ ᠪᠠᠲᠤ ᠰᠠᠭᠤᠷᠢ ᠲᠠᠯᠪᠢᠵᠤ ᠪᠤᠢ᠃

ᠨᠢᠳᠤᠨᠤᠨ᠂ ᠠᠯᠠᠱᠠ ᠳᠡᠭᠡᠳᠦ ᠰᠢᠨ᠎ᠡ ᠮᠡᠷᠭᠡᠵᠢᠯ᠎ᠦᠨ ᠬᠦᠷᠢᠶᠡᠯᠡᠡᠭ ᠲᠣᠭᠣᠷᠢᠭ᠋᠎ᠤᠨ ᠬᠢᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠬᠡᠯᠪᠡᠷᠢ᠎ᠶᠢᠨ ᠠᠵᠤ ᠠᠬᠤᠢᠯᠠᠯ᠎ᠤᠨ《ᠬᠣᠶᠠᠷ ᠢ᠋ ᠳᠠᠬᠢᠨ᠎ᠢᠶᠠᠷ ᠨᠡᠮᠡᠭᠳᠡᠭᠦᠯᠬᠦ᠂ ᠬᠣᠶᠠᠷ᠎ᠢ ᠳᠡᠭᠡᠭᠰᠢᠯᠡᠭᠦᠯᠬᠦ》ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ — ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ — ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ᠎ᠤᠨ ᠪᠦᠬᠦ ᠬᠡᠯᠬᠢᠶ᠎ᠡ᠎ᠪᠡᠷ ᠪᠣᠢᠵᠢᠭᠤᠯᠬᠤ ᠰᠢᠰᠲ᠋ᠸᠮ᠎ᠢ ᠪᠠᠢᠭᠤᠯᠵᠤ᠂ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠱᠠᠲᠤᠯᠵᠢᠨ ᠡᠩᠨᠡᠭᠡ ᠲᠠᠰᠤᠷᠠᠯᠲᠠ ᠦᠭᠡᠢ ᠪᠤᠵᠠᠭᠠᠢᠷᠠᠪᠠ᠃ ᠨᠢᠳᠤᠨᠤᠨ ᠲᠤᠰ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠰᠢᠨ᠎ᠡ᠎ᠪᠡᠷ ᠨᠡᠮᠡᠭᠳᠡᠭᠰᠡᠨ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ 3 ᠪᠠᠢᠵᠤ᠂ ᠥᠪᠥᠷ ᠮᠣᠩᠭᠣᠯ᠎ᠤᠨ ᠱᠠ ᠵᠧᠦ ᠬᠢᠮᠢ᠎ᠶᠢᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠬᠢᠵᠠᠭᠠᠷᠲᠤ ᠺᠣᠮᠫᠠᠨᠢ ᠨᠢ ᠲᠠᠷᠤᠢ ᠡᠭᠦᠨ᠎ᠦ ᠳᠣᠲᠣᠷᠠᠬᠢ ᠨᠢᠭᠡ ᠨᠢ ᠪᠣᠯᠣᠨ᠎ᠠ᠃

《ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ᠎ᠢᠶᠠᠷ ᠦᠨᠡᠯᠡᠭᠳᠡᠭᠰᠡᠨ ᠨᠢ ᠪᠢᠳᠡᠨ᠎ᠦ ᠤᠯᠠᠨ ᠵᠢᠯ᠎ᠦᠨ ᠲᠤᠷᠰᠢ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ᠎ᠶᠢ ᠪᠠᠷᠢᠮᠲᠠᠯᠠᠭᠰᠠᠨ᠂ ᠨᠠᠷᠢᠯᠢᠭ᠋ ᠬᠢᠮᠢ᠎ᠶᠢᠨ ᠠᠵᠤ ᠦᠢᠯᠡᠳᠪᠦᠷᠢ᠎ᠶᠢᠨ ᠬᠦᠷᠢᠶ᠎ᠡ᠎ᠶᠢ ᠭᠦᠨᠵᠡᠭᠡᠢ ᠬᠠᠭᠠᠯᠪᠤᠷᠢᠯᠠᠭᠰᠠᠨ᠎ᠢ ᠭᠦᠢᠴᠡᠳ ᠨᠤᠲᠠᠯᠠᠭᠰᠠᠨ ᠶᠠᠪᠤᠳᠠᠯ ᠪᠣᠯᠣᠨ᠎ᠠ᠃ ᠠᠯᠠᠱᠠ ᠳᠡᠭᠡᠳᠦ ᠰᠢᠨ᠎ᠡ ᠮᠡᠷᠭᠡᠵᠢᠯ᠎ᠦᠨ ᠬᠦᠷᠢᠶᠡᠯᠡᠡᠭ ᠲᠣᠭᠣᠷᠢᠭ᠋᠎ᠤᠨ ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ ᠪᠣᠯᠣᠨ ᠪᠦᠬᠦ ᠬᠡᠯᠬᠢᠶ᠎ᠡ᠎ᠶᠢᠨ ᠪᠣᠢᠵᠢᠭᠤᠯᠤᠯᠲᠠ ᠳᠣᠣᠷ᠎ᠠ᠂ ᠪᠢᠳᠡ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠂ ᠦᠢᠯᠡᠳᠪᠦᠷᠢᠯᠡᠯ᠎ᠦᠨ ᠤᠷ᠎ᠠ ᠮᠡᠷᠭᠡᠵᠢᠯ᠎ᠢᠶᠡᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠢᠯᠡᠳᠬᠦᠨ᠎ᠦ ᠭᠣᠣᠯᠯᠠᠭ᠍ᠴᠢ ᠥᠷᠢᠰᠦᠯᠳᠦᠬᠦ ᠬᠦᠴᠦᠨ᠎ᠢᠶᠡᠨ ᠳᠡᠭᠡᠭᠰᠢᠯᠡᠭᠦᠯᠪᠡ᠃ ᠳᠠᠷᠠᠭᠠᠴᠢ᠎ᠶᠢᠨ ᠠᠯᠬᠤᠮ᠎ᠳᠤ᠂ ᠪᠢᠳᠡ ᠦᠷᠭᠦᠯᠵᠢᠯᠡᠨ ᠰᠢᠨ᠎ᠡ᠎ᠶᠢ ᠡᠭᠦᠳᠬᠦ᠎ᠪᠡᠷ ᠬᠥᠳᠡᠯᠭᠡᠬᠦ ᠬᠦᠴᠦᠨ ᠪᠣᠯᠭᠠᠵᠤ᠂ ᠪᠣᠬᠢᠷᠲᠤᠯ ᠦᠭᠡᠢᠵᠢᠭᠦᠯᠦᠭᠰᠡᠨ᠂ ᠳᠡᠭᠡᠳᠦ ᠳᠡᠰ ᠲᠡᠰᠵᠢᠭᠦᠯᠦᠭᠰᠡᠨ᠂ ᠨᠠᠷᠢᠯᠢᠭ᠍ᠵᠢᠭᠤᠯᠤᠬᠰᠠᠨ ᠬᠥᠭᠵᠢᠯᠲᠡ᠎ᠶᠢᠨ ᠴᠢᠭᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠬᠤ᠎ᠶᠢ ᠲᠦᠷᠭᠡᠳᠬᠡᠵᠦ᠂ ᠳᠡᠭᠡᠳᠦ ᠰᠢᠨ᠎ᠡ ᠮᠡᠷᠭᠡᠵᠢᠯ᠎ᠦᠨ ᠬᠦᠷᠢᠶᠡᠯᠡᠡᠭ ᠲᠣᠭᠣᠷᠢᠭ᠋᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠨᠡᠩ ᠶᠡᠬᠡ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠥᠪᠥᠷ ᠮᠣᠩᠭᠣᠯ᠎ᠤᠨ ᠱᠠ ᠵᠧᠦ ᠬᠢᠮᠢ᠎ᠶᠢᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠬᠦ ᠷᠦᠢ ᠬᠣᠩ ᠬᠡᠯᠡᠪᠡ᠃

ᠨᠢᠳᠤᠨᠤᠨ ᠡᠴᠡ ᠨᠠᠭᠠᠰᠢ᠂ ᠠᠯᠠᠱᠠ ᠳᠡᠭᠡᠳᠦ ᠰᠢᠨ᠎ᠡ ᠮᠡᠷᠭᠡᠵᠢᠯ᠎ᠦᠨ ᠬᠦᠷᠢᠶᠡᠯᠡᠡᠭ ᠲᠣᠭᠣᠷᠢᠭ᠋᠎ᠤᠨ ᠬᠢᠨ ᠴᠢᠨᠠᠷ ᠰᠠᠢᠲᠠᠢ ᠬᠥᠭᠵᠢᠯᠲᠡ᠎ᠶᠢᠨ ᠬᠠᠷᠠᠯᠲᠠ᠎ᠶᠢ ᠲᠣᠭᠲᠠᠭᠠᠵᠤ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠭᠣᠣᠯ ᠴᠣᠭᠴᠠ᠎ᠶᠢᠨ ᠪᠣᠢᠵᠢᠭᠤᠯᠤᠯᠲᠠ᠂ ᠲᠠᠪᠴᠠᠩ᠎ᠤᠨ ᠠᠴᠢᠶᠠᠯᠠᠪᠤᠷᠢ᠎ᠶᠢᠨ ᠪᠠᠢᠭᠤᠯᠤᠯᠲᠠ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠲᠥᠯᠥᠪᠯᠡᠭᠡ᠎ᠶᠢᠨ ᠲᠦᠷᠦᠯ ᠵᠦᠢᠯ᠎ᠦᠨ ᠰᠢᠪᠲᠤᠯᠤᠯᠲᠠ᠂ ᠦᠢᠯᠡᠴᠢᠯᠡᠭᠡᠨ᠎ᠦ ᠶᠠᠰᠤ ᠴᠢᠨᠠᠷ ᠦᠷ᠎ᠡ ᠠᠰᠢᠭ᠋᠎ᠤᠨ ᠲᠡᠭᠡᠭᠰᠢᠯᠡᠯᠲᠡ ᠲᠦᠷᠪᠡᠨ ᠶᠡᠬᠡ ᠬᠦᠷᠢᠶ᠎ᠡ ᠴᠠᠷᠠᠭᠠᠨ᠎ᠳᠦ ᠬᠠᠮᠵᠢᠯᠴᠠᠨ ᠬᠦᠴᠦᠯᠡᠵᠦ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠵᠤ ᠠᠵᠤ ᠦᠢᠯᠡᠰ᠎ᠦᠨ ᠲᠡᠰ ᠲᠡᠪᠰᠢᠯᠳᠠ᠎ᠶᠢ ᠠᠬᠢᠭᠤᠯᠵᠤ᠂ 《ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠢᠶᠡᠷ ᠬᠥᠲᠥᠯᠥᠨ ᠳᠠᠭᠠᠭᠤᠯᠤᠬᠰᠠᠨ᠂ ᠠᠵᠤ ᠦᠢᠯᠡᠰ ᠬᠥᠭᠵᠢᠨ ᠮᠠᠨᠳᠤᠭᠰᠠᠨ》 ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠵᠢᠷᠤᠭᠯᠠᠵᠠᠢ᠃

ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠬᠥᠲᠥᠯᠥᠨ ᠳᠠᠭᠠᠭᠤᠯᠵᠤ᠂ ᠲᠤᠰ ᠳᠡᠭᠡᠳᠦ ᠰᠢᠨ᠎ᠡ ᠮᠡᠷᠭᠡᠵᠢᠯ᠎ᠦᠨ ᠬᠦᠷᠢᠶᠡᠯᠡᠡᠭ ᠲᠣᠭᠣᠷᠢᠭ᠋᠎ᠲᠤ ᠨᠢᠭᠡ ᠪᠦᠯᠦᠭ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ ᠲᠤᠯᠤᠭᠠᠢᠯᠠᠬᠴᠢ ᠠᠵᠦ ᠠᠬᠤᠢᠯᠠᠯ ᠴᠤᠯᠭᠤᠷᠠᠨ ᠭᠠᠷᠴᠠᠢ᠃ ᠥᠪᠥᠷ ᠮᠣᠩᠭᠣᠯ᠎ᠤᠨ ᠯᠢᠩ ᠱᠧᠩ ᠲᠠᠷᠢᠮᠠᠯ᠎ᠤᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ ᠨᠢ ᠭᠠᠳᠠᠭᠠᠳᠤ᠎ᠶᠢᠨ ᠮᠧᠲ᠋ᠢᠯ ᠬᠦᠬᠦᠷᠲᠦ ᠰᠢᠪᠲᠦᠷᠲᠦ ᠬᠦᠴᠢᠯ ᠎ᠦᠨ ᠭᠠᠭᠴᠠᠭᠠᠷ ᠡᠵᠡᠮᠰᠢᠯ᠎ᠢ ᠡᠪᠳᠡᠵᠦ᠂ ᠪᠡᠶ᠎ᠡ᠎ᠪᠡᠨ ᠳᠠᠭᠠᠭᠠᠨ ᠰᠤᠳᠤᠯᠤᠨ ᠨᠡᠭᠡᠭᠡᠭᠰᠡᠨ ᠲᠦᠷᠭᠡᠳᠬᠡᠭᠦᠷ᠎ᠦᠨ ᠭᠠᠷ ᠤᠷᠠᠯᠠᠯ᠎ᠢ ᠤᠯᠤᠰ᠎ᠲᠠᠭᠠᠨ ᠦᠢᠯᠡᠳᠪᠦᠷᠢᠯᠡᠬᠦ᠎ᠶᠢ ᠪᠡᠶᠡᠯᠡᠭᠦᠯᠪᠡ; ᠥᠪᠥᠷ ᠮᠣᠩᠭᠣᠯ᠎ᠤᠨ ᠪᠧᠨ ᠰᠢᠩ ᠬᠢᠮᠢ᠎ᠶᠢᠨ ᠲᠢᠶᠠᠽᠢᠨ ᠦᠢᠯᠡᠳᠬᠦ ᠭᠠᠷ ᠤᠷᠠᠯᠠᠯ᠎ᠤᠨ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠦᠨ ᠡᠵᠡᠯᠡᠬᠦ ᠨᠣᠷᠮ᠎ᠠ 30% ᠶ᠋ᠢ ᠳᠠᠪᠠᠪᠠ;ᠥᠪᠥᠷ ᠮᠣᠩᠭᠣᠯ᠎ᠤᠨ ᠰᠠᠨ ᠶᠢᠦ ᠬᠢᠮᠢ᠎ᠶᠢᠨ ᠬᠢᠵᠠᠭᠠᠷᠲᠤ ᠺᠣᠮᠫᠠᠨᠢ ᠣᠨᠴᠠ ᠲᠦᠷᠦᠯ᠎ᠦᠨ ᠣᠷᠭᠠᠨᠢᠭ᠋ ᠴᠠᠬᠢᠭᠤᠷ᠎ᠤᠨ ᠰᠢᠨ᠎ᠡ ᠮᠠᠲᠧᠷᠢᠶᠠᠯ᠎ᠤᠨ ᠠᠵᠤ ᠦᠢᠯᠡᠳᠪᠦᠷᠢᠵᠢᠯᠲᠡ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠭᠠᠳᠠᠭᠠᠳᠤ ᠣᠷᠣᠭᠤᠯᠬᠤ᠎ᠶᠢ ᠣᠷᠣᠯᠠᠭᠤᠯᠬᠤ᠎ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ ᠨᠢ 《ᠵᠠᠩᠭᠢᠯᠠᠭ᠎ᠠ᠎ᠶᠢᠨ ᠬᠤᠪᠢᠰᠤᠯᠲᠠ》 ᠡᠴᠡ ᠠᠵᠤ ᠦᠢᠯᠡᠰ᠎ᠦᠨ ᠬᠥᠭᠵᠢᠯᠲᠡ᠎ᠶᠢᠨ《ᠬᠠᠮᠤᠭ᠎ᠤᠨ ᠶᠡᠬᠡ ᠨᠡᠮᠡᠭᠳᠡᠯ᠎ᠦᠨ ᠬᠡᠮᠵᠢᠶ᠎ᠡ》ᠪᠣᠯᠤᠨ ᠬᠤᠪᠢᠷᠠᠪᠠ᠃ ᠲᠤᠰ ᠳᠡᠭᠡᠳᠦ ᠰᠢᠨ᠎ᠡ ᠮᠡᠷᠭᠡᠵᠢᠯ᠎ᠦᠨ ᠬᠦᠷᠢᠶᠡᠯᠡᠡᠭ ᠲᠣᠭᠣᠷᠢᠭ᠋ ᠨᠢ ᠪᠠᠰᠠ ᠠᠵᠤ ᠦᠢᠯᠡᠰ᠎ᠦᠨ ᠰᠠᠭᠤᠷᠢ ᠪᠣᠯᠣᠨ ᠰᠢᠨ᠎ᠡ᠎ᠶᠢ ᠡᠭᠦᠳᠬᠦ ᠬᠡᠷᠡᠭᠴᠡᠭᠡ᠎ᠳᠦ ᠲᠦᠰᠢᠭᠯᠡᠵᠦ᠂ 《ᠰᠤᠳᠤᠯᠤᠨ ᠨᠡᠭᠡᠭᠡᠬᠦ — ᠨᠡᠪᠴᠢᠭᠦᠯᠬᠦ — ᠠᠵᠤ ᠦᠢᠯᠡᠰᠵᠢᠭᠦᠯᠬᠦ》 ᠪᠦᠷᠢᠨ ᠪᠦᠲᠦᠨ ᠰᠢᠨ᠎ᠡ᠎ᠶᠢ ᠡᠭᠦᠳᠬᠦ ᠬᠡᠯᠬᠢᠶ᠎ᠡ᠎ᠶᠢ ᠡᠭᠦᠳᠴᠡᠢ᠃ ᠥᠪᠥᠷ ᠮᠣᠩᠭᠣᠯ᠎ᠤᠨ ᠬᠤᠤ ᠫᠦ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠬᠢᠵᠠᠭᠠᠷᠲᠤ ᠺᠣᠮᠫᠠᠨᠢ ᠯᠠᠨᠵᠧᠦ ᠶᠡᠬᠡ ᠰᠤᠷᠭᠠᠭᠤᠯᠢ᠎ᠲᠠᠢ ᠬᠠᠮᠲᠤᠷᠠᠨ ᠰᠢᠨ᠎ᠡ ᠬᠡᠯᠪᠡᠷᠢ᠎ᠶᠢᠨ ᠹᠣᠰᠹᠣᠷ᠎ᠤᠨ ᠰᠢᠲᠠᠯᠲᠠ᠎ᠶᠢ ᠬᠣᠷᠢᠭ᠍ᠯᠠᠬᠤ ᠡᠳ᠋᠎ᠦᠨ ᠨᠡᠢᠯᠡᠯᠭᠡ᠎ᠶᠢᠨ ᠮᠡᠷᠭᠡᠵᠢᠯ᠎ᠢ ᠰᠤᠳᠤᠯᠤᠨ ᠨᠡᠭᠡᠭᠡᠵᠦ᠂ ᠰᠢᠲᠠᠯᠲᠠ᠎ᠶᠢ ᠬᠣᠷᠢᠭ᠍ᠯᠠᠬᠤ ᠦᠷ᠎ᠡ ᠪᠦᠲᠦᠮᠵᠢ᠎ᠪᠡᠷ ᠳᠣᠣᠷ᠎ᠠ᠂ ᠳᠠᠭᠠᠭᠠᠮᠠᠭᠠᠢ ᠴᠢᠨᠠᠷ᠎ᠢᠶᠠᠷ ᠠᠨᠠᠢ ᠵᠡᠷᠭᠡ ᠠᠵᠢᠯ ᠲᠦᠷᠦᠯ᠎ᠦᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠤᠯᠤᠰ᠎ᠤᠨ ᠳᠣᠲᠣᠭᠠᠳᠤ᠎ᠶᠢᠨ ᠰᠢᠲᠠᠯᠲᠠ᠎ᠶᠢ ᠬᠣᠷᠢᠭ᠍ᠯᠠᠬᠤ ᠰᠢᠷᠬᠡᠭᠯᠢᠭ᠎ᠦᠨ ᠬᠦᠷᠢᠶᠡᠨ᠎ᠦ ᠬᠣᠭᠣᠰᠤᠨ᠎ᠢ ᠨᠥᠬᠥᠪᠦᠷᠢᠯᠡᠪᠡ᠃

《ᠠᠯᠠᠱᠠ ᠳᠡᠭᠡᠳᠦ ᠱᠢᠨ᠎ᠡ ᠮᠡᠷᠭᠡᠵᠢᠯ᠎ᠦᠨ ᠬᠦᠷᠢᠶᠡᠯᠡᠡᠭ ᠲᠣᠭᠣᠷᠢᠭ᠎ᠤᠨ ᠱᠢᠨ᠎ᠡ᠎ᠶ᠋ᠢ ᠡᠭᠦᠳᠬᠦ᠌ ᠰᠠᠢ᠌ᠨ ᠰᠠᠢᠬᠠᠨ ᠤᠷᠴᠢᠨ ᠠᠬᠤᠢ᠎ᠳᠤ ᠲᠦᠱᠢᠭ᠌ᠯᠡᠨ᠂ ᠪᠢᠳᠡ ᠦᠢᠯᠡᠳᠪᠦᠷᠢᠯᠡᠬᠦ ᠵᠢᠭᠠᠨ ᠰᠤᠳᠤᠯᠬᠤ ᠵᠢ ᠬᠠᠮᠵᠢᠯᠴᠠᠨ ᠪᠣᠭᠣᠮᠲᠠ ᠱᠢᠪᠲᠤᠯᠬᠤ᠎ᠶ᠋ᠢ ᠪᠠᠷᠢᠮᠲᠠᠯᠠᠵᠤ᠂ ᠲᠤᠷᠱᠢᠯᠲᠠ᠎ᠶ᠋ᠢᠨ ᠲᠠᠰᠤᠭ᠎ᠤᠨ ᠦᠷ᠎ᠡ ᠪᠦᠲᠦᠭᠡᠯ᠎ᠢ ᠠᠵᠤ ᠦᠢᠯᠡᠳᠪᠦᠷᠢᠵᠢᠯᠲᠡ᠎ᠶ᠋ᠢᠨ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ ᠵᠢ ᠲᠦᠷᠭᠡᠳᠭᠡᠪᠡ᠃ ᠯᠠᠨᠵᠧᠸ᠋ ᠶᠡᠬᠡ ᠰᠤᠷᠭᠠᠭᠤᠯᠢ᠎ᠲᠠᠶ ᠬᠠᠮᠲᠤᠷᠠᠨ ᠱᠢᠨ᠎ᠡ ᠬᠡᠯᠪᠡᠷᠢ᠎ᠶ᠋ᠢᠨ ᠹᠣᠰᠹᠣᠷ᠎ᠤᠨ ᠱᠢᠲᠠᠯᠲᠠ᠎ᠶ᠋ᠢ ᠬᠣᠷᠢᠭ᠍ᠯᠠᠬᠤ ᠡᠮ᠎ᠢ ᠰᠤᠳᠤᠯᠤᠨ ᠨᠡᠭᠡᠭᠡᠬᠦ᠌᠎ᠪᠡᠷ ᠳᠡᠮᠵᠢᠨ᠂ ᠪᠢᠳᠡ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠢ᠎ᠶ᠋ᠢ ᠠᠮᠵᠢᠯᠲᠠ᠎ᠲᠠᠶ ᠱᠢᠪᠲᠤᠯᠵᠤ᠂ ᠭᠠᠳᠠᠭᠠᠳᠤ᠎ᠠᠴᠠ ᠣᠷᠣᠭᠤᠯᠬᠤ᠎ᠶ᠋ᠢ ᠣᠷᠣᠯᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠵᠢ ᠡᠭᠦᠳᠬᠦ᠎ᠶ᠋ᠢ ᠦᠨᠡᠨ ᠬᠦ᠌ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠬᠠᠮᠤᠭ᠎ᠤᠨ ᠶᠡᠬᠡ ᠨᠡᠮᠡᠭ᠌ᠳᠡᠯ ᠬᠡᠮᠵᠢᠶ᠎ᠡ ᠪᠣᠯᠭᠠᠪᠠ》 ᠭᠡᠵᠦ᠍ ᠥᠪᠥᠷ ᠮᠣᠩᠭᠣᠯ᠎ᠤᠨ ᠬᠤᠤ ᠫᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠲᠤᠤ ᠵᠤᠤ ᠲᠢᠶᠠᠨ ᠬᠡᠯᠡᠪᠡ᠃

ᠣᠢᠯᠠᠭᠠᠭ᠍ᠰᠠᠨ᠎ᠢᠶᠠᠷ᠂ ᠠᠯᠠᠱᠠ  ᠳᠡᠭᠡᠳᠦ ᠱᠢᠨ᠎ᠡ ᠮᠡᠷᠭᠡᠵᠢᠯ᠎ᠦᠨ ᠬᠦᠷᠢᠶᠡᠯᠡᠡᠭ ᠲᠣᠭᠣᠷᠢᠭ ᠣᠲᠣ ᠨᠢᠭᠡᠨᠲᠡ ᠡᠯ᠎ᠡ ᠱᠠᠲᠤᠨ᠎ᠤ ᠡᠯ᠎ᠡ ᠲᠥᠷᠥᠯ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠢ 37 ᠶᠡᠬᠡ ᠲᠥᠷᠥᠯ 186 ᠪᠠᠢᠭᠤᠯᠵᠤ᠂ ᠣᠯᠠᠨ ᠲᠠᠰ ᠳᠠᠪᠬᠤᠷᠭ᠎ᠠ᠎ᠶ᠋ᠢᠨ᠂ ᠪᠦᠬᠦᠨ᠎ᠢ ᠬᠠᠮᠤᠷᠤᠭ᠍ᠰᠠᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠵᠢᠭ᠍ᠰᠠᠭᠠᠯ᠎ᠢ ᠪᠣᠶ ᠪᠣᠯᠭᠠᠪᠠ᠃ ᠡᠳᠡᠭᠡᠷ ᠲᠠᠪᠴᠠᠩ ᠨᠢ ᠨᠢᠭᠡᠨᠲᠡ ᠬᠦᠷᠢᠶᠡᠯᠡᠩ ᠲᠣᠭᠣᠷᠢᠭ᠎ᠤᠨ ᠠᠵᠤ ᠠᠬᠤᠢᠯᠠᠯ᠎ᠤᠨ ᠮᠡᠷᠭᠡᠵᠢᠯ᠎ᠦᠨ ᠪᠣᠭᠣᠮᠲᠠ ᠱᠢᠪᠲᠤᠯᠬᠤ 《ᠭᠣᠣᠯ ᠳᠠᠢᠯᠠᠯᠳᠤᠭᠠᠨ᠎ᠤ ᠲᠠᠯᠠᠪᠤᠷ》 ᠪᠣᠯᠵᠠᠢ᠃ 《ᠬᠦᠷᠢᠶᠡᠯᠡᠩ ᠲᠣᠭᠣᠷᠢᠭ᠎ᠤᠨ ᠭᠤᠤᠯᠯᠠᠬᠤ ᠠᠵᠤ ᠦᠶ᠋ᠯᠡᠰ᠎ᠦᠨ ᠲᠣᠭᠣᠷᠢᠨ᠎ᠳᠤ᠂ ᠨᠢᠭᠡ ᠪᠦᠯᠦᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠬᠤᠯᠠ ᠶᠡᠬᠡ ᠵᠢᠱ᠌ᠢᠶ᠎ᠡ ᠦᠵᠡᠭᠦᠯᠬᠦ᠌ ᠪᠠ ᠦᠷ᠎ᠡ ᠪᠦᠲᠦᠭᠡᠯ᠎ᠢ ᠤᠨᠳᠤᠤᠰᠢᠭᠤᠯᠬᠤ ᠲᠥᠷᠥᠯ ᠵᠦᠶ᠋ᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠨᠢᠳᠤᠨᠤᠨ ᠪᠢᠳᠡᠨ ᠤ᠋ ᠳᠤᠮᠳᠠᠳᠤ ᠤᠯᠤᠰ᠎ᠤᠨ ᠳᠠᠪᠤᠰᠤᠨ᠎ᠤ ᠬᠢᠮᠢ᠎ᠶ᠋ᠢᠨ ᠠᠵᠤ ᠦᠶ᠋ᠯᠡᠳᠪᠦᠷᠢ᠂ ᠱᠢᠩ ᠳ᠋ᠠ ᠲᠡᠮᠦᠷ᠎ᠦᠨ ᠬᠠᠢᠯᠤᠰᠢ᠎ᠶ᠋ᠢᠨ ᠬᠣᠶᠠᠷ ᠠᠵᠤ ᠠᠬᠤᠢᠯᠠᠯ ᠲᠣᠰ ᠲᠣᠰ 2025 ᠣᠨ᠎ᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠤᠰᠭᠠᠶ ᠵᠦᠶ᠋ᠯ᠂ ᠭᠤᠤᠯᠳᠠᠯᠭ᠎ᠠ᠎ᠲᠠᠶ ᠰᠤᠳᠤᠯᠤᠨ ᠨᠡᠭᠡᠭᠡᠬᠦ᠌ ᠪᠠ ᠦᠷ᠎ᠡ ᠪᠦᠲᠦᠭᠡᠯ᠎ᠢ ᠤᠨᠳᠤᠤᠰᠢᠭᠤᠯᠬᠤ ᠪᠠᠯᠠ ᠮᠥᠩᠭᠥ᠎ᠶ᠋ᠢ 500 ᠲᠦᠮᠡᠨ ᠲᠥᠭᠥᠷᠢᠭ ᠪᠠ 100 ᠲᠦᠮᠡᠨ ᠲᠥᠭᠥᠷᠢᠭ ᠤᠯᠪᠠ᠃ 2026 ᠣᠨ᠎ᠤ ᠲᠥᠪ᠎ᠦᠨ ᠣᠷᠣᠨ ᠨᠤᠲᠤᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠭ᠌ᠵᠢᠯᠲᠡ᠎ᠶ᠋ᠢ ᠬᠥᠲᠥᠯᠥᠨ ᠵᠢᠯᠣᠭᠣᠳᠭᠤ ᠲᠤᠰᠭᠠᠶ ᠪᠠᠯᠠ ᠮᠥᠩᠭᠥ᠎ᠶ᠋ᠢᠨ ᠲᠥᠷᠥᠯ ᠵᠦᠶ᠋ᠯ᠎ᠢ 4᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠰᠤᠳᠤᠯᠤᠨ ᠨᠡᠭᠡᠭᠡᠬᠦ᠌ ᠪᠠ ᠦᠷ᠎ᠡ ᠪᠦᠲᠦᠭᠡᠯ᠎ᠢ ᠤᠨᠳᠤᠤᠱᠢᠭᠤᠯᠬᠤ ᠲᠥᠷᠥᠯ ᠵᠦᠶ᠋ᠯ᠎ᠢ 4᠂ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠯᠥᠪᠯᠡᠭᠡ᠎ᠶ᠋ᠢᠨ ᠲᠥᠷᠥᠯ ᠵᠦᠶ᠋ᠯ᠎ᠢ 2 ᠂ ᠬᠢᠮᠢ᠎ᠶ᠋ᠢᠨ ᠠᠵᠤ ᠦᠶ᠋ᠯᠡᠳᠪᠦᠷᠢ᠂ ᠱᠢᠨ᠎ᠡ ᠮᠠᠲ᠋ᠧᠷᠢᠶᠠᠯ ᠵᠡᠷᠭᠡ ᠬᠦᠷᠢᠶ᠎ᠠ ᠴᠠᠷᠠᠭᠠᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠬᠤᠯᠠ ᠶᠡᠬᠡ ᠡᠭᠦᠷᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ  ᠵᠢ14  ᠲᠡᠪᠰᠢᠬᠦᠯᠦᠨ ᠮᠡᠳᠡᠭᠦᠯᠪᠡ᠃ ᠠᠢᠮᠠᠭ᠎ᠤᠨ ᠲᠡᠰ᠎ᠤᠨ〈ᠳᠤᠡᠭᠬᠠᠭ ᠨᠡᠢᠳᠡᠯᠡᠵᠦ ᠮᠠᠡᠭᠯᠠᠢᠯᠠᠬᠴᠢ ᠡᠯᠰᠡᠬᠦ〉 ᠲᠥᠷᠥᠯ ᠵᠦᠢᠯ᠎ᠢ 3 ᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠴᠦ᠍ ᠬᠥᠲᠥᠯᠥᠨ ᠵᠢᠯᠣᠭᠣᠳᠭᠤ ᠲᠥᠷᠥᠯ ᠵᠦᠢᠯ᠎ᠢ 4 ᠵᠥᠪᠱᠢᠶᠡᠷᠡᠪᠡ》 ᠭᠡᠵᠦ᠍ ᠠᠯᠠᠱᠠ ᠳᠡᠭᠡᠳᠦ ᠱᠢᠨ᠎ᠡ ᠮᠡᠷᠭᠡᠵᠢᠯ᠎ᠦᠨ ᠬᠦᠷᠢᠶᠡᠯᠡᠡᠭ ᠲᠣᠭᠣᠷᠢᠭ᠎ᠤᠨ ᠪᠠᠯᠠ ᠣᠷᠣᠭᠤᠯᠤᠯᠲᠠ᠎ᠶ᠋ᠢ ᠠᠬᠢᠭᠤᠯᠬᠤ ᠲᠣᠪᠴᠢᠶ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠯᠪᠠᠨ ᠬᠡᠷ᠎ᠦᠨ ᠡᠷᠬᠢᠯᠡᠭ᠌ᠴᠢ ᠤᠯᠠᠭᠠᠨᠲᠤᠶᠠᠭ᠎ᠠ ᠲᠠᠨᠢᠯᠴᠠᠭᠤᠯᠪᠠ᠃

ᠬᠦᠷᠢᠶᠡᠯᠡᠩ ᠲᠣᠭᠣᠷᠢᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠱᠢᠭᠤᠯᠬᠤ ᠶ᠋ᠢ ᠤᠯᠠᠮ ᠨᠢᠭᠡ ᠠᠯᠬᠤᠮ ᠠᠬᠢᠭᠤᠯᠬᠤ᠎ᠶ᠋ᠢᠨ ᠲᠥᠯᠥᠭᠡ᠂ ᠠᠯᠠᠱᠠ ᠳᠡᠭᠡᠳᠦ ᠱᠢᠨ᠎ᠡ ᠮᠡᠷᠭᠡᠵᠢᠯ᠎ᠦᠨ ᠬᠦᠷᠢᠶᠠᠯᠡᠡᠭ ᠲᠣᠭᠣᠷᠢᠭ᠎ᠤᠨ᠎ᠬᠢᠨ《ᠲᠥᠷᠥ᠎ᠶ᠋ᠢᠨ ᠪᠣᠳᠣᠯᠭ᠎ᠠ᠎ᠶ᠋ᠢ ᠱᠢᠭᠤᠳ ᠬᠦᠷᠭᠡᠬᠦ᠌》 ᠦᠶ᠋ᠯᠡᠴᠢᠯᠡᠭᠡ᠎ᠶ᠋ᠢ ᠢᠳᠡᠪᠬᠢᠲᠡᠶ ᠥᠷᠨᠢᠭᠦᠯᠵᠦ᠍᠂ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ᠎ᠤᠨ ᠠᠵᠢᠯᠯᠠᠬᠤ ᠥᠷᠲᠡᠭᠡ ᠵᠢᠴᠢ ᠮᠡᠷᠭᠡᠵᠢᠯ᠎ᠦᠨ ᠵᠠᠭᠤᠴᠢᠯᠠᠭ᠍ᠴᠢ᠎ᠶ᠋ᠢᠨ ᠡᠩᠨᠡᠭᠡ᠎ᠳᠦ ᠲᠦᠱᠢᠭ᠌ᠯᠡᠨ᠂ ᠣᠯᠠᠨ ᠰᠠᠯᠠᠭ᠎ᠠ ᠦᠶ᠋ᠯᠡᠴᠢᠯᠡᠭᠡᠨ᠎ᠦ ᠬᠤᠪᠢᠶᠠᠷᠢ ᠠᠩᠭᠢ᠎ᠶ᠋ᠢ ᠲᠣᠮᠢᠯᠠᠨ᠂ ᠠᠵᠤ ᠠᠬᠤᠢᠯᠠᠯ᠎ᠳᠤ 《ᠨᠢᠭᠡ ᠵᠢ ᠨᠢᠭᠡ᠎ᠳᠦ ᠬᠠᠷᠠᠭᠠᠯᠵᠠᠭᠤᠯᠬᠤ》 ᠬᠠᠪᠰᠤᠷᠤᠨ ᠵᠢᠯᠣᠭᠣᠳᠭᠤ ᠠᠵᠢᠯ ᠥᠷᠨᠢᠭᠦᠯᠵᠦ᠍᠂ ᠠᠵᠤ ᠠᠬᠤᠢᠯᠠᠯ᠎ᠢ ᠵᠢᠯᠣᠭᠣᠳᠤᠨ ᠰᠤᠳᠤᠯᠤᠨ ᠨᠡᠭᠡᠭᠡᠬᠦ᠌ ᠵᠠᠷᠤᠳᠠᠯ᠎ᠢ ᠨᠠᠮᠠᠨ ᠪᠤᠳᠤᠵᠤ ᠰᠠᠭᠤᠯᠭᠠᠨ ᠠᠪᠬᠤ ᠵᠡᠷᠭᠡ ᠭᠠᠢᠯᠢ ᠲᠠᠲᠠᠪᠤᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠭᠦᠶ᠋ᠴᠡᠳ ᠬᠦᠷᠲᠡᠭᠡᠵᠦ᠍᠂ ᠰᠤᠳᠤᠯᠤᠨ ᠨᠡᠭᠡᠭᠡᠬᠦ᠌ ᠵᠠᠷᠤᠳᠠᠯ᠎ᠢ ᠲᠣᠭᠠᠴᠠᠭ᠎ᠠ ᠬᠢᠬᠦ᠌ ᠪᠠ ᠲᠠᠭ᠍ᠯᠠᠨ ᠮᠡᠳᠡᠭᠦᠯᠬᠦ᠌᠎ᠶ᠋ᠢ ᠵᠢᠷᠤᠮᠵᠢᠭᠤᠯᠵᠤ᠂ ᠠᠵᠤ ᠠᠬᠤᠢᠯᠠᠯ᠎ᠢ ᠬᠠᠪᠰᠤᠷᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢ ᠳᠠᠨᠵᠢᠯᠠᠵᠤ ᠪᠠᠯᠠ ᠳᠣᠭᠢᠷᠠᠭᠤᠯᠬᠤ᠎ᠪᠠᠷ ᠭᠤᠶᠤᠴᠢᠯᠠᠭ᠍ᠰᠠᠨ᠎ᠨᠢ 2 ᠳ᠋ᠦᠩᠱᠢᠭᠤᠷ ᠲᠥᠭᠥᠷᠢᠭ᠎ᠢ ᠳᠠᠪᠠᠵᠤ᠂ ᠳᠡᠭᠡᠳᠦ ᠱᠠᠲᠤᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠰᠭᠠᠶ ᠪᠠᠯᠠ ᠮᠥᠩᠭᠥ᠎ᠶ᠋ᠢ 1245.21 ᠲᠦᠮᠡᠨ ᠲᠥᠭᠥᠷᠢᠭ ᠣᠯᠵᠤ᠂ ᠠᠳᠠᠯᠢ ᠬᠤᠭᠤᠴᠠᠭᠠᠨ᠎ᠤ᠎ᠬᠢ᠎ᠡᠴᠡ 75% ᠎ᠪᠠᠷ ᠨᠡᠮᠡᠭ᠌ᠳᠡᠪᠡ᠃ ᠡᠭᠦᠨ᠎ᠦ ᠬᠠᠮᠲᠤ᠂ ᠠᠵᠤ ᠦᠶ᠋ᠯᠡᠰ᠎ᠢ ᠵᠣᠯᠭᠠᠭᠤᠯᠬᠤ ᠲᠠᠪᠴᠠᠩ᠎ᠢ ᠪᠠᠢᠭᠤᠯᠵᠤ᠂ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠦᠷᠢᠶ᠎ᠠ ᠴᠠᠷᠠᠭᠠᠨ᠎ᠦ ᠠᠵᠤ ᠠᠬᠤᠢᠯᠠᠯ᠎ᠢ ᠵᠣᠬᠢᠶᠠᠨ ᠪᠠᠢᠭᠤᠯᠵᠤ ᠵᠧᠵᠢᠶᠠᠩ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠲᠠᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠵᠣᠯᠭᠠᠭᠤᠯᠬᠤ ᠰᠣᠯᠢᠯᠴᠠᠭᠠᠨ᠎ᠤ ᠬᠤᠷᠠᠯ ᠬᠢᠵᠤ᠂ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠪᠣᠯᠪᠠᠰᠤᠷᠠᠯ᠎ᠤᠨ ᠠᠩᠭᠢ ᠡᠷᠭᠢᠯᠡᠵᠦ᠍᠂ ᠦᠶ᠋ᠯᠡᠳᠪᠦᠷᠢᠯᠡᠬᠦ᠌ ᠵᠢᠭᠠᠨ ᠰᠤᠳᠤᠯᠬᠤ᠎ᠶ᠋ᠢ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠪᠡ᠃

ᠣᠢᠯᠠᠭᠠᠭ᠍ᠰᠠᠨ᠎ᠢᠶᠠᠷ᠂ ᠨᠢᠳᠤᠨᠤᠨ ᠠᠯᠠᠱᠠ ᠳᠡᠭᠡᠳᠦ ᠱᠢᠨ᠎ᠡ ᠮᠡᠷᠭᠡᠵᠢᠯ᠎ᠦᠨ ᠬᠦᠷᠢᠶᠡᠯᠡᠡᠭ ᠲᠣᠭᠣᠷᠢᠭ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠾᠦᠸᠸ ᠵᠢᠤᠢ ᠲᠥᠪ᠎ᠦᠨ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠬᠡᠯᠪᠡᠷᠢ᠎ᠶ᠋ᠢᠨ ᠬᠢᠨᠠᠨ ᠪᠠᠢᠴᠠᠭᠠᠯᠲᠠ ᠪᠠ ᠲᠤᠰᠭᠠᠶ ᠮᠡᠷᠭᠡᠵᠢᠯᠲᠡᠨ᠎ᠦ ᠬᠢᠨᠠᠨ ᠲᠣᠭ᠍ᠲᠠᠭᠠᠯᠲᠠ ᠵᠢ ᠠᠮᠵᠢᠯᠳᠠ ᠲᠠᠢ ᠦᠡᠭᠭᠡᠷᠡᠬᠡᠵᠦ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠠᠴᠠ ᠴᠤᠬᠤᠯᠠᠪᠤᠷᠢᠯᠠᠬᠰᠠᠨ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠬᠦᠷᠢᠶᠠᠯᠠᠡᠭ ᠲᠣᠭᠣᠷᠢᠭ ᠤ᠋ᠨ ᠨᠡᠷᠡᠰ᠎ᠦᠨ ᠵᠢᠭ᠍ᠰᠠᠭᠠᠯᠳᠠ᠎ᠳᠤ ᠣᠷᠣᠵᠠᠶ᠂ ᠡᠨᠡ ᠬᠦ᠌ ᠪᠡᠯᠭᠡ ᠲᠡᠮᠳᠡᠭ᠎ᠦᠨ ᠴᠢᠨᠠᠷᠲᠠᠶ ᠱᠢᠪᠲᠤᠯᠤᠯᠲᠠ ᠨᠢ ᠬᠦᠷᠢᠶᠡᠯᠡᠩ ᠲᠣᠭᠣᠷᠢᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ ᠱᠢᠨ᠎ᠡ ᠱᠠᠲᠤᠨ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号