ᠮᠠᠨ ᠤ᠋ ᠤᠷᠤᠨ 4 ᠲᠠᠯ᠎ᠠ ᠵᠢᠨ ᠠᠵᠢᠯ ᠢ᠋ ᠭᠤᠤᠯᠳᠠᠯᠭ᠎ᠠ ᠲᠠᠢ ᠠᠳᠬᠤᠵᠤ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠳᠡᠭᠡᠭᠰᠢᠯᠡᠭᠦᠯᠤᠨ᠎ᠠ
2026-03-26 09:43:50
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠣᠨᠢᠨ ᠮᠡᠳᠡᠭᠡᠨ ᠤ᠋ ᠠᠯᠪᠠᠨ ᠬᠡᠷ ᠤ᠋ᠨ ᠲᠦᠷᠦᠭᠦᠬᠡᠨ ᠬᠤᠷᠠᠯᠳᠤᠭᠤᠯᠤᠭ᠍ᠰᠠᠨ 《〈1571〉 ᠠᠵᠢᠯ ᠤ᠋ᠨ ᠪᠠᠢᠷᠢᠯᠠᠭᠤᠯᠤᠯᠲᠠ ᠵᠢ ᠲᠤᠭᠤᠱᠢᠯᠠᠭᠤᠯᠵᠤ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ》 ᠱᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠤ᠋ᠨ ᠠᠷᠪᠠᠳᠤᠭᠠᠷ ᠲᠠᠯᠠᠪᠠᠶ ᠬᠤᠷᠠᠯ ᠡᠴᠡ ᠣᠢᠯᠠᠭᠠᠭ᠍ᠰᠠᠨ ᠵᠢᠡᠷ᠂ ᠮᠠᠨ ᠤ᠋ ᠤᠷᠤᠨ ᠡᠨᠡ ᠵᠢᠯ 《ᠠᠵᠢᠯ ᠤ᠋ᠨ ᠰᠢᠰᠲᠸᠮ ᠢ᠋ ᠪᠠᠢᠭᠤᠯᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ᠋ ᠴᠢᠡᠭᠭᠠᠳᠬᠠᠬᠤ᠂ ᠬᠡᠪᠴᠢᠶ᠎ᠡ ᠵᠢ ᠦᠷᠭᠡᠳᠭᠦ᠂ ᠦᠢᠯᠡᠴᠢᠯᠡᠭᠡ ᠵᠢ ᠰᠢᠯᠢᠳᠡᠭᠵᠢᠭᠦᠯᠬᠦ》 4 ᠲᠠᠯ᠎ᠠ ᠶ᠋ᠢᠨ ᠠᠵᠢᠯ ᠢ᠋ ᠭᠤᠤᠯᠳᠠᠯᠭ᠎ᠠ ᠲᠠᠢ ᠠᠳᠬᠤᠵᠤ᠂ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠳᠡᠭᠡᠭᠰᠢᠯᠡᠭᠦᠯᠬᠦ ᠪᠤᠯᠤᠨ᠎ᠠ᠃

ᠠᠵᠢᠯ ᠤ᠋ᠨ ᠰᠢᠰᠲᠸᠮ ᠢ᠋ ᠪᠠᠢᠭᠤᠯᠤᠨ᠎ᠠ᠃ ᠮᠠᠨ ᠤ᠋ ᠤᠷᠤᠨ ᠡᠨᠡ ᠵᠢᠯ 《ᠭᠤᠤᠯ ᠪᠣᠯᠬᠤ ᠠᠮᠤ ᠲᠣᠰᠣᠨ ᠤ᠋ ᠲᠠᠷᠢᠮᠠᠯ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠪᠥᠲᠥᠭᠡᠨ ᠪᠠᠢᠭᠤᠯᠤᠯᠲᠠ ᠶ᠋ᠢᠨ ᠣᠨ》 ᠤ᠋ ᠠᠵᠢᠯᠯᠠᠭ᠎ᠠ ᠵᠢ ᠡᠬᠢᠯᠡᠭᠦᠯᠵᠦ᠂ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠪᠥᠲᠥᠭᠡᠨ ᠪᠠᠢᠭᠤᠯᠤᠯᠲᠠ ᠶ᠋ᠢᠨ ᠣᠨ ᠤ᠋ ᠶᠡᠷᠦᠩᠬᠡᠶ ᠲᠥᠰᠦᠯ᠂ 5 ᠵᠦᠶ᠋ᠯ ᠤ᠋ᠨ ᠭᠤᠤᠯᠳᠠᠯᠭ᠎ᠠ ᠲᠠᠶ ᠡᠭᠦᠷᠭᠡ᠂ 5 ᠵᠦᠶ᠋ᠯ ᠤ᠋ᠨ ᠬᠠᠮᠢᠶᠠᠷᠤᠯᠲᠠ ᠶ᠋ᠢᠨ ᠲᠦᠷᠢᠮ ᠪᠤᠯᠤᠨ N ᠵᠦᠢᠯ ᠤ᠋ᠨ ᠢᠵᠢ ᠪᠦᠷᠢᠳᠦᠭᠦᠯᠬᠦ᠌ ᠲᠥᠰᠦᠯ ᠵᠢᠡᠷ ᠪᠦᠷᠢᠯᠳᠦᠭᠰᠡᠨ 《1 + 5 + 5 + N》 ᠠᠵᠢᠯ ᠤ᠋ᠨ ᠱᠢᠰᠲ᠋ᠧᠮ ᠢ᠋ ᠪᠠᠢᠭᠤᠯᠵᠤ᠂ ᠡᠯ᠎ᠡ ᠵᠦᠶ᠋ᠯ ᠤ᠋ᠨ ᠠᠵᠢᠯ ᠢ᠋ ᠯᠠᠪᠳᠠᠭᠤᠨ ᠪᠠᠲᠤᠲᠠᠶ ᠠᠬᠢᠭᠤᠯᠬᠤ ᠵᠢ ᠦᠨᠡᠨ ᠬᠦ᠌ ᠪᠠᠲᠤᠯᠠᠨ᠎ᠠ᠃ ᠡᠭᠦᠨ ᠤ᠋ ᠬᠠᠮᠲᠤ᠂ 《ᠬᠤᠤᠰ ᠮᠢᠩᠭ᠎ᠠ ᠬᠤᠤᠰ ᠵᠠᠭᠤ》 ᠶ᠋ᠢᠨ ᠮᠡᠷᠭᠡᠵᠢᠯ ᠢ᠋ ᠨᠠᠢᠳᠠᠪᠤᠷᠢᠵᠢᠭᠤᠯᠬᠤ ᠱᠢᠨ᠎ᠡ ᠪᠠᠢᠷᠢᠱᠢᠯ ᠢ᠋ ᠪᠠᠢᠭᠤᠯᠵᠤ᠂ ᠵᠡᠭᠦᠨ ᠪᠠᠶ᠎ᠠ ᠳ᠋ᠤ ᠲᠦᠩᠯᠢᠶᠣᠤ ᠬᠣᠲᠠ ᠪᠠᠷ ᠭᠤᠤᠯ ᠪᠤᠯᠭᠠᠨ ᠪᠠᠷᠠᠭᠤᠨ ᠪᠠᠶ᠎ᠠ ᠳ᠋ᠤ ᠪᠠᠶᠠᠨᠨᠠᠭᠤᠷ ᠬᠣᠲᠠ ᠪᠠᠷ ᠭᠤᠤᠯ ᠪᠤᠯᠭᠠᠵᠤ ᠪᠠᠢᠭᠠᠳ ᠲᠤᠰ ᠲᠤᠰ ᠮᠢᠩᠭᠠᠨ ᠲᠦᠮᠡᠨ ᠮᠥ᠍ ᠡᠷᠳᠡᠨᠢ ᠱᠢᠰᠢ ᠵᠢ ᠨᠢᠭ᠍ᠲᠠ ᠳᠠᠷᠢᠵᠤ ᠨᠠᠷᠢᠨ ᠣᠨᠣᠴᠠᠲᠠᠶ ᠲᠣᠬᠢᠷᠠᠭᠤᠯᠤᠨ ᠡᠵᠡᠮᠳᠡᠬᠦ᠌ ᠮᠡᠷᠭᠡᠵᠢᠯ ᠢ᠋ ᠪᠣᠳᠠᠲᠠᠢᠵᠢᠭᠤᠯᠬᠤ ᠵᠢ ᠰᠠᠢᠳᠤᠷ ᠠᠳᠬᠤᠨ᠎ᠠ; ᠬᠦᠯᠦᠨ ᠪᠤᠢᠷ ᠬᠣᠲᠠ ᠶ᠋ᠢᠨ ᠵᠠᠭᠤᠨ ᠲᠦᠮᠡᠨ ᠮᠥ᠍ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠬᠤ ᠪᠥᠲᠥᠭᠡᠨ ᠪᠠᠢᠭᠤᠯᠤᠯᠲᠠ ᠵᠢ ᠰᠠᠢᠲᠤᠷ ᠠᠳᠬᠤᠵᠤ᠂ ᠤᠯᠠᠭᠠᠨᠬᠠᠳᠠ ᠬᠣᠲᠠ ᠪᠠ ᠤᠯᠠᠭᠠᠨᠴᠠᠪ ᠬᠣᠲᠠ ᠵᠡᠷᠭᠡ ᠭᠠᠵᠠᠷ ᠤ᠋ᠨ ᠵᠠᠭᠤᠨ ᠲᠦᠮᠡᠨ ᠮᠦ᠍ ᠬᠠᠭᠤᠷᠠᠶ ᠲᠠᠷᠢᠶᠠᠨ ᠤ᠋ ᠠᠮᠤ ᠪᠤᠳᠠᠭᠠᠨ ᠤ᠋ ᠬᠥᠮᠥᠷᠭᠡ ᠶ᠋ᠢᠨ ᠵᠢᠱ᠌ᠢᠶ᠎ᠡ ᠦᠵᠡᠭᠦᠯᠬᠦ᠌ ᠲᠣᠭᠣᠷᠢᠭ ᠤ᠋ᠨ ᠪᠦᠲᠦᠭᠡᠨ ᠪᠠᠢᠭᠤᠯᠤᠯᠲᠠ ᠵᠢ ᠰᠠᠢᠲᠤᠷ ᠠᠳᠬᠤᠨ᠎ᠠ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ᠋ ᠴᠢᠡᠭᠭᠠᠳᠬᠠᠨ᠎ᠠ᠃ ᠮᠠᠨ ᠤ᠋ ᠤᠷᠤᠨ ᠡᠨᠡ ᠵᠢᠯ ᠰᠠᠢᠨ ᠲᠠᠷᠢᠶ᠎ᠠ᠂ ᠰᠠᠢᠨ ᠡᠭᠦᠯᠳᠡᠷ᠂ ᠰᠠᠢᠨ ᠮᠠᠰᠢᠨ᠂ ᠰᠠᠢᠨ ᠮᠡᠷᠭᠡᠵᠢᠯ ᠢ᠋ ᠠᠭᠤᠰᠤᠯᠴᠠᠭᠤᠯᠤᠨ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠵᠡᠷᠭᠡ ᠤᠯᠤᠰ ᠤ᠋ᠨ ᠠᠩᠭᠢ ᠲᠠᠶ ᠣᠷᠳᠣ ᠬᠤᠭᠤᠴᠠᠭᠠᠨ ᠤ᠋ ᠪᠠᠢᠯᠳᠤᠬᠤ ᠪᠣᠳᠣᠯᠭ᠎ᠠ ᠶ᠋ᠢᠨ ᠬᠠᠮᠲᠤᠷᠠᠯᠴᠠᠭ᠎ᠠ ᠥᠷᠨᠢᠭᠦᠯᠵᠦ᠍᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠲᠠᠷᠢᠮᠠᠯ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠭᠠᠵᠠᠷ ᠤ᠋ᠨ ᠰᠤᠳᠤᠯᠤᠭ᠍ᠴᠢ ᠯᠢ ᠱᠤᠤ ᠺᠦᠨ ᠵᠡᠷᠭᠡ 4 ᠠᠺᠠᠳᠧᠮᠢᠴᠢ ᠲᠤᠰᠭᠠᠶ ᠮᠡᠷᠭᠡᠵᠢᠯᠲᠡᠨ ᠢ᠋ 《ᠥᠪᠡᠷᠲᠡᠭᠡᠨ ᠵᠠᠰᠠᠬᠤ ᠣᠷᠣᠨ ᠤ᠋ ᠠᠮᠤ ᠪᠤᠳᠠᠭᠠᠨ ᠤ᠋ ᠦᠶ᠋ᠯᠡᠳᠪᠦᠷᠢᠯᠡᠯ ᠤ᠋ᠨ ᠵᠥᠪᠯᠡᠭ᠌ᠴᠢ》 ᠪᠡᠷ ᠤᠷᠢᠵᠤ ᠬᠡᠷᠡᠭᠯᠡᠨ᠎ᠡ᠃ ᠲᠤᠯᠭᠠᠭᠤᠷᠢᠯᠠᠬᠤ ᠦᠢᠯᠡᠳᠦᠯ ᠦᠵᠡᠭᠦᠯᠵᠦ ᠪᠠᠢᠭ᠎ᠠ 40 ᠱᠢᠶᠠᠨ ᠤ᠋ ᠰᠠᠭᠤᠷᠢ ᠵᠢ ᠪᠡᠬᠢᠵᠢᠬᠦᠯᠬᠦ᠂ ᠭᠣᠣᠯᠳᠠᠯᠭ᠎ᠠ ᠲᠠᠶ ᠵᠢᠱ᠌ᠢᠶ᠎ᠡ ᠦᠵᠡᠭᠦᠯᠬᠦ᠌ 20 ᠱᠢᠶᠠᠨ ᠢ᠋ ᠳᠠᠭᠤᠷᠢᠶᠠᠯ ᠪᠣᠯᠭᠠᠨ ᠴᠤᠭᠴᠠᠯᠠᠬᠤ ᠪᠤᠯᠤᠨ ᠭᠤᠷᠪᠠᠨ ᠱᠠᠲᠤ ᠪᠡᠷ ᠬᠣᠯᠪᠣᠭᠠᠯᠠᠨ ᠬᠦᠳᠡᠯᠤᠯᠴᠡᠭᠰᠡᠨ ᠳᠠᠭᠤᠷᠢᠶᠠᠯ ᠦᠵᠡᠭᠦᠯᠬᠦ᠌ 4 ᠱᠢᠶᠠᠨ ᠤ᠋ ᠪᠠᠢᠭᠤᠯᠤᠯᠳᠠ ᠳ᠋ᠤ ᠱᠢᠪᠲᠤᠯᠤᠯᠲᠠ ᠭᠠᠷᠭᠠᠬᠤ ᠵᠢ ᠭᠣᠣᠯᠳᠠᠯᠭ᠎ᠠ ᠲᠠᠶ ᠳᠠᠮᠵᠢᠨ᠎ᠠ᠃

ᠬᠡᠪᠴᠢᠶ᠎ᠡ ᠵᠢ ᠦᠷᠭᠡᠳᠬᠡᠨ᠎ᠡ᠃ ᠮᠠᠨ ᠤ᠋ ᠤᠷᠤᠨ ᠡᠨᠡ ᠵᠢᠯ ᠤᠯᠤᠰ ᠤ᠋ᠨ ᠡᠷᠳᠡᠨᠢ ᠱᠢᠰᠢ ᠱᠢᠷ᠎ᠠ ᠪᠤᠷᠴᠠᠭ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠬᠦ᠌ ᠬᠡᠪᠴᠢᠶ᠎ᠡ ᠵᠢ 8 ᠠᠢᠮᠠᠭ ᠬᠣᠲᠠ ᠡᠴᠡ 10 ᠠᠢᠮᠠᠭ ᠬᠣᠲᠠ ᠪᠤᠯᠲᠠᠯ᠎ᠠ ᠦᠷᠭᠡᠳᠬᠡᠨ᠎ᠡ᠃ ᠤᠯᠤᠰ ᠤ᠋ᠨ ᠲᠠᠰ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ ᠵᠢ ᠰᠢᠶᠠᠨ ᠵᠢᠡᠷ ᠨᠢᠬᠡᠴᠢ ᠪᠤᠯᠭᠠᠨ ᠰᠢᠰᠲ᠋ᠸᠮᠳᠤ ᠴᠢᠨᠠᠷᠳᠠᠢ᠂ ᠪᠦᠬᠦᠯᠢ ᠴᠤᠭᠴᠠᠳᠤ ᠴᠢᠨᠠᠷᠳᠠᠢ ᠪᠡᠷ ᠠᠬᠢᠭᠤᠯᠬᠤ ᠬᠤᠰᠢᠭᠤ ᠰᠢᠶᠠᠨ ᠢ᠋ 16 ᠨᠡᠮᠡᠭ᠌ᠳᠡᠭᠦᠯᠦᠨ 65 ᠳ᠋ᠤ ᠬᠦᠷᠬᠡᠵᠤ᠂ 《ᠨᠢᠭᠡ ᠱᠢᠶᠠᠨ ᠳ᠋ᠤ ᠨᠢᠭᠡ ᠲᠥᠷᠥ ᠶ᠋ᠢᠨ ᠪᠣᠳᠣᠯᠭ᠎ᠠ》 ᠶ᠋ᠢᠨ ᠠᠷᠭ᠎ᠠ ᠬᠡᠯᠪᠡᠷᠢ ᠪᠡᠷ ᠳᠠᠮᠵᠢᠨ ᠮᠦ᠍ ᠨᠢᠭᠡᠴᠢ ᠶ᠋ᠢᠨ ᠤᠨᠠᠯᠲᠠ ᠵᠢ ᠲᠠᠬᠡᠭᠰᠢᠯᠡᠬᠦᠯᠦᠨ᠎ᠠ᠃ ᠲᠦᠩᠯᠢᠶᠣᠤ ᠬᠣᠲᠠ ᠪᠤᠯᠤᠨ ᠪᠠᠶᠠᠨᠨᠠᠭᠤᠷ ᠬᠣᠲᠠ ᠵᠢ ᠤᠯᠤᠰ ᠤ᠋ᠨ ᠲᠠᠰ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ ᠵᠢ ᠠᠢᠮᠠᠭ ᠬᠤᠳᠠ ᠪᠡᠷ ᠨᠢᠬᠡᠴᠢ ᠪᠤᠯᠭᠠᠨ ᠰᠢᠰᠲ᠋ᠸᠮᠳᠤ ᠴᠢᠨᠠᠷᠳᠠᠢ᠂ ᠪᠦᠬᠦᠯᠢ ᠴᠤᠭᠴᠠᠳᠤ ᠴᠢᠨᠠᠷᠳᠠᠢ ᠪᠡᠷ ᠠᠬᠢᠭᠤᠯᠬᠤ ᠬᠣᠲᠠ ᠪᠤᠯᠭᠠᠨ ᠱᠢᠨ᠎ᠡ ᠪᠡᠷ ᠪᠠᠢᠭᠤᠯᠵᠤ᠂ ᠮᠢᠩᠭᠠᠨ ᠲᠦᠮᠡᠨ ᠮᠥ᠍ ᠶ᠋ᠢᠨ ᠡᠷᠳᠡᠨᠢ ᠱᠢᠰᠢ ᠵᠢ ᠨᠢᠭ᠍ᠲᠠ ᠲᠠᠷᠢᠵᠤ ᠨᠠᠷᠢᠨ ᠣᠨᠣᠴᠠᠲᠠᠶ ᠳᠣᠭᠢᠷᠠᠭᠤᠯᠤᠨ ᠡᠵᠡᠮᠳᠡᠬᠦ᠌ ᠮᠡᠷᠭᠡᠵᠢᠯ ᠤ᠋ᠨ 2 ᠬᠡᠷᠡᠭ᠌ᠯᠡᠭᠡᠨ ᠤ᠋ ᠰᠠᠭᠤᠷᠢᠨ ᠢ᠋ ᠴᠤᠭᠴᠠᠯᠠᠨ᠂ ᠲᠸᠭᠨᠢᠭ ᠮᠡᠷᠭᠡᠵᠢᠯ ᠢ᠋ ᠳᠡᠯᠭᠡᠷᠡᠭᠦᠯᠬᠦ ᠬᠡᠪᠴᠢᠶ᠎ᠡ ᠵᠢ ᠦᠷᠭᠡᠳᠬᠡᠨ  ᠨᠠᠢᠳᠠᠪᠤᠷᠢᠵᠢᠭᠤᠯᠬᠤ ᠪᠡᠷ ᠳᠠᠮᠵᠢᠨ ᠶᠡᠬᠡ ᠬᠡᠪᠴᠢᠶ᠎ᠡ ᠪᠡᠷ ᠳᠠᠷᠢᠭᠰᠠᠨ ᠡᠷᠳᠡᠨᠢ ᠰᠢᠰᠢ ᠵᠢᠨ ᠤᠨᠠᠯᠲᠠ ᠵᠢ ᠲᠡᠡᠭᠴᠡᠭᠦᠷᠢᠲᠡᠢ ᠪᠡᠷ ᠲᠡᠬᠡᠭᠰᠢᠯᠡᠬᠦᠯᠬᠦ ᠵᠢ ᠪᠡᠶᠡᠯᠡᠭᠦᠯᠦᠨ᠎ᠡ᠃

ᠦᠢᠯᠡᠴᠢᠯᠡᠭᠡ ᠵᠢ ᠰᠢᠯᠢᠳᠡᠭᠵᠢᠭᠦᠯᠦᠨ᠎ᠡ᠃ ᠮᠠᠨ ᠤ᠋ ᠤᠷᠤᠨ ᠡᠨᠡ ᠵᠢᠯ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠵᠢ ᠰᠢᠶᠠᠨ ᠵᠢᠡᠷ ᠨᠢᠬᠡᠴᠢ ᠪᠤᠯᠭᠠᠨ ᠰᠢᠰᠲ᠋ᠸᠮᠳᠤ ᠴᠢᠨᠠᠷᠳᠠᠢ᠂ ᠪᠦᠬᠦᠯᠢ ᠴᠤᠭᠴᠠᠳᠤ ᠴᠢᠨᠠᠷᠳᠠᠢ ᠪᠡᠷ ᠠᠬᠢᠭᠤᠯᠬᠤ ᠬᠤᠰᠢᠭᠤ ᠰᠢᠶᠠᠨ ᠢ᠋ ᠴᠦᠮ ᠨᠡᠢᠭᠡᠮᠴᠢᠯᠡᠭ᠌ᠰᠡᠨ ᠦᠢᠯᠡᠴᠢᠯᠡᠭᠡᠨ ᠤ᠋ ᠳᠡᠮᠵᠢᠯᠬᠡ ᠵᠢᠨ ᠬᠦᠷᠢᠶ᠎ᠠ ᠬᠡᠪᠴᠢᠶᠡᠨ ᠳ᠋ᠦ ᠣᠷᠣᠭᠤᠯᠵᠤ᠂ ᠲᠥᠷᠥᠯ ᠵᠦᠢᠯ ᠢ᠋ ᠨᠢᠭᠡᠳᠦᠯᠲᠡᠢ ᠲᠦᠯᠦᠪᠵᠢᠭᠦᠯᠦᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠡᠭᠦᠷᠭᠡ ᠲᠠᠢ ᠭᠣᠣᠯ ᠴᠣᠭ᠍ᠴᠠ ᠵᠢ ᠡᠩ ᠲᠡᠷᠢᠭᠦᠨ ᠳ᠋ᠦ ᠲᠡᠮᠵᠢᠵᠤ᠂ ᠲᠠᠷᠢᠶᠠᠯᠠᠡᠭ ᠤ᠋ᠨ ᠶᠠᠪᠤᠳᠠᠯ ᠤ᠋ᠨ ᠶᠡᠷᠦᠡᠭᠬᠡᠢᠯᠡᠭᠰᠡᠨ ᠦᠢᠯᠡᠴᠢᠯᠡᠭᠡᠨ ᠤ᠋ ᠴᠢᠳᠠᠪᠤᠷᠢ ᠲᠠᠢ 900 ᠦᠢᠯᠡᠴᠢᠯᠡᠭᠡᠨ ᠤ᠋ ᠭᠤᠤᠯ ᠴᠤᠭᠴᠠ ᠵᠢ ᠳᠦᠷᠢᠮᠵᠢᠭᠦᠯᠦᠨ ᠰᠠᠢᠳᠤᠷ ᠬᠠᠮᠢᠶᠠᠷᠴᠤ᠂ ᠨᠡᠢᠭᠡᠮᠴᠢᠯᠡᠭᠰᠡᠨ ᠦᠢᠯᠡᠴᠢᠯᠡᠭᠡ ᠬᠠᠩᠭᠠᠬᠤ ᠲᠠᠷᠢᠶᠠᠨ ᠭᠠᠵᠠᠷ ᠤ᠋ᠨ ᠲᠠᠯᠠᠪᠠᠢ ᠵᠢ 4200 ᠲᠦᠮᠡᠨ ᠮᠦ᠍ ᠵᠢ ᠲᠠᠪᠠᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶ᠋ᠢᠨ ᠲᠠᠷᠢᠶ᠎ᠠ ᠲᠦᠮᠦᠰᠤ ᠵᠢᠨ ᠤᠨᠠᠯᠲᠠ ᠪᠠᠨ ᠳᠡᠭᠡᠭᠰᠢᠯᠡᠭᠦᠯᠵᠤ ᠤᠷᠤᠯᠭ᠎ᠠ ᠪᠠᠨ ᠨᠡᠮᠡᠭᠳᠡᠭᠦᠯᠬᠦ ᠵᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号