ᠤᠯᠠᠨ ᠨᠡᠢᠲᠡ ᠵᠢᠨ ᠦᠨᠳᠦᠰᠦᠨ ᠦᠢᠯᠡᠴᠢᠯᠡᠭᠡ ᠪᠡ ᠨᠡᠢᠭᠡᠮ᠎ᠤᠨ ᠪᠠᠲᠤᠯᠠᠭ᠎ᠠ ᠵᠢᠨ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠰᠦᠬᠡᠢ
2026-03-26 15:18:01
ᠵᠣᠬᠢᠶᠠᠭ᠍ᠴᠢ᠄
ᠴᠢ ᠵᠦᠩ ᠰᠢ ᠹᠠᠨ ᠰᠢ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ᠎ᠰᠢ᠎ᠶᠢᠨ ᠫᠢᠩ᠎ᠤᠨ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠪᠦᠬᠦ ᠠᠷᠠᠳ ᠲᠦᠮᠡᠨ᠎ᠦ ᠬᠠᠮᠲᠤ ᠪᠠᠷ ᠪᠠᠶᠠᠵᠢᠬᠤ᠎ᠶᠢ ᠠᠬᠢᠭᠤᠯᠬᠤ ᠲᠤᠬᠠᠢ ᠴᠢᠬᠤᠯᠠ ᠶᠠᠷᠢᠶ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠭᠤᠷᠪᠠ)


ᠬᠠᠮᠳᠤ ᠪᠡᠷ ᠪᠠᠶᠠᠵᠢᠬᠤ ᠪᠤᠯ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠴᠢᠬᠤᠯᠠ ᠤᠨᠴᠠᠯᠢᠭ ᠮᠦᠨ᠃ ᠤᠯᠠᠨ ᠨᠡᠢᠲᠡ ᠵᠢᠨ ᠦᠨᠳᠦᠰᠦᠨ ᠦᠢᠯᠡᠴᠢᠯᠡᠭᠡ ᠪᠡ ᠨᠡᠢᠭᠡᠮ᠎ᠤᠨ ᠪᠠᠲᠤᠯᠠᠭ᠎ᠠ ᠵᠢᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠪᠤᠯ ᠪᠦᠬᠦ ᠠᠷᠠᠳ ᠲᠦᠮᠡᠨ᠎ᠤ ᠬᠠᠮᠳᠤ ᠪᠡᠷ ᠪᠠᠶᠠᠵᠢᠬᠤ ᠵᠢᠨ ᠴᠢᠬᠤᠯᠠ ᠲᠤᠯᠭᠠᠭᠤᠷᠢᠯᠠᠯ ᠮᠦᠨ᠃

2026 ᠣᠨ᠎ᠤ ᠪᠥᠬᠥ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ᠎ᠶᠢᠨ ᠫᠢᠩ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠵᠢᠯ ᠣᠯᠭᠣᠯᠲᠠ ᠣᠷᠣᠯᠭ᠎ᠠ᠂ ᠨᠠᠰᠤᠵᠢᠯ᠎ᠤᠨ ᠠᠰᠠᠷᠠᠮᠵᠢ ᠨᠡᠢᠭᠡᠮ᠎ᠦᠨ ᠪᠠᠲᠤᠯᠠᠭ᠎ᠠ ᠵᠡᠷᠭᠡ ᠠᠷᠠᠳ᠎ᠤᠨ ᠠᠮᠢᠳᠤᠷᠠᠯ᠎ᠤᠨ ᠵᠥᠪᠯᠡᠬᠦ ᠰᠡᠳᠦᠪ᠎ᠦᠨ ᠲᠤᠬᠠᠢ ᠭᠦᠨᠵᠡᠭᠡᠢ ᠲᠣᠳᠣᠷᠬᠠᠢᠯᠠᠨ ᠥᠭᠦᠯᠡᠵᠦ᠂ 《ᠣᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ ᠪᠠ ᠨᠡᠢᠭᠡᠮ᠎ᠦᠨ ᠪᠠᠲᠤᠯᠠᠭ᠎ᠠ᠎ᠶᠢᠨ ᠲᠦᠪᠰᠢᠨ᠎ᠢ ᠬᠡᠷᠬᠢᠨ ᠤᠯᠠᠮ ᠨᠢᠭᠡ ᠠᠯᠬᠤᠮ ᠳᠡᠭᠡᠭᠰᠢᠯᠡᠭᠦᠯᠬᠦ》 ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠬᠦ ᠡᠴᠡ ᠠᠪᠤᠭᠠᠳ 《ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠰᠢᠰᠲᠧᠮ᠎ᠢ ᠪᠦᠷᠢᠨᠰᠢᠭᠦᠯᠬᠦ᠂ ᠴᠢᠨᠠᠷ ᠰᠠᠢᠲᠠᠢ ᠥᠨᠳᠥᠷ ᠪᠦᠲᠦᠮᠵᠢᠲᠡᠶ ᠡᠮᠴᠢᠯᠡᠭᠡᠨ᠎ᠦ ᠦᠢᠯᠡᠴᠢᠯᠡᠭᠡᠨ᠎ᠦ ᠰᠢᠰᠲᠧᠮ᠎ᠢ ᠪᠠᠶ᠋ᠢᠭᠤᠯᠬᠤ》 ᠬᠦᠷᠲᠡᠯ᠎ᠡ᠂ ᠬᠠᠮᠲᠤ᠎ᠪᠠᠷ ᠪᠠᠶᠠᠵᠢᠬᠤ᠎ᠶᠢ ᠯᠠᠪᠳᠠᠭᠤᠨ ᠪᠠᠳᠤᠳᠠᠢ ᠠᠬᠢᠭᠤᠯᠬᠤ᠎ᠳᠤ ᠦᠢᠯᠡᠳᠦᠯᠭᠡ᠎ᠶᠢᠨ ᠠᠷᠭ᠎ᠠ ᠵᠠᠮ᠎ᠢ ᠲᠣᠳᠣᠷᠬᠠᠢ ᠵᠢᠭᠠᠵᠤ ᠥᠭᠴᠡᠢ᠃

— ᠠᠮᠤᠷ ᠲᠦᠪᠰᠢᠨ᠎ᠦ ᠲᠣᠣᠷ᠎ᠢ ᠨᠢᠭ᠍ᠲᠠ ᠪᠦᠬᠡᠳ ᠪᠠᠲᠤ ᠰᠦᠯᠵᠢᠵᠦ᠂ ᠨᠡᠢᠭᠡᠮ᠎ᠦᠨ ᠪᠠᠲᠤᠯᠠᠭ᠎ᠠ᠎ᠶᠢᠨ ᠲᠦᠪᠰᠢᠨ᠎ᠢ ᠳᠡᠭᠡᠭᠰᠢᠯᠡᠭᠦᠯᠦᠨ᠎ᠡ᠃

ᠨᠡᠢᠭᠡᠮ᠎ᠦᠨ ᠪᠠᠲᠤᠯᠠᠭ᠎ᠠ ᠪᠣᠯ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠂ ᠨᠡᠢᠭᠡᠮ᠎ᠦᠨ ᠲᠥᠪ ᠭᠣᠣᠯᠴᠢ᠎ᠶᠢ ᠬᠠᠮᠠᠭᠠᠯᠠᠬᠤ᠂ ᠠᠷᠠᠳ ᠲᠦᠮᠡᠨ᠎ᠦ ᠪᠤᠶᠠᠨ ᠵᠢᠷᠭᠠᠯ᠎ᠢ ᠨᠡᠮᠡᠭᠳᠡᠭᠦᠯᠬᠦ ᠦᠨᠳᠦᠰᠦᠨ ᠳᠦᠷᠢᠮ᠎ᠦᠨ ᠪᠠᠲᠤᠯᠠᠭ᠎ᠠ ᠮᠥᠨ᠂ ᠣᠷᠣᠯᠭ᠎ᠠ᠎ᠶᠢᠨ ᠲᠠᠬᠢᠨ ᠬᠤᠪᠢᠶᠠᠷᠢᠯᠠᠯᠲᠠ᠎ᠶᠢ ᠪᠡᠶᠡᠯᠡᠭᠦᠯᠬᠦ᠂ ᠬᠠᠮᠲᠤ᠎ᠪᠠᠷ ᠪᠠᠶᠠᠵᠢᠬᠤ᠎ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠃

ᠶᠡᠷᠦᠩᠬᠡᠢ ᠱᠦᠵᠢ ᠰᠢ᠎ᠶᠢᠨ ᠫᠢᠩ ᠦᠨᠭᠭᠡᠷᠡᠭᠰᠡᠨ᠎ᠳᠦ᠄ 《ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠨᠡᠢᠭᠡᠮ᠎ᠦᠨ ᠪᠠᠲᠤᠯᠠᠭ᠎ᠠ᠎ᠶᠢᠨ ᠠᠮᠤᠷ ᠲᠦᠪᠰᠢᠨ᠎ᠦ ᠲᠣᠣᠷ᠎ᠢ ᠨᠢᠭ᠍ᠲᠠ ᠰᠦᠯᠵᠢᠵᠦ᠂ ᠠᠷᠠᠳ᠎ᠤᠨ ᠠᠮᠢᠳᠤᠷᠠᠯ᠎ᠤᠨ ᠠᠮᠤᠷ ᠠᠮᠤᠭᠤᠯᠠᠩ᠎ᠤᠨ ᠰᠠᠭᠤᠷᠢ᠎ᠶᠢ ᠪᠠᠲᠤᠯᠠᠬᠤ ᠬᠡᠷᠡᠭᠲᠡᠢ》 ᠭᠡᠵᠦ ᠵᠢᠭᠠᠵᠤ ᠭᠠᠷᠭᠠᠪᠠ᠃

ᠪᠥᠬᠥ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ᠎ᠶᠢᠨ ᠫᠢᠩ ᠵᠢᠶᠠᠩᠰᠤ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠦᠪᠯᠡᠬᠦ᠎ᠳᠤ ᠣᠷᠣᠯᠴᠠᠬᠤ᠎ᠳᠠᠭᠠᠨ᠂ ᠬᠥᠮᠥᠨ ᠠᠮᠠ᠎ᠶᠢᠨ ᠨᠠᠰᠤᠵᠢᠯᠲᠠ ᠪᠠ ᠪᠠᠭᠠᠴᠤᠳ ᠬᠡᠦᠬᠡᠳ᠎ᠦᠨ ᠲᠤᠭ᠎ᠠ ᠴᠦᠬᠡᠷᠡᠬᠦ ᠪᠠᠢᠳᠠᠯ ᠭᠦᠨᠵᠡᠭᠡᠢᠷᠡᠬᠦ᠎ᠶᠢ ᠳᠠᠭᠠᠯᠳᠤᠨ᠂ ᠣᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ ᠪᠠ ᠨᠡᠢᠭᠡᠮ᠎ᠦᠨ ᠪᠠᠲᠤᠯᠠᠭ᠎ᠠ᠎ᠶᠢᠨ ᠲᠦᠪᠰᠢᠨ᠎ᠢ ᠬᠡᠷᠬᠢᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠡᠷᠭᠡ ᠰᠢᠢᠳᠪᠦᠷᠢᠯᠡᠬᠦ ᠴᠢᠬᠤᠯᠠᠲᠠᠢ ᠰᠢᠨ᠎ᠡ ᠠᠰᠠᠭᠤᠳᠠᠯ᠎ᠢ ᠳᠤᠷᠠᠳᠤᠨ ᠭᠠᠷᠭᠠᠪᠠ᠃

ᠤᠯᠠᠨ ᠵᠢᠯ᠎ᠦᠨ ᠲᠠᠰᠤᠷᠠᠯᠳᠠ ᠦᠬᠡᠢ ᠴᠢᠷᠮᠠᠢᠯᠭ᠎ᠠ᠎ᠪᠠᠷ ᠳᠠᠮᠵᠢᠨ᠂ ᠮᠠᠨ᠎ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ᠂ ᠴᠢᠳᠠᠮᠵᠢ᠎ᠪᠠᠷ ᠪᠦᠷᠢᠨ ᠲᠡᠭᠦᠯᠳᠡᠷ᠂ ᠢᠯᠡ ᠲᠣᠳᠣ᠌ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠪᠠᠢᠭᠤᠯᠪᠠ᠃ 2025 ᠣᠨ᠎ᠤ ᠡᠴᠦᠰ ᠪᠣᠯᠲᠠᠯ᠎ᠠ᠂ ᠪᠥᠬᠥ ᠤᠯᠤᠰ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠂ ᠦᠨᠳᠦᠰᠦᠨ ᠡᠮ ᠡᠮᠨᠡᠯᠭᠡ᠂ ᠠᠵᠢᠯ ᠠᠯᠳᠠᠯᠲᠠ ᠪᠠ ᠠᠵᠢᠯ᠎ᠡᠴᠡ ᠪᠣᠯᠤᠭᠰᠠᠨ ᠭᠡᠮᠲᠦᠯ᠎ᠦᠨ ᠳᠠᠭᠠᠳᠬᠠᠯ᠎ᠳᠤ ᠣᠷᠣᠯᠴᠠᠭᠰᠠᠨ ᠬᠥᠮᠥᠨ᠎ᠦ ᠲᠣᠭ᠎ᠠ ᠲᠣᠰ ᠲᠣᠰ 10.76 ᠳ᠋ᠦᠩᠰᠢᠭᠤᠷ ᠬᠥᠮᠥᠨ᠂ 13.31 ᠳ᠋ᠦᠩᠰᠢᠭᠤᠷ ᠬᠥᠮᠥᠨ᠂ 2.49 ᠳ᠋ᠦᠩᠰᠢᠭᠤᠷ ᠬᠥᠮᠥᠨ ᠪᠠ 3.05 ᠳ᠋ᠦᠩᠰᠢᠭᠤᠷ ᠬᠥᠮᠥᠨ᠎ᠳᠦ ᠬᠦᠷᠴᠡᠢ᠃

ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢᠯᠠᠬᠤ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠠᠷᠠᠳ ᠣᠯᠠᠨ᠎ᠳᠤ ᠢᠯᠡᠭᠦᠬᠡᠨ ᠪᠣᠳᠠᠲᠦ ᠠᠵᠢᠯ ᠬᠢᠵᠦ ᠦᠭᠬᠦ᠎ᠪᠡᠷ ᠴᠢᠷᠮᠠᠢᠨ᠎ᠠ ᠭᠡᠵᠦ ᠲᠣᠳᠣᠷᠬᠠᠢᠯᠠᠵᠠᠢ᠃

ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ ᠰᠠᠷ᠎ᠠ᠎ᠶᠢᠨ ᠨᠠᠭᠠᠲᠤ ᠵᠠᠬ᠎ᠠ᠎ᠶᠢᠨ ᠪᠠᠷᠢᠮᠵᠢᠶ᠎ᠠ᠎ᠶᠢ 20 ᠲᠥᠭᠥᠷᠢᠭ ᠳᠡᠭᠡᠭᠰᠢᠯᠡᠭᠦᠯᠵᠦ᠂ 1.8 ᠳ᠋ᠦᠩᠰᠢᠭᠤᠷ ᠭᠠᠷᠤᠢ ᠨᠠᠰᠤᠲᠠᠢᠴᠤᠳ᠎ᠲᠤ ᠠᠰᠢᠭ᠋ ᠬᠦᠷᠲᠡᠭᠡᠨ᠎ᠡ;  ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠡᠮ ᠡᠮᠨᠡᠯᠭᠡ᠎ᠶᠢᠨ ᠳᠠᠭᠠᠳᠬᠠᠯ᠎ᠤᠨ ᠬᠥᠮᠥᠨ ᠳᠤᠮᠳᠠᠴᠢ ᠳ᠋ᠤ ᠦᠬᠬᠦ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ᠎ᠶᠢ ᠳᠠᠬᠢᠨ 24 ᠲᠥᠭᠥᠷᠢᠭ ᠳᠡᠭᠡᠭᠰᠢᠯᠡᠭᠦᠯᠵᠦ᠂ ᠬᠥᠮᠥᠨ ᠪᠦᠷᠢ ᠳ᠋ᠤ ᠵᠢᠯ᠎ᠳᠦ 724 ᠲᠥᠭᠥᠷᠢᠭ ᠲᠤ᠌᠎ᠬᠦᠷᠭᠡᠨ᠎ᠡ; ᠰᠤᠷᠤᠭ᠍ᠴᠢᠳ᠎ᠢ ᠲᠡᠳᠬᠦᠨ ᠲᠤᠰᠠᠯᠠᠬᠤ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠭᠡᠷ᠎ᠦᠨ ᠠᠮᠢᠳᠤᠷᠠᠯ ᠨᠢ ᠬᠦᠴᠢᠷᠳᠡᠯᠲᠠᠢ ᠰᠤᠷᠤᠭ᠍ᠴᠢᠳ᠎ᠢ ᠲᠤᠰᠠᠯᠠᠪᠠᠰᠤ ᠵᠣᠬᠢᠬᠤ᠎ᠶᠢ ᠨᠢ ᠪᠦᠬᠦᠨ᠎ᠢ ᠲᠤᠰᠠᠯᠠᠨ᠎ᠠ ᠁ ᠨᠢᠭᠡᠳ ᠨᠢᠭᠡ ᠪᠡᠷ ᠪᠤᠲᠠᠲᠠᠢ ᠵᠣᠭᠣᠰ ᠮᠥᠩᠭᠥ ᠣᠷᠣᠭᠤᠯᠵᠤ᠂ ᠨᠡᠢᠭᠡᠮ᠎ᠦᠨ ᠪᠠᠲᠤᠯᠠᠭ᠎ᠠ᠎ᠶᠢᠨ ᠠᠮᠤᠷ ᠲᠦᠪᠰᠢᠨ᠎ᠦ ᠲᠣᠣᠷ᠎ᠢ ᠦᠷᠭᠦᠯᠵᠢᠯᠡᠨ ᠨᠢᠭ᠍ᠲᠠ ᠪᠦᠬᠡᠳ ᠪᠠᠲᠦ ᠰᠦᠯᠵᠢᠪᠡ᠃

ᠡᠯ᠎ᠡ ᠭᠠᠵᠠᠷ᠎ᠤᠨ ᠬᠢᠨ ᠪᠣᠳᠠᠲᠠᠢ ᠰᠢᠨ᠎ᠡ ᠵᠢ ᠡᠭᠦᠳᠦᠭᠰᠡᠨ ᠦᠢᠯᠡᠳᠦᠯᠭᠡ᠎ᠳᠦ ᠰᠠᠭᠤᠷᠢᠯᠠᠵᠤ᠂ ᠨᠡᠢᠭᠡᠮ᠎ᠦᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠠᠷᠠᠳ᠎ᠲᠤ ᠠᠰᠢᠭ᠋ ᠬᠦᠷᠲᠡᠭᠡᠪᠡ᠄ ᠲᠥᠪᠡᠳ᠎ᠤᠨ ᠬᠢᠨ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠪᠡᠯᠡ ᠮᠥᠩᠭᠥ ᠵᠢ ᠴᠤᠭᠯᠠᠭᠤᠯᠬᠤ ᠪᠠ ᠬᠠᠷᠠᠭᠠᠯᠵᠠᠯ ᠦᠵᠡᠬᠦᠯᠬᠦ᠎ᠵᠢ ᠲᠣᠬᠢᠷᠠᠭᠤᠯᠬᠤ ᠲᠣᠭᠲᠡᠴᠡ᠎ᠶᠢ ᠲᠡᠭᠦᠯᠳᠡᠷᠵᠢᠭᠦᠯᠬᠦ ᠠᠵᠢᠯ᠎ᠢ ᠪᠠᠢᠷᠢᠯᠠᠭᠤᠯᠵᠤ᠂ ᠦᠨᠳᠦᠰᠦᠨ ᠡᠮ ᠡᠮᠨᠡᠯᠭᠡ᠎ᠶᠢᠨ ᠳᠠᠭᠠᠳᠬᠠᠯ᠎ᠳᠤ ᠣᠷᠣᠯᠴᠠᠭᠰᠠᠨ ᠨᠣᠷᠮ᠎ᠠ᠎ᠶᠢ 95% ᠡᠴᠡ ᠳᠡᠭᠡᠭᠰᠢ ᠪᠤᠯᠭᠠᠨ ᠲᠤᠭᠲᠠᠪᠤᠷᠢᠵᠢᠭᠤᠯᠪᠠ᠋; ᠭᠤᠸᠠᠨᠭᠰᠢ ᠵᠢᠨ ᠬᠢᠨ  280 ᠳ᠋ᠦᠩᠰᠢᠭᠤᠷ ᠭᠠᠷᠤᠢ ᠲᠥᠭᠥᠷᠢᠭ᠎ᠦᠨ ᠪᠡᠯᠡ ᠮᠥᠩᠭᠥ ᠴᠤᠭᠯᠠᠭᠤᠯᠵᠤ ᠨᠡᠢᠭᠡᠮ᠎ᠦᠨ ᠪᠠᠲᠤᠯᠠᠭ᠎ᠠ᠎ᠶᠢᠨ ᠠᠷᠠᠳ᠎ᠲᠤ ᠠᠰᠢᠭ᠋ ᠬᠦᠷᠲᠡᠭᠡᠬᠦ ᠢᠨᠵᠧᠨᠧᠷᠢᠩ᠎ᠢ ᠬᠡᠷᠡᠭᠵᠢᠭᠦᠯᠬᠦ᠎ᠪᠡᠷ ᠪᠤᠢ; ᠱᠠᠨ ᠰᠢ ᠠᠮᠢᠳᠤᠯᠢᠭ᠋᠎ᠢᠶᠠᠷ ᠠᠵᠢᠯ ᠣᠯᠣᠭᠰᠠᠳ᠎ᠤᠨ ᠰᠦᠢᠳᠬᠡᠯ ᠲᠤᠰᠢᠶᠠᠬᠤ ᠬᠦᠴᠢᠷᠳᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠮᠢᠳᠤᠯᠢᠭ᠋᠎ᠢᠶᠠᠷ ᠠᠵᠢᠯ ᠣᠯᠣᠭᠰᠠᠳ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠰᠦᠢᠳᠬᠡᠯ᠎ᠢ ᠰᠠᠢᠨ ᠳᠤᠷ᠎ᠠ᠎ᠡᠴᠡ᠎ᠪᠠᠨ ᠤᠷᠢᠳᠴᠢᠯᠠᠨ ᠲᠤᠰᠢᠶᠠᠵᠤ ᠪᠤᠯᠤᠨ᠎ᠠ ᠁

ᠣᠳᠣᠬᠠᠨ᠎ᠳᠤ᠂ ᠮᠠᠨ᠎ᠤ ᠤᠯᠤᠰ ᠶᠠᠭ ᠬᠥᠮᠥᠨ ᠠᠮᠠ᠎ᠶᠢᠨ ᠨᠠᠰᠤᠵᠢᠯᠲᠠ ᠲᠦᠷᠭᠡᠳᠬᠦ ᠱᠠᠲᠤᠨ᠎ᠳᠤ ᠣᠷᠣᠰᠢᠵᠤ᠂ 60 ᠨᠠᠰᠤ ᠵᠢᠴᠢ 60 ᠨᠠᠰᠤᠨ᠎ᠡᠴᠡ ᠳᠡᠭᠡᠭᠰᠢᠬᠢ ᠬᠥᠮᠥᠨ ᠠᠮᠠ 3.2 ᠳ᠋ᠦᠩᠰᠢᠭᠤᠷ᠎ᠢ ᠳᠠᠪᠠᠪᠠ᠃ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠬᠦᠲᠦᠯᠪᠦᠷᠢ᠎ᠳᠤ᠂ ᠬᠥᠮᠥᠨ ᠠᠮᠠ᠎ᠶᠢᠨ ᠨᠠᠰᠤᠵᠢᠯᠲᠠ᠎ᠶᠢ ᠢᠳᠡᠪᠬᠢᠲᠡᠢ ᠠᠷᠭᠠᠴᠠᠭᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠨᠠᠰᠤᠵᠢᠯ᠎ᠤᠨ ᠠᠰᠠᠷᠠᠮᠵᠢ᠎ᠶᠢᠨ ᠦᠢᠯᠡᠰ ᠪᠠ ᠠᠵᠤ ᠦᠢᠯᠡᠰ ᠬᠠᠮᠵᠢᠯᠴᠠᠨ ᠬᠥᠭᠵᠢᠬᠦ ᠲᠦᠷᠦ᠎ᠶᠢᠨ ᠪᠣᠳᠣᠯᠭ᠎ᠠ᠎ᠶᠢᠨ ᠲᠣᠭᠲᠡᠴᠡ᠎ᠶᠢ ᠲᠡᠭᠦᠯᠳᠡᠷᠵᠢᠭᠦᠯᠵᠦ᠂ ᠥᠲᠡᠯᠪᠡᠯ ᠠᠰᠠᠷᠠᠮᠵᠢ᠎ᠲᠠᠢ᠂ ᠥᠲᠡᠯᠪᠡᠯ ᠬᠢᠬᠦ ᠶᠠᠭᠤᠮ᠎ᠠ᠎ᠲᠠᠢ᠂ ᠥᠲᠡᠯᠪᠡᠯ ᠪᠠᠶᠠᠷ ᠵᠢᠷᠭᠠᠯ᠎ᠲᠠᠢ ᠪᠠᠢᠬᠤ᠎ᠶᠢ ᠠᠬᠢᠭᠤᠯᠤᠨ᠎ᠠ ᠭᠡᠵᠦ ᠲᠣᠳᠣᠷᠬᠠᠢᠯᠠᠵᠠᠢ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ 《ᠲᠦᠭᠡᠮᠡᠯ ᠬᠠᠷᠠᠭᠠᠯᠵᠠᠯᠲᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢ ᠥᠷᠭᠡᠳᠬᠡᠵᠦ᠂ ᠬᠣᠲᠠ᠎ᠶᠢᠨ ᠨᠡᠢᠭᠡᠮ ᠲᠣᠭᠣᠷᠢᠭ᠋᠎ᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠣᠣᠷ ᠰᠦᠯᠵᠢᠶ᠎ᠡ᠎ᠶᠢ ᠪᠦᠷᠢᠨᠰᠢᠭᠦᠯᠵᠤ᠂ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ᠎ᠶᠢ ᠢᠳᠡᠪᠬᠢᠲᠡᠢ ᠬᠥᠭᠵᠢᠭᠦᠯᠦᠨ᠎ᠡ》 ᠭᠡᠬᠦ ᠮᠡᠲᠦ᠎ᠪᠡᠷ ᠲᠣᠳᠣᠷᠬᠠᠢᠯᠠᠪᠠ᠂ ᠵᠦᠢᠯ ᠪᠦᠷᠢ ᠵᠢᠨ ᠪᠠᠢᠷᠢᠯᠠᠭᠤᠯᠤᠯᠳᠠ ᠨᠢ ᠦᠲᠡᠭᠦᠰ ᠨᠠᠰᠤᠲᠠᠳ᠎ᠤᠨ ᠵᠢᠷᠭᠠᠯᠲᠦ ᠠᠮᠢᠳᠤᠷᠠᠯ᠎ᠳᠦ ᠪᠠᠲᠤᠯᠠᠭ᠎ᠠ ᠬᠠᠩᠭᠠᠬᠤ ᠪᠤᠯᠤᠨ᠎ᠠ᠃

ᠳᠤᠮᠳᠠᠳᠤ ᠤᠯᠤᠰ᠎ᠤᠨ ᠨᠡᠢᠭᠡᠮ᠎ᠦᠨ ᠪᠠᠲᠤᠯᠠᠭ᠎ᠠ᠎ᠶᠢᠨ ᠰᠤᠳᠤᠯᠭᠠᠨ᠎ᠤ ᠨᠡᠢᠭᠡᠮᠯᠢᠭ᠎ᠦᠨ ᠳᠠᠷᠤᠭ᠎ᠠ ᠵᠧᠩ ᠬᠥᠩ ᠴᠧᠩ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠬᠦᠷᠢᠶᠡᠨ᠎ᠳᠡᠬᠢ ᠠᠯᠢ ᠣᠯᠠᠨ ᠴᠢᠬᠤᠯᠠ ᠶᠡᠬᠡ ᠪᠠᠢᠷᠢᠯᠠᠭᠤᠯᠤᠯᠲᠠ ᠨᠢ ᠮᠠᠰᠢ ᠲᠣᠳᠣᠷᠬᠠᠢ ᠳᠣᠬᠢᠶ᠎ᠠ ᠵᠢ ᠲᠠᠮᠵᠢᠭᠤᠯᠪᠠ᠂ ᠳᠠᠷᠤᠢ ᠬᠠᠮᠲᠤ᠎ᠪᠠᠷ ᠪᠠᠶᠠᠵᠢᠬᠤ᠎ᠶᠢ ᠯᠠᠪᠳᠠᠭᠤᠨ ᠠᠬᠢᠭᠤᠯᠬᠤ ᠠᠯᠬᠤᠭ᠎ᠠ ᠢᠯᠡᠳᠲᠡ ᠲᠦᠷᠭᠡᠨ ᠪᠤᠯᠵᠤ᠂ 《ᠬᠥᠮᠥᠨ᠎ᠳᠦ ᠪᠡᠯᠡ ᠣᠷᠣᠭᠤᠯᠬᠤ》 ᠰᠡᠳᠬᠢᠮᠵᠢ ᠤᠯᠠᠮ ᠲᠣᠳᠣᠷᠬᠠᠢ ᠪᠣᠯᠵᠤ ᠪᠠᠢᠨ᠎ᠠ ᠭᠡᠵᠦ ᠢᠯᠡᠳᠬᠡᠪᠡ᠃

— ᠤᠨᠢᠨ ᠳᠡᠭᠡᠷ᠎ᠡ ᠨᠢ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠤᠨ ᠳᠤᠲᠠᠭᠳᠠᠯ᠎ᠢ ᠨᠥᠬᠥᠪᠦᠷᠢᠯᠡᠵᠦ᠂ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠲᠠᠩᠴᠡᠭᠦᠷᠢᠰᠢᠬᠦᠯᠬᠦ ᠲᠦᠪᠰᠢᠨ᠎ᠢ ᠳᠡᠭᠡᠭᠰᠢᠯᠡᠭᠦᠯᠦᠨ᠎ᠡ᠃

《ᠰᠢᠨ᠎ᠡ ᠪᠠᠢᠳᠠᠯ ᠳᠣᠣᠷᠠᠬᠢ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠰᠢᠨ᠎ᠡ ᠬᠦᠰᠡᠯ ᠡᠷᠡᠮᠡᠯᠵᠡᠯ ᠪᠣᠯᠣᠨ ᠠᠷᠠᠳ᠎ᠤᠨ ᠠᠮᠢᠳᠤᠷᠠᠯ᠎ᠤᠨ ᠠᠵᠢᠯ᠎ᠤᠨ ᠰᠢᠨ᠎ᠡ ᠣᠨᠴᠠᠯᠢᠭ᠋᠎ᠢ ᠣᠨᠣᠪᠴᠢᠲᠠᠢ ᠡᠵᠡᠮᠳᠡᠵᠦ᠂ ᠲᠦᠪᠡᠭᠳᠡᠯ᠎ᠢ ᠬᠦᠴᠦᠯᠡᠨ ᠰᠢᠢᠳᠪᠦᠷᠢᠯᠡᠵᠦ᠂ ᠪᠡᠷᠬᠡᠰᠢᠶᠡᠯ᠎ᠢ ᠢᠯᠠᠨ ᠳᠠᠪᠠᠵᠤ᠂ ᠬᠠᠮᠲᠤ ᠪᠠᠷ ᠪᠠᠶᠠᠵᠢᠬᠤ ᠠᠷᠭ᠎ᠠ ᠵᠠᠮ᠎ᠢ ᠥᠷᠭᠡᠳᠬᠡᠬᠦ ᠲᠠᠯ᠎ᠠ᠎ᠪᠠᠷ ᠰᠠᠢᠲᠤᠷ ᠳᠠᠭᠠᠭᠤᠯᠤᠬᠴᠢ ᠪᠤᠯᠬᠤ ᠬᠡᠷᠡᠭᠲᠡᠢ》 ᠭᠡᠵᠦ ᠶᠡᠷᠦᠩᠬᠡᠢ ᠱᠦᠵᠢ ᠰᠢ᠎ᠶᠢᠨ ᠫᠢᠩ ᠵᠢᠶᠠᠩᠰᠤ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ᠎ᠳᠠᠭᠠᠨ ᠴᠢᠬᠤᠯᠠᠴᠢᠯᠠᠭᠰᠠᠨ ᠪᠠᠢᠨ᠎ᠠ᠃

3 ᠰᠠᠷ᠎ᠠ᠎ᠶ᠋ᠢᠨ 6᠎ᠤ᠋ ᠡᠳᠦᠷ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠢ ᠡᠷᠬᠢᠨ ᠦᠵᠡᠬᠦ᠌᠎ᠶ᠋ᠢᠨ ᠬᠠᠮᠲᠤ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠬᠤ᠎ᠳᠠᠭᠠᠨ᠂ ᠴᠠᠰᠤᠲᠤ ᠥᠨᠳᠥᠷᠯᠢᠭ᠎ᠡᠴᠡ ᠢᠷᠡᠭ᠌ᠰᠡᠨ ᠭᠡᠱᠢᠭᠦᠳ᠎ᠦᠨ ᠥᠨᠳᠥᠷᠯᠢᠭ᠎ᠦᠨ ᠡᠪᠡᠳᠴᠢᠨ᠎ᠢ ᠰᠡᠷᠭᠡᠢᠯᠡᠨ ᠵᠠᠰᠠᠭ᠍ᠰᠠᠨ ᠢᠯᠡᠷᠬᠡᠢ ᠦᠷ᠎ᠡ ᠪᠦᠲᠦᠮᠵᠢ᠎ᠶ᠋ᠢᠨ ᠲᠤᠬᠠᠢ ᠶᠠᠷᠢᠬᠤ᠎ᠶ᠋ᠢ ᠰᠣᠨᠣᠰᠤᠭᠠᠳ ᠶᠡᠷᠦᠩᠬᠡᠶ ᠱᠦᠵᠢ ᠰᠢ ᠵᠢᠨ ᠫᠢᠩ ᠮᠠᠰᠢ ᠪᠠᠶᠠᠷᠯᠠᠵᠤ᠂ ᠲᠤᠬᠠᠶ᠎ᠶ᠋ᠢᠨ ᠭᠠᠵᠠᠷ᠎ᠤᠨ ᠡᠮᠴᠢᠯᠡᠭᠡᠨ᠎ᠦ ᠪᠠᠢᠳᠠᠯ᠎ᠢ ᠰᠡᠳᠭᠢᠯ᠎ᠳᠡᠭᠡᠨ ᠪᠤᠳᠤᠵᠤ᠄ 《ᠡᠷᠡᠭᠦᠯ ᠡᠩᠬᠡ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠳᠦ ᠬᠢᠯᠢ ᠬᠢᠵᠠᠭᠠᠷ ᠣᠷᠣᠨ ᠤ᠋ ᠡᠨᠡ ᠬᠦ᠌ ᠳᠤᠲᠠᠭᠤᠳᠠᠯ᠎ᠢ ᠨᠥᠬᠥᠪᠥᠷᠢᠯᠡᠬᠦ᠌ ᠬᠡᠷᠡᠭ᠌ᠲᠡᠶ》 ᠭᠡᠪᠡ᠃

ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠲᠠᠩᠴᠡᠭᠦᠷᠢᠰᠢᠬᠦᠯᠬᠦ  ᠪᠣᠯ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠶ᠋ᠢᠨ ᠳᠣᠲᠣᠭᠠᠳᠤ ᠱᠠᠭᠠᠷᠳᠠᠯᠭ᠎ᠠ ᠮᠥᠨ᠂ ᠨᠡᠩ ᠴᠤ᠌ ᠬᠥᠭ᠌ᠵᠢᠯᠲᠡ᠎ᠶ᠋ᠢᠨ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ᠎ᠢ ᠱᠢᠢᠳᠪᠦᠷᠢᠯᠡᠬᠦ᠌ ᠵᠠᠩᠭᠢᠯᠠᠭ᠎ᠠ᠎ᠶ᠋ᠢᠨ ᠭᠠᠷᠳᠡᠴᠡ ᠮᠥᠨ᠃

ᠶᠡᠷᠦᠩᠬᠡᠢ ᠱᠦᠵᠢ ᠰᠢ ᠵᠢᠨ ᠫᠢᠩ᠄《ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠬᠦᠴᠦᠯᠡᠨ ᠨᠥᠬᠥᠪᠥᠷᠢᠯᠡᠵᠦ᠍᠂ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠨ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠨᠡᠢᠭᠡᠮ᠎ᠦᠨ ᠪᠠᠲᠤᠯᠠᠭ᠎ᠠ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠬᠡᠦᠬᠡᠳ᠎ᠦᠨ ᠴᠡᠴᠡᠷᠯᠢᠭ᠂ ᠣᠷᠣᠨ ᠰᠠᠭᠤᠴᠠ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠵᠦ᠍᠂ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠬᠦᠷᠦᠯᠴᠡᠬᠦᠢᠴᠡ ᠴᠢᠨᠠᠷ ᠪᠣᠯᠤᠨ ᠲᠡᠩᠴᠡᠬᠦᠷᠢᠱᠢᠬᠦᠯᠬᠦ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ》 ᠭᠡᠵᠦ ᠴᠢᠬᠤᠯᠠᠴᠢᠯᠠᠪᠠ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 《ᠱᠢᠨ᠎ᠡ ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠦᠮᠦᠰ᠎ᠤᠨ ᠦᠶ᠋ᠯᠡᠴᠢᠯᠡᠭᠡ ᠬᠠᠮᠢᠶᠠᠷᠤᠯᠲᠠ᠎ᠶ᠋ᠢ ᠰᠠᠢᠲᠤᠷ ᠬᠢᠬᠦ》᠂ 《ᠠᠮᠢᠳᠤᠯᠢᠭ᠎ᠢᠶᠠᠷ ᠠᠵᠢᠯ ᠣᠯᠤᠭ᠍ᠰᠠᠳ᠂ ᠱᠢᠨ᠎ᠡ ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠥᠮᠦᠰ᠎ᠦᠨ ᠠᠵᠢᠯᠲᠠᠨ ᠠᠵᠢᠯᠴᠢᠨ᠎ᠤ ᠳᠠᠭᠠᠳᠭᠠᠯ᠎ᠳᠤ ᠣᠷᠣᠯᠴᠠᠬᠤ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ ᠵᠢ ᠳᠤᠭᠳᠠᠭᠠᠬᠤ》 ᠵᠡᠷᠭᠡ᠎ᠶ᠋ᠢ ᠨᠡᠢᠲᠡᠯᠡᠵᠦ᠍᠂ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠶ᠋ᠢᠨ ᠲᠤᠷᠱᠢᠯᠲᠠ᠎ᠶ᠋ᠢᠨ ᠴᠡᠭ᠎ᠤᠨ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠯᠠᠪᠳᠠᠭᠤᠨ ᠪᠥᠭᠡᠳ ᠡᠮᠬᠢ ᠵᠢᠷᠤᠮ᠎ᠲᠠᠶ ᠠᠬᠢᠭᠤᠯᠤᠨ᠎ᠠ᠃ ᠡᠭᠦᠨ᠎ᠦ ᠬᠠᠮᠲᠤ᠂ 《ᠭᠠᠭ᠍ᠴᠠᠭᠠᠷ ᠰᠠᠭᠤᠭ᠎ᠠ ᠨᠠᠰᠤᠲᠠᠨ᠂ ᠠᠮᠢᠳᠦᠷᠠᠯ᠎ᠤᠨ ᠪᠠᠶ᠎ᠠ ᠪᠠᠨ ᠲᠠᠭᠠᠭᠠᠬᠤ ᠴᠢᠳᠠᠪᠦᠷᠢ ᠪᠠᠨ ᠠᠯᠳᠠᠭᠰᠠᠨ ᠣᠶᠤᠨ ᠤᠬᠠᠭᠠᠨ᠎ᠤ ᠰᠠᠭᠠᠳ ᠲᠠᠢ ᠪᠤᠯᠤᠬᠰᠠᠨ ᠵᠡᠷᠭᠡ ᠬᠦᠴᠢᠷᠳᠡᠯᠲᠡᠶ ᠬᠥᠮᠦᠰ᠎ᠢ ᠬᠠᠯᠠᠮᠵᠢᠯᠠᠨ ᠲᠡᠳᠬᠦᠬᠦ᠌ ᠠᠵᠢᠯ᠎ᠢ ᠰᠠᠢᠲᠤᠷ ᠬᠢᠬᠦ᠌》᠂ 《ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠴᠢᠳᠠᠪᠤᠷᠢ᠎ᠶ᠋ᠢ ᠴᠢᠩᠭᠠᠳᠭᠠᠨ᠎ᠠ》 ᠬᠡᠬᠦ ᠵᠡᠷᠭᠡ᠎ᠶ᠋ᠢ ᠲᠣᠳᠣᠷᠬᠠᠢᠯᠠᠪᠠ᠃

《ᠠᠷᠪᠠᠨ ᠳᠠᠪᠤᠳᠤᠭᠠᠷ ᠳᠠᠪᠤᠨ ᠵᠢᠯ》 ᠤ᠋ᠨ ᠬᠤᠭᠤᠴᠠᠭᠠᠨ᠎ᠳᠤ᠂ ᠤᠯᠤᠰ ᠡᠴᠡ ᠠᠷᠠᠳ ᠣᠯᠠᠨ᠎ᠤ ᠪᠠᠴᠢᠮᠳᠠᠵᠤ ᠳᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠶᠠᠪᠤᠳᠠᠯ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠬᠦ᠌ ᠪᠣᠯᠤᠨ᠎ᠠ᠃ 《ᠦᠳᠡᠭᠦᠰ ᠨᠢᠯᠬᠠᠰ》 ᠤ᠋ᠨ ᠦᠢᠯᠡᠴᠢᠯᠡᠭᠡᠨ᠎ᠦ ᠠᠰᠠᠭᠤᠳᠠᠯ᠎ᠳᠤ ᠴᠢᠭ᠌ᠯᠡᠭᠦᠯᠦᠨ᠂ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠰᠤᠪᠢᠯᠠᠯᠲᠠ᠎ᠶ᠋ᠢᠨ ᠬᠡᠯᠪᠡᠷᠢ᠎ᠶ᠋ᠢᠨ ᠣᠷᠣ᠎ᠶ᠋ᠢᠨ ᠡᠵᠡᠯᠡᠬᠦ᠌ ᠬᠠᠷᠢᠴᠠᠯ᠎ᠢ ᠨᠡᠮᠡᠭᠳᠡᠬᠦᠯᠵᠦ᠂ 3 ᠨᠠᠰᠤᠨ ᠡᠴᠡ ᠳᠣᠷᠣᠭ᠍ᠰᠢᠬᠢ ᠨᠢᠯᠬ᠎ᠠ ᠬᠡᠦᠬᠡᠳ᠎ᠦᠨ ᠴᠡᠴᠡᠷᠯᠢᠭ᠎ᠲᠦ ᠣᠷᠣᠬᠤ ᠨᠣᠷᠮ᠎ᠠ᠎ᠶ᠋ᠢ ᠳᠡᠭᠡᠭ᠌ᠰᠢᠯᠡᠭᠦᠯᠦᠨ᠎ᠠ᠃

ᠰᠤᠷᠭᠠᠨ ᠬᠥᠮᠦᠵᠢᠯ᠎ᠦᠨ ᠲᠠᠯ᠎ᠠ᠎ᠪᠠᠷ᠂ ᠬᠥᠮᠦᠨ ᠠᠮᠠ᠎ᠶ᠋ᠢᠨ ᠬᠤᠪᠢᠷᠠᠯᠲᠠ᠎ᠯᠤᠭ᠎ᠠ ᠲᠣᠬᠢᠷᠠᠯᠴᠠᠭ᠍ᠰᠠᠨ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠲᠣᠬᠢᠷᠠᠭᠤᠯᠬᠤ ᠲᠣᠭ᠍ᠲᠡᠴᠡ᠎ᠶ᠋ᠢ ᠲᠦᠷᠭᠡᠳᠭᠡᠨ ᠪᠦᠷᠢᠨᠱᠢᠭᠦᠯᠵᠦ᠍᠂ ᠬᠥᠳᠡᠯᠮᠦᠷᠢᠯᠡᠬᠦ᠌ ᠨᠠᠰᠤᠨ᠎ᠤ ᠬᠥᠮᠦᠨ ᠠᠮᠠ᠎ᠶ᠋ᠢᠨ ᠰᠤᠷᠭᠠᠨ ᠬᠥᠮᠦᠵᠢᠯ ᠬᠦᠷᠲᠡᠭᠰᠡᠨ ᠳᠤᠮᠳᠠᠴᠢ ᠣᠨ᠎ᠤ ᠬᠢᠵᠠᠭᠠᠷ᠎ᠢ ᠳᠠᠬᠢᠨ 0.4 ᠵᠢᠯ ᠨᠡᠮᠡᠭ᠌ᠳᠡᠭᠦᠯᠬᠦ᠌᠎ᠶ᠋ᠢ ᠠᠬᠢᠭᠤᠯᠵᠤ᠂ 1000 ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ  ᠵᠢ ᠱᠢᠨ᠎ᠡ᠎ᠪᠡᠷ ᠪᠠᠢᠭᠤᠯᠬᠤ ᠪᠤᠶᠤ ᠥᠭᠡᠷᠡᠴᠢᠯᠡᠵᠦ᠍ ᠥᠷᠭᠡᠳᠭᠡᠨ ᠪᠠᠢᠭᠤᠯᠤᠨ᠎ᠠ᠃

ᠡᠮ ᠡᠮᠨᠡᠯᠭᠡ ᠡᠷᠡᠭᠦᠯ ᠬᠠᠮᠠᠭᠠᠯᠠᠯ᠎ᠤᠨ ᠲᠠᠯ᠎ᠠ᠎ᠪᠠᠷ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠴᠢᠳᠠᠪᠤᠷᠢ᠎ᠶ᠋ᠢ ᠦᠷᠭᠦᠯᠵᠢᠯᠡᠨ ᠴᠢᠩᠭᠠᠷᠠᠭᠤᠯᠵᠤ᠂ ᠡᠮᠴᠢᠯᠡᠭᠡᠨ᠎ᠦ ᠪᠠᠢᠭᠤᠯᠤᠮᠵᠢ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠪᠠ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ᠂ ᠬᠥᠮᠦᠨ ᠳᠤᠮᠳᠠᠴᠢ᠎ᠶ᠋ᠢᠨ ᠵᠢᠱ᠌ᠢᠭ᠌ᠰᠡᠨ ᠨᠠᠰᠤᠨ ᠬᠤᠲᠤᠭ᠎ᠢ 80 ᠨᠠᠰᠤ ᠬᠦᠷᠲᠡᠯ᠎ᠡ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃

ᠨᠡᠢᠭᠡᠮ᠎ᠦᠨ ᠪᠠᠲᠤᠯᠠᠭ᠎ᠠ᠎ᠶ᠋ᠢᠨ ᠲᠠᠯ᠎ᠠ᠎ᠪᠠᠷ᠂ ᠨᠡᠢᠭᠡᠮ᠎ᠦᠨ ᠪᠠᠲᠤᠯᠠᠭ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌᠎ᠶ᠋ᠢ ᠯᠠᠪᠳᠠᠭᠤᠨ᠎ᠢᠶᠠᠷ ᠠᠬᠢᠭᠤᠯᠵᠤ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠦᠨ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠨᠥᠬᠥᠪᠥᠷᠢ᠎ᠶ᠋ᠢᠨ ᠪᠠᠷᠢᠮᠵᠢᠶ᠎ᠠ᠎ᠶ᠋ᠢ ᠵᠦᠶ ᠵᠣᠬᠢᠰᠲᠠᠶ ᠳᠡᠭᠡᠭ᠌ᠰᠢᠯᠡᠭᠦᠯᠦᠨ᠎ᠡ᠃

《ᠢᠷᠡᠬᠦ᠌ ᠲᠠᠪᠤᠨ ᠵᠢᠯ᠎ᠳᠦ᠂ ᠪᠠᠢᠩᠭᠤ ᠰᠠᠭᠤᠭ᠎ᠠ ᠬᠥᠮᠦᠨ ᠠᠮᠠ᠎ᠯᠤᠭ᠎ᠠ ᠵᠣᠬᠢᠴᠠᠯᠳᠤᠭ᠍ᠰᠠᠨ ᠤᠯᠠᠨ ᠨᠡᠢᠲᠡ᠎ᠶ᠋ᠢᠨ ᠡᠬᠢ ᠪᠠᠶᠠᠯᠢᠭ᠎ᠢ ᠲᠤᠬᠢᠷᠠᠭᠤᠯᠬᠤ ᠲᠣᠭ᠍ᠲᠡᠴᠡ᠎ᠶ᠋ᠢ ᠪᠦᠷᠢᠨᠱᠢᠬᠦᠯᠵᠤ᠂ ᠬᠤᠳᠠ ᠪᠠᠯᠭᠠᠰᠤᠨ᠎ᠤ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ ᠵᠢᠨ ᠪᠠᠢᠩᠭᠤ ᠰᠠᠭᠤᠭ᠎ᠠ ᠬᠥᠮᠦᠨ ᠠᠮᠠ᠎ᠶ᠋ᠢ ᠪᠦᠲᠦᠮᠵᠢᠲᠡᠢ ᠪᠦᠷᠬᠦᠬᠦᠯᠬᠦ᠌᠎ᠶ᠋ᠢ ᠠᠬᠢᠭᠤᠯᠵᠤ᠂ ᠬᠤᠳᠠ ᠬᠥᠳᠡᠭᠡ ᠣᠷᠣᠨ ᠪᠦᠰᠡ᠎ᠶ᠋ᠢᠨ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡᠨ᠎ᠦ ᠵᠦᠷᠢᠶ᠎ᠡ᠎ᠶ᠋ᠢ ᠪᠠᠭᠠᠰᠭᠠᠵᠤ᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠲᠡᠩᠴᠡᠬᠦᠷᠢᠱᠢᠬᠦᠯᠬᠦ᠌ ᠲᠦᠪᠱᠢᠨ᠎ᠢ ᠢᠯᠡᠳᠲᠡ ᠳᠡᠭᠡᠭ᠌ᠰᠢᠯᠡᠭᠦᠯᠦᠨ᠎ᠡ》 ᠭᠡᠵᠦ᠍ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠨᠡᠢᠭᠡᠮ᠎ᠦᠨ ᠬᠥᠭ᠌ᠵᠢᠯᠲᠡ᠎ᠶ᠋ᠢᠨ ᠵᠤᠷᠭᠠᠨ᠎ᠤ ᠳᠠᠷᠤᠭ᠎ᠠ ᠯᠢᠦ ᠳ᠋ᠸ ᠴᠦᠨ ᠬᠡᠯᠡᠪᠡ᠃

— ᠲᠦᠭᠡᠮᠡᠯ ᠬᠠᠷᠠᠭᠠᠯᠵᠠᠯᠲᠤ ᠬᠠᠮᠲᠤ᠎ᠪᠠᠷ ᠡᠳ᠋ᠯᠡᠬᠦ᠌ ᠪᠡᠷ ᠲᠥᠪ ᠭᠤᠤᠯᠴᠢ᠎ᠶ᠋ᠢ ᠠᠬᠢᠭᠤᠯᠵᠤ᠂ ᠬᠠᠮᠲᠤ᠎ᠪᠠᠷ ᠪᠠᠶᠠᠵᠢᠬᠤ ᠰᠠᠭᠤᠷᠢ᠎ᠶ᠋ᠢ ᠪᠡᠬᠢᠵᠢᠭᠦᠯᠦᠨ᠎ᠡ᠃

ᠶᠡᠷᠦᠩᠬᠡᠢ ᠱᠦᠵᠢ ᠰᠢ ᠵᠢᠨ ᠫᠢᠩ᠄《ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠬᠠᠮᠲᠤ᠎ᠪᠠᠷ ᠪᠠᠶᠠᠵᠢᠬᠤ ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌᠂ ᠨᠡᠢᠭᠡᠮ᠎ᠦᠨ ᠡᠷᠬᠡ ᠲᠡᠭ᠌ᠰᠢ᠎ᠶ᠋ᠢ ᠠᠬᠢᠭᠤᠯᠬᠤ᠎ᠶ᠋ᠢ ᠨᠡᠢᠭᠡᠮ᠎ᠦᠨ ᠪᠠᠲᠤᠯᠠᠭ᠎ᠠ᠎ᠶ᠋ᠢᠨ ᠦᠢᠯᠡᠰ᠎ᠢ ᠬᠥᠭ᠌ᠵᠢᠭᠦᠯᠬᠦ᠌᠎ᠶ᠋ᠢᠨ ᠦᠨᠳᠦᠰᠦᠨ ᠵᠣᠷᠢᠯᠲᠠ ᠪᠠ ᠲᠤᠰᠤᠯᠳᠠ ᠪᠣᠯᠭᠠᠵᠤ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠨᠡᠩ ᠤᠯᠠᠨ ᠨᠡᠩ ᠡᠷᠬᠡ ᠲᠡᠭ᠌ᠰᠢ᠎ᠪᠡᠷ ᠪᠦᠬᠦ᠌ ᠠᠷᠠᠳ ᠲᠦᠮᠡᠨ᠎ᠳᠦ ᠬᠦᠷᠲᠡᠭᠡᠬᠦ᠌ ᠬᠡᠷᠡᠭ᠌ᠲᠡᠢ》 ᠭᠡᠵᠦ ᠴᠢᠬᠤᠯᠠᠴᠢᠯᠠᠪᠠ᠃

ᠬᠠᠮᠲᠤ᠎ᠪᠠᠷ ᠪᠠᠶᠠᠵᠢᠬᠤ ᠪᠣᠯ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ᠃

2023 ᠣᠨ ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠪᠦᠷᠢ ᠴᠥᠮ ᠬᠠᠮᠲᠤ᠎ᠪᠠᠷ ᠪᠠᠶᠠᠵᠢᠬᠤ ᠲᠤᠬᠠᠢ ᠶᠠᠷᠢᠪᠠ᠃ ᠡᠨᠡ ᠵᠢᠯ᠂ ᠶᠡᠷᠦᠩᠬᠡᠢ ᠱᠦᠵᠢ ᠡᠴᠡ ᠠᠵᠤ ᠠᠬᠤᠢ᠎ᠶ᠋ᠢᠨ ᠲᠤᠮᠤ ᠮᠤᠵᠢ᠎ᠶ᠋ᠢ 《ᠱᠢᠨ᠎ᠡ ᠪᠠᠢᠳᠠᠯ᠎ᠢ ᠰᠤᠳᠤᠯᠬᠤ᠂ ᠱᠢᠨ᠎ᠡ ᠠᠰᠠᠭᠤᠳᠠᠯ᠎ᠢ ᠱᠢᠢᠳᠪᠦᠷᠢᠯᠡᠬᠦ᠌ ᠲᠠᠯ᠎ᠠ᠎ᠪᠠᠷ ᠬᠦᠴᠦ᠍ ᠣᠷᠣᠭᠤᠯᠵᠤ᠂ ᠲᠤᠷᠱᠢᠯᠭ᠎ᠠ ᠬᠤᠷᠠᠮᠳᠤᠭᠤᠯᠬᠤ ᠬᠡᠷᠡᠭ᠌ᠲᠡᠢ》 ᠭᠡᠵᠦ᠍ ᠱᠠᠭᠠᠷᠳᠠᠪᠠ᠂ ᠡᠭᠦᠨ᠎ᠳᠦ 《ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠪᠦᠲᠦᠮᠵᠢᠲᠡᠢ ᠠᠷᠭ᠎ᠠ ᠵᠠᠮ᠎ᠢ ᠰᠦᠪᠡᠭ᠌ᠴᠢᠯᠡᠬᠦ᠌》 ᠪᠠᠭᠳᠠᠨ᠎ᠠ᠃

ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠳᠤᠮᠳᠠ 《ᠶᠠᠳᠠᠭᠤ ᠬᠦᠴᠢᠷᠳᠡᠯᠲᠡᠢ ᠭᠠᠵᠠᠷ ᠣᠷᠣᠨ᠂ ᠶᠠᠳᠠᠭᠤ ᠬᠦᠴᠢᠷᠳᠡᠯᠲᠡᠢ ᠤᠯᠠᠨ ᠲᠦᠮᠡᠨ᠎ᠢ ᠨᠢᠭᠡ᠎ᠶ᠋ᠢ ᠴᠦ᠍ ᠣᠷᠬᠢᠭ᠍ᠳᠠᠭᠤᠯᠵᠤ ᠪᠣᠯᠬᠤ ᠦᠭᠡᠢ》 ᠭᠡᠰᠡᠨ ᠲᠠᠩᠭᠠᠷᠢᠭ ᠡᠴᠡ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠠᠬᠢᠴᠠ ᠳᠤᠮᠳᠠ 《ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ》 ᠭᠡᠰᠡᠨ ᠠᠮᠠᠯᠠᠯᠲᠠ ᠬᠦᠷᠲᠡᠯ᠎ᠡ; 《ᠬᠥᠮᠦᠨ ᠪᠦᠬᠦᠨ᠎ᠳᠦ ᠬᠥᠮᠦᠨ᠎ᠦ ᠠᠮᠢᠳᠤᠷᠠᠯ᠎ᠤᠨ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠠᠵᠠ ᠲᠣᠬᠢᠶᠠᠯ ᠣᠯᠭᠣᠬᠤ ᠪᠡᠷ ᠴᠢᠷᠮᠠᠢᠬᠰᠠᠨ》 ᠡᠴᠡ ᠠᠪᠤᠭᠠᠳ ᠭᠠᠵᠠᠷ ᠣᠷᠣᠨ᠂ ᠬᠤᠲᠠ ᠬᠥᠳᠡᠭᠡ᠂ ᠣᠷᠣᠯᠭ᠎ᠠ᠎ᠶ᠋ᠢᠨ ᠵᠦᠷᠢᠶ᠎ᠡ᠎ᠶ᠋ᠢ ᠲᠠᠰᠤᠷᠠᠯᠲᠠ ᠦᠭᠡᠢ ᠪᠠᠭᠠᠰᠭᠠᠵᠤ᠂ ᠣᠷᠣᠨ ᠪᠦᠰᠡ᠂ ᠠᠵᠢᠯ ᠲᠦᠷᠦᠯ᠎ᠦᠨ ᠬᠥᠭ᠌ᠵᠢᠯᠲᠡ᠎ᠶ᠋ᠢ ᠨᠡᠩ ᠵᠣᠬᠢᠴᠠᠩᠭᠤᠢ᠂ ᠲᠡᠩᠴᠡᠭᠦᠷᠢᠲᠡᠢ ᠪᠠ ᠪᠠᠭ᠍ᠲᠠᠭᠠᠮᠵᠢᠲᠠᠢ ᠪᠣᠯᠭᠠᠬᠤ ᠵᠢ ᠱᠠᠭᠠᠷᠳᠠᠬᠰᠠᠨ ᠬᠦᠷᠲᠡᠯ᠎ᠡ ᠁

ᠱᠢᠨ᠎ᠡ ᠴᠠᠭ ᠦᠶ᠎ᠡ ᠳ᠋ᠤ ᠤᠷᠤᠬᠰᠠᠨ᠎ᠡᠴᠡ ᠨᠠᠭᠠᠰᠢ᠂ ᠮᠠᠨ᠎ᠤ ᠤᠯᠤᠰ ᠢᠮᠠᠭ᠍ᠲᠠ ᠠᠷᠠᠳ ᠲᠦᠮᠡᠨ᠎ᠢᠶᠡᠷ ᠭᠣᠣᠯ ᠪᠣᠯᠭᠠᠵᠤ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠠᠬᠢᠭᠤᠯᠵᠤ᠂ ᠡᠷᠬᠡ ᠲᠡᠭ᠌ᠰᠢ ᠲᠦᠭᠡᠮᠡᠯ ᠬᠠᠷᠠᠭᠠᠯᠵᠠᠯᠲᠤ᠂ ᠦᠨᠳᠦᠰᠦᠨ ᠵᠦᠢᠯ᠎ᠢ ᠪᠠᠲᠤᠯᠠᠬᠤ ᠣᠢᠯᠠᠭᠠᠭ᠍ᠳᠠᠬᠤᠨ᠎ᠢ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯᠭᠡ᠎ᠳᠦ ᠠᠭᠤᠰᠤᠯᠴᠠᠭᠤᠯᠵᠤ᠂ ᠲᠦᠷᠢᠮ᠎ᠢ ᠲᠡᠭᠦᠯᠳᠡᠷᠵᠢᠭᠦᠯᠬᠦ᠌ ᠡᠴᠡ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠭᠰᠡᠨ ᠬᠦᠷᠲᠡᠯ᠎ᠡ᠂ ᠪᠦᠷᠬᠦᠬᠦᠯᠬᠦ ᠬᠡᠪᠴᠢᠶ᠎ᠠ᠎ᠶ᠋ᠢ ᠥᠷᠭᠡᠳᠭᠡᠬᠦ᠌᠎ᠡᠴᠡ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭ᠌ᠵᠢᠭᠦᠯᠦᠭᠰᠡᠨ ᠬᠦᠷᠲᠡᠯ᠎ᠡ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠨᠡᠩ ᠤᠯᠠᠨ ᠨᠡᠩ ᠡᠷᠬᠡ ᠲᠡᠭ᠌ᠰᠢ᠎ᠪᠡᠷ ᠪᠦᠬᠦ᠌ ᠠᠷᠠᠳ ᠲᠦᠮᠡᠨ᠎ᠳᠦ ᠬᠦᠷᠲᠡᠭᠡᠪᠡ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠎ᠳᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠪ ᠭᠤᠤᠯᠴᠢ ᠲᠦᠭᠡᠮᠡᠯ ᠬᠠᠷᠠᠭᠠᠯᠵᠠᠯᠲᠤ ᠯᠤᠭ᠎ᠠ ᠨᠢᠭᠳᠠ ᠤᠶᠠᠯᠳᠤᠭᠰᠠᠨ ᠠᠯᠢ ᠣᠯᠠᠨ ᠪᠠᠢᠷᠢᠯᠠᠭᠤᠯᠤᠯᠲᠠ ᠱᠠᠭᠠᠷᠳᠠᠯᠭ᠎ᠠ ᠨᠢ ᠱᠢᠨ᠎ᠡ ᠴᠠᠭ ᠦᠶ᠎ᠡ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠦᠨ ᠪᠠᠢᠭᠤᠯᠤᠯᠲᠠ ᠵᠢᠨ ᠬᠠᠷᠠᠯᠲᠠ ᠴᠢᠭ᠌ᠯᠡᠯ᠎ᠢ ᠲᠣᠳᠣᠷᠬᠠᠶ ᠲᠣᠭ᠍ᠲᠠᠭᠠᠪᠠ᠃

《ᠰᠤᠷᠭᠠᠨ ᠬᠥᠮᠦᠵᠢᠯ᠎ᠦᠨ ᠡᠷᠬᠡ ᠲᠡᠭ᠌ᠰᠢ ᠪᠠ ᠶᠠᠰᠤ ᠴᠢᠨᠠᠷ᠎ᠤᠨ ᠳᠡᠭᠡᠭ᠌ᠰᠢᠯᠡᠯᠲᠡ᠎ᠶ᠋ᠢ ᠠᠬᠢᠭᠤᠯᠬᠤ》᠂ 《ᠠᠵᠢᠯ ᠣᠯᠭᠣᠯᠲᠠ᠎ᠶ᠋ᠢᠨ ᠭᠠᠳᠠᠭᠤᠷᠴᠢᠯᠠᠯ᠎ᠤᠨ ᠵᠠᠰᠠᠯᠲᠠ᠎ᠶ᠋ᠢ ᠴᠢᠩᠭᠠᠳᠭᠠᠵᠤ᠂ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠡᠷᠡᠰ ᠬᠠᠮᠠᠭᠠᠯᠠᠬᠤ》 ᠁ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠲᠣᠳᠣᠷᠬᠠᠶ ᠲᠣᠭ᠍ᠲᠠᠭᠠᠭ᠍ᠰᠠᠨ ᠰᠤᠷᠭᠠᠨ ᠬᠥᠮᠦᠵᠢᠯ᠎ᠦᠨ ᠡᠷᠬᠡ ᠲᠡᠭ᠌ᠰᠢ᠂ ᠬᠥᠳᠡᠯᠮᠦᠷᠢᠴᠢᠳ᠎ᠦᠨ ᠡᠷᠬᠡ ᠠᠱᠢᠭ᠎ᠤᠨ ᠪᠠᠲᠤᠯᠠᠭ᠎ᠠ ᠵᠡᠷᠭᠡ ᠱᠠᠭᠠᠷᠳᠠᠯᠭ᠎ᠠ ᠨᠢ ᠲᠦᠭᠡᠮᠡᠯ ᠬᠠᠷᠠᠭᠠᠯᠵᠠᠯᠲᠤ ᠬᠠᠮᠲᠤ᠎ᠪᠠᠷ ᠡᠳ᠋ᠯᠡᠬᠦ᠌᠎ᠳᠦ ᠭᠤᠤᠯᠳᠠᠯᠭ᠎ᠠ᠎ᠲᠠᠶ ᠴᠢᠭ᠌ᠯᠡᠯ᠎ᠢ ᠲᠣᠭ᠍ᠲᠠᠭᠠᠵᠤ ᠥᠭ᠌ᠪᠡ᠃

ᠲᠦᠮᠡ ᠮᠢᠩᠭᠠᠨ ᠶᠠᠪᠤᠳᠠᠯ᠎ᠤᠨ ᠳᠤᠳᠤᠷ᠎ᠠ ᠠᠷᠠᠳ᠎ᠤᠨ ᠠᠮᠢᠳᠤᠷᠠᠯ ᠶᠠᠭᠤᠨ ᠡᠴᠡ ᠴᠤ᠌ ᠴᠢᠬᠤᠯᠠ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠢᠨᠠᠷ ᠰᠠᠢᠲᠠᠢ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠰᠠᠢ᠌ᠨ ᠰᠠᠢᠬᠠᠨ ᠬᠦᠰᠡᠯ ᠶᠠᠭ ᠠᠯᠬᠤᠮ ᠠᠯᠬᠤᠮ᠎ᠢᠶᠠᠷ ᠪᠡᠶᠡᠯᠡᠭ᠌ᠳᠡᠵᠦ᠍ ᠪᠠᠢᠨ᠎ᠠ᠃

(ᠰᠢᠨᠬᠤᠸᠠ ᠬᠤᠷᠢᠶ᠎ᠠ ᠵᠢᠨ 3 ᠰᠠᠷ᠎ᠠ ᠵᠢᠨ 22 ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号