ᠪᠥᠬᠥ᠌ ᠣᠷᠣᠨ᠎ᠤ ᠠᠢᠮᠠᠭ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠤᠨ ᠲᠤᠷᠱᠢᠯᠭ᠎ᠠ ᠰᠣᠯᠢᠯᠴᠠᠬᠤ ᠬᠤᠷᠠᠯ ᠬᠤᠷᠠᠯᠳᠤᠪᠠ
2026-03-26 09:29:26
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠶᠠᠷᠢᠶ᠎ᠠ ᠲᠠᠯᠪᠢᠵᠠᠢ


3 ᠰᠠᠷ᠎ᠠ᠎ᠶ᠋ᠢᠨ 25 ᠤ᠋ ᠡᠳᠦᠷ᠂ ᠪᠦᠬᠦ᠌ ᠣᠷᠣᠨ᠎ᠤ ᠠᠢᠮᠠᠭ ᠬᠤᠳᠠ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠲᠤᠷᠱᠢᠯᠭ᠎ᠠ ᠰᠣᠯᠢᠯᠴᠠᠬᠤ ᠬᠤᠷᠠᠯ ᠬᠤᠷᠠᠯᠳᠤᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠪᠠᠶ ᠴᠧᠩ᠂ ᠶᠠᠩ ᠵᠢᠶᠧ᠂ ᠢᠦᠶ ᠷᠧᠨ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠪᠠ᠃

ᠬᠤᠷᠠᠯ᠎ᠡᠴᠡ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠥᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢ ᠤᠯᠤᠰ ᠲᠦᠷᠤ᠎ᠶ᠋ᠢᠨ ᠵᠥᠪᠯᠡᠯᠭᠡᠨ᠎ᠦ ᠠᠵᠢᠯ᠎ᠢ ᠶᠡᠷᠦᠩᠬᠡᠢᠯᠡᠨ ᠵᠢᠯᠣᠭᠣᠳᠤᠭᠤᠯᠬᠤ ᠶᠡᠷᠦᠩᠬᠡᠢ ᠬᠥᠲᠥᠯᠪᠦᠷᠢ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨ᠎ᠡ ᠪᠠᠢᠷᠢᠯᠠᠭᠤᠯᠤᠯᠲᠠ ᠱᠢᠨ᠎ᠡ ᠱᠠᠭᠠᠷᠳᠠᠯᠭ᠎ᠠ ᠶᠣᠰᠣᠭᠠᠷ᠂ ᠲᠤᠰ ᠪᠡᠶ᠎ᠡ᠎ᠶ᠋ᠢᠨ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠳᠦ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠢ ᠪᠦᠯᠬᠦᠮᠳᠡᠭᠦᠯᠦᠨ ᠬᠥᠲᠥᠯᠥᠨ ᠳᠠᠭᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ᠂ ᠬᠠᠮᠳᠤᠷᠠᠯ ᠬᠦᠴᠦᠨ᠎ᠢ ᠬᠤᠷᠠᠮᠳᠤᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃

ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ ᠪᠣᠯᠤᠨ ᠮᠠᠨᠵᠤᠤᠷ ᠬᠤᠳᠠ᠂ ᠡᠷᠢᠶᠡᠨ ᠬᠤᠳᠠ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠠᠷᠢᠭᠤᠴᠠᠯᠭᠠᠲᠠᠨ ᠨᠦᠬᠦᠳ ᠬᠤᠪᠢᠶᠠᠷᠢ ᠬᠤᠷᠠᠯ᠎ᠤᠨ ᠲᠠᠯᠠᠪᠠᠢ᠎ᠳᠤ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号