3 ᠰᠠᠷ᠎ᠠ᠎ᠶ᠋ᠢᠨ 25᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠵᠢᠷᠭᠤᠳᠤᠭᠠᠷ ᠬᠤᠷᠠᠯ ᠡᠬᠢᠯᠡᠬᠰᠡᠨ ᠪᠦᠭᠡᠳ ᠠᠩᠬᠠᠳᠤᠭᠠᠷ ᠤᠳᠠᠭᠠᠶ᠋ᠢᠨᠪᠦᠬᠦᠳᠡ ᠬᠤᠷᠠᠯ ᠬᠢᠪᠠ᠃
ᠲᠤᠰ ᠤᠳᠠᠭ᠎ᠠ᠎ᠶ᠋ᠢᠨ ᠬᠤᠷᠠᠯ᠎ᠳᠤ ᠣᠷᠣᠯᠴᠠᠭ᠍ᠰᠠᠨ ᠪᠦᠷᠢᠯᠳᠦᠬᠦᠨ 60 ᠬᠥᠮᠦᠨ ᠪᠠᠢᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠵᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠎ᠦᠨ ᠨᠠᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠠᠢᠩᠭᠤ᠎ᠶ᠋ᠢᠨ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠵᠧᠩ ᠬᠣᠩ ᠹᠠᠨ᠂ ᠳ᠋ᠢᠩ ᠱᠢᠤ ᠹᠸᠩ᠂ ᠮᠸᠩ ᠱᠢᠶᠠᠨ ᠳ᠋ᠦᠩ᠂ ᠯᠢ ᠢᠦᠢ ᠭᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠵᠧᠩ ᠭᠤᠸᠠᠩ ᠵᠣᠣ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠵᠠᠶ᠃
ᠬᠤᠷᠠᠯ᠎ᠤᠨ ᠵᠥᠪᠯᠡᠬᠦ᠌ ᠵᠦᠶ᠋ᠯᠡᠰ᠎ᠢ ᠪᠠᠲᠤᠯᠠᠭ᠍ᠰᠠᠨ᠎ᠤ ᠳᠠᠷᠠᠭ᠎ᠠ᠂ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠲᠦᠷᠢᠮ᠎ᠦᠨ ᠵᠥᠪᠯᠡᠯ᠎ᠦᠨ ᠡᠷᠬᠢᠯᠡᠭ᠌ᠴᠢ ᠭᠡᠱᠢᠭᠦᠨ ᠰᠠᠷᠠᠨ᠎ᠤ ᠬᠢᠭ᠌ᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠬᠠᠤᠯᠢ〉 ᠶ᠋ᠢ ᠬᠡᠷᠡᠭ᠌ᠵᠢᠭᠦᠯᠬᠦ᠌ ᠠᠷᠭ᠎ᠠ (ᠲᠥᠰᠦᠯ)》 ᠶ᠋ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠲᠦᠷᠢᠮ᠎ᠦᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠵᠧᠩ ᠵᠢᠨ ᠴᠦᠨ᠎ᠦ ᠬᠢᠭ᠌ᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠶ ᠱᠢᠭᠤᠶ᠎ᠶ᠋ᠢᠨ ᠬᠠᠤᠯᠢ〉 ᠶ᠋ᠢ ᠬᠡᠷᠡᠭ᠌ᠵᠢᠭᠦᠯᠬᠦ᠌ ᠠᠷᠭ᠎ᠠ (ᠵᠠᠰᠠᠪᠤᠷᠢ ᠣᠷᠣᠭᠤᠯᠤᠭ᠍ᠰᠠᠨ ᠲᠥᠰᠦᠯ)》 ᠶ᠋ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠲᠦᠷᠢᠮ᠎ᠦᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠵᠠᠩ ᠽᠦᠸᠧ ᠾᠧᠦ᠍ᠶ᠋ᠢᠨ ᠬᠢᠭ᠌ᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠤᠨ ᠠᠷᠠᠳᠴᠢᠯᠠᠭ᠍ᠰᠠᠨ ᠬᠠᠮᠢᠶᠠᠷᠤᠯᠲᠠ᠎ᠶ᠋ᠢᠨ ᠲᠦᠷᠢᠮ (ᠲᠥᠰᠦᠯ)》 ᠢ᠋ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ᠎ᠶ᠋ᠢ ᠰᠣᠨᠣᠰᠪᠠ᠃
ᠬᠤᠷᠠᠯ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠳᠠᠪᠱᠢᠯᠲᠤᠶ᠋ᠢᠨ ᠬᠢᠭ᠌ᠰᠡᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ ᠵᠢᠨ ᠠᠭᠤᠷ ᠠᠮᠢᠰᠭᠤᠯ᠎ᠤᠨ ᠶᠠᠰᠤ ᠴᠢᠨᠠᠷ᠎ᠤᠨ ᠦᠨᠡᠯᠡᠯᠲᠡ᠎ᠶ᠋ᠢ ᠠᠬᠢᠭᠤᠯᠬᠤ ᠲᠦᠷᠢᠮ (ᠲᠥᠰᠦᠯ)》 ᠤ᠋ᠨ ᠲᠤᠬᠠᠶ ᠲᠣᠳᠣᠷᠬᠠᠢᠯᠠᠯᠲᠠ; ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠳᠠᠷᠤᠭ᠎ᠠ ᠸᠠᠩ ᠵᠣᠣ ᠱᠧᠩ᠎ᠦᠨ ᠬᠢᠭ᠌ᠰᠡᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠦᠨ ᠬᠠᠮᠠᠭᠠᠯᠠᠯᠲᠠ ᠪᠠ ᠬᠠᠮᠢᠶᠠᠷᠤᠯᠲᠠ᠎ᠶ᠋ᠢᠨ ᠲᠦᠷᠢᠮ (ᠲᠥᠰᠦᠯ)》 ᠤ᠋ᠨ ᠲᠤᠬᠠᠶ ᠲᠣᠳᠣᠷᠬᠠᠢᠯᠠᠯᠲᠠ; ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠳᠠᠢᠴᠢᠯᠠᠯᠲᠠ᠎ᠶ᠋ᠢᠨ ᠲᠣᠪᠴᠢᠶ᠎ᠠ ᠵᠢᠨ ᠳᠡᠳ᠋ ᠳᠠᠷᠤᠭ᠎ᠠ ᠶᠠᠩ ᠹᠸᠩ ᠴᠠᠩ᠎ᠤᠨ ᠬᠢᠭ᠌ᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠡᠷᠢᠭ ᠡᠯᠰᠡᠬᠦ᠌ ᠠᠵᠢᠯ᠎ᠤᠨ ᠲᠦᠷᠢᠮ (ᠵᠠᠰᠠᠪᠤᠷᠢ ᠣᠷᠣᠭᠤᠯᠤᠭ᠍ᠰᠠᠨ ᠲᠥᠰᠦᠯ)》 ᠤ᠋ᠨ ᠲᠤᠬᠠᠶ ᠲᠣᠳᠣᠷᠬᠠᠢᠯᠠᠯᠲᠠ᠎ᠶ᠋ᠢ ᠰᠣᠨᠣᠰᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠳᠠᠷᠤᠭ᠎ᠠ ᠪᠠᠶ ᠶᠦᠩ ᠫᠢᠩ᠎ᠦᠨ ᠬᠢᠭ᠌ᠰᠡᠨ 《ᠨᠠᠶ᠋ᠮᠠᠳᠤᠭᠠᠷ ᠲᠠᠪᠤᠨ ᠵᠢᠯ 》 ᠤ᠋ᠨ ᠬᠠᠤᠯᠢ ᠲᠦᠭᠡᠮᠡᠯᠵᠢᠭᠦᠯᠬᠦ᠌ ᠱᠢᠶ᠋ᠳᠪᠦᠷᠢ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠤᠨ ᠲᠤᠬᠠᠶ ᠮᠡᠳᠡᠭᠦᠯᠦᠯᠲᠡ᠂ 2025 ᠣᠨ᠎ᠤ ᠬᠠᠤᠯᠢ ᠪᠡᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠪᠠᠢᠳᠠᠯ᠎ᠤᠨ ᠲᠤᠬᠠᠶ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠳᠠᠷᠤᠭ᠎ᠠ ᠵᠢᠤᠢ ᠱᠸ᠋ ᠸᠸᠨ᠎ᠤ ᠬᠢᠭ᠌ᠰᠡᠨ ᠪᠥᠬᠥ᠌ ᠣᠷᠣᠨ᠎ᠤ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠬᠠᠶ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠠᠤᠯᠢ ᠴᠠᠭᠠᠵᠠ᠎ᠶ᠋ᠢᠨ ᠠᠵᠢᠯ᠎ᠤᠨ ᠵᠥᠪᠯᠡᠯ᠎ᠦᠨ ᠡᠷᠬᠢᠯᠡᠭ᠌ᠴᠢ ᠵᠠᠩ ᠽᠦᠸᠧ ᠾᠧᠦ᠍ᠶ᠋ᠢᠨ ᠬᠢᠭ᠌ᠰᠡᠨ 2025 ᠣᠨ᠎ᠤ ᠪᠦᠷᠢᠳᠭᠡᠨ ᠳᠡᠩᠰᠡᠯᠡᠵᠦ᠍ ᠬᠢᠨᠠᠨ ᠪᠠᠢᠴᠠᠭᠠᠭ᠍ᠰᠠᠨ ᠠᠵᠢᠯ᠎ᠤᠨ ᠪᠠᠢᠳᠠᠯ᠎ᠤᠨ ᠲᠤᠬᠠᠶ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠭᠦᠸᠧ ᠱᠢᠨ᠎ᠦ ᠬᠢᠭ᠌ᠰᠡᠨ ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠦᠨ ᠲᠤᠬᠠᠶ ᠮᠡᠳᠡᠭᠦᠯᠦᠯᠲᠡ᠎ᠶ᠋ᠢ ᠰᠣᠨᠣᠰᠪᠠ᠃
ᠬᠤᠷᠠᠯ᠎ᠠᠴᠠ ᠪᠠᠰᠠ ᠬᠡᠰᠡᠭ ᠲᠣᠭᠣᠷᠢᠭ ᠪᠠᠢᠭᠤᠯᠤᠬᠰᠠᠨ ᠬᠣᠲᠠ᠂ ᠭᠤᠷᠪᠠᠨ ᠥᠪᠡᠷᠲᠡᠭᠡᠨ ᠵᠠᠰᠠᠬᠤ ᠬᠣᠱᠢᠭᠤᠨ᠎ᠤ ᠵᠥᠪᠱᠢᠶᠡᠷᠡᠭᠦᠯᠬᠦ᠌᠎ᠪᠡᠷ ᠳᠡᠪᠱᠢᠭᠦᠯᠦᠭ᠌ᠰᠡᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠂ ᠲᠤᠰᠭᠠᠶ ᠲᠦᠷᠢᠮ ᠵᠢᠴᠢ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠲᠤᠱᠢᠶᠠᠯ᠎ᠳᠤ ᠲᠣᠮᠢᠯᠠᠵᠤ ᠲᠤᠱᠢᠶᠠᠯ᠎ᠠᠴᠠ᠎ᠨᠢ ᠪᠠᠭᠤᠯᠭᠠᠬᠤ᠎ᠪᠠᠷ ᠳᠡᠪᠱᠢᠭᠦᠯᠦᠭ᠌ᠰᠡᠨ ᠬᠥᠮᠦᠰ᠎ᠦᠨ ᠪᠠᠢᠳᠠᠯ᠎ᠤᠨ ᠲᠤᠬᠠᠶ ᠲᠣᠳᠣᠷᠬᠠᠢᠯᠠᠯᠲᠠ᠎ᠶ᠋ᠢ ᠬᠢᠨᠠᠨ ᠵᠥᠪᠯᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠯ᠎ᠡ ᠲᠤᠰᠭᠠᠶ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠂ ᠪᠥᠬᠥ᠌ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠰᠡᠭ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠪᠠᠢᠭᠤᠯᠤᠮᠵᠢ ᠪᠠ ᠠᠢᠮᠠᠭ᠎ᠤᠨ ᠠᠵᠢᠯ᠎ᠤᠨ ᠬᠣᠷᠢᠶ᠎ᠠ ᠵᠢᠨ ᠬᠠᠷᠢᠭᠤᠴᠠᠯᠭᠠᠲᠠᠨ ᠨᠥᠬᠥᠳ᠂ ᠡᠯ᠎ᠡ ᠲᠣᠭᠣᠷᠢᠭ᠎ᠪᠠᠢᠭᠤᠯᠤᠬᠰᠠᠨ ᠬᠣᠲᠠ᠂ ᠮᠠᠨᠵᠤᠤᠷ ᠬᠣᠲᠠ᠂ ᠡᠷᠢᠶᠡᠨ ᠬᠣᠲᠠ ᠵᠢᠴᠢ ᠥᠪᠡᠷᠲᠡᠭᠡᠨ ᠵᠠᠰᠠᠬᠤ ᠬᠣᠱᠢᠭᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠶ᠃