ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠰᠤᠯᠠ ᠣᠷᠣᠯᠴᠠᠭ᠍ᠰᠠᠨ ᠲᠥᠯᠥᠭᠡᠯᠡᠭ᠌ᠴᠢᠳ᠎ᠦᠨ ᠶᠠᠷᠢᠯᠴᠠᠬᠤ ᠬᠤᠷᠠᠯ ᠬᠤᠷᠠᠯᠳᠤᠭᠤᠯᠪᠠ
2026-03-26 16:37:48
ᠵᠣᠬᠢᠶᠠᠭ᠍ᠴᠢ᠄
​ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 25 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠠᠢᠩᠭᠤ᠎ᠶ᠋ᠢᠨ ᠳᠡᠳ᠋ ᠡᠷᠬᠢᠯᠡᠭ᠌ᠴᠢ ᠵᠠᠩ ᠱᠤᠤ ᠴᠦᠨ᠂ ᠳᠡᠳ᠋ ᠡᠷᠬᠢᠯᠡᠭ᠌ᠴᠢ ᠯᠢ ᠢᠦᠶ ᠭᠠᠩ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠵᠢᠷᠭᠤᠳᠤᠭᠠᠷ ᠬᠤᠷᠠᠯ᠎ᠳᠤ ᠰᠤᠯᠠ ᠣᠷᠣᠯᠴᠠᠭ᠍ᠰᠠᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠲᠡᠶ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃

ᠶᠠᠷᠢᠯᠴᠠᠬᠤ ᠬᠤᠷᠠᠯ ᠳᠡᠭᠡᠷ᠎ᠡ᠂ ᠲᠥᠯᠥᠭᠡᠯᠡᠭ᠌ᠴᠢᠳ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ ᠲᠠᠨᠢᠯᠲᠠ ᠣᠢᠯᠠᠭᠠᠯᠲᠠ᠎ᠪᠠᠨ ᠶᠠᠷᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠴᠢ ᠪᠠᠢᠭᠤᠯᠭ᠎ᠠ᠎ᠶ᠋ᠢᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠳᠦ ᠰᠠᠨᠠᠯ ᠰᠠᠨᠠᠭᠤᠯᠭ᠎ᠠ ᠳᠤᠷᠠᠳᠪᠠ᠃

ᠬᠤᠷᠠᠯ᠎ᠡᠴᠡ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠥᠷᠭᠡᠨ᠎ᠢᠶᠡᠷ ᠤᠬᠠᠭᠤᠯᠤᠨ ᠲᠠᠢᠯᠪᠤᠷᠢᠯᠠᠵᠤ᠂ ᠤᠬᠠᠮᠰᠠᠷ᠎ᠠᠴᠠ᠎ᠪᠠᠨ ᠵᠠᠰᠠᠭ ᠤ᠋ᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠵᠤ ᠂ ᠠᠷᠠᠳ ᠲᠦᠮᠡᠨ᠎ᠦ ᠠᠱᠢᠭ ᠲᠤᠰᠠ ᠪᠠ ᠬᠦᠰᠡᠯ ᠵᠣᠷᠢᠭ᠎ᠢ ᠦᠨᠡᠨᠴᠢ ᠱᠢᠳᠤᠷᠭᠤ᠎ᠪᠠᠷ ᠲᠥᠯᠥᠭᠡᠯᠡᠵᠦ᠍᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠤᠯᠠᠨ ᠲᠦᠮᠡᠨ᠎ᠲᠡᠶ ᠨᠢᠭ᠍ᠲᠠ ᠬᠠᠷᠢᠯᠴᠠᠵᠤ᠂ ᠮᠠᠨ᠎ᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠢ᠌ᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号