ᠮᠢᠩᠭᠠᠨ ᠣᠨ᠎ᠤ ᠶᠡᠬᠡ ᠪᠣᠳᠣᠯᠭ᠎ᠠ᠂ ᠤᠯᠤᠰ ᠭᠦᠷᠦᠨᠤ᠋ ᠲᠤᠮᠤ ᠶᠠᠪᠤᠳᠠᠯ᠃ ᠶᠡᠷᠦᠩᠬᠡᠢ ᠱᠦᠵᠢ ᠰᠢ᠎ᠶᠢᠨ ᠫᠢᠩ 23᠎ᠤ᠋ ᠡᠳᠦᠷ ᠾᠧᠪᠧᠢ᠎ᠶᠢᠨ ᠰᠢᠶᠦᠢ᠍ᠩ ᠠᠨ ᠰᠢᠨ᠎ᠡ ᠲᠣᠭᠣᠷᠢᠭ᠋᠎ᠲᠤ ᠰᠢᠨᠵᠢᠯᠠᠨ ᠪᠠᠢᠴᠠᠭᠠᠵᠤ᠂ ᠰᠢᠶᠦᠢ᠍ᠩ ᠠᠨ ᠰᠢᠨ᠎ᠡ ᠲᠣᠭᠣᠷᠢᠭ᠋᠎ᠤᠨ ᠴᠢᠨᠠᠷ ᠰᠠᠢᠲᠠᠢ ᠪᠦᠲᠦᠭᠡᠨ ᠪᠠᠢᠭᠤᠯᠤᠯᠲᠠ ᠪᠠ ᠬᠥᠭᠵᠢᠯᠲᠡ᠎ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠰᠢᠶᠦᠢ᠍ᠩ ᠠᠨ ᠰᠢᠨ᠎ᠡ ᠲᠣᠭᠣᠷᠢᠭ᠋᠎ᠤᠨ ᠪᠡᠭᠡᠵᠢᠩ᠎ᠦᠨ ᠨᠡᠢᠰᠯᠡᠯ᠎ᠦᠨ ᠪᠤᠰᠤ ᠦᠢᠯᠡᠳᠦᠯ ᠴᠢᠳᠠᠮᠵᠢ᠎ᠶᠢ ᠲᠠᠷᠬᠠᠭᠠᠨ ᠵᠤᠬᠢᠴᠠᠭᠤᠯᠬᠤ ᠵᠢ ᠬᠦᠯᠢᠶᠡᠨ ᠠᠪᠬᠤ ᠭᠠᠵᠠᠷ ᠪᠣᠯᠤᠭᠰᠠᠨ᠎ᠤ ᠬᠤᠪᠢ᠎ᠳᠠᠬᠢ ᠲᠡᠷᠢᠭᠦᠨ ᠴᠢᠬᠤᠯᠠ ᠦᠢᠯᠡᠳᠦᠯ ᠴᠢᠳᠠᠮᠵᠢ᠎ᠶᠢᠨ ᠪᠠᠢᠷᠢ ᠲᠣᠭᠲᠠᠭᠠᠯᠲᠠ᠎ᠶᠢ ᠪᠠᠲᠤ ᠡᠵᠡᠮᠳᠡᠵᠦ᠂ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ ᠪᠣᠯᠣᠨ ᠲᠡᠦᠬᠡ᠎ᠶᠢᠨ ᠬᠦᠯᠢᠴᠡᠩᠭᠦᠢ ᠤᠪᠤᠷ᠎ᠢ ᠪᠠᠲᠤᠯᠠᠵᠤ᠂ ᠦᠵᠡᠯ ᠰᠠᠨᠠᠭ᠎ᠠ᠎ᠪᠠᠨ ᠴᠢᠨᠠᠭᠰᠢᠳᠠ ᠴᠢᠯᠦᠭᠡᠯᠡᠨ᠂ ᠰᠡᠳᠬᠢᠮᠵᠢ᠎ᠪᠡᠨ ᠲᠡᠯᠡᠵᠤ᠂ ᠵᠣᠬᠢᠴᠠᠭᠤᠯᠭ᠎ᠠ᠎ᠪᠠᠨ ᠴᠢᠩᠭᠠᠳᠬᠠᠨ᠂ ᠬᠠᠮᠲᠤᠷᠠᠯ ᠬᠦᠴᠦᠨ ᠵᠢᠡᠨ ᠨᠢᠭ᠍ᠲᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠪᠡᠷ ᠵᠢᠯᠣᠭᠣᠳᠤᠮᠵᠢ ᠪᠣᠯᠭᠠᠨ ᠳᠣᠲᠣᠭᠠᠳᠤ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠨᠡᠮᠡᠭᠳᠡᠭᠦᠯᠵᠦ᠂ ᠬᠦᠴᠦᠨ ᠵᠦᠢᠯ᠎ᠤᠨ ᠡᠬᠢ ᠪᠠᠶᠠᠯᠢᠭ᠋᠎ᠢ ᠵᠣᠬᠢᠰᠲᠠᠢ ᠲᠥᠪᠯᠡᠷᠡᠭᠦᠯᠬᠦ᠎ᠪᠡᠷ ᠭᠣᠣᠯᠳᠠᠯᠭ᠎ᠠ ᠪᠣᠯᠭᠠᠨ ᠰᠢᠨ᠎ᠡ ᠲᠣᠭᠣᠷᠢᠭ᠋᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨ᠎ᠡ ᠴᠠᠭ ᠦᠶ᠎ᠡ᠎ᠶᠢᠨ ᠰᠢᠨ᠎ᠡ᠎ᠶᠢ ᠡᠭᠦᠳᠬᠦ ᠥᠨᠳᠥᠷᠯᠢᠭᠪᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠦᠯᠢᠬᠡᠷ ᠬᠡᠪ᠎ᠢ ᠴᠢᠷᠮᠠᠢᠨ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
ᠰᠢᠶᠦᠢ᠍ᠩ ᠠᠨ ᠰᠢᠨ᠎ᠡ ᠲᠣᠭᠣᠷᠢᠭ᠋᠎ᠢ ᠪᠦᠲᠦᠭᠡᠨ ᠪᠠᠶ᠋ᠢᠭᠤᠯᠤᠬᠰᠠᠨ ᠪᠣᠯ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠡᠴᠡ ᠪᠡᠭᠡᠵᠢᠩ᠎ᠦᠨ ᠨᠡᠢᠰᠯᠡᠯ᠎ᠦᠨ ᠪᠤᠰᠤ ᠦᠢᠯᠡᠳᠦᠯ ᠴᠢᠳᠠᠮᠵᠢ᠎ᠶᠢ ᠲᠠᠷᠬᠠᠭᠠᠨ ᠵᠤᠬᠢᠴᠠᠭᠤᠯᠬᠤ᠂ ᠪᠡᠭᠡᠵᠢᠩ ᠲᠢᠶᠠᠨᠵᠢᠨ ᠡᡁᠸᠪᠸᠢ᠎ᠶᠢᠨ ᠬᠠᠮᠵᠢᠯᠴᠠᠨ ᠬᠥᠭᠵᠢᠬᠦ᠎ᠶᠢ ᠭᠦᠨᠵᠡᠭᠡᠢ ᠠᠬᠢᠭᠤᠯᠬᠤ᠎ᠶᠢᠨ ᠲᠥᠯᠥᠭᠡ ᠲᠤᠬᠳᠠᠭᠠᠬᠰᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ ᠮᠦᠨ᠃ 9 ᠵᠢᠯ᠎ᠦᠨ ᠲᠤᠷᠰᠢ᠂ ᠨᠠᠮ᠎ᠤᠨ ᠲᠥᠪ ᠬᠣᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠲᠠᠯ᠎ᠠ᠎ᠶᠢᠨ ᠬᠢᠨ᠎ᠦ ᠬᠠᠮᠲᠤ᠎ᠶᠢᠨ ᠴᠢᠷᠮᠠᠢᠯᠭ᠎ᠠ᠎ᠪᠠᠷ᠂ ᠰᠢᠶᠦᠢ᠍ᠩ ᠠᠨ ᠰᠢᠨ᠎ᠡ ᠲᠣᠭᠣᠷᠢᠭ᠋᠎ᠢ ᠥᠨᠳᠥᠷ ᠭᠠᠷᠤᠭ᠎ᠠ᠎ᠡᠴᠡ ᠲᠥᠯᠥᠪᠵᠢᠭᠦᠯᠵᠦ᠂ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢᠭᠤᠯᠵᠤ᠂ ᠴᠢᠨᠠᠷ ᠰᠠᠢᠲᠠᠢ ᠬᠥᠭᠵᠢᠭᠦᠯᠵᠦ᠂ ᠬᠤᠳᠠ᠎ᠶᠢᠨ ᠬᠡᠯᠪᠡᠷᠢ ᠪᠠᠢᠳᠠᠯ᠎ᠳᠤ ᠪᠠᠢᠷᠢᠰᠢᠯ᠎ᠤᠨ ᠴᠢᠨᠠᠷᠲᠠᠢ ᠬᠤᠪᠢᠷᠠᠯᠲᠠ᠎ᠶᠢ ᠪᠡᠶᠡᠯᠡᠭᠦᠯᠵᠦ᠂ ᠣᠳᠣᠬᠢᠴᠢᠯᠠᠭᠰᠠᠨ ᠬᠤᠳᠠ᠎ᠶᠢᠨ ᠳᠦᠷᠢ ᠲᠥᠷᠬᠦ ᠡᠬᠢᠯᠡᠨ ᠢᠯᠡᠷᠡᠵᠦ᠂ ᠣᠳᠣᠬᠢᠴᠢᠯᠠᠭᠰᠠᠨ ᠬᠤᠳᠠ᠎ᠶᠢᠨ ᠵᠠᠰᠠᠯᠲᠠ᠎ᠶᠢᠨ ᠰᠢᠰᠲ᠋ᠸᠮ ᠲᠠᠰᠤᠷᠠᠯᠲᠠ ᠦᠭᠡᠢ ᠲᠡᠭᠦᠯᠳᠡᠷᠵᠢᠵᠦ᠂ ᠰᠢᠶᠦᠢ᠍ᠩ ᠠᠨ ᠰᠢᠨ᠎ᠡ ᠲᠣᠭᠣᠷᠢᠭ᠋᠎ᠤᠨ ᠪᠦᠲᠦᠭᠡᠨ ᠪᠠᠢᠭᠤᠯᠤᠯᠲᠠ ᠪᠠ ᠬᠥᠭᠵᠢᠯᠲᠡ ᠴᠢᠬᠤᠯᠠ ᠶᠡᠬᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ 《ᠢᠷᠡᠭᠡᠳᠦᠢ᠎ᠶᠢᠨ ᠬᠤᠳᠠ》 ᠶᠠᠭ ᠰᠠᠢᠬᠠᠨ ᠦᠰᠦᠨ ᠪᠣᠢᠵᠢᠵᠤ ᠡᠬᠢᠯᠡᠯ᠎ᠡ᠃ ᠰᠢᠶᠦᠢ᠍ᠩ ᠠᠨ ᠰᠢᠨ᠎ᠡ ᠲᠣᠭᠣᠷᠢᠭ᠋᠎ᠢ ᠪᠦᠲᠦᠭᠡᠨ ᠪᠠᠶ᠋ᠢᠭᠤᠯᠬᠤ ᠲᠤᠬᠠᠢ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠣᠯ ᠪᠦᠷᠢᠮᠦᠰᠦᠨ ᠵᠥᠪ ᠣᠨᠣᠪᠴᠢᠲᠠᠢ᠂ ᠡᠯ᠎ᠡ ᠲᠠᠯ᠎ᠠ᠎ᠶᠢᠨ ᠠᠵᠢᠯ ᠪᠣᠯ ᠯᠠᠪᠳᠠᠭᠤᠨ ᠪᠠᠲᠤᠲᠠᠢ ᠪᠦᠲᠦᠮᠵᠢᠲᠡᠢ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠵᠡᠢ᠃
ᠶᠡᠷᠦᠩᠬᠡᠢ ᠱᠦᠵᠢ ᠰᠢ᠎ᠶᠢᠨ ᠫᠢᠩ᠄《ᠰᠢᠶᠦᠢ᠍ᠩ ᠠᠨ ᠰᠢᠨ᠎ᠡ ᠲᠣᠭᠣᠷᠢᠭ᠋ ᠪᠣᠯ ᠪᠡᠭᠡᠵᠢᠩ᠎ᠦᠨ ᠨᠡᠢᠰᠯᠡᠯ᠎ᠦᠨ ᠪᠤᠰᠤ ᠦᠢᠯᠡᠳᠦᠯ ᠴᠢᠳᠠᠮᠵᠢ᠎ᠶᠢ ᠲᠠᠷᠬᠠᠭᠠᠨ ᠵᠤᠬᠢᠴᠠᠭᠤᠯᠬᠤ᠎ᠶᠢᠨ ᠲᠥᠯᠥᠭᠡ ᠪᠠᠢᠭᠤᠯᠤᠬᠳᠠᠬᠰᠠᠨ ᠶᠤᠮ᠂ ᠬᠠᠷᠢᠨ ᠳᠥᠭᠥᠮᠬᠡᠨ᠎ᠢᠶᠡᠷ ᠨᠢᠬᠡᠨ ᠰᠢᠨ᠎ᠡ ᠲᠣᠭᠣᠷᠢᠭ᠋᠎ᠢ ᠪᠠᠢᠭᠤᠯᠵᠤ᠂ ᠰᠢᠨ᠎ᠡ ᠬᠤᠳᠠ ᠵᠢ ᠪᠠᠶ᠋ᠢᠭᠤᠯᠬᠤ᠎ᠶᠢᠨ ᠲᠥᠯᠥᠭᠡ ᠪᠢᠰᠢ ᠶᠤᠮ᠂ ᠡᠨᠡ ᠬᠦ᠌ ᠪᠠᠢᠷᠢ ᠲᠣᠭᠲᠠᠭᠠᠯᠲᠠ᠎ᠶᠢ ᠵᠠᠪᠠᠯ ᠤᠢᠯᠠᠭᠠᠬᠤ ᠬᠡᠷᠡᠭᠲᠡᠢ》᠃ ᠰᠢᠶᠦᠢ᠍ᠩ ᠠᠨ ᠰᠢᠨ᠎ᠡ ᠲᠣᠭᠣᠷᠢᠭ᠋᠎ᠤᠨ ᠴᠢᠨᠠᠷ ᠰᠠᠢᠲᠠᠢ ᠪᠦᠲᠦᠭᠡᠨ ᠪᠠᠢᠭᠤᠯᠤᠯᠲᠠ ᠪᠠ ᠬᠥᠭᠵᠢᠯᠲᠡ᠎ᠶᠢ ᠭᠦᠨᠵᠡᠭᠡᠢ ᠠᠬᠢᠭᠤᠯᠬᠤ᠎ᠳᠤ᠂ ᠡᠷᠬᠡᠪᠰᠢ ᠰᠢᠨ᠎ᠡ ᠲᠣᠭᠣᠷᠢᠭ᠋᠎ᠤᠨ ᠦᠢᠯᠡᠳᠦᠯ ᠴᠢᠳᠠᠮᠵᠢ᠎ᠶᠢᠨ ᠪᠠᠢᠷᠢ ᠲᠣᠭᠲᠠᠭᠠᠯᠲᠠ᠎ᠶᠢ ᠪᠠᠷᠢᠮᠲᠠᠯᠠᠵᠤ᠂ ᠪᠡᠭᠡᠵᠢᠩ᠎ᠦᠨ ᠨᠡᠢᠰᠯᠡᠯ᠎ᠦᠨ ᠪᠤᠰᠤ ᠦᠢᠯᠡᠳᠦᠯ ᠴᠢᠳᠠᠮᠵᠢ᠎ᠶᠢ ᠲᠠᠷᠬᠠᠭᠠᠨ ᠵᠤᠬᠢᠴᠠᠭᠤᠯᠬᠤ᠎ᠪᠠᠷ ᠵᠠᠩᠭᠢᠯᠠᠭ᠎ᠠ ᠪᠣᠯᠭᠠᠵᠤ᠂ ᠪᠡᠭᠡᠵᠢᠩ᠎ᠦᠨ ᠨᠡᠢᠰᠯᠡᠯ᠎ᠦᠨ ᠪᠤᠰᠤ ᠦᠢᠯᠡᠳᠦᠯ ᠴᠢᠳᠠᠮᠵᠢ᠎ᠶᠢ ᠲᠠᠷᠬᠠᠭᠠᠨ ᠵᠤᠬᠢᠴᠠᠭᠤᠯᠬᠤ ᠪᠠ ᠬᠦᠯᠢᠶᠡᠨ ᠠᠪᠬᠤ᠎ᠶᠢ ᠨᠡᠩ ᠬᠦᠴᠦᠲᠡᠢ ᠪᠥᠭᠡᠳ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ᠃ ᠲᠥᠪ᠎ᠦᠨ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠡᠮᠨᠡᠯᠭᠡ᠎ᠶᠢᠨ ᠬᠣᠷᠢᠶ᠎ᠠ᠎ᠶᠢᠨ ᠲᠠᠷᠬᠠᠭᠠᠨ ᠵᠤᠬᠢᠴᠠᠭᠤᠯᠬᠤ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠢᠳᠡᠪᠬᠢᠲᠡᠢ ᠪᠦᠬᠡᠳ ᠯᠠᠪᠳᠠᠭᠤᠨ᠎ᠢᠶᠡᠷ ᠪᠦᠯᠦᠭ ᠬᠤᠪᠢᠶᠠᠨ ᠠᠬᠢᠭᠤᠯᠵᠤ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠢᠯ ᠦᠢᠯᠡᠰ᠎ᠦᠨ ᠨᠢᠭᠡᠴᠢ᠎ᠶᠢ ᠲᠠᠷᠬᠠᠭᠠᠨ ᠵᠤᠬᠢᠴᠠᠭᠤᠯᠬᠤ᠎ᠶᠢ ᠡᠮᠬᠢ ᠵᠢᠷᠤᠮ᠎ᠲᠠᠢ ᠠᠬᠢᠭᠤᠯᠵᠤ᠂ ᠲᠠᠷᠬᠠᠭᠠᠨ ᠵᠤᠬᠢᠴᠠᠭᠤᠯᠬᠤ ᠨᠢᠭᠡᠴᠢ᠎ᠶᠢᠨ ᠨᠡᠩ ᠰᠠᠢᠳᠤᠷ ᠬᠥᠭᠵᠢᠬᠦ᠎ᠶᠢ ᠳᠡᠮᠵᠢᠬᠦ ᠬᠡᠷᠡᠭᠲᠡᠢ; ᠪᠠᠰᠠ ᠲᠠᠷᠬᠠᠭᠠᠨ ᠵᠤᠬᠢᠴᠠᠭᠤᠯᠬᠤ ᠲᠦᠷᠦᠯ ᠵᠦᠢᠯ᠂ ᠠᠵᠢᠯᠲᠠᠨ᠎ᠳᠤ ᠲᠦᠷᠦ᠎ᠶᠢᠨ ᠪᠣᠳᠣᠯᠭ᠎ᠠ᠎ᠶᠢᠨ ᠪᠠᠲᠤᠯᠠᠭ᠎ᠠ ᠪᠠ ᠦᠢᠯᠡᠴᠢᠯᠡᠭᠡ᠎ᠶᠢ ᠴᠢᠩᠭᠠᠳᠬᠠᠵᠤ᠂ ᠲᠠᠷᠬᠠᠭᠠᠨ ᠵᠤᠬᠢᠴᠠᠭᠤᠯᠬᠤ ᠲᠦᠷᠦᠯ ᠵᠦᠢᠯ᠎ᠦᠨ ᠰᠢᠨ᠎ᠡ ᠲᠣᠭᠣᠷᠢᠭ᠋ ᠵᠢᠴᠢ ᠡᠷᠬᠢᠨ ᠲᠣᠭᠣᠷᠢᠨ᠎ᠤ ᠣᠷᠣᠨ ᠪᠦᠰᠡ᠎ᠶᠢᠨ ᠬᠥᠭᠵᠢᠯᠲᠡ᠎ᠶᠢ ᠨᠥᠯᠥᠭᠡᠯᠡᠨ ᠳᠠᠢᠴᠢᠯᠠᠬᠤ᠎ᠶᠢ ᠬᠥᠲᠥᠯᠥᠨ ᠵᠢᠯᠤᠭᠣᠳᠴᠤ ᠲᠡᠮᠵᠢᠬᠦ ᠬᠡᠷᠡᠭᠳᠡᠢ ᠭᠡᠵᠤ ᠴᠢᠬᠤᠯᠠᠴᠢᠯᠠᠪᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠥᠲᠥᠯᠪᠦᠷᠢ᠎ᠳᠦ᠂ ᠰᠢᠶᠦ᠋ᠩ ᠠᠨ ᠰᠢᠨ᠎ᠡ ᠲᠣᠭᠣᠷᠢᠭ᠋᠎ᠤᠨ ᠣᠳᠣᠬᠢᠴᠢᠯᠠᠭᠰᠠᠨ ᠬᠤᠳᠠ᠎ᠶᠢ ᠪᠦᠲᠦᠭᠡᠨ ᠪᠠᠶ᠋ᠢᠭᠤᠯᠬᠤ᠎ᠶᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠠᠬᠢᠭᠤᠯᠵᠤ᠂ ᠬᠠᠮᠢᠶᠠᠷᠤᠯᠲᠠ᠎ᠶᠢᠨ ᠪᠠᠢᠭᠤᠯᠤᠯ᠎ᠢ ᠲᠡᠭᠦᠯᠳᠡᠷᠵᠢᠭᠦᠯᠦᠨ᠎ᠡ ᠭᠡᠵᠦ ᠲᠣᠳᠣᠷᠬᠠᠢᠯᠠᠪᠠ᠃ ᠰᠢᠶᠦᠢ᠍ᠩ ᠠᠨ ᠰᠢᠨ᠎ᠡ ᠲᠣᠭᠣᠷᠢᠭ᠋᠎ᠤᠨ ᠶᠡᠷᠦᠩᠬᠡᠢᠯᠡᠭᠰᠡᠨ ᠳᠠᠭᠠᠭᠠᠴᠠ᠎ᠶᠢᠨ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠬᠦ᠎ᠳᠦ᠂ ᠡᠷᠬᠡᠪᠰᠢ ᠰᠢᠰᠲᠧᠮ᠎ᠲᠠᠢ ᠲᠥᠯᠥᠪᠵᠢᠭᠦᠯᠵᠦ᠂ ᠴᠢᠨᠠᠷ ᠰᠠᠢᠲᠠᠢ ᠪᠦᠲᠦᠭᠡᠨ ᠪᠠᠢᠭᠤᠯᠤᠯᠲᠠ ᠪᠣᠯᠣᠨ ᠥᠨᠳᠥᠷ ᠪᠦᠲᠦᠮᠵᠢᠲᠡᠢ ᠵᠠᠰᠠᠯᠲᠠ᠎ᠶᠢ ᠨᠢᠭᠡ ᠴᠣᠭᠴᠠᠵᠢᠭᠤᠯᠤᠨ ᠰᠠᠢᠲᠤᠷ ᠠᠳᠬᠤᠬᠤ ᠬᠡᠷᠡᠭᠲᠡᠢ᠃ ᠠᠢᠵᠠᠮ ᠪᠠ ᠴᠠᠭ᠎ᠤᠨ ᠳᠠᠷᠠᠭᠠᠯᠠᠯ᠎ᠢ ᠰᠢᠨᠵᠢᠯᠡᠬᠦ ᠤᠬᠠᠭᠠᠨᠴᠢ᠎ᠪᠠᠷ ᠡᠵᠡᠮᠳᠡᠵᠦ᠂ ᠡᠬᠢᠯᠡᠯᠲᠡ᠎ᠶᠢᠨ ᠲᠤᠭᠤᠷᠢᠭ᠂ ᠭᠠᠷᠤᠭ᠎ᠠ ᠵᠢᠨ ᠲᠤᠭᠤᠷᠢᠭ ᠵᠡᠷᠭᠡ ᠪᠦᠲᠦᠭᠡᠨ ᠪᠠᠢᠭᠤᠯᠤᠯᠲᠠ᠎ᠶᠢ ᠬᠦᠴᠦᠨ᠎ᠢᠶᠡᠨ ᠲᠥᠪᠯᠡᠷᠡᠭᠦᠯᠦᠨ ᠠᠬᠢᠭᠤᠯᠵᠤ᠂ ᠲᠡᠦᠬᠡ᠎ᠶᠢᠨ ᠬᠠᠷᠠᠮᠰᠠᠯ ᠦᠯᠡᠳᠡᠭᠡᠬᠦ ᠦᠭᠡᠢ ᠪᠡᠷ ᠨᠠᠷᠢᠨ ᠨᠢᠮᠪᠠᠢ ᠠᠬᠢᠭᠤᠯᠵᠤ᠂ 《ᠰᠢᠶᠦᠢ᠍ᠩ ᠠᠨ᠎ᠤ ᠶᠠᠰᠤ ᠴᠢᠨᠠᠷ》 ᠢ᠋ ᠴᠢᠷᠮᠠᠢᠨ ᠡᠭᠦᠳᠬᠦ ᠬᠡᠷᠡᠭᠲᠡᠢ᠃ ᠰᠢᠶᠦᠢ᠍ᠩ ᠠᠨ ᠰᠢᠨ᠎ᠡ ᠲᠣᠭᠣᠷᠢᠭ᠋᠎ᠢ ᠰᠠᠢᠲᠤᠷ ᠪᠦᠲᠦᠭᠡᠨ ᠪᠠᠶ᠋ᠢᠭᠤᠯᠬᠤ᠎ᠳᠤ ᠠᠮᠤᠷ ᠲᠠᠢᠪᠤᠩ ᠠᠵᠤ ᠲᠦᠷᠦᠬᠦ ᠪᠠ ᠠᠳᠠᠯ ᠦᠢᠯᠡᠰ ᠡᠷᠬᠢᠯᠡᠬᠦ ᠵᠢ ᠰᠠᠢᠲᠤᠷ ᠵᠣᠯᠭᠠᠭᠤᠯᠵᠤ᠂ ᠤᠯᠠᠨ ᠲᠦᠮᠡᠨ᠎ᠢ ᠠᠮᠤᠷ ᠵᠢᠮᠤᠷ ᠰᠠᠭᠤᠯᠭᠠᠵᠤ᠂ ᠲᠠᠢᠪᠤᠩ ᠠᠮᠢᠳᠤᠷᠠᠭᠤᠯᠵᠤ᠂ ᠬᠦᠰᠡᠯ ᠡᠷᠡᠮᠡᠯᠵᠡᠯ᠎ᠲᠠᠢ ᠪᠣᠯᠭᠠᠬᠤ ᠬᠡᠷᠡᠭᠳᠡᠢ᠃ 《ᠬᠠᠳᠬᠤᠮᠠᠯ ᠤᠶᠤᠬᠤ》 ᠨᠠᠷᠢᠯᠢᠭ ᠤᠪᠤᠷ᠎ᠢᠶᠡᠷ ᠬᠠᠨᠳᠤᠵᠤ᠂ ᠨᠠᠮ᠎ᠤᠨ ᠪᠠᠢᠭᠤᠯᠤᠯᠲᠠ᠎ᠪᠠᠷ ᠰᠢᠨ᠎ᠡ ᠲᠣᠭᠣᠷᠢᠭ᠋᠎ᠤᠨ ᠵᠠᠰᠠᠯᠲᠠ᠎ᠶᠢ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠰᠲ᠋ᠸᠮ᠎ᠢ ᠲᠡᠭᠦᠯᠳᠡᠷᠵᠢᠭᠦᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠪᠠᠷ ᠬᠦᠴᠦᠯᠡᠵᠦ᠂ ᠢᠷᠡᠭᠡᠳᠦᠢ᠎ᠳᠦ ᠬᠠᠨᠳᠤᠭᠰᠠᠨ ᠣᠶᠤᠨᠲᠤ ᠬᠤᠳᠠ᠎ᠶᠢᠨ ᠬᠠᠮᠢᠶᠠᠷᠤᠯᠲᠠ᠎ᠶᠢᠨ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠲᠡᠭᠷᠢ ᠨᠢ ᠴᠡᠯᠮᠡᠭ᠂ ᠭᠠᠵᠠᠷ ᠨᠢ ᠨᠣᠭᠣᠭᠠᠨ᠂ ᠤᠰᠤ ᠨᠢ ᠲᠤᠩᠭᠠᠯᠠᠭ ᠦᠵᠡᠰᠬᠦᠯᠡᠩᠲᠦ ᠰᠠᠢᠬᠠᠨ ᠰᠢᠶᠦ᠋ᠩ ᠠᠨ᠎ᠢ ᠪᠦᠲᠦᠭᠡᠨ ᠪᠠᠢᠭᠤᠯᠵᠤ᠂ ᠰᠢᠨ᠎ᠡ ᠴᠠᠭ ᠦᠶ᠎ᠡ᠎ᠶᠢᠨ ᠠᠵᠢᠯᠯᠠᠵᠤ ᠠᠮᠢᠳᠤᠷᠠᠬᠤ᠎ᠳᠤ ᠲᠣᠬᠢᠳᠠᠢ 《ᠠᠷᠠᠳ ᠲᠦᠮᠡᠨ᠎ᠤ ᠬᠤᠳᠠ》 ᠶ᠋ᠢ ᠪᠦᠲᠦᠭᠡᠨ ᠪᠠᠶ᠋ᠢᠭᠤᠯᠬᠤ ᠬᠡᠷᠡᠭᠲᠡᠢ᠃
ᠥᠭᠡᠷᠡᠴᠢᠯᠡᠯᠲᠡ ᠨᠢ ᠬᠥᠭ᠌ᠵᠢᠯᠲᠡ᠎ᠳᠦ ᠬᠦᠴᠦᠨ ᠴᠢᠳᠠᠯ ᠣᠯᠭᠣᠵᠤ᠂ ᠱᠢᠨ᠎ᠡ᠎ᠶ᠋ᠢ ᠡᠭᠦᠳᠬᠦ᠌ ᠨᠢ ᠢᠷᠡᠭᠡᠳᠦᠢ ᠵᠢᠨ ᠱᠢᠢᠳᠪᠦᠷᠢᠲᠦ ᠢᠯᠠᠯᠲᠠ ᠤᠯᠬᠤ ᠵᠢ ᠲᠤᠬᠳᠠᠭᠠᠨ᠎ᠠ᠃ ᠱᠢᠶᠥ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠢ ᠪᠦᠳᠦᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠭᠦᠨᠵᠡᠭᠡᠢ ᠠᠬᠢᠭᠤᠯᠬᠤ᠎ᠳᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠬᠦ᠌ ᠬᠦᠴᠦᠨ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠪᠠ ᠠᠵᠤ ᠦᠢᠯᠡᠰ᠎ᠦᠨ ᠱᠢᠨ᠎ᠡ ᠵᠢ ᠡᠬᠦᠳᠬᠦ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠱᠢᠨ᠎ᠡ ᠲᠣᠭᠣᠷᠢᠭ᠎ᠤᠨ ᠪᠣᠳᠠᠲᠤ ᠪᠠᠢᠳᠠᠯ᠎ᠳᠤ ᠨᠡᠢᠴᠡᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠣᠢᠵᠢᠭᠤᠯᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠬᠦᠴᠦᠯᠡᠨ ᠠᠬᠢᠭᠤᠯᠵᠤ᠂ ᠱᠢᠶᠥ᠋ᠩ ᠠᠨᠳᠡ᠎ᠬᠢ ᠵᠦᠩ ᠭᠤᠸᠠᠨ ᠼᠦᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠷᠢᠶᠡᠯᠡᠩ᠎ᠢ ᠥᠨᠳᠥᠷ ᠲᠦᠪᠱᠢᠨ᠎ᠢᠶᠡᠷ ᠪᠦᠳᠦᠭᠡᠨ ᠪᠠᠢᠭᠤᠯᠵᠤ᠂ ᠨᠡᠩ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠣᠨᠳᠣᠣᠱᠢᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ᠎ᠦᠨ ᠪᠦᠯᠦᠭ᠌ᠵᠢᠭ᠌ᠰᠡᠨ ᠮᠠᠶᠢᠭ᠎ᠤᠨ ᠬᠥᠭ᠌ᠵᠢᠯᠲᠡ᠎ᠶ᠋ᠢ ᠠᠬᠢᠭᠤᠯᠵᠤ᠂ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠢ ᠢᠳᠡᠪᠬᠢᠲᠡᠢ ᠬᠥᠭ᠌ᠵᠢᠭᠦᠯᠵᠦ᠍᠂ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠡᠰ ᠳᠡᠪᠱᠢᠭᠦᠯᠬᠦ᠌᠎ᠶ᠋ᠢ ᠳᠡᠮᠵᠢᠬᠦ᠌ ᠬᠡᠷᠡᠭ᠌ᠲᠡᠢ᠃ ᠵᠣᠷᠢᠭ᠍ᠲᠠᠢ ᠰᠦᠪᠡᠭ᠌ᠴᠢᠯᠡᠬᠦ᠌᠂ ᠤᠷᠢᠳ᠎ᠢᠶᠠᠷ ᠬᠡᠷᠡᠭ᠌ᠵᠢᠭᠦᠯᠵᠦ᠍ ᠤᠷᠢᠳ᠎ᠢᠶᠠᠷ ᠲᠤᠷᠱᠢᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠮᠥᠩᠭᠥᠨ ᠭᠦᠢᠯᠭᠡᠭᠡᠨ ᠵᠡᠷᠭᠡ ᠬᠦᠷᠢᠶᠡᠨ ᠤ᠋ ᠱᠢᠨ᠎ᠡ᠎ᠶ᠋ᠢ ᠡᠭᠦᠳᠬᠦ᠌ ᠲᠦᠷᠦ᠍᠎ᠶ᠋ᠢᠨ ᠪᠤᠳᠤᠯᠭ᠎ᠠ᠎ᠶ᠋ᠢ ᠤᠷᠢᠳ᠎ᠢᠶᠠᠷ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠬᠦᠴᠦᠯᠡᠨ ᠪᠤᠢ ᠪᠣᠯᠭᠠᠵᠤ᠂ ᠱᠢᠶᠦ᠋ᠩ ᠠᠨ ᠱᠢᠨ᠎ᠡ ᠲᠣᠭᠣᠷᠢᠭ᠎ᠢ ᠱᠢᠨ᠎ᠡ ᠴᠠᠭ ᠦᠶ᠎ᠡ᠎ᠶ᠋ᠢᠨ ᠱᠢᠨ᠎ᠡ᠎ᠶ᠋ᠢ ᠡᠭᠦᠳᠬᠦ᠌ ᠥᠨᠳᠥᠷᠯᠢᠭ ᠪᠠ ᠦᠢᠯᠡᠰ ᠪᠤᠰᠭᠠᠬᠤ ᠬᠠᠯᠠᠭᠤᠨ ᠬᠥᠷᠥᠰᠥ᠍ ᠪᠤᠯᠭᠠᠨ ᠪᠦᠳᠦᠬᠡᠨ ᠪᠠᠢᠭᠤᠯᠬᠤ ᠬᠡᠷᠡᠭᠳᠡᠢ᠃
ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠮ᠎ᠤᠨ ᠤᠳᠤᠷᠢᠳᠤᠯᠭ᠎ᠠ᠎ᠶ᠋ᠢ ᠱᠢᠶᠦ᠋ᠩ ᠠᠨ ᠱᠢᠨ᠎ᠡ ᠲᠣᠭᠣᠷᠢᠭ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠪᠦᠳᠦᠭᠡᠨ ᠪᠠᠢᠭᠤᠯᠬᠤ ᠪᠦᠬᠦ᠌ ᠶᠠᠪᠤᠴᠠ᠂ ᠡᠯ᠎ᠡ ᠬᠦᠷᠢᠶ᠎ᠡ ᠴᠠᠷᠠᠭ᠎ᠠ᠂ ᠡᠯ᠎ᠡ ᠭᠣᠭ᠍ᠴᠣᠭ᠎ᠠ᠎ᠳᠤ ᠲᠤᠭᠤᠱᠢᠯᠠᠭᠤᠯᠬᠤ ᠬᠡᠷᠡᠭ᠌ᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠤᠢ ᠪᠣᠯᠭᠠᠵᠤ᠂ ᠭᠦᠨᠵᠡᠭᠡᠢ ᠦᠢᠯᠡᠳᠦᠯᠭᠡᠵᠢᠭᠦᠯᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠵᠤ᠂ ᠥᠷᠭᠡᠨ ᠤᠯᠠᠨ ᠺᠠᠳ᠋ᠷ᠎ᠤᠨ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌᠂ ᠴᠢᠳᠠᠮᠠᠭᠠᠢ᠎ᠪᠠᠷ ᠠᠵᠢᠯ ᠬᠢᠬᠦ᠌᠂ ᠰᠢᠨᠳᠠᠰᠤ ᠡᠷᠴᠢᠯᠡᠨ ᠨᠠᠢᠳᠠᠪᠤᠷᠢᠵᠢᠭᠤᠯᠤᠯᠳᠠ᠎ᠶ᠋ᠢ ᠠᠳᠭᠤᠬᠤ᠎ᠶ᠋ᠢ ᠵᠣᠷᠢᠭ᠍ᠵᠢᠭᠤᠯᠵᠤ᠂ ᠨᠠᠮ ᠪᠣᠯᠤᠨ ᠠᠷᠠᠳ ᠲᠦᠮᠡᠨ᠎ᠳᠦ ᠬᠢᠷᠢ ᠲᠡᠩᠴᠡᠭ᠌ᠰᠡᠨ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ᠎ᠪᠠᠷ ᠴᠢᠷᠮᠠᠢᠬᠤ ᠬᠡᠷᠡᠭ᠌ᠲᠡᠢ᠃ ᠡᠯ᠎ᠡ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ ᠶᠡᠬᠡ ᠲᠠᠯ᠎ᠠ᠎ᠶ᠋ᠢᠨ ᠤᠬᠠᠮᠰᠠᠷ᠂ ᠬᠠᠷᠢᠭᠤᠴᠠᠯᠭᠠᠲᠤ ᠤᠬᠠᠮᠰᠠᠷ᠎ᠢᠶᠠᠨ ᠴᠢᠩᠭᠠᠳᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠲᠥᠪ ᠬᠤᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠶ ᠪᠥᠲᠥᠭᠡᠨ ᠪᠠᠢᠭᠤᠯᠤᠯᠲᠠ ᠪᠠ ᠬᠥᠭ᠌ᠵᠢᠯᠲᠡ ᠵᠢ ᠳᠡᠮᠵᠢᠵᠦ᠂ ᠲᠠᠰᠤᠷᠠᠯᠲᠠ ᠥᠬᠡᠶ ᠱᠢᠨ᠎ᠡ ᠠᠬᠢᠴᠠ᠂ ᠱᠢᠨ᠎ᠡ ᠦᠷ᠎ᠡ ᠪᠦᠲᠦᠮᠵᠢ ᠤᠯᠬᠤ ᠬᠡᠷᠡᠭ᠌ᠲᠡᠶ᠃
ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠮᠢᠩᠭᠠᠨ ᠣᠨ᠎ᠤ ᠶᠡᠬᠡ ᠪᠤᠳᠤᠯᠭ᠎ᠠ》 ᠵᠢᠨ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠥᠷᠯᠥᠭᠡ ᠦᠳᠡᠰᠢ᠎ᠶ᠋ᠢ ᠲᠡᠮᠡᠴᠡᠬᠦ᠌ ᠡᠷᠴᠢ ᠵᠣᠷᠢᠭ᠎ᠢᠶᠠᠨ ᠬᠥᠭ᠌ᠵᠢᠭᠡᠵᠦ᠍᠂ ᠢᠯᠠᠯᠲᠠ᠎ᠶ᠋ᠢᠨ ᠡᠷᠴᠢᠨ ᠳᠡᠭᠡᠷ᠎ᠡ ᠤᠷᠤᠭ᠍ᠰᠢᠯᠠᠵᠤ᠂ ᠪᠣᠳᠠᠲᠠᠢ ᠠᠵᠢᠯᠯᠠᠨ ᠪᠠᠲᠤ ᠦᠢᠯᠡᠳᠦᠯᠭᠡᠵᠢᠭᠦᠯᠵᠦ᠍᠂ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠢ ᠪᠦᠳᠦᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠲᠠᠰᠤᠷᠠᠯᠳᠠ ᠦᠭᠡᠢ ᠠᠬᠢᠭᠤᠯᠤᠨ ᠱᠢᠨ᠎ᠡ ᠳᠡᠭ᠌ᠲᠡᠷ᠎ᠲᠦ ᠭᠠᠷᠭᠠᠵᠤ᠂ ᠰᠠᠢ᠌ᠨ ᠰᠠᠢᠬᠠᠨ ᠠᠤᠭ᠎ᠠ ᠲᠥᠰᠦᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠰᠦᠭᠡᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 3 ᠰᠠᠷ᠎ᠠ᠎ᠶᠢᠨ 24᠎ᠤ᠋ ᠴᠠᠬᠢᠯᠭᠠᠨ ᠮᠡᠳᠡᠭᠡ)